ᠲᠠᠪᠤᠳᠤᠭᠠᠷ ᠪᠦᠯᠦᠭ ᠳᠠᠭᠠᠯᠳᠤᠭᠤᠯᠤᠯ ᠳᠦᠷᠢᠮ | ᠬᠤᠷᠢᠨ ᠵᠢᠷᠭᠤᠳᠤᠭᠠᠷ ᠵᠦᠢᠯ ᠡᠯ᠎ᠡ ᠬᠤᠰᠢᠭᠤ ᠬᠤᠲᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ︽ᠬᠥᠯᠥᠨ | ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠭᠤᠶᠤᠴᠢᠯᠠᠨ ᠮᠡᠳᠡᠭᠦᠯᠵᠦ ᠪᠦᠷᠢᠳᠬᠡᠨ | ᠳᠠᠩᠰᠠᠯᠠᠬᠤ ᠬᠦᠰᠦᠨᠦᠭᠲᠦ︾ ︵ᠳᠠᠭᠠᠯᠳᠤᠭᠤᠯᠤᠯ 1︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ | ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠮᠡᠳᠡᠭᠳᠡᠬᠦ ᠪᠢᠴᠢᠭ︾ ︵ᠳᠠᠭᠠᠯᠳᠤᠭᠤᠯᠤᠯ 2︶᠂ ︽ᠬᠥᠯᠥᠨ ᠪᠤᠶᠢᠷ | ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ ᠢᠳᠡᠭᠡᠨ ᠤ ᠠᠮᠤᠷ ᠲᠦᠪᠰᠢᠨ ᠤ ᠠᠮᠠᠯᠠᠯᠲᠠ ᠶᠢᠨ ᠪᠢᠴᠢᠭ | ︾ ︵ᠳᠠᠭᠠᠯᠳᠤᠭᠤᠯᠤᠯ 3︶᠂ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ ᠠᠵᠢᠯᠯᠠᠭ᠎ᠠ ᠶᠢᠨ | ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠵᠥᠪᠯᠡᠯᠴᠡᠭᠡᠷ ᠤᠨ ᠪᠢᠴᠢᠭ︾ ︵ᠳᠠᠭᠠᠯᠳᠤᠭᠤᠯᠤᠯ 4︶ ᠤᠨ ᠪᠢᠴᠢᠭ ᠬᠠᠷ᠎ᠠ ᠶᠢᠨ ᠵᠠᠭᠪᠤᠷ ᠢᠶᠠᠷ ᠯᠠᠪᠯᠠᠯᠲᠠ | ᠪᠣᠯᠭᠠᠵᠤ᠂ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠤ ᠬᠢᠨᠠᠯᠲᠠ ᠬᠠᠮᠢᠶᠠᠷᠤᠯᠲᠠ ᠳᠤ ᠳᠣᠭᠢᠷᠠᠬᠤ ᠪᠢᠴᠢᠭ ᠬᠠᠷ᠎ᠠ ᠶᠢᠨ ᠬᠡᠯᠪᠡᠷᠢ ᠮᠠᠶ᠋ᠢᠭ ᠢ ᠲᠣᠭᠲᠠᠭᠠᠬᠤ ᠶᠢᠨ | ᠬᠠᠮᠲᠤ ᠦᠪᠡᠷᠲᠡᠭᠡᠨ ᠳᠠᠷᠤᠮᠠᠯᠯᠠᠨ ᠦᠢᠯᠡᠳᠦᠨ᠎ᠡ᠃ | ᠬᠤᠷᠢᠨ ᠳᠣᠯᠣᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ︽ᠳᠡᠭᠡᠭᠰᠢ︾ ᠭᠡᠳᠡᠭ ᠲᠤ ᠲᠤᠰ ᠲᠤᠭ᠎ᠠ ᠶᠢ ᠪᠠᠭᠲᠠᠭᠠᠵᠤ᠂ ︽ᠳᠣᠷᠣᠭᠰᠢ︾ ᠳᠤ ᠲᠤᠰ | ᠲᠤᠭ᠎ᠠ ᠶᠢ ᠪᠠᠭᠲᠠᠭᠠᠬᠤ ᠦᠭᠡᠶ᠃ | ᠬᠤᠷᠢᠨ ᠨᠠᠢᠮᠠᠳᠤᠭᠠᠷ ᠵᠦᠢᠯ ᠲᠣᠰ ᠠᠷᠭ᠎ᠠ ᠳᠤ ᠲᠣᠭᠲᠠᠭᠠᠭᠰᠠᠨ ᠭᠤᠶᠤᠴᠢᠯᠠᠨ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠵᠡᠷᠭᠡ ᠬᠤᠭᠤᠴᠠᠭ᠎ᠠ ᠶᠢ ᠠᠵᠢᠯᠯᠠᠬᠤ | ᠡᠳᠦᠷ ᠢᠶᠠᠷ ᠪᠤᠳᠤᠨ᠎ᠠ᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠪᠠᠭᠲᠠᠭᠠᠬᠤ ᠥᠬᠡᠶ᠃ | ᠬᠤᠷᠢ ᠶᠢᠰᠦᠳᠦᠭᠡᠷ ᠵᠦᠢᠯ ᠲᠣᠰ ᠠᠷᠭ᠎ᠠ ᠶᠢ ᠬᠥᠯᠥᠨ ᠪᠤᠶᠢᠷ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠭᠤᠴᠢᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠥᠯᠥᠨ ᠪᠤᠶᠢᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠴᠤᠭᠯᠠᠷᠠᠨ ᠬᠤᠭᠤᠯᠠᠯᠠᠬᠤ | ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ︾ ︵ᠬᠦᠯᠦᠨ ᠵᠠᠰᠠᠭ ᠠᠯᠪᠠᠨ ᠦᠰᠦᠭ ﹇2017﹈ 244 ᠳ᠋ᠤᠭᠡᠷ ᠲᠣᠭᠠᠲᠤ︶ ᠶᠢ ᠬᠠᠮᠲᠤ ᠳᠤᠨᠢ | ᠬᠦᠴᠦᠨ ᠥᠬᠡᠶ ᠪᠣᠯᠭᠠᠨ᠎ᠠ᠃ |