ᠪᠠᠢ ᡁᠢ ᠵᠢᠶᠦ᠋ᠨ ᠦᠶᠡᠷ ᠢ ᠰᠡᠷᠭᠡᠶᠢᠯᠡ ᠭᠠᠩ ᠢ ᠡᠰᠡᠷᠭᠦᠴᠡᠬᠦ ᠵᠢᠭᠠᠨ ᠵᠢᠯᠣᠭᠤᠳᠬᠤ ᠭᠠᠵᠠᠷ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠵᠢᠯᠣᠭᠤᠳᠬᠤ ᠶᠢᠨ ᠬᠠᠮᠲᠤ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠎ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/7/30
     7 ᠰᠠᠷ᠎ᠠ ᠶᠢᠨ24-25᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤ ᠳᠠᠷᠤᠭ᠎ᠠ ᠪᠠᠢ ᡁᠢ ᠵᠢᠶᠦ᠋ᠨ ᠰᠢᠨ᠎ᠡ ᠪᠠᠷᠭᠤ ᠵᠡᠭᠦᠨ ᠬᠤᠰᠢᠭᠤᠨ ᠤ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ  ᠠᠵᠢᠯ ᠤᠨ ᠵᠢᠭᠠᠨ ᠵᠢᠯᠣᠭᠤᠳᠬᠤ ᠭᠠᠵᠠᠷ᠂ ᠵᠢᠪᠬᠤᠯᠠᠩᠲᠤ ᠰᠤᠮᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠬᠦ ᠠᠵᠢᠯ ᠢ ᠱᠠᠯᠠᠪᠳᠠᠨ ᠪᠠᠶᠢᠴᠠᠭᠠᠵᠤ ᠵᠢᠯᠣᠭᠤᠳᠬᠤ ᠶᠢᠨ ᠬᠠᠮᠲᠤ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠪᠦᠬᠦ ᠬᠤᠰᠢᠭᠤᠨ ᠤ ᠦᠶᠡᠷ ᠢ ᠰᠡᠷᠭᠡᠶᠢᠯᠡᠬᠦ ᠪᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       24᠎ ᠤ ᠡᠳᠦᠷ ᠤᠨ ᠦᠳᠡ ᠶᠢᠨ ᠬᠤᠶᠢᠨ᠎ᠠ᠂ ᠪᠠᠢ ᡁᠢ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠬᠠᠳᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠢᠶᠠᠩ ᠶᠦᠩ ᠯᠢᠨ ᠵᠢᠴᠢ ᠬᠤᠯᠪᠣᠭᠳᠠᠯ ᠪᠦᠬᠦᠢ ᠬᠥᠮᠥᠰ ᠤᠨ ᠪᠠᠷ᠎ᠠ ᠪᠣᠯᠣᠯᠭ᠎ᠠ ᠳᠣᠣᠷ᠎ᠠ᠂ ᠬᠤᠰᠢᠭᠤᠨ ᠤ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ ᠠᠵᠢᠯ ᠤᠨ ᠵᠢᠯᠣᠭᠤᠳᠬᠤ ᠭᠠᠵᠠᠷ ᠭᠦᠨᠵᠡᠭᠡᠶᠢᠷᠡᠨ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠳᠠᠩᠰᠠ ᠡᠪᠬᠡᠮᠡᠯ ᠢ ᠦᠵᠡᠬᠦ ᠵᠡᠷᠭᠡ ᠬᠡᠯᠪᠡᠷᠢ ᠪᠠᠷ ᠳᠠᠮᠵᠢᠵᠤ᠂ ᠵᠢᠭᠠᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠠᠵᠢᠯᠯᠠᠵᠤ ᠪᠠᠶᠢᠭ᠎ᠠ ᠪᠠᠶᠢᠳᠠᠯ᠂ ᠮᠡᠳᠡᠭᠡ ᠵᠠᠩᠭᠢ ᠮᠡᠳᠡᠭᠦᠯᠵᠦ ᠬᠦᠷᠭᠡᠬᠦ᠂ ᠵᠢᠭᠠᠨ ᠵᠢᠯᠣᠭᠤᠳᠬᠤ ᠰᠢᠰᠲ᠋ᠧᠮ᠂ ᠵᠢᠵᠢᠭᠦᠷᠯᠡᠬᠦ ᠵᠡᠷᠭᠡ ᠪᠠᠶᠢᠳᠠᠯ ᠢ ᠪᠠᠶᠢᠴᠠᠭᠠᠨ ᠵᠢᠯᠣᠭᠤᠳᠪᠠ᠃ ᠪᠠᠢ ᡁᠢ ᠵᠢᠶᠦ᠋ᠨ ᠵᠢᠭᠠᠨ ᠭᠠᠷᠭᠠᠭᠰᠠᠨ ᠨᠢ᠄ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠪᠣᠯ ᠪᠦᠬᠦ ᠠᠵᠢᠯ ᠤᠨ ᠭᠤᠣᠯᠳᠠᠯᠭ᠎ᠠ  ᠮᠥᠷᠲᠡᠭᠡᠨ ᠬᠠᠷᠢᠭᠤᠴᠠᠯᠭ᠎ᠠ ᠮᠠᠰᠢ ᠬᠦᠨᠳᠦ ᠪᠣᠯᠣᠨ᠎ᠠ᠃ ᠵᠢᠭᠠᠨ ᠵᠢᠯᠣᠭᠤᠳᠬᠤ ᠭᠠᠵᠠᠷ ᠡᠷᠬᠡᠪᠰᠢ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠎ ᠢ ᠰᠡᠷᠭᠡᠶᠢᠯᠡᠨ ᠭᠠᠮᠰᠢᠭ ᠠᠴᠠ ᠠᠪᠤᠷᠠᠬᠤ ᠠᠵᠢᠯ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠵᠢᠭᠠᠨ ᠵᠢᠯᠣᠭᠤᠳᠬᠤ ᠰᠢᠰᠲ᠋ᠧᠮ ᠵᠡᠷᠭᠡ ᠡᠯ᠎ᠡ ᠲᠥᠷᠥᠯ ᠤᠨ ᠰᠠᠭᠤᠷᠢ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯᠲᠠᠨ ᠤ ᠪᠣᠯᠪᠠᠰᠤᠷᠠᠯ ᠢ ᠰᠠᠶᠢᠲᠤᠷ ᠬᠢᠵᠦ᠂ ᠮᠡᠳᠡᠭᠡ ᠵᠠᠩᠭᠢ  ᠳᠠᠮᠵᠢᠭᠤᠯᠬᠤ ᠵᠡᠮ ᠢ ᠰᠠᠭᠠᠳ ᠦᠭᠡᠢ ᠨᠡᠪᠲᠡᠷᠡᠭᠦᠯᠵᠦ᠂ ᠤᠷᠢᠳᠴᠢᠯᠠᠨ ᠮᠡᠳᠡᠭᠦᠯᠬᠦ ᠠᠵᠢᠯ ᠢ ᠤᠯᠠᠮ ᠰᠠᠶᠢᠵᠢᠷᠠᠭᠤᠯᠵᠤ᠂ ᠪᠠᠴᠢᠮ ᠪᠠᠶᠢᠳᠠᠯ ᠢ ᠴᠠᠭ ᠲᠤᠬᠠᠢ ᠳᠤᠨᠢ  ᠠᠷᠭᠠᠴᠠᠵᠤ ᠥᠨᠳᠥᠷ ᠪᠦᠲᠦᠮᠵᠢᠲᠡᠢ ᠰᠢᠢᠳᠪᠦᠷᠢᠯᠡᠬᠦ ᠎ ᠪᠠᠷ ᠴᠢᠷᠮᠠᠶᠢᠵᠤ᠂  ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤ ᠬᠠᠮᠠᠭᠠᠯᠠᠬᠤ ᠬᠡᠷᠡᠭᠲᠡᠢ ᠭᠡᠪᠡ᠃       ᠳᠠᠷᠠᠭ᠎ᠠ ᠨᠢ᠂ ᠪᠠᠢ ᡁᠢ ᠵᠢᠶᠦ᠋ᠨ ᠵᠢᠭᠠᠨ ᠵᠢᠯᠣᠭᠤᠳᠬᠤ ᠭᠠᠵᠠᠷ ᠤᠨ ᠬᠠᠷᠠᠭᠠᠨ ᠳᠠᠪᠲᠠᠮᠵᠢ ᠶᠢᠨ ᠰᠢᠰᠲ᠋ᠧᠮ ᠎ ᠢᠶᠠᠷ ᠳᠠᠮᠵᠢᠵᠤ᠂ ᠡᠯ᠎ᠡ ᠰᠤᠮᠤ ᠶᠢᠨ ᠦᠶᠡᠷ ᠢ ᠰᠡᠷᠭᠡᠶᠢᠯᠡᠵᠦ ᠭᠠᠩ ᠢ ᠡᠰᠡᠷᠭᠦᠴᠡᠬᠦ ᠵᠢᠭᠠᠨ ᠵᠢᠯᠣᠭᠤᠳᠬᠤ ᠭᠠᠵᠠᠷ ᠎ ᠲᠠᠢ ᠬᠠᠷᠢᠴᠠᠵᠤ᠂ ᠲᠤᠰ ᠡᠳᠦᠷ ᠤᠨ ᠵᠢᠭᠦᠷᠯᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠵᠢᠭᠠᠨ ᠭᠠᠷᠭᠠᠭᠰᠠᠨ ᠨᠢ᠄  ᠬᠠᠮᠢᠶ᠎ᠠ ᠪᠦᠬᠦᠢ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠶᠡᠷ ᠤᠨ ᠰᠡᠷᠭᠡᠶᠢᠯᠡᠯᠲᠡ ᠎ ᠶᠢᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠷᠣᠭᠠᠨ ᠤᠰᠤ ᠶᠢᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠵᠠᠳᠠᠯᠤᠯᠲᠠ ᠬᠢᠵᠦ ᠰᠣᠳᠣᠯᠠᠨ ᠮᠠᠭᠠᠳᠯᠠᠵᠤ᠂ ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠡᠳ᠋ ᠪᠣᠳᠠᠰ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠳᠠᠯᠳᠠ ᠠᠶᠤᠯ ᠲᠦᠭᠰᠢᠭᠦᠷᠢ ᠶᠢ  ᠭᠦᠨᠵᠡᠭᠡᠢ ᠪᠠᠶᠢᠴᠠᠭᠠᠵᠤ ᠴᠠᠭ ᠲᠤᠬᠠᠢ ᠳᠤᠨᠢ ᠬᠠᠯᠠᠨ ᠵᠠᠯᠠᠷᠠᠭᠤᠯᠵᠤ᠂ ᠦᠶᠡᠷ ᠢ ᠰᠡᠷᠭᠡᠶᠢᠯᠡᠬᠦ ᠡᠯ᠎ᠡ ᠲᠠᠯ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ᠂ ᠪᠦᠬᠦ ᠬᠤᠰᠢᠭᠤ ᠪᠠᠷ ᠢᠶᠠᠨ ᠦᠶᠡᠷ ᠤᠨ ᠠᠶᠤᠯ ᠢ ᠠᠮᠤᠷ ᠲᠦᠪᠰᠢᠨ ᠥᠩᠭᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠪᠡ᠃25᠎ ᠤ ᠡᠳᠦᠷ ᠤᠨ ᠦᠳᠡ ᠶᠢᠨ ᠡᠮᠦᠨ᠎ᠡ᠂ ᠪᠠᠢ ᡁᠢ ᠵᠢᠶᠦ᠋ᠨ ᠬᠢᠵᠢᠭ ᠢ ᠰᠡᠷᠭᠡᠶᠢᠯᠡᠨ ᠡᠵᠡᠮᠳᠡᠬᠦ ᠵᠢᠭᠠᠨ ᠵᠢᠯᠣᠭᠤᠳᠬᠤ ᠭᠠᠵᠠᠷ ᠤᠨ ᠬᠤᠶᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ ᠃  ᠬᠤᠷᠠᠯ ᠳᠡᠭᠡᠷ᠎ᠡ  ᠳᠡᠳ᠋ ᠬᠤᠰᠢᠭᠤᠨ ᠳᠠᠷᠤᠭ᠎ᠠ ᠯᠦᠸᠧ ᠸᠧᠢ ᠬᠥᠯᠥᠨ ᠪᠣᠶᠢᠷ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠢᠭᠠᠨ ᠵᠢᠯᠣᠭᠤᠳᠬᠤ ᠭᠠᠵᠠᠷ ᠤᠨ ᠪᠠᠴᠢᠮ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠬᠤᠰᠢᠭᠤᠨ ᠤ ᠨᠠᠮ ᠤᠨ ᠬᠤᠷᠢᠶᠠᠨ ᠎ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠳᠠ ᠠᠴᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠪᠠᠢ ᡁᠢ ᠵᠢᠶᠦ᠋ᠨ ᠵᠢᠭᠠᠨ ᠭᠠᠷᠭᠠᠭᠰᠠᠨ ᠨᠢ᠄ ᠣᠳᠣᠬᠠᠨ ᠳᠤ ᠬᠢᠵᠢᠭ ᠢ ᠰᠡᠷᠭᠡᠶᠢᠯᠡᠬᠦ ᠠᠵᠢᠯ ᠤᠨ ᠪᠠᠶᠢᠳᠠᠯ ᠬᠦᠨᠳᠦ ᠪᠤᠳᠤᠯᠢᠶᠠᠨᠲᠠᠢ᠃ ᠬᠠᠮᠢᠶ᠎ᠠ ᠪᠦᠬᠦᠢ ᠰᠠᠯᠠᠭ᠎ᠠ ᠮᠥᠴᠢᠷ ᠠᠶᠤᠯ ᠲᠦᠭᠰᠢᠭᠦᠷᠢ ᠶᠢᠨ ᠤᠬᠠᠮᠰᠠᠷ᠂ ᠬᠢᠵᠠᠭᠠᠷ ᠱᠤᠭᠤᠮ ᠤᠨ ᠰᠡᠳᠬᠢᠬᠦᠢ ᠪᠠᠨ ᠤᠯᠠᠮ ᠨᠢᠭᠡ ᠠᠯᠬᠤᠮ ᠨᠡᠮᠡᠭᠳᠡᠭᠦᠯᠵᠦ᠂ ᠠᠷᠠᠳ ᠲᠦᠮᠡᠨ ᠪᠠ  ᠬᠥᠮᠥᠨ ᠤ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠲᠦᠷᠭᠡᠨ ᠨᠢᠭᠡᠳᠬᠡᠵᠦ᠂ ᠬᠢᠵᠢᠭ ᠢ ᠰᠡᠷᠭᠡᠶᠢᠯᠡᠨ ᠡᠵᠡᠮᠳᠡᠬᠦ ᠡᠨᠡᠬᠦ ᠠᠵᠢᠯ ᠢ ᠴᠠᠭ  ᠢᠮᠠᠭᠲᠠ ᠴᠢᠩᠭᠠᠳᠬᠠᠵᠤ᠂ ᠳᠠᠯᠳᠠ ᠠᠶᠤᠯ ᠢ ᠪᠠᠶᠢᠴᠠᠭᠠᠵᠤ᠂ ᠴᠠᠭ ᠲᠤᠬᠠᠢ ᠳᠤᠨᠢ ᠳᠤᠲᠠᠭᠳᠠᠯ ᠢᠶᠠᠨ ᠨᠥᠬᠦᠪᠦᠷᠢᠯᠡᠵᠦ᠂ ᠪᠣᠳᠠᠲᠤ ᠠᠵᠢᠯᠯᠠᠭ᠎ᠠ ᠪᠠ ᠪᠣᠳᠠᠲᠠᠢ ᠦᠷ᠎ᠡ ᠪᠦᠲᠦᠮᠵᠢ ᠪᠠᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ  ᠦᠢᠯᠡᠳᠦᠯᠭᠡᠵᠢᠭᠦᠯᠬᠦ ᠬᠡᠷᠡᠭᠲᠡᠢ᠃ ᠪᠣᠭᠤᠮᠲᠠ ᠶᠢᠨ ᠭᠦᠢᠯᠭᠡᠭᠡᠨ᠂ ᠦᠵᠡᠮᠵᠢᠲᠦ ᠣᠷᠣᠨ ᠴᠢᠭ᠂ ᠪᠠᠭᠤᠳᠠᠯ ᠬᠤᠭᠤᠯᠠᠨ ᠭᠡᠷ᠂ ᠥᠷᠭᠡᠨ ᠲᠠᠯᠠᠪᠠᠢ ᠠᠶᠠᠨᠴᠢᠳ ᠤᠨ ᠥᠷᠲᠡᠭᠡ ᠵᠡᠷᠭᠡ ᠭᠤᠣᠯᠳᠠᠯᠭ᠎ᠠ ᠲᠠᠢ ᠣᠷᠣᠨ ᠲᠣᠭᠤᠷᠢᠭ᠂ ᠴᠢᠬᠤᠯᠠ ᠲᠠᠯᠠᠪᠤᠷ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠ ᠥᠨᠳᠥᠷ ᠠᠶᠤᠯ ᠲᠠᠢ ᠭᠠᠵᠠᠷ ᠣᠷᠣᠨ ᠠᠴᠠ ᠨᠤᠲᠤᠭ ᠲᠠᠭᠠᠨ ᠪᠤᠴᠠᠭᠰᠠᠨ ᠬᠥᠮᠥᠰ ᠢ ᠲᠤᠰᠭᠠᠷᠯᠠᠨ ᠬᠠᠮᠢᠶᠠᠷᠬᠤ᠂  ᠬᠢᠨᠠᠨ ᠬᠡᠮᠵᠢᠯᠲᠡ ᠬᠢᠬᠦ ᠵᠡᠷᠭᠡ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠯᠳᠡᠭᠦᠦ ᠬᠡᠯᠬᠢᠶᠡᠨ ᠤ ᠢᠳᠡᠭᠡᠨ ᠤ ᠬᠢᠵᠢᠭ ᠤᠨ ᠪᠠᠶᠢᠴᠠᠭᠠᠯᠲᠠ᠂ ᠡᠮᠨᠡᠯᠭᠡ ᠶᠢᠨ ᠬᠤᠷᠢᠶᠠᠨ ᠤ  ᠰᠡᠷᠭᠡᠶᠢᠯᠡᠯᠲᠡ ᠵᠡᠷᠭᠡ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠵᠢᠴᠢ ᠸᠠᠺᠼᠢᠨ  ᠤ ᠲᠠᠷᠢᠯᠭ᠎ᠠ ᠲᠠᠷᠢᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠲᠠᠷᠢᠬᠤ ᠴᠢᠬᠤᠯᠠᠲᠠᠢ ᠪᠦᠬᠦᠨ ᠢ ᠲᠠᠷᠢᠵᠤ᠂ ᠲᠠᠷᠢᠵᠤ ᠪᠣᠯᠳᠠᠭ ᠪᠦᠬᠦᠨ ᠢ   ᠲᠠᠷᠢᠬᠤ︾ ᠬᠡᠷᠡᠭᠲᠡᠢ᠂ ᠸᠠᠺᠼᠢᠨ  ᠤ ᠲᠠᠷᠢᠯᠭ᠎ᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠠᠷᠬᠠᠬᠤ ᠠᠶᠤᠯ ᠢ ᠪᠠᠭᠠᠰᠬᠠᠨ᠎ᠠ᠃ ᠬᠠᠷᠢᠭᠤᠴᠠᠯᠭ᠎ᠠ ᠢᠶᠠᠨ ᠮᠡᠳᠡᠵᠦ᠂ ᠬᠠᠷᠢᠭᠤᠴᠠᠯᠭ᠎ᠠ ᠪᠠᠨ ᠡᠭᠦᠷᠭᠡᠯᠡᠬᠦ ᠶᠢ ᠪᠠᠷᠢᠮᠲᠠᠯᠠᠵᠤ᠂ ᠮᠢᠨᠴᠦᠭᠦᠷᠡᠬᠦ ᠦᠵᠡᠯ ᠰᠠᠨᠠᠭ᠎ᠠ᠂ ᠬᠠᠯᠠᠰᠢᠷᠠᠵᠤ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂  ᠰᠢᠨ᠎ᠡ ᠪᠠᠷᠭᠤ ᠵᠡᠭᠦᠨ ᠬᠤᠰᠢᠭᠤᠨ ᠤ ᠬᠢᠵᠢᠭ ᠢ ᠦᠯᠦ ᠬᠠᠯᠳᠠᠭᠠᠬᠤ ᠬᠠᠯᠬᠠᠪᠴᠢ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠪᠡ  ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号