ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ︵ᠨᠢᠭᠡ︶
ᠨᠡᠶᠢᠲᠡᠯᠡᠭᠰᠡᠨ ᠴᠠᠭ᠄
2021/9/22
    ᠨᠢᠭᠡᠳᠦᠭᠡᠷ ᠪᠦᠯᠦᠭ ᠶᠡᠷᠦᠩᠬᠡᠶ ᠳᠦᠷᠢᠮ     ᠨᠢᠭᠡᠳᠦᠭᠡᠷ ᠵᠦᠢᠯ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢᠨ ᠠᠵᠢᠯᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠳᠤ ᠬᠤᠣᠷᠳᠠᠭᠳᠠᠬᠤ ᠪᠠ ᠢᠳᠡᠭᠡᠨ ᠠᠴᠠ ᠰᠢᠯᠲᠠᠭᠠᠯᠠᠭᠰᠠᠨ ᠪᠤᠰᠤᠳ ᠡᠪᠡᠳᠴᠢᠨ ᠡᠮᠭᠡᠭ ᠡᠭᠦᠰᠬᠦ ᠶᠢ ᠪᠦᠲᠦᠮᠵᠢᠲᠡᠶ ᠰᠡᠷᠬᠡᠶᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠬᠦᠯᠬᠦ ᠦᠢᠯᠡᠳᠬᠡᠯ ᠪᠠ ᠢᠳᠡᠭᠡᠨ ᠤ ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ︽ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠠᠯᠬᠤᠮ ᠴᠢᠨᠠᠭᠰᠢᠳᠠ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠵᠢᠯᠣᠭᠤᠳᠬᠤ ᠰᠠᠨᠠᠯ︾ ︵ᠢᠳᠡᠭᠡᠨ ᠠᠮᠤᠷ ᠠᠯᠪᠠᠨ ﹇2015﹈ 22 ᠳ᠋ᠤᠭᠠᠷ ᠲᠣᠭᠠᠲᠤ︶᠎ ᠂ ︽ᠰᠤᠷᠭᠠᠭᠤᠯᠢ ᠶᠢᠨ ᠬᠤᠭᠤᠯᠠᠨ ᠬᠡᠷ ᠵᠡᠷᠭᠡ ᠢᠳᠡᠭᠡᠨ ᠤᠮᠳᠠᠭᠠᠨ ᠤ ᠦᠢᠯᠡᠴᠢᠯᠡᠬᠡᠨ ᠤ ᠡᠵᠡᠩᠨᠡᠯᠲᠡ ᠶᠢᠨ ᠪᠠᠶᠢᠳᠠᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2016﹈ 47 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠤᠨ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠵᠢᠴᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠲᠤᠰ ᠠᠷᠭ᠎ᠠ ᠶᠢ ᠵᠢᠷᠤᠮᠯᠠᠨ᠎ᠠ᠃      ᠲᠤᠰ ᠠᠷᠭ᠎ᠠ ᠳᠤ ᠬᠡᠯᠡᠵᠦ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠭᠡᠳᠡᠭ ᠨᠢ ᠮᠠᠯᠵᠢᠬᠤ ᠲᠠᠷᠢᠶᠠᠯᠠᠬᠤ ᠣᠷᠣᠨ ᠪᠣᠯᠤᠨ ᠬᠤᠲᠠ ᠬᠥᠳᠡᠭᠡ ᠶᠢᠨ ᠨᠡᠶᠢᠯᠡᠮᠡᠯ ᠭᠠᠵᠠᠷ ︵ᠳᠣᠷᠣᠭᠰᠢ ᠮᠠᠯᠵᠢᠬᠤ ᠲᠠᠷᠢᠶᠠᠯᠠᠬᠤ ᠣᠷᠣᠨ ᠭᠡᠵᠦ ᠨᠡᠷᠡᠶᠢᠳᠦᠨ᠎ᠡ︶᠎ ᠤᠨ ᠣᠯᠠᠨ ᠲᠦᠮᠡᠨ ᠬᠤᠷᠢᠮ ᠪᠡᠯᠪᠡᠰᠦᠷᠡᠯ ᠵᠡᠷᠭᠡ ᠤᠴᠢᠷ ᠶᠠᠪᠤᠳᠠᠯ ᠠᠴᠠ ᠪᠣᠯᠵᠤ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠤᠭᠰᠠᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠠᠴᠠ ᠪᠤᠰᠤᠳ ᠲᠠᠯᠠᠪᠤᠷ ᠲᠤ ᠡᠷᠬᠢᠯᠡᠭᠰᠡᠨ᠂ ᠭᠤᠣᠯᠳᠠᠭᠤ ᠡᠷᠬᠢᠯᠡᠨ ᠭᠦᠢᠴᠡᠳᠬᠡᠭᠴᠢ ᠪᠤᠶᠤ ᠳᠠᠭᠠᠭᠠᠴᠢᠯᠠᠨ ᠭᠦᠢᠴᠡᠳᠬᠡᠭᠴᠢ ᠠᠴᠠ ᠥᠪᠡᠷ ᠢᠶᠠᠨ ᠵᠣᠬᠢᠶᠠᠨ ᠪᠠᠶᠢᠭᠤᠯᠵᠤ ᠬᠤᠭᠤᠯᠠ ᠪᠠᠵᠠᠭᠠᠵᠤ ᠬᠢᠭᠰᠡᠨ᠂ ᠬᠤᠭᠤᠯᠠᠯᠠᠬᠤ ᠬᠥᠮᠦᠨ ᠤ ᠲᠤᠭ᠎ᠠ ᠨᠢ 50 ᠬᠥᠮᠦᠨ ᠠᠴᠠ ᠳᠡᠭᠡᠭᠰᠢ ᠡᠯ᠎ᠡ ᠲᠥᠷᠥᠯ ᠤᠨ ᠪᠦᠯᠦᠭᠵᠢᠯ ᠤᠨ ᠴᠢᠨᠠᠷᠲᠠᠶ ᠴᠤᠭᠯᠠᠷᠠᠨ ᠬᠤᠭᠤᠯᠠᠯᠠᠬᠤ ᠠᠵᠢᠯᠯᠠᠭ᠎ᠠ ︵ᠳᠣᠷᠣᠭᠰᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠭᠡᠵᠦ ᠨᠡᠷᠡᠶᠢᠳᠦᠨ᠎ᠡ︶᠎ ᠶᠢ ᠵᠢᠭᠠᠨ᠎ᠠ᠃     ᠲᠤᠰ ᠠᠷᠭ᠎ᠠ ᠳᠤ ᠬᠡᠯᠡᠵᠦ ᠪᠠᠶᠢᠭ᠎ᠠ ᠡᠷᠬᠢᠯᠡᠨ ᠭᠦᠢᠴᠡᠳᠬᠡᠭᠴᠢ ᠭᠡᠳᠡᠭ ᠨᠢ ᠬᠤᠷᠢᠮ ᠪᠡᠯᠪᠡᠰᠦᠷᠡᠯ ᠵᠡᠷᠭᠡ ᠤᠴᠢᠷ ᠶᠠᠪᠤᠳᠠᠯ ᠳᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠥᠪᠡᠷ ᠲᠡᠭᠡᠨ ᠵᠣᠬᠢᠶᠠᠨ ᠪᠠᠶᠢᠭᠤᠯᠬᠤ ᠪᠤᠶᠤ ᠪᠤᠰᠤᠳ ᠲᠤ ᠨᠠᠶᠢᠳᠠᠵᠤ ᠳᠠᠭᠠᠭᠠᠴᠢᠯᠠᠨ ᠭᠦᠢᠴᠡᠳᠬᠡᠯᠬᠡᠵᠦ ᠪᠠᠶᠢᠭ᠎ᠠ ᠬᠥᠮᠦᠰ ᠢ ᠵᠢᠭᠠᠵᠤ ᠪᠤᠶ᠃      ᠲᠤᠰ ᠠᠷᠭ᠎ᠠ ᠳᠤ ᠬᠡᠯᠡᠵᠦ ᠪᠠᠶᠢᠭ᠎ᠠ ᠳᠠᠭᠠᠭᠠᠴᠢᠯᠠᠨ ᠭᠦᠢᠴᠡᠳᠬᠡᠭᠴᠢ ᠭᠡᠳᠡᠭ ᠨᠢ ᠡᠷᠬᠢᠯᠡᠨ ᠭᠦᠢᠴᠡᠳᠬᠡᠭᠴᠢ ᠶᠢᠨ ᠨᠠᠶᠢᠳᠠᠯᠭ᠎ᠠ ᠶᠢ ᠬᠦᠯᠢᠶᠡᠵᠦ᠂ ᠨᠡᠭᠦᠳᠡᠯ ᠲᠣᠭᠤᠭᠠᠴᠢ ᠵᠡᠷᠭᠡ ᠠᠵᠢᠯ ᠡᠷᠬᠢᠯᠡᠭᠰᠡᠳ ᠢ ᠥᠪᠡᠰᠦᠪᠡᠨ ᠵᠣᠬᠢᠶᠠᠨ ᠪᠠᠶᠢᠭᠤᠯᠬᠤ ᠪᠤᠶᠤ ᠤᠷᠢᠵᠤ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠳᠠᠭᠠᠭᠠᠴᠢᠯᠠᠨ ᠠᠪᠬᠤ ᠬᠥᠮᠦᠰ ᠢ ᠵᠢᠭᠠᠵᠤ ᠪᠤᠶ᠃      ᠲᠤᠰ ᠠᠷᠭ᠎ᠠ ᠲᠤ ᠬᠡᠯᠡᠵᠦ ᠪᠠᠶᠢᠭ᠎ᠠ ᠨᠡᠭᠦᠳᠡᠯ ᠲᠣᠭᠤᠭᠠᠴᠢ ᠭᠡᠳᠡᠭ ᠨᠢ ᠬᠤᠭᠤᠯᠠᠨ ᠬᠡᠷᠡᠭᠰᠡᠯ ︵ᠪᠤᠶᠤ ᠬᠤᠭᠤᠯᠠᠨ ᠬᠡᠷᠡᠭᠰᠡᠯ ᠲᠦᠷᠢᠶᠡᠰᠦᠯᠡᠨ ᠬᠡᠷᠡᠭᠯᠡᠬᠦ︶᠎ ᠲᠠᠢ᠂ ᠲᠣᠭᠲᠠᠮᠠᠯ ᠡᠳ᠋ᠰᠢᠭᠦᠯᠬᠦ ᠲᠠᠯᠠᠪᠤᠷ ᠪᠣᠯᠤᠨ ᠦᠢᠯᠡᠴᠢᠯᠡᠬᠦ ᠡᠲᠡᠭᠡᠳ ᠥᠭᠡᠢ᠂ ᠡᠰᠡᠬᠦᠯ᠎ᠡ ᠤᠷᠳᠤ ᠬᠤᠭᠤᠴᠠᠭ᠎ᠠ ᠪᠠᠷ ᠢᠳᠡᠭᠡᠨ ᠤᠮᠳᠠᠭᠠᠨ ᠤ ᠬᠥᠳᠡᠯᠮᠦᠷᠢ ᠦᠢᠯᠡᠴᠢᠯᠡᠭᠡ ᠶᠢ ᠳᠠᠭᠠᠭᠠᠴᠢᠯᠠᠵᠦ᠂ ᠪᠤᠰᠤᠳ ᠲᠤ ᠡᠯ᠎ᠡ ᠲᠥᠷᠥᠯ ᠤᠨ ᠳᠠᠶᠢᠯᠠᠯᠭ᠎ᠠ ᠶᠢᠨ ᠬᠤᠭᠤᠯᠠ ᠬᠢᠵᠦ ᠥᠭᠬᠦ ᠲᠣᠭᠤᠭᠠᠴᠢ ᠪᠠ ᠬᠠᠮᠲᠤ ᠶᠠᠪᠤᠭ᠎ᠠ ᠲᠤᠭᠤᠭᠠᠨ ᠭᠡᠷ ᠲᠤ ᠬᠠᠪᠰᠤᠷᠬᠤ ᠬᠦᠮᠦᠰ ᠢ ᠵᠢᠭᠠᠵᠤ ᠪᠤᠢ᠃
 
ᠢᠷᠡᠯᠲᠡ᠄ ᠪᠢᠴᠢᠭ ᠮᠠᠲ᠋ᠧᠷᠢᠶᠠᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号