ᠬᠠᠨᠳᠠᠭᠠᠢ ᠭᠠᠴᠠᠭ᠎ᠠ ᠭᠤᠷᠪᠠᠨ ᠭᠡᠷ ᠤᠨ ᠣᠷᠴᠢᠨ ᠲᠣᠭᠤᠷᠢᠨ ᠢ ᠵᠠᠰᠠᠨ ᠴᠡᠭᠴᠡᠯᠡᠬᠦ ᠠᠵᠢᠯᠯᠠᠭᠠᠨ ᠥᠷᠨᠢᠭᠦᠯᠪᠡ
ᠨᠡᠶᠢᠲᠡᠯᠡᠭᠰᠡᠨ ᠴᠠᠭ᠄
2021/7/6
       ᠮᠠᠯᠴᠢᠳ ᠤᠨ ᠦᠢᠯᠡᠳᠪᠦᠷᠢᠯᠡᠯ᠂ ᠠᠮᠢᠳᠤᠷᠠᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠠᠮᠤᠷ ᠲᠦᠪᠰᠢᠨ᠂ ᠳᠥᠭᠦᠮ ᠶᠠᠪᠤᠵᠤ ᠰᠠᠭᠤᠬᠤ ᠨᠥᠬᠦᠴᠡᠯ ᠢ ᠡᠭᠦᠳᠦᠨ ᠪᠠᠶᠢᠭᠤᠯᠬᠤ ᠶᠢᠨ ᠲᠥᠯᠥᠭᠡ᠂ ᠬᠠᠨᠳᠠᠭᠠᠢ ᠰᠤᠮᠤ ᠣᠯᠠᠨ ᠠᠷᠭ᠎ᠠ ᠬᠡᠮᠵᠢᠶ᠎ᠡ ᠠᠪᠴᠤ ᠬᠠᠨᠳᠠᠭᠠᠢ ᠭᠠᠴᠠᠭ᠎ᠠ ᠶᠢᠨ ᠭᠤᠷᠪᠠᠨ ᠭᠡᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭᠠᠨ ᠢ ᠥᠷᠨᠢᠭᠦᠯᠪᠡ᠃
       ᠺᠠᠳ᠋ᠷ ᠠᠴᠠ ᠳᠠᠶᠢᠴᠢᠯᠠᠨ᠂ ᠲᠥᠪᠯᠡᠷᠡᠭᠦᠯᠦᠨ ᠴᠡᠭᠴᠡᠯᠡᠨ ᠵᠠᠰᠠᠨ᠎ᠠ᠃ ᠣᠷᠴᠢᠮ ᠤᠨ ᠡᠳᠦᠷ ᠠᠴᠠ ᠨᠠᠭᠠᠰᠢ᠂ ᠬᠠᠨᠳᠠᠭᠠᠢ ᠰᠤᠮᠤ ᠬᠠᠨᠳᠠᠭᠠᠢ ᠭᠠᠴᠠᠭ᠎ᠠ ᠶᠢᠨ ᠬᠤᠶᠠᠷ ᠵᠥᠪᠯᠡᠯ ᠤᠨ ᠭᠡᠰᠢᠭᠦᠨ ᠵᠢᠴᠢ ᠭᠤᠷᠪᠠᠨ ᠭᠡᠷ ᠤᠨ ᠣᠷᠴᠢᠮ ᠰᠠᠭᠤᠵᠤ ᠪᠠᠶᠢᠭ᠎ᠠ ᠮᠠᠯᠴᠢᠳ ᠢ ᠵᠣᠬᠢᠶᠠᠨ ᠪᠠᠶᠢᠭᠤᠯᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠥᠷᠨᠢᠭᠦᠯᠵᠦ᠂  ᠭᠠᠴᠠᠭᠠᠨ ᠤ ᠪᠦᠬᠦ ᠬᠥᠮᠥᠰ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠵᠤ᠂ ᠭᠤᠣᠯᠳᠠᠭᠤ ᠭᠤᠷᠪᠠᠨ ᠭᠡᠷ ᠤᠨ ᠣᠷᠴᠢᠮ ᠤᠨ ᠬᠠᠶᠠᠭᠳᠠᠮᠠᠯ ᠡᠳ᠋ ᠵᠢᠴᠢ ᠠᠮᠢᠳᠤᠷᠠᠯ ᠎ ᠤᠨ ᠬᠤᠭ ᠨᠣᠪᠰᠢ ᠴᠡᠪᠡᠷᠯᠡᠵᠦ᠂ ᠡᠪᠳᠡᠭᠳᠡᠭᠰᠡᠨ ᠵᠠᠮ ᠢ ᠰᠡᠯᠪᠢᠨ ᠵᠠᠰᠠᠵᠤ᠂  ᠦᠵᠡᠰᠬᠦᠯᠡᠩ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤ ᠪᠠᠷ ᠡᠭᠦᠳᠦᠨ ᠪᠠᠶᠢᠭᠤᠯᠤᠨ᠎ᠠ᠃ ᠲᠤᠰ ᠤᠳᠠᠭᠠᠨ ᠤ ᠬᠥᠳᠡᠯᠭᠡᠭᠡᠨ ᠨᠡᠶᠢᠲᠡ 5 ᠬᠦᠮᠦᠷᠢᠭᠦᠯᠲᠦ ᠲᠡᠷᠭᠡ᠂ 3 ᠤᠳᠬᠤᠭᠤᠷ ᠲᠡᠷᠭᠡ᠂ 20 ᠰᠢᠬᠠᠮ ᠬᠥᠮᠥᠨ ᠣᠷᠣᠯᠴᠠᠪᠠ᠃
       ᠤᠬᠠᠭᠤᠯᠭ᠎ᠠ ᠪᠠᠨ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠷᠴᠢᠨ ᠠᠬᠤᠢ ᠶᠢ ᠪᠣᠢ ᠪᠣᠯᠭᠠᠨ᠎ᠠ᠃ ᠬᠠᠨᠳᠠᠭᠠᠢ ᠰᠤᠮᠤ ᠡᠷᠦᠬᠡ ᠪᠠᠷ ᠭᠦᠨᠵᠡᠭᠡᠶᠢᠷᠡᠬᠦ᠂ ᠭᠠᠴᠠᠭᠠᠨ ᠤ ᠶᠡᠭᠡ ᠪᠠᠭ᠎ᠠ ᠬᠤᠷᠠᠯ ᠵᠡᠷᠭᠡ ᠬᠡᠯᠪᠡᠷᠢ ᠪᠠᠷ ᠣᠷᠴᠢᠨ ᠲᠣᠭᠤᠷᠢᠨ ᠢ ᠬᠠᠮᠠᠭᠠᠯᠠᠬᠤ ᠴᠢᠬᠤᠯᠠ ᠴᠢᠨᠠᠷ ᠢ ᠢᠳᠡᠪᠬᠢᠲᠡᠢ ᠤᠬᠠᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠡᠷᠦᠬᠡ ᠪᠦᠬᠦᠨ ᠢ ᠣᠷᠣᠯᠴᠠᠭᠤᠯᠵᠤ᠂ ᠬᠥᠮᠥᠨ ᠤ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠵᠤ᠂ ᠭᠠᠴᠠᠭᠠᠨ ᠤ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠰᠠᠭᠤᠬᠤ ᠲᠣᠬᠢᠷᠠᠮᠵᠢᠲᠠᠢ ᠣᠷᠴᠢᠨ ᠲᠣᠭᠤᠷᠢᠨ ᠢ ᠪᠠᠲᠤᠲᠠᠢ ᠪᠦᠲᠦᠭᠡᠨ ᠪᠠᠶᠢᠭᠤᠯᠤᠨ᠎ᠠ᠃
       ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠵᠠᠰᠠᠨ ᠴᠡᠭᠴᠡᠯᠡᠬᠦ ᠬᠦᠴᠦᠯᠡᠴᠡ ᠪᠠᠨ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤᠮᠳᠠ᠂ ᠰᠤᠮᠤᠨ ᠳᠠᠷᠤᠭ᠎ᠠ ᠳ᠋ᠠᠢ ᠵᠧᠨ ᠫᠢᠩ ᠪᠡᠶ᠎ᠡ ᠪᠠᠷ ᠢᠶᠠᠨ ᠳᠠᠭᠠᠭᠤᠯᠤᠨ ᠬᠢᠨᠠᠨ ᠪᠠᠶᠢᠴᠠᠭᠠᠬᠤ ᠶᠢᠨ ᠬᠠᠮᠲᠤ ᠲᠤᠬᠠᠢ ᠶᠢᠨ ᠭᠠᠵᠠᠷ ᠲᠤᠨᠢ ᠬᠦᠷᠴᠦ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠵᠢᠭᠠᠨ ᠵᠢᠯᠣᠭᠤᠴᠢ᠂ ᠠᠰᠠᠭᠤᠳᠠᠯ ᠪᠠᠶᠢᠪᠠᠯ ᠴᠠᠭ ᠲᠤᠬᠠᠢ ᠳᠤᠨᠢ ᠵᠠᠰᠠᠨ ᠵᠠᠯᠠᠷᠠᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠨᠡᠨ ᠬᠦ ᠲᠦᠯᠬᠢᠨ ᠠᠬᠢᠭᠤᠯᠵᠤ᠂ ᠤᠷᠲᠤ ᠬᠤᠭᠤᠴᠠᠭᠠᠨ ᠎ ᠤ ᠪᠦᠲᠦᠮᠵᠢᠲᠡᠢ ᠬᠡᠪ ᠤᠨ ᠪᠠᠶᠢᠳᠠᠯ ᠢ ᠪᠠᠶᠢᠭᠤᠯᠵᠤ᠂ ᠣᠷᠴᠢᠨ ᠲᠣᠭᠤᠷᠢᠨ ᠤ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠦᠨ᠎ᠡ᠃
 
ᠢᠷᠡᠯᠲᠡ᠄ ᠰᠢᠨ᠎ᠡ ᠪᠠᠷᠭᠤ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号