ᠨᠢᠭᠡᠳᠦᠭᠡᠷ ᠪᠦᠯᠦᠭ ᠶᠡᠷᠦᠩᠬᠡᠶ ᠳᠦᠷᠢᠮ | ᠨᠢᠭᠡᠳᠦᠭᠡᠷ ᠵᠦᠢᠯ ᠮᠠᠨ ᠤ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠶᠢᠨ ᠠᠵᠢᠯᠯᠠᠭ᠎ᠠ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠳᠤ ᠬᠤᠣᠷᠳᠠᠭᠳᠠᠬᠤ ᠪᠠ ᠢᠳᠡᠭᠡᠨ ᠠᠴᠠ ᠰᠢᠯᠲᠠᠭᠠᠯᠠᠭᠰᠠᠨ ᠪᠤᠰᠤᠳ ᠡᠪᠡᠳᠴᠢᠨ ᠡᠮᠭᠡᠭ | ᠡᠭᠦᠰᠬᠦ ᠶᠢ ᠪᠦᠲᠦᠮᠵᠢᠲᠡᠶ ᠰᠡᠷᠬᠡᠶᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠥᠷᠭᠡᠨ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠣᠯᠤᠨ ᠠᠮᠢ | ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ | ᠲᠦᠪᠰᠢᠨ ᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠦᠢᠯᠡᠳᠪᠦᠷᠢᠯᠡᠵᠦ ᠡᠳ᠋ᠰᠢᠬᠦᠯᠬᠦ ᠦᠢᠯᠡᠳᠬᠡᠯ ᠪᠠ ᠢᠳᠡᠭᠡᠨ ᠤ | ᠳᠡᠯᠭᠡᠭᠦᠷᠴᠢᠨ ᠤ ᠬᠠᠮᠢᠶᠠᠷᠤᠯᠲᠠ ᠶᠢᠨ ᠳᠦᠷᠢᠮ︾ ︽ᠬᠥᠳᠡᠭᠡ ᠲᠣᠰᠬᠤᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠠᠯᠬᠤᠮ ᠴᠢᠨᠠᠭᠰᠢᠳᠠ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠢᠳᠡᠭᠡᠨ ᠤ ᠠᠮᠤᠷ | ᠲᠦᠪᠰᠢᠨ ᠤ ᠠᠯᠪᠠᠨ ᠭᠡᠷ ᠤᠨ ᠵᠢᠯᠣᠭᠤᠳᠬᠤ ᠰᠠᠨᠠᠯ︾ ︵ᠢᠳᠡᠭᠡᠨ ᠠᠮᠤᠷ ᠠᠯᠪᠠᠨ ﹇2015﹈ 22 ᠳ᠋ᠤᠭᠠᠷ ᠲᠣᠭᠠᠲᠤ︶ ᠂ ︽ᠰᠤᠷᠭᠠᠭᠤᠯᠢ ᠶᠢᠨ ᠬᠤᠭᠤᠯᠠᠨ | ᠬᠡᠷ ᠵᠡᠷᠭᠡ ᠢᠳᠡᠭᠡᠨ ᠤᠮᠳᠠᠭᠠᠨ ᠤ ᠦᠢᠯᠡᠴᠢᠯᠡᠬᠡᠨ ᠤ ᠡᠵᠡᠩᠨᠡᠯᠲᠡ ᠶᠢᠨ ᠪᠠᠶᠢᠳᠠᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2016﹈ 47 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠪᠢᠴᠢᠭ ᠮᠠᠲ᠋ᠧᠷᠢᠶᠠᠯ ᠤᠨ ᠲᠣᠭᠲᠠᠭᠠᠯ ᠪᠠ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠬᠤᠲᠠ ᠶᠢᠨ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠳᠣᠲᠣᠷᠠᠬᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠵᠢᠴᠢ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠳᠤ ᠲᠤᠰ ᠠᠷᠭ᠎ᠠ ᠶᠢ ᠵᠢᠷᠤᠮᠯᠠᠨ᠎ᠠ᠃ | ᠲᠤᠰ ᠠᠷᠭ᠎ᠠ ᠳᠤ ᠬᠡᠯᠡᠵᠦ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠭᠡᠳᠡᠭ ᠨᠢ ᠮᠠᠯᠵᠢᠬᠤ ᠲᠠᠷᠢᠶᠠᠯᠠᠬᠤ ᠣᠷᠣᠨ | ᠪᠣᠯᠤᠨ ᠬᠤᠲᠠ ᠬᠥᠳᠡᠭᠡ ᠶᠢᠨ ᠨᠡᠶᠢᠯᠡᠮᠡᠯ ᠭᠠᠵᠠᠷ ︵ᠳᠣᠷᠣᠭᠰᠢ ᠮᠠᠯᠵᠢᠬᠤ ᠲᠠᠷᠢᠶᠠᠯᠠᠬᠤ ᠣᠷᠣᠨ ᠭᠡᠵᠦ ᠨᠡᠷᠡᠶᠢᠳᠦᠨ᠎ᠡ︶ ᠤᠨ ᠣᠯᠠᠨ ᠲᠦᠮᠡᠨ ᠬᠤᠷᠢᠮ ᠪᠡᠯᠪᠡᠰᠦᠷᠡᠯ | ᠵᠡᠷᠭᠡ ᠤᠴᠢᠷ ᠶᠠᠪᠤᠳᠠᠯ ᠠᠴᠠ ᠪᠣᠯᠵᠤ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠤᠭᠰᠠᠨ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠠᠴᠠ ᠪᠤᠰᠤᠳ | ᠲᠠᠯᠠᠪᠤᠷ ᠲᠤ ᠡᠷᠬᠢᠯᠡᠭᠰᠡᠨ᠂ ᠭᠤᠣᠯᠳᠠᠭᠤ ᠡᠷᠬᠢᠯᠡᠨ ᠭᠦᠢᠴᠡᠳᠬᠡᠭᠴᠢ ᠪᠤᠶᠤ ᠳᠠᠭᠠᠭᠠᠴᠢᠯᠠᠨ ᠭᠦᠢᠴᠡᠳᠬᠡᠭᠴᠢ ᠠᠴᠠ ᠥᠪᠡᠷ ᠢᠶᠠᠨ ᠵᠣᠬᠢᠶᠠᠨ ᠪᠠᠶᠢᠭᠤᠯᠵᠤ ᠬᠤᠭᠤᠯᠠ | ᠪᠠᠵᠠᠭᠠᠵᠤ ᠬᠢᠭᠰᠡᠨ᠂ ᠬᠤᠭᠤᠯᠠᠯᠠᠬᠤ ᠬᠥᠮᠦᠨ ᠤ ᠲᠤᠭ᠎ᠠ ᠨᠢ 50 ᠬᠥᠮᠦᠨ ᠠᠴᠠ ᠳᠡᠭᠡᠭᠰᠢ ᠡᠯ᠎ᠡ ᠲᠥᠷᠥᠯ ᠤᠨ ᠪᠦᠯᠦᠭᠵᠢᠯ ᠤᠨ ᠴᠢᠨᠠᠷᠲᠠᠶ ᠴᠤᠭᠯᠠᠷᠠᠨ ᠬᠤᠭᠤᠯᠠᠯᠠᠬᠤ | ᠠᠵᠢᠯᠯᠠᠭ᠎ᠠ ︵ᠳᠣᠷᠣᠭᠰᠢ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠭᠡᠵᠦ ᠨᠡᠷᠡᠶᠢᠳᠦᠨ᠎ᠡ︶ ᠶᠢ ᠵᠢᠭᠠᠨ᠎ᠠ᠃ | ᠲᠤᠰ ᠠᠷᠭ᠎ᠠ ᠳᠤ ᠬᠡᠯᠡᠵᠦ ᠪᠠᠶᠢᠭ᠎ᠠ ᠡᠷᠬᠢᠯᠡᠨ ᠭᠦᠢᠴᠡᠳᠬᠡᠭᠴᠢ ᠭᠡᠳᠡᠭ ᠨᠢ ᠬᠤᠷᠢᠮ ᠪᠡᠯᠪᠡᠰᠦᠷᠡᠯ ᠵᠡᠷᠭᠡ ᠤᠴᠢᠷ ᠶᠠᠪᠤᠳᠠᠯ ᠳᠤ ᠮᠠᠯᠵᠢᠬᠤ ᠲᠠᠷᠢᠶᠠᠯᠠᠬᠤ | ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠥᠪᠡᠷ ᠲᠡᠭᠡᠨ ᠵᠣᠬᠢᠶᠠᠨ ᠪᠠᠶᠢᠭᠤᠯᠬᠤ ᠪᠤᠶᠤ ᠪᠤᠰᠤᠳ ᠲᠤ ᠨᠠᠶᠢᠳᠠᠵᠤ ᠳᠠᠭᠠᠭᠠᠴᠢᠯᠠᠨ | ᠭᠦᠢᠴᠡᠳᠬᠡᠯᠬᠡᠵᠦ ᠪᠠᠶᠢᠭ᠎ᠠ ᠬᠥᠮᠦᠰ ᠢ ᠵᠢᠭᠠᠵᠤ ᠪᠤᠶ᠃ | ᠲᠤᠰ ᠠᠷᠭ᠎ᠠ ᠳᠤ ᠬᠡᠯᠡᠵᠦ ᠪᠠᠶᠢᠭ᠎ᠠ ᠳᠠᠭᠠᠭᠠᠴᠢᠯᠠᠨ ᠭᠦᠢᠴᠡᠳᠬᠡᠭᠴᠢ ᠭᠡᠳᠡᠭ ᠨᠢ ᠡᠷᠬᠢᠯᠡᠨ ᠭᠦᠢᠴᠡᠳᠬᠡᠭᠴᠢ ᠶᠢᠨ ᠨᠠᠶᠢᠳᠠᠯᠭ᠎ᠠ ᠶᠢ ᠬᠦᠯᠢᠶᠡᠵᠦ᠂ ᠨᠡᠭᠦᠳᠡᠯ | ᠲᠣᠭᠤᠭᠠᠴᠢ ᠵᠡᠷᠭᠡ ᠠᠵᠢᠯ ᠡᠷᠬᠢᠯᠡᠭᠰᠡᠳ ᠢ ᠥᠪᠡᠰᠦᠪᠡᠨ ᠵᠣᠬᠢᠶᠠᠨ ᠪᠠᠶᠢᠭᠤᠯᠬᠤ ᠪᠤᠶᠤ ᠤᠷᠢᠵᠤ ᠬᠡᠷᠡᠭᠯᠡᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ | ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢ ᠳᠠᠭᠠᠭᠠᠴᠢᠯᠠᠨ ᠠᠪᠬᠤ ᠬᠥᠮᠦᠰ ᠢ ᠵᠢᠭᠠᠵᠤ ᠪᠤᠶ᠃ | ᠲᠤᠰ ᠠᠷᠭ᠎ᠠ ᠲᠤ ᠬᠡᠯᠡᠵᠦ ᠪᠠᠶᠢᠭ᠎ᠠ ᠨᠡᠭᠦᠳᠡᠯ ᠲᠣᠭᠤᠭᠠᠴᠢ ᠭᠡᠳᠡᠭ ᠨᠢ ᠬᠤᠭᠤᠯᠠᠨ ᠬᠡᠷᠡᠭᠰᠡᠯ ︵ᠪᠤᠶᠤ ᠬᠤᠭᠤᠯᠠᠨ ᠬᠡᠷᠡᠭᠰᠡᠯ ᠲᠦᠷᠢᠶᠡᠰᠦᠯᠡᠨ ᠬᠡᠷᠡᠭᠯᠡᠬᠦ︶ | ᠲᠠᠢ᠂ ᠲᠣᠭᠲᠠᠮᠠᠯ ᠡᠳ᠋ᠰᠢᠭᠦᠯᠬᠦ ᠲᠠᠯᠠᠪᠤᠷ ᠪᠣᠯᠤᠨ ᠦᠢᠯᠡᠴᠢᠯᠡᠬᠦ ᠡᠲᠡᠭᠡᠳ ᠥᠭᠡᠢ᠂ ᠡᠰᠡᠬᠦᠯ᠎ᠡ ᠤᠷᠳᠤ ᠬᠤᠭᠤᠴᠠᠭ᠎ᠠ ᠪᠠᠷ ᠢᠳᠡᠭᠡᠨ ᠤᠮᠳᠠᠭᠠᠨ ᠤ ᠬᠥᠳᠡᠯᠮᠦᠷᠢ | ᠦᠢᠯᠡᠴᠢᠯᠡᠭᠡ ᠶᠢ ᠳᠠᠭᠠᠭᠠᠴᠢᠯᠠᠵᠦ᠂ ᠪᠤᠰᠤᠳ ᠲᠤ ᠡᠯ᠎ᠡ ᠲᠥᠷᠥᠯ ᠤᠨ ᠳᠠᠶᠢᠯᠠᠯᠭ᠎ᠠ ᠶᠢᠨ ᠬᠤᠭᠤᠯᠠ ᠬᠢᠵᠦ ᠥᠭᠬᠦ ᠲᠣᠭᠤᠭᠠᠴᠢ ᠪᠠ ᠬᠠᠮᠲᠤ ᠶᠠᠪᠤᠭ᠎ᠠ ᠲᠤᠭᠤᠭᠠᠨ | ᠭᠡᠷ ᠲᠤ ᠬᠠᠪᠰᠤᠷᠬᠤ ᠬᠦᠮᠦᠰ ᠢ ᠵᠢᠭᠠᠵᠤ ᠪᠤᠢ᠃ |