ᠰᠢᠨᠬᠤᠸᠠ ᠬᠤᠷᠢᠶᠠᠨ ᠤ ᠪᠡᠭᠡᠵᠢᠩ ᠤᠨ 8 ᠰᠠᠷ᠎ᠠ ᠶᠢᠨ 19 ᠤ ᠴᠠᠬᠢᠯᠭᠠᠨ ᠮᠡᠳᠡᠭᠡ 8 ᠰᠠᠷ᠎ᠠ ᠶᠢᠨ 19 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ — | ᠠᠷᠠᠪ ᠤᠨ ᠤᠯᠤᠰ ᠤᠳ ᠤᠨ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠤᠯᠤᠰ ᠪᠠ ᠠᠷᠠᠪ ᠤᠨ ᠤᠯᠤᠰ ᠤᠳ ᠤᠨ ᠠᠷᠠᠳ ᠲᠦᠮᠡᠨ ᠤ ᠤᠯᠠᠮᠵᠢᠯᠠᠯᠲᠤ | ᠨᠥᠬᠦᠷᠯᠡᠯ ᠶᠠᠪᠤᠬᠤ ᠳᠤᠳᠤᠮ ᠪᠠᠲᠤᠵᠢᠵᠤ ᠪᠠᠶᠢᠨ᠎ᠠ᠃ ᠣᠶᠢᠷ᠎ᠠ ᠶᠢᠨ ᠵᠢᠯ ᠳᠤ᠂ ᠳᠤᠮᠳᠠᠳᠤ ᠠᠷᠠᠪ ᠬᠤᠶᠠᠷ | ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠵᠣᠬᠢᠴᠠᠭᠤᠯᠭ᠎ᠠ ᠪᠤᠯᠤᠨ ᠠᠵᠢᠯᠯᠠᠭ᠎ᠠ ᠶᠢᠨ ᠵᠣᠯᠭᠠᠯᠴᠠᠭ᠎ᠠ ᠪᠠᠨ | ᠲᠠᠰᠤᠷᠠᠯᠲᠠ ᠥᠬᠡᠶ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ | ᠬᠠᠮᠲᠤᠷᠠᠯᠴᠠᠭᠠᠨ ᠤ ᠦᠷ᠎ᠠ ᠪᠦᠲᠦᠭᠡᠯ ᠦᠯᠠᠮᠵᠢ ᠪᠠᠶᠢᠵᠤ᠂ ᠳᠤᠮᠳᠠᠳᠤ ᠤᠯᠤᠰ ᠠᠷᠠᠪ ᠤᠨ ᠤᠯᠤᠰ ᠤᠳ ᠤᠨ | ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠤᠯᠤᠰ ᠪᠤᠯᠬᠤ ᠪᠠᠶᠢᠷᠢ ᠰᠠᠭᠤᠷᠢ ᠪᠠᠨ ᠦᠷᠭᠦᠯᠵᠢᠯᠡᠨ ᠪᠠᠲᠤᠯᠠᠪᠠ᠃ | ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠠ᠂ ᠳᠤᠮᠳᠠᠳᠤ ᠤᠯᠤᠰ ᠪᠣᠯᠤᠨ | ᠠᠷᠠᠪ ᠤᠨ ᠤᠯᠤᠰ ᠤᠳ ᠭᠠᠷ ᠬᠤᠯᠪᠣᠨ ᠬᠢᠵᠢᠭ ᠲᠠᠢ ᠲᠡᠮᠡᠴᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠬᠡᠪ ᠳᠠᠭᠤᠷᠢᠶᠠᠯ ᠢ ᠪᠤᠢ ᠪᠤᠯᠭᠠᠪᠠ ᠭᠡᠵᠤ ᠵᠢᠭᠠᠵᠤ ᠭᠠᠷᠭᠠᠵᠠᠢ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠠᠷᠠᠪ ᠤᠨ ᠤᠯᠤᠰ ᠤᠳ ᠲᠠᠢ ᠬᠠᠮᠲᠤ ᠪᠠᠷ ᠬᠠᠮᠲᠤᠷᠠᠯᠴᠠᠨ | ᠬᠦᠭᠵᠢᠬᠦ ᠶᠢ ᠰᠦᠪᠡᠭᠴᠢᠯᠡᠵᠤ᠂ ᠡᠩᠬᠡ ᠲᠠᠶᠢᠪᠤᠩ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠬᠦᠷᠳᠡᠵᠦ᠂ ᠬᠠᠮᠲᠤ ᠪᠠᠷ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ | ᠪᠦᠳᠦᠭᠡᠨ ᠪᠠᠶᠢᠭᠤᠯᠵᠤ᠂ ᠳᠤᠮᠳᠠᠳᠤ ᠤᠯᠤᠰ ᠪᠠ ᠠᠷᠠᠪ ᠤᠨ ᠤᠯᠤᠰ ᠤᠳ ᠤᠨ ᠪᠠᠶᠢᠯᠳᠤᠬᠤ ᠪᠤᠳᠤᠯᠭ᠎ᠠ ᠶᠢᠨ | ᠬᠠᠨᠢᠲᠠᠨ ᠤ ᠬᠠᠷᠢᠯᠴᠠᠭ᠎ᠠ ᠨᠡᠩ ᠥᠨᠳᠥᠷ ᠲᠦᠪᠰᠢᠨ ᠳᠤ ᠭᠠᠷᠬᠤ ᠶᠢ ᠠᠬᠢᠭᠤᠯᠵᠤ᠂ ᠰᠢᠨ᠎ᠠ ᠴᠠᠭ ᠦᠶ᠎ᠠ ᠳᠤ | ᠬᠠᠨᠳᠤᠭᠰᠠᠨ ᠳᠤᠮᠳᠠᠳᠤ ᠤᠯᠤᠰ ᠪᠠ ᠠᠷᠠᠪ ᠤᠨ ᠤᠯᠤᠰ ᠤᠳ ᠤᠨ ᠬᠤᠪᠢ ᠵᠠᠶᠠᠭᠠᠨ ᠤ ᠬᠠᠮᠲᠤ ᠴᠤᠭᠴᠠ ᠶᠢ ᠭᠠᠷ | ᠬᠤᠯᠪᠣᠨ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠦᠵᠡᠰᠬᠦᠯᠡᠩ ᠤᠨ | ᠴᠤᠭᠯᠠᠭᠠᠨ ᠲᠤᠰ ᠡᠳᠦᠷ ᠨᠢᠩᠰᠢᠶᠠ ᠶᠢᠨ ᠢᠷᠭᠠᠢ ᠳᠤ ᠡᠬᠢᠯᠡᠵᠤ᠂ ᠦᠵᠡᠰᠬᠦᠯᠡᠩ ᠤᠨ ᠴᠤᠬᠯᠠᠭᠠᠨ ᠢ | ᠬᠤᠳᠠᠯᠳᠤᠭᠠᠨ ᠤ ᠶᠠᠪᠤᠳᠠᠯ ᠤᠨ ᠶᠠᠮᠤᠨ᠂ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ | ᠵᠥᠪᠯᠡᠯ ᠪᠣᠯᠤᠨ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠬᠠᠮᠲᠤᠷᠠᠨ ᠡᠷᠬᠢᠯᠡᠵᠡᠢ᠃ |