ᠰᠢ ᠶᠢᠨ ᠫᠢᠩ᠄ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/9/3
     ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠤ᠋ ᠸᠠᠩ ᠬᠤ᠋ ᠨᠢᠩ ᠵᠤᠤ ᠯᠧ ᠵᠢᠢ ᠬᠠᠨ ᠵᠧᠩ ᠬᠤᠷᠠᠯ ᠳᠤ ᠣᠷᠣᠯᠴᠠᠵᠤ ᠸᠠᠩ ᠶᠠᠩ ᠶᠠᠷᠢᠶ᠎ᠠ ᠲᠠᠯᠪᠢᠵᠠᠢ            ᠲᠥᠪ ᠤᠨ ᠦᠨᠳᠦᠰᠦᠲᠡᠨ ᠤ ᠠᠵᠢᠯ ᠤᠨ ᠬᠤᠷᠠᠯ 8 ᠰᠠᠷ᠎ᠠ ᠶᠢᠨ 27᠎ ᠠᠴᠠ 28᠎ ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠦ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ ᠡᠵᠡᠮᠰᠢᠬᠦ ᠪᠠ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠨᠠᠮᠳᠠᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠡᠶᠡᠯᠡᠬᠦᠯᠬᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃
    8 ᠰᠠᠷ᠎ᠠ ᠶᠢᠨ 27᠎ ᠠᠴᠠ 28᠎ ᠤ ᠡᠳᠦᠷ ᠪᠣᠯᠲᠠᠯ᠎ᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃      ᠰᠢᠨᠬᠤᠸᠠ ᠬᠤᠷᠢᠶᠠᠨ ᠤ ᠰᠤᠷᠪᠤᠯᠵᠢᠯᠠᠬᠴᠢ ᠫᠠᠩ ᠰᠢᠩ ᠯᠧᠢ ᠰᠡᠭᠦᠳᠡᠷᠯᠡᠪᠡ      ᠯᠢ ᠺᠧ ᠴᠢᠶᠠᠩ ᠬᠤᠷᠠᠯ ᠢ ᠡᠷᠬᠢᠯᠡᠪᠡ᠃ ᠯᠢ ᠵᠠᠨ ᠱᠤ᠋᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠬᠤᠷᠠᠯ ᠳᠤ ᠣᠷᠣᠯᠴᠠᠪᠠ᠃ ᠸᠠᠩ ᠶᠠᠩ ᠳ᠋ᠦᠩᠨᠡᠯᠲᠡ ᠶᠢᠨ ᠶᠠᠷᠢᠶ᠎ᠠ ᠲᠠᠯᠪᠢᠪᠠ᠃      ᠰᠢ ᠵᠢᠨ‌‍ᠫᠢᠩ ᠶᠠᠷᠢᠶᠠᠨ ᠳᠠᠭᠠᠨ᠂ ᠨᠠᠮ ᠤᠨ ᠵᠠᠭᠤᠨ ᠵᠢᠯ ᠤᠨ ᠲᠡᠦᠬᠡᠨ ᠶᠠᠪᠤᠴᠠ ᠶᠢ ᠡᠷᠭᠢᠴᠡᠭᠦᠯᠪᠡᠯ᠂ ᠨᠠᠮ ᠤᠨ ᠦᠨᠳᠦᠰᠦᠲᠡᠨ ᠤ ᠠᠵᠢᠯ ᠤᠨ ᠣᠯᠤᠭᠰᠠᠨ ᠬᠠᠮᠤᠭ ᠤᠨ ᠶᠡᠭᠡ ᠠᠮᠵᠢᠯᠲᠠ ᠪᠦᠲᠦᠮᠵᠢ ᠪᠣᠯ ᠳᠠᠷᠤᠢ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠨᠡᠭᠡᠭᠡᠭᠰᠡᠨ ᠶᠠᠪᠤᠳᠠᠯ ᠪᠣᠯᠤᠨ᠎ᠠ᠃ ᠥᠭᠡᠷᠡᠴᠢᠯᠡᠯᠲᠡ ᠨᠡᠭᠡᠭᠡᠯᠳᠡ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠵᠡᠷᠭᠡ ᠣᠶᠢᠯᠠᠭᠠᠭᠳᠠᠬᠤᠨ ᠢ ᠴᠢᠬᠤᠯᠠᠴᠢᠯᠠᠵᠤ᠂ ᠤᠳᠤᠮ ᠤᠯᠠᠮᠵᠢᠯᠠᠯ ᠨᠢᠭᠡᠲᠡᠢ ᠮᠥᠷᠲᠡᠭᠡᠨ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠤ᠂ ᠦᠨᠳᠦᠰᠦᠲᠡᠨ ᠤ ᠠᠰᠠᠭᠤᠳᠠᠯ ᠢ ᠡᠵᠡᠮᠳᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠪᠡ᠂ ᠡᠭᠦᠨ ᠢ ᠬᠤᠷᠢᠶᠠᠩᠭᠤᠶᠢᠯᠠᠪᠠᠯ ᠳᠣᠣᠷᠠᠬᠢ ᠬᠡᠳᠦᠨ ᠲᠠᠯ᠎ᠠ ᠪᠤᠢ᠃ ᠨᠢᠭᠡ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠵᠣᠷᠢᠯᠲᠠ ᠪᠠ ᠲᠤᠰᠤᠯᠳᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠬᠤᠶᠠᠷ ᠲᠤ ᠡᠷᠬᠡᠪᠰᠢ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠠᠬᠢᠭᠤᠯᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠲᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠪᠠᠲᠤᠳᠬᠠᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠲᠦᠷᠪᠡ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠲᠤᠬᠠᠢ ᠮᠡᠳᠡᠷᠡᠬᠦ ᠲᠦᠷᠦᠭᠳᠡᠯ ᠪᠠ ᠣᠮᠣᠭᠰᠢᠯᠲᠤ ᠲᠦᠷᠦᠭᠳᠡᠯ ᠢᠶᠠᠨ ᠨᠡᠮᠡᠭᠳᠡᠭᠦᠯᠬᠦ ᠬᠡᠷᠡᠭᠲᠡᠢ᠃ ᠲᠠᠪᠤ ᠳᠤ ᠡᠷᠬᠡᠪᠰᠢ ᠦᠨᠳᠦᠰᠦᠲᠡᠨ ᠨᠦᠭᠦᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠬᠠᠮᠲᠤ ᠪᠠᠷ ᠡᠷᠬᠡ ᠮᠡᠳᠡᠵᠦ ᠡᠵᠡᠨ ᠰᠠᠭᠤᠵᠤ᠂ ᠲᠦᠷᠦ ᠶᠢᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠣᠯᠴᠠᠬᠤ ᠶᠢ ᠪᠠᠲᠤᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠵᠢᠷᠭᠤᠭ᠎ᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃ ᠲᠤᠯᠤᠭ᠎ᠠ ᠳᠤ ᠡᠷᠬᠡᠪᠰᠢ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠲᠥᠪ ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠦᠨᠡᠨ ᠬᠦ ᠪᠠᠲᠤᠯᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠬᠡᠷᠡᠭᠵᠢᠭᠦᠯᠦᠯᠲᠡ ᠶᠢ ᠦᠨᠡᠨ ᠬᠦ ᠪᠠᠲᠤᠯᠠᠵᠤ᠂ ᠦᠨᠳᠦᠰᠦᠲᠡᠨ ᠨᠦᠭᠦᠳ ᠤᠨ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠲᠡᠮᠵᠢᠵᠤ᠂ ᠬᠠᠮᠲᠤ ᠪᠠᠷ ᠬᠥᠭᠵᠢᠬᠦ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠬᠡᠷᠡᠭᠲᠡᠢ᠃ ᠨᠠᠢᠮᠠ ᠳᠤ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠬᠦᠮᠦᠨ ᠤ ᠰᠡᠳᠬᠢᠯ ᠨᠢᠭᠡᠳᠴᠦ᠂ ᠤᠶᠤᠨ ᠰᠠᠨᠠᠭ᠎ᠠ ᠬᠠᠷᠢᠯᠴᠠᠨ ᠲᠦᠰᠢᠯᠴᠡᠵᠦ᠂ ᠰᠡᠳᠭᠢᠯ ᠨᠢᠭᠡᠳᠦᠨ ᠪᠦᠯᠬᠦᠮᠳᠡᠨ ᠤᠷᠤᠭᠰᠢᠯᠠᠭᠰᠠᠨ ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠶᠢ ᠪᠦᠷᠢᠯᠳᠦᠭᠦᠯᠬᠦ ᠬᠡᠷᠡᠭᠲᠡᠢ᠃ ᠶᠢᠰᠦ ᠳᠤ ᠡᠷᠬᠡᠪᠰᠢ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠬᠦᠰᠡᠯᠡᠩ ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠬ᠎ᠠ ᠳᠡᠭᠦᠦ ᠮᠡᠲᠤ ᠲᠤᠳᠤᠨᠤ ᠪᠠᠶᠢᠬᠤ ᠬᠡᠷᠡᠭᠲᠡᠢ᠃ ᠠᠷᠪᠠ ᠳᠤ ᠡᠷᠬᠡᠪᠰᠢ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ ᠠᠷᠪᠠᠨ ᠨᠢᠭᠡ ᠳᠤ ᠡᠷᠬᠡᠪᠰᠢ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠦᠨᠳᠦᠰᠦᠲᠡᠨ ᠨᠦᠭᠦᠳ ᠤᠯᠤᠰ ᠢᠶᠠᠨ ᠬᠠᠶᠢᠷᠠᠯᠠᠬᠤ ᠦᠵᠡᠯ ᠤᠨ ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠬᠤ ᠶᠢ ᠬᠦᠳᠦᠯᠦᠨ ᠲᠠᠭᠠᠭᠤᠯᠵᠤ᠂ ᠡᠬᠡ ᠤᠯᠤᠰ ᠤᠨ ᠨᠢᠭᠡᠳᠦᠯ᠂ ᠤᠯᠤᠰ ᠣᠷᠣᠨ ᠤ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃ ᠠᠷᠪᠠᠨ ᠬᠤᠶᠠᠷ ᠲᠤ ᠡᠷᠬᠡᠪᠰᠢ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠨᠠᠮ ᠤᠨ ᠦᠨᠳᠦᠰᠦᠲᠡᠨ ᠤ ᠠᠵᠢᠯ ᠤᠨ ᠤᠨᠤᠯ ᠪᠠ ᠦᠢᠯᠡᠳᠦᠯᠭᠡ ᠶᠢᠨ ᠤᠶᠤᠨ ᠤᠬᠠᠭᠠᠨ ᠤ ᠲᠠᠯᠠᠰᠳᠤ ᠮᠥᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ ᠮᠥᠨ᠂ ᠪᠦᠬᠦ ᠨᠠᠮ ᠤᠨ ᠬᠢᠨ ᠡᠷᠬᠡᠪᠰᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠣᠯ ᠳᠠᠷᠤᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠦᠲᠦᠯᠦᠨ ᠲᠠᠭᠠᠭᠤᠯᠵᠤ ᠪᠠᠶᠢᠭᠠᠳ ᠬᠦᠴᠢᠷ ᠪᠡᠷᠬᠡ ᠶᠢ ᠬᠠᠮᠳᠦ ᠪᠠᠷ ᠲᠤᠭᠤᠯᠬᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠬᠤ ᠶᠠᠪᠤᠳᠠᠯ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠤᠯᠤᠰ ᠣᠷᠣᠨ ᠤ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠠᠲᠤ ᠪᠠᠬᠢ ᠦᠵᠡᠯ ᠰᠠᠨᠠᠭᠠᠨ ᠤ ᠤᠷᠳᠤ ᠴᠠᠭᠠᠨ ᠬᠡᠷᠡᠮ ᠢ ᠪᠠᠶᠢᠭᠤᠯᠵᠤ᠂ ᠦᠨᠳᠦᠰᠦᠲᠡᠨ ᠨᠦᠭᠦᠳ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠲᠤ ᠪᠠᠷ ᠰᠠᠶᠢᠲᠤᠷ ᠬᠠᠮᠠᠭᠠᠯᠠᠪᠠᠯ ᠰᠠᠶ᠋ᠢ ᠡᠯ᠎ᠡ ᠵᠦᠢᠯ ᠤᠨ ᠬᠡᠲᠦᠷᠡᠮᠡᠬᠡᠢ᠂ ᠬᠠᠭᠠᠴᠡᠭᠤᠯᠬᠤ ᠦᠵᠡᠯ ᠰᠠᠨᠠᠭᠠᠨ ᠤ ᠨᠡᠪᠴᠢᠯᠲᠡ ᠨᠤᠷᠠᠭᠠᠯᠲᠠ ᠶᠢ ᠪᠦᠲᠦᠮᠵᠢᠲᠡᠢ ᠡᠰᠡᠷᠭᠦᠴᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠵᠦ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠪᠠᠯ ᠰᠠᠶ᠋ᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠴᠠ ᠳᠤ ᠦᠨᠳᠦᠰᠦᠲᠡᠨ ᠤ ᠬᠦᠷᠢᠶᠡᠨ ᠳᠤ ᠡᠭᠦᠰᠴᠦ ᠮᠡᠳᠡᠬᠦ ᠠᠶᠤᠯ ᠲᠦᠭᠰᠢᠭᠦᠷᠢ ᠪᠠ ᠦᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ ᠨᠠᠮ ᠪᠠ ᠤᠯᠤᠰ ᠣᠷᠣᠨ ᠤ ᠬᠥᠭᠵᠢᠨ ᠮᠠᠨᠳᠤᠬᠤ᠂ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠴᠢᠬᠤᠯᠠ ᠦᠵᠡᠯ ᠰᠠᠨᠠᠭᠠᠨ ᠤ ᠪᠠᠲᠤᠯᠠᠭ᠎ᠠ ᠬᠠᠩᠭᠠᠵᠤ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠣᠯ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠣᠬᠢᠴᠠᠩᠭᠤᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠤᠭᠴᠠᠯᠠᠪᠠᠯ ᠰᠠᠶ᠋ᠢ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠲᠤᠬᠠᠢ ᠤᠬᠠᠮᠰᠠᠷᠳᠤ ᠬᠠᠮᠳᠤ ᠶᠢᠨ ᠲᠠᠨᠢᠯᠳᠠ ᠶᠢ ᠨᠡᠮᠡᠭᠳᠡᠭᠦᠯᠵᠦ᠂ ᠮᠠᠨ ᠤ ᠤᠯᠤᠰ ᠤᠨ ᠦᠨᠳᠦᠰᠦᠲᠡᠨ ᠤ ᠬᠠᠷᠢᠴᠠᠭ᠎ᠠ ᠶᠢᠨ ᠬᠥᠭᠵᠢᠯᠲᠡ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠢ ᠬᠠᠮᠳᠤ ᠶᠢᠨ ᠲᠠᠨᠢᠯᠳᠠ ᠶᠢᠨ ᠬᠡᠮᠵᠢᠶ᠎ᠡ ᠪᠠᠷ ᠨᠡᠩ ᠥᠨᠳᠥᠷ᠂ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ ᠬᠤᠪᠢ ᠵᠠᠶᠠᠭᠠᠨ ᠤ ᠬᠠᠮᠲᠤ ᠴᠣᠭᠴᠠ ᠪᠤᠯᠭᠠᠬᠤ ᠶᠢ ᠠᠬᠢᠭᠤᠯᠵᠤ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠭᠠᠭᠴᠠ ᠬᠦ ᠴᠠᠭ ᠦᠶ᠎ᠡ ᠶᠢᠨ ᠬᠤᠪᠢᠷᠠᠯᠲᠠ ᠶᠢ ᠳᠠᠭᠠᠵᠤ᠂ ᠨᠡᠶᠢᠲᠡᠯᠢᠭ ᠴᠢᠨᠠᠷ ᠢ ᠨᠡᠮᠡᠭᠳᠡᠭᠦᠯᠬᠦ ᠴᠢᠭᠯᠡᠯ ᠢᠶᠠᠷ ᠦᠨᠳᠦᠰᠦᠲᠡᠨ ᠤ ᠠᠵᠢᠯ ᠢ ᠰᠠᠶᠢᠵᠢᠷᠠᠭᠤᠯᠵᠤ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠤᠪᠢᠰᠤᠩᠭᠤᠢ ᠨᠢᠭᠡᠳᠦᠯ᠂ ᠦᠨᠳᠦᠰᠦᠲᠡᠨ ᠤ ᠡᠯᠧᠮᠧᠨ᠋ᠲ ᠪᠠ ᠣᠷᠣᠨ ᠪᠦᠰᠡ ᠶᠢᠨ ᠡᠯᠧᠮᠧᠨ᠋ᠲ ᠢ ᠣᠷᠭᠠᠨᠢᠭ ᠢᠶᠠᠷ ᠤᠶᠠᠯᠳᠤᠭᠤᠯᠪᠠᠯ ᠰᠠᠶ᠋ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠠᠷᠢᠯᠢᠭ ᠪᠥᠭᠡᠳ ᠯᠠᠪᠳᠠᠭᠤᠨ ᠪᠠᠲᠤᠲᠠᠢ ᠰᠠᠶᠢᠳᠦᠷ ᠬᠢᠵᠦ ᠴᠢᠳᠠᠨ᠎ᠠ ᠭᠡᠵᠤ ᠴᠢᠬᠤᠯᠠᠴᠢᠯᠠᠵᠠᠢ᠃      ᠰᠢ ᠶᠢᠨ ᠫᠢᠩ᠂ ᠨᠠᠮ ᠤᠨ ᠦᠨᠳᠦᠰᠦᠲᠡᠨ ᠤ ᠠᠵᠢᠯ ᠢ ᠰᠢᠨ᠎ᠡ ᠶᠢ ᠡᠭᠦᠳᠦᠨ ᠬᠦᠭᠵᠢᠭᠦᠯᠬᠦ ᠪᠣᠯ ᠵᠥᠪ ᠣᠨᠣᠪᠴᠢᠲᠠᠢ ᠶᠢ ᠨᠢ ᠪᠠᠷᠢᠮᠳᠠᠯᠠᠵᠤ᠂ ᠴᠠᠭ ᠠᠴᠠ ᠬᠤᠴᠣᠷᠤᠭᠰᠠᠨ ᠳᠤᠨᠢ ᠲᠤᠬᠢᠷᠠᠭᠤᠯᠤᠯᠳᠠ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠲᠤᠯᠠᠬᠤ ᠶᠠᠪᠤᠳᠠᠯ ᠪᠣᠯᠤᠨ᠎ᠠ᠃ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠡᠵᠡᠮᠳᠡᠵᠦ᠂ ᠨᠡᠶᠢᠲᠡᠯᠢᠭ ᠴᠢᠨᠠᠷ ᠢ ᠨᠡᠮᠡᠭᠳᠡᠭᠦᠯᠦᠨ᠂ ᠵᠥᠷᠢᠶᠡᠲᠦ ᠴᠢᠨᠠᠷ ᠢ ᠬᠦᠨᠳᠦᠳᠬᠡᠨ ᠪᠠᠭᠲᠠᠭᠠᠬᠤ ᠪᠣᠯ ᠦᠨᠳᠦᠰᠦᠲᠡᠨ ᠤ ᠠᠵᠢᠯ ᠤᠨ ᠴᠢᠬᠤᠯᠠ ᠵᠠᠷᠴᠢᠮ ᠮᠥᠨ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠪᠠ ᠡᠯ᠎ᠡ ᠦᠨᠳᠦᠰᠦᠲᠡᠨ ᠤ ᠤᠬᠠᠮᠰᠠᠷ ᠤᠨ ᠬᠠᠷᠢᠴᠠᠭ᠎ᠠ ᠶᠢ ᠵᠥᠪ ᠡᠵᠡᠮᠳᠡᠵᠦ᠂ ᠦᠨᠳᠦᠰᠦᠲᠡᠨ ᠨᠦᠭᠦᠳ ᠳᠤᠮᠳᠠᠳᠤ ᠶᠢᠨ ᠦᠨᠳᠦᠰᠦᠲᠡᠨ ᠤ ᠠᠰᠢᠭ ᠲᠤᠰᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠬᠤ ᠶᠢ ᠬᠦᠳᠦᠯᠦᠨ ᠲᠠᠭᠠᠭᠤᠯᠵᠤ᠂ ᠲᠤᠰ ᠦᠨᠳᠦᠰᠦᠲᠡᠨ ᠤ ᠤᠬᠠᠮᠰᠠᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠳᠠᠭᠠᠬᠤ ᠪᠠ ᠲᠡᠭᠦᠨ ᠳᠤ ᠦᠢᠯᠡᠴᠢᠯᠡᠬᠦ ᠶᠢᠨ ᠬᠠᠮᠲᠤ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠪᠦᠬᠦ᠋ᠢᠯᠡ ᠠᠰᠢᠭ ᠲᠤᠰᠠ ᠶᠢ ᠰᠠᠶᠢᠲᠤᠷ ᠪᠡᠶᠡᠯᠡᠭᠦᠯᠬᠦ ᠠᠬᠢᠴᠠ ᠳᠤᠮᠳᠠ ᠡᠯ᠎ᠡ ᠦᠨᠳᠦᠰᠦᠲᠡᠨ ᠤ ᠪᠣᠳᠠᠲᠠᠢ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠬᠢᠲᠠᠳ ᠦᠨᠳᠦᠰᠦᠲᠡᠨ ᠤ ᠳᠡᠭᠡᠷᠡᠩᠭᠦᠢ ᠦᠵᠡᠯ ᠪᠠ ᠣᠷᠣᠨ ᠨᠤᠲᠤᠭ ᠤᠨ ᠦᠨᠳᠦᠰᠦᠲᠡᠨ ᠤ ᠦᠵᠡᠯ ᠨᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠪᠠᠶᠢᠭᠤᠯᠤᠯᠲᠠ ᠳᠤ ᠠᠰᠢᠭ ᠦᠭᠡᠢ ᠶᠤᠮ᠃ ᠳᠤᠮᠳᠠᠳᠤ ᠶᠢᠨ ᠰᠣᠶᠣᠯ ᠪᠣᠯᠤᠨ ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ ᠶᠢ ᠵᠥᠪ ᠡᠵᠡᠮᠳᠡᠵᠤ᠂ ᠦᠨᠳᠦᠰᠦᠲᠡᠨ ᠨᠦᠭᠦᠳ ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ ᠶᠢᠨ ᠰᠣᠶᠣᠯ ᠤᠨ ᠪᠦᠷᠢᠯᠳᠦᠬᠦᠨ ᠬᠡᠰᠡᠭ ᠮᠥᠨ᠂ ᠳᠤᠮᠳᠠᠳᠤ ᠶᠢᠨ ᠰᠣᠶᠣᠯ ᠪᠣᠯ ᠭᠤᠣᠯ ᠡᠰᠢ ᠮᠥᠨ᠂ ᠦᠨᠳᠦᠰᠦᠲᠡᠨ ᠨᠦᠭᠦᠳ ᠤᠨ ᠰᠣᠶᠣᠯ ᠪᠣᠯ ᠰᠠᠯᠠᠭ᠎ᠠ ᠨᠠᠮᠠᠭ᠎ᠠ ᠮᠥᠨ᠂ ᠦᠨᠳᠦᠰᠦ ᠭᠦᠨ ᠡᠰᠢ ᠨᠢ ᠪᠦᠳᠦᠭᠦᠨ ᠪᠠᠶᠢᠪᠠᠯ ᠰᠠᠶ᠋ᠢ ᠰᠠᠯᠠᠭ᠎ᠠ ᠨᠠᠮᠠᠭ᠎ᠠ ᠨᠢ ᠢᠭᠴᠤ ᠰᠠᠬᠤᠯᠢᠭ ᠤᠷᠭᠤᠵᠤ ᠴᠢᠳᠠᠨ᠎ᠠ᠃ ᠪᠣᠳᠠᠰ ᠪᠣᠯᠤᠨ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠳᠡᠵᠦ᠂ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠡᠭᠤᠯᠬᠤ ᠶᠢ ᠡᠰᠡᠷᠭᠦᠴᠡᠬᠦ ᠠᠴᠢ ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠠᠴᠢ ᠬᠤᠯᠪᠣᠭᠳᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢ ᠡᠪᠳᠡᠷᠡᠰᠢ ᠦᠭᠡᠢ ᠪᠠᠳᠤ ᠪᠠᠬᠢ ᠪᠤᠯᠭᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠮᠥᠨ᠂ ᠪᠤᠢ ᠪᠦᠬᠦᠢ ᠠᠵᠢᠯ ᠢ ᠡᠭᠦᠨ ᠳᠤ ᠲᠥᠪᠯᠡᠷᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠳᠠ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠮᠠᠨ ᠤ ᠨᠠᠮ ᠤᠨ ᠵᠠᠭᠤᠨ ᠵᠢᠯ ᠤᠨ ᠦᠨᠳᠦᠰᠦᠲᠡᠨ ᠤ ᠠᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ ᠰᠤᠳᠤᠯᠭᠠᠨ ᠢ ᠭᠦᠨᠵᠡᠭᠡᠶᠢᠷᠡᠭᠦᠯᠵᠦ᠂ ᠤᠳᠤ ᠦᠶ᠎ᠡ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠪᠣᠯᠪᠠᠰᠤᠨ ᠢ ᠡᠭᠦᠳᠦᠨ ᠪᠠᠶᠢᠭᠤᠯᠬᠤ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ᠂ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠥᠭᠤᠳᠴᠤ ᠪᠠᠶᠢᠭᠠᠳ ᠦᠵᠡᠯ ᠰᠠᠨᠠᠭ᠎ᠠ ᠣᠶᠢᠯᠠᠭᠠᠭᠳᠠᠬᠤᠨ᠂ ᠤᠶᠤᠨ ᠰᠠᠨᠠᠭ᠎ᠠ ᠲᠤᠷ᠎ᠠ ᠰᠣᠨᠢᠷᠬᠠᠯ᠂ ᠠᠮᠢᠳᠤᠷᠠᠯ ᠤᠨ ᠠᠷᠭ᠎ᠠ ᠬᠡᠯᠪᠡᠷᠢ ᠶᠢᠨ ᠲᠠᠯ᠎ᠠ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠭᠤᠯᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠡᠭᠯᠡᠯᠲᠡ ᠶᠢ ᠬᠦᠨᠳᠦᠳᠬᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠵᠦᠷᠢᠶᠡᠳᠦ ᠣᠷᠣᠨ ᠪᠦᠰᠡ ᠶᠢᠨ ᠲᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ ᠨᠡᠭᠡᠭᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠬᠦ ᠬᠡᠷᠡᠭᠲᠡᠶ ᠃ ᠦᠨᠳᠦᠰᠦᠲᠡᠨ ᠤ ᠭᠠᠵᠠᠷ ᠣᠷᠣᠨ ᠤ ᠬᠢᠨ ᠡᠬᠢ ᠪᠠᠶᠠᠯᠢᠭ ᠤᠨ ᠳᠠᠪᠠᠭᠤᠯᠢᠭ᠂ ᠬᠥᠭᠵᠢᠯᠲᠡ ᠶᠢᠨ ᠨᠥᠬᠦᠴᠡᠯ᠂ ᠬᠠᠷᠢᠴᠠᠭᠤᠯᠤᠭᠰᠠᠨ ᠳᠠᠪᠠᠭᠤᠯᠢᠭ ᠵᠡᠷᠭᠡ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠭᠠᠷᠳᠠᠴᠠ ᠪᠠ ᠬᠦᠴᠦᠯᠡᠴᠡ ᠶᠢ ᠣᠨᠣᠪᠴᠢᠲᠠᠢ ᠡᠷᠢᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠤᠯᠬᠤ ᠶᠢ ᠠᠬᠢᠭᠤᠯᠬᠤ ᠬᠡᠷᠡᠭᠲᠡᠢ᠃ ᠬᠢᠯᠢ ᠳᠠᠭᠠᠤ ᠣᠷᠣᠨ ᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠠᠳᠠᠯᠢ ᠪᠤᠰᠤ ᠦᠨᠳᠦᠰᠦᠲᠡᠨ᠂ ᠠᠳᠠᠯᠢ ᠪᠤᠰᠤ ᠭᠠᠵᠠᠷ ᠣᠷᠣᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠤᠷᠴᠢᠨ ᠲᠤᠭᠤᠷᠢᠨ ᠤ ᠨᠥᠬᠦᠴᠠᠯ ᠪᠠᠶᠢᠳᠠᠯ ᠢ ᠪᠣᠶ ᠪᠣᠯᠭᠠᠵᠤ᠂ ᠦᠨᠳᠦᠰᠦᠲᠡᠨ ᠨᠦᠭᠦᠳ ᠤᠨ ᠣᠷᠣᠨ ᠵᠠᠶ᠂ ᠰᠣᠶᠣᠯ᠂ ᠠᠵᠤ ᠠᠬᠤᠶ᠂ ᠨᠡᠶᠢᠭᠡᠮ᠂ ᠰᠡᠳᠬᠢᠴᠡ ᠵᠡᠷᠭᠡ ᠪᠥᠬᠦ ᠲᠠᠯ᠎ᠠ ᠶᠢᠨ ᠠᠭᠤᠰᠤᠯᠴᠠᠯ ᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠶ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠤᠯᠲᠠ ᠶᠢ ᠭᠦᠨᠵᠡᠭᠡᠢ ᠥᠷᠨᠢᠭᠦᠯᠵᠦ᠂ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠬᠡᠯᠪᠡᠷᠢ ᠶᠢ ᠨᠢ ᠪᠠᠶᠠᠯᠢᠭᠵᠢᠭᠤᠯᠵᠤ᠂ ᠠᠷᠭ᠎ᠠ ᠶᠢᠨ ᠰᠢᠨ᠎ᠡ ᠶᠢ ᠡᠭᠦᠳᠬᠦ ᠪᠠᠷ ᠴᠢᠷᠮᠠᠶᠢᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠤᠨ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠨᠡᠶᠢᠭᠡᠮ ᠤᠨ ᠤᠬᠠᠭᠤᠯᠭ᠎ᠠ ᠬᠥᠮᠦᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠦᠨᠳᠦᠰᠦᠲᠡᠨ ᠤ ᠪᠣᠳᠠᠲᠤ ᠪᠠᠶᠢᠳᠠᠯ ᠢ ᠦᠨᠳᠦᠰᠦᠯᠡᠨ᠂ ᠡᠷᠬᠡ ᠲᠡᠭᠰᠢ ᠲᠥᠪ ᠭᠤᠣᠯᠴᠢ ᠪᠠᠶᠢᠬᠤ ᠪᠠᠷ ᠵᠠᠷᠴᠢᠮ ᠪᠣᠯᠭᠠᠵᠤ᠂ ᠣᠷᠣᠨ ᠪᠦᠰᠡᠵᠢᠬᠦ ᠪᠠ ᠨᠠᠷᠢᠯᠢᠭ ᠤᠨᠤᠴᠠᠳᠤ ᠴᠢᠨᠠᠷ ᠢ ᠲᠤᠪᠤᠶᠢᠯᠭᠠᠨ᠂ ᠣᠨᠴᠠᠭᠠᠢ ᠭᠠᠵᠠᠷ ᠣᠷᠣᠨ᠂ ᠣᠨᠴᠠᠭᠠᠢ ᠠᠰᠠᠭᠤᠳᠠᠯ᠂ ᠣᠨᠴᠠᠭᠠᠢ ᠵᠦᠢᠯᠡᠰ ᠲᠤ ᠨᠡᠩ ᠢᠯᠡᠭᠦᠦ ᠴᠢᠭᠯᠡᠭᠦᠯᠦᠨ ᠣᠷᠣᠨ ᠪᠦᠰᠡ ᠪᠠᠷ ᠳᠡᠮᠵᠢᠬᠦ ᠵᠥᠷᠢᠶᠡᠲᠦ ᠲᠦᠷᠦ ᠶᠢᠨ ᠪᠤᠳᠤᠯᠭ᠎ᠠ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠲᠣᠬᠢᠲᠠᠢ ᠰᠢᠢᠳᠪᠦᠷᠢᠯᠡᠵᠦ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠰᠢ ᠶᠢᠨ ᠫᠢᠩ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠬᠦ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ᠦᠨᠳᠦᠰᠦᠲᠡᠨ ᠳᠤ ᠬᠤᠯᠪᠣᠭᠳᠠᠬᠤ ᠡᠯᠧᠮᠧᠨ᠋ᠲ ᠤᠨ ᠦᠵᠡᠯ ᠤᠬᠠᠮᠰᠠᠷ ᠤᠨ ᠬᠡᠯᠪᠡᠷᠢ ᠶᠢᠨ ᠠᠰᠠᠭᠤᠳᠠᠯ ᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ᠂ ᠦᠨᠳᠦᠰᠦᠲᠡᠨ ᠤ ᠬᠠᠭᠠᠴᠠᠯ᠂ ᠱᠠᠰᠢᠨ ᠰᠤᠷᠲᠠᠬᠤᠨ ᠤ ᠬᠡᠲᠦᠷᠡᠮᠡᠬᠡᠢ ᠦᠵᠡᠯ ᠰᠠᠨᠠᠭᠠᠨ ᠤ ᠬᠤᠣᠷ ᠨᠥᠯᠥᠭᠡ ᠶᠢ ᠦᠷᠭᠦᠯᠵᠢᠯᠡᠨ ᠠᠷᠢᠯᠭᠠᠬᠤ ᠬᠡᠷᠡᠭᠲᠡᠢ᠃ ᠰᠦᠷᠳᠡᠭᠦᠯᠦᠯ ᠢ ᠡᠰᠡᠷᠭᠦᠴᠡᠬᠦ ᠤᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠭᠠᠳᠠᠭᠠᠳᠤ ᠳᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠳᠤᠮᠳᠠᠳᠤ ᠶᠢᠨ ᠬᠠᠷᠢᠶᠠᠲᠤ ᠪᠠ ᠲᠤᠮᠳᠠᠳᠤᠴᠤᠳ ᠤᠨ ᠤᠯᠠᠠ ᠲᠦᠮᠠᠠ ᠤ ᠪᠦᠯᠬᠦᠮ ᠵᠡᠷᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠬᠦ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠦᠨᠳᠦᠰᠦᠨ ᠤᠯᠤᠰ ᠲᠦᠷᠦ ᠶᠢᠨ ᠪᠠᠲᠤᠯᠠᠭ᠎ᠠ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠤᠯᠤᠰ ᠤᠨ ᠶᠡᠭᠡ ᠲᠠᠯ᠎ᠠ︾᠎ ᠶᠢ ᠪᠠᠲᠤ ᠴᠡᠭᠡᠵᠢᠯᠡᠵᠦ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠨᠠᠮ ᠤᠨ ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠵᠠᠰᠠᠭ ᠤᠨ ᠣᠷᠳᠣᠨ ᠬᠠᠤᠯᠢ ᠶᠣᠰᠣᠭᠠᠷ ᠬᠠᠮᠢᠶᠠᠷᠤᠭᠰᠠᠨ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠦᠷᠦᠭᠦᠯᠡᠨ ᠵᠣᠬᠢᠴᠠᠭᠤᠯᠤᠭᠰᠠᠨ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ᠂ ᠡᠯ᠎ᠡ ᠰᠠᠯᠠᠭ᠎ᠠ ᠮᠥᠴᠢᠷ ᠬᠦᠴᠦ ᠪᠠᠨ ᠬᠠᠮᠲᠤᠳᠬᠠᠨ ᠬᠠᠮᠲᠤᠷᠠᠯᠴᠠᠭᠰᠠᠨ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠶ᠃ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠪᠠ ᠦᠨᠳᠦᠰᠦᠲᠡᠨ ᠤ ᠠᠵᠢᠯ ᠤᠨ ᠬᠦᠴᠦᠨ ᠢ ᠴᠢᠩᠭᠠᠳᠬᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠤᠨ ᠪᠦᠲᠦᠮᠵᠢᠲᠡᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠠᠷᠢᠮᠲᠠᠯᠠᠵᠤ᠂ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠵᠥᠪ ᠪᠤᠷᠤᠭᠤ ᠶᠢ ᠲᠣᠳᠣᠷᠬᠠᠢ ᠢᠯᠭᠠᠬᠤ ᠵᠣᠭᠰᠣᠯᠲᠠ ᠲᠤᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯᠯᠠᠭ᠎ᠠ ᠡᠷᠡᠰ ᠴᠢᠩᠭ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠠᠶᠢᠷᠠᠯᠠᠬᠤ ᠬᠠᠶᠢᠷ᠎ᠠ ᠰᠡᠳᠬᠢᠯᠭᠡ ᠤᠨᠴᠠᠭᠠᠢ ᠦᠨᠡᠨᠴᠢ ᠪᠠᠶᠢᠳᠠᠭ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ ᠡᠷᠬᠡ ᠶᠢ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠺᠠᠳ᠋ᠷ ᠤᠨ ᠭᠠᠷ ᠲᠤ ᠡᠵᠡᠮᠳᠡᠬᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠥᠬᠦᠴᠡᠯ ᠬᠠᠲᠠᠭᠤᠵᠢᠯᠲᠠᠢ ᠭᠠᠵᠠᠷ ᠣᠷᠣᠨ ᠳᠤ ᠠᠵᠢᠯᠯᠠᠵᠤ ᠪᠠᠶᠢᠭ᠎ᠠ ᠡᠮᠦᠨ᠎ᠡ ᠹᠷᠣᠨᠲ ᠤᠨ ᠺᠠᠳ᠋ᠷ ᠢ ᠨᠡᠩ ᠴᠢᠬᠤᠯᠠᠴᠢᠯᠠᠵᠤ᠂ ᠬᠠᠯᠠᠮᠵᠢᠯᠠᠵᠤ᠂ ᠬᠠᠶᠢᠷᠠᠯᠠᠵᠤ᠂ ᠨᠡᠩ ᠤᠯᠠᠨ ᠰᠢᠯᠢᠳᠡᠭ ᠴᠢᠳᠠᠪᠤᠷᠢᠲᠠᠨ ᠢ ᠲᠠᠲᠠᠬᠤ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠦᠵᠢᠭᠦᠯᠬᠦ ᠪᠠ ᠰᠠᠶᠢᠲᠤᠷ ᠬᠡᠷᠡᠭᠯᠡᠬᠦ ᠶᠢ ᠴᠢᠬᠤᠯᠠᠴᠢᠯᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠺᠠᠳ᠋ᠷ ᠢ ᠭᠦᠢᠴᠡᠳ ᠢᠲᠡᠭᠡᠵᠦ᠂ ᠬᠦᠨᠳᠦ ᠡᠭᠦᠷᠭᠡ ᠡᠭᠦᠷᠭᠡᠯᠡᠭᠦᠯᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠦᠨ᠂ ᠨᠠᠮ ᠤᠨ ᠦᠨᠳᠦᠰᠦᠲᠡᠨ ᠤ ᠤᠨᠤᠯ ᠪᠠ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠦᠨᠳᠦᠰᠦᠨ ᠱᠠᠲᠤᠨ ᠳᠤ ᠬᠦᠷᠲᠡᠯ᠎ᠡ ᠣᠶᠢᠯᠠᠭᠠᠬᠤ ᠬᠥᠮᠦᠨ ᠲᠠᠢ᠂ ᠦᠨᠳᠦᠰᠦᠲᠡᠨ ᠤ ᠠᠵᠢᠯ ᠢ ᠦᠨᠳᠦᠰᠦᠨ ᠱᠠᠲᠤᠨ ᠳᠤ ᠠᠳᠬᠤᠬᠤ ᠬᠥᠮᠦᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠨ ᠤ ᠨᠠᠮ ᠤᠨ ᠦᠨᠳᠦᠰᠦᠲᠡᠨ ᠤ ᠠᠵᠢᠯ ᠤᠨ ᠵᠠᠭᠤᠨ ᠵᠢᠯ ᠤᠨ ᠭᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡᠨ ᠠᠮᠵᠢᠯᠲᠠ ᠶᠢ ᠪᠦᠬᠦ ᠲᠠᠯ᠎ᠠ ᠪᠠᠷ ᠡᠷᠭᠢᠴᠡᠭᠦᠯᠵᠦ᠂ ᠣᠳᠣᠬᠠᠨ ᠤ ᠨᠠᠮ ᠤᠨ ᠦᠨᠳᠦᠰᠦᠲᠡᠨ ᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠶ ᠵᠠᠳᠠᠯᠵᠦ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠭᠰᠠᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠭᠤᠣᠯᠳᠠᠯᠭ᠎ᠠ ᠲᠠᠢ ᠡᠭᠦᠷᠭᠡ ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠳᠤᠷᠬᠠᠢᠢᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠨ ᠦᠭᠴᠦ᠂ ᠦᠨᠳᠦᠰᠦᠨ ᠵᠢᠷᠤᠮᠯᠠᠯ ᠬᠠᠩᠭᠠᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠲᠠᠢ ᠪᠠᠶᠢᠵᠤ᠂ ᠨᠠᠮ ᠤᠨ ᠤᠯᠤᠰ ᠢᠶᠠᠨ ᠵᠠᠰᠠᠬᠤ ᠠᠷᠭ᠎ᠠ ᠪᠣᠳᠣᠯᠭ᠎ᠠ ᠶᠢᠨ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠲᠥᠪᠯᠡᠷᠡᠩᠭᠦᠶ ᠢᠯᠡᠷᠡᠯ ᠮᠥᠨ᠃ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠵᠦᠢᠯ ᠤᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠸᠠᠩ ᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠤᠳᠬ᠎ᠠ ᠰᠠᠨᠠᠭ᠎ᠠ᠂ ᠦᠵᠡᠯ ᠰᠠᠨᠠᠭ᠎ᠠ ᠭᠦᠨ ᠭᠦᠨᠵᠡᠭᠡᠶ ᠪᠠᠶᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠡᠶ᠂ ᠡᠨᠡ ᠪᠣᠯ ᠨᠠᠮ ᠤᠨ ᠦᠨᠳᠦᠰᠦᠲᠡᠨ ᠤ ᠠᠵᠢᠯ ᠤᠨ ᠦᠢᠯᠡᠳᠣᠯᠭᠡ ᠶᠢᠨ ᠬᠠᠮᠤᠭ ᠤᠨ ᠰᠢᠨ᠎ᠡ ᠳ᠋ᠦᠩᠨᠡᠯᠲᠡ ᠮᠥᠨ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠤᠨ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠃ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠡᠵᠡᠮᠳᠡᠵᠦ᠂ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠃ ᠨᠠᠮ ᠤᠨ ᠵᠠᠭᠤᠨ ᠵᠢᠯ ᠤᠨ ᠲᠡᠮᠡᠴᠡᠯ ᠤᠨ ᠠᠶᠠᠨ ᠠᠴᠠ ᠣᠳᠣᠬᠢ ᠱᠠᠲᠤᠨ ᠤ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠣᠯᠤᠨ ᠴᠢᠬᠤᠯᠠ ᠡᠭᠦᠷᠭᠡ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠤᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠡᠦᠬᠡ ᠶᠢᠨ ᠵᠠᠶᠢᠯᠠᠰᠢ ᠦᠭᠡᠢ ᠴᠢᠨᠠᠷ᠂ ᠲᠦᠢᠯ ᠤᠨ ᠴᠢᠬᠤᠯᠠ ᠴᠢᠨᠠᠷ ᠪᠣᠯᠤᠨ ᠪᠣᠳᠠᠲᠤ ᠬᠠᠨᠳᠤᠯᠭᠠᠲᠤ ᠴᠢᠨᠠᠷ ᠢ ᠭᠦᠨᠵᠡᠭᠡᠢ ᠲᠠᠨᠢᠵᠤ᠂ ᠲᠡᠭᠦᠨ ᠢ ᠦᠨᠳᠦᠰᠦᠲᠡᠨ ᠤ ᠠᠵᠢᠯ ᠤᠨ ᠡᠯ᠎ᠡ ᠬᠦᠷᠢᠶ᠎ᠡ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠤᠯᠠᠨ ᠬᠡᠯᠪᠡᠷᠢ ᠶᠢᠨ ᠰᠤᠷᠤᠯᠴᠠᠯᠭ᠎ᠠ ᠪᠣᠯᠪᠠᠰᠤᠷᠠᠯ ᠪᠣᠯᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠰᠠᠨᠠᠯ ᠢ ᠰᠤᠳᠤᠯᠤᠨ ᠲᠣᠭᠲᠠᠭᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠵᠣᠬᠢᠴᠠᠭᠤᠯᠭ᠎ᠠ ᠶᠢ ᠰᠠᠶᠢᠲᠤᠷ ᠬᠢᠵᠦ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃      ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠬᠤᠪᠢᠳᠠᠨ ᠬᠠᠮᠢᠶᠠᠷᠴᠤ ᠪᠠᠶᠢᠭ᠎ᠠ ᠦᠨᠳᠦᠰᠦᠲᠡᠨ ᠤ ᠠᠵᠢᠯ ᠤᠨ ᠬᠠᠷᠢᠭᠤᠴᠠᠯᠭᠠᠲᠠᠨ ᠨᠥᠬᠦᠳ᠂ ᠡᠯ᠎ᠡ ᠲᠤᠰᠠᠭᠠᠷ ᠲᠥᠯᠥᠪᠯᠡᠭᠡᠲᠦ ᠬᠤᠳᠠ ᠪᠣᠯᠤᠨ ᠥᠪᠡᠷᠲᠡᠭᠡᠨ ᠵᠠᠰᠠᠬᠤ ᠵᠧᠦ ᠶᠢᠨ ᠨᠠᠮ ᠤᠨ ᠬᠤᠷᠢᠶᠠᠨ ᠤ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠤᠨ ᠠᠵᠤ ᠠᠬᠤᠶᠢᠯᠠᠯ᠂ ᠴᠡᠷᠢᠭ ᠠᠩᠬᠢ ᠶᠢᠨ ᠬᠤᠯᠪᠣᠭᠳᠠᠯ ᠪᠦᠬᠦᠢ ᠨᠢᠭᠡᠴᠢ᠂ ᠬᠤᠯᠪᠣᠭᠳᠠᠯ ᠪᠦᠬᠦᠢ ᠰᠤᠳᠤᠯᠭᠠᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃
 
ᠢᠷᠡᠯᠲᠡ᠄ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠦ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号