ᠰᠢᠨ᠎ᠡ ᠵᠡᠭᠦᠨ ᠵᠠᠰᠠᠭ ᠠᠯᠪᠠᠨ ᠥᠰᠥᠭ ︹ 2022 ︺ 41 ᠳ᠋ᠦᠭᠡᠷ ᠲᠣᠭᠠᠲᠤ | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠬᠦᠷᠢᠶ᠎ᠡ ᠲᠣᠣᠷ ᠤᠨ ᠣᠳᠣᠬᠢ ᠪᠠᠶᠢᠳᠠᠯ ᠤᠨ ᠪᠠᠶᠢᠴᠠᠭᠠᠯᠲᠠ ᠶᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ | ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ᠄ | ᠨᠤᠲᠤᠭ ᠪᠡᠯᠴᠢᠭᠡᠷ ᠢ ᠬᠦᠷᠢᠶᠡᠯᠡᠬᠦ ᠪᠣᠯ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠨᠢᠭᠡ ᠵᠦᠶ᠋ᠯ ᠤᠨ ᠴᠢᠬᠤᠯᠠ ᠠᠷᠭ᠎ᠠ ᠬᠡᠮᠵᠢᠶ᠎ᠡ | ᠪᠣᠯᠬᠤ ᠪᠥᠭᠡᠳ ᠣᠲᠣ ᠦᠶ᠎ᠡ ᠶᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠴᠢᠬᠤᠯᠠ ᠪᠥᠬᠦᠶ ᠮᠡᠷᠭᠡᠵᠢᠯ ᠤᠨ ᠠᠷᠭ᠎ᠠ ᠪᠠᠷᠢᠯ ᠪᠣᠯᠬᠤ ᠪᠥᠭᠡᠳ ᠪᠠᠰᠠ ᠴᠤ | ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠴᠢᠬᠤᠯᠠ ᠪᠥᠬᠦᠶ ᠰᠠᠭᠤᠷᠢ ᠪᠡᠯᠡᠳᠬᠡᠮᠵᠢ ᠪᠣᠯᠤᠨ᠎ᠠ᠃ ᠨᠤᠲᠤᠭ ᠪᠡᠯᠴᠢᠭᠡᠷ ᠤᠨ ᠬᠦᠷᠢᠶ᠎ᠡ | ᠲᠣᠣᠷ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠨᠤᠲᠤᠭ ᠪᠡᠯᠴᠢᠭᠡᠷ ᠤᠨ ᠬᠦᠷᠢᠶ᠎ᠡ ᠲᠣᠣᠷ ᠤᠨ ᠣᠳᠣᠬᠢ ᠪᠠᠶᠢᠳᠠᠯ ᠤᠨ ᠪᠠᠶᠢᠴᠠᠭᠠᠯᠲᠠ ᠶᠢ | ᠲᠦᠷᠭᠡᠳᠬᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ | ᠬᠦᠷᠢᠶ᠎ᠡ ᠲᠣᠣᠷ ᠤᠨ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠲᠤᠬᠠᠶ ᠮᠡᠳᠡᠭᠳᠡᠯ︾ ︵ᠥᠪᠥᠷ ᠣᠶ ᠡᠪᠡᠰᠦ ᠪᠡᠯᠴᠢᠭᠡᠷ ᠤᠨ | ᠬᠠᠮᠢᠶᠠᠷᠤᠯᠲᠠ ᠶᠢᠨ ᠵᠠᠬᠢᠳᠠᠯ ︹ 2022 ︺ 124 ᠳ᠋ᠦᠭᠡᠷ ᠲᠣᠭᠠᠲᠤ︶ ᠪᠠ ︽ᠰᠢᠨ᠎ᠡ ᠪᠠᠷᠭᠤ ᠵᠡᠭᠦᠨ ᠬᠤᠰᠢᠭᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠶᠢᠨ ︿ᠪᠥᠬᠦ ᠬᠤᠰᠢᠭᠤᠨ ᠤ ᠨᠤᠲᠤᠭ ᠪᠡᠯᠴᠢᠭᠡᠷ ᠤᠨ ᠬᠦᠷᠢᠶ᠎ᠡ ᠲᠣᠣᠷ ᠤᠨ ᠣᠳᠣᠬᠢ ᠪᠠᠶᠢᠳᠠᠯ ᠤᠨ ᠪᠠᠶᠢᠴᠠᠭᠠᠯᠲᠠ ᠶᠢᠨ ᠠᠵᠢᠯ ᠤᠨ | ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠰᠢᠨ᠎ᠡ ᠵᠡᠭᠦᠨ ᠣᠶ ᠪᠡᠯᠴᠢᠭᠡᠷ ᠲᠠᠷᠬᠠᠭᠠᠭᠰᠠᠨ ︹ 2022 ︺ 48 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠡᠯ᠎ᠡ ᠰᠤᠮᠤ ᠪᠠᠯᠭᠠᠰᠤ ᠶᠢᠨ ᠭᠤᠤᠯ ᠬᠠᠷᠢᠭᠤᠴᠠᠯᠭᠠᠲᠠᠨ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠰᠬᠠᠶ ᠮᠡᠷᠭᠡᠵᠢᠯ ᠤᠨ | ᠬᠦᠴᠦᠨ ᠢ ᠲᠠᠲᠠᠵᠤ ᠠᠵᠢᠯ ᠤᠨ ᠡᠩᠨᠡᠭᠡ ᠶᠢ ᠪᠦᠷᠢᠯᠳᠦᠭᠦᠯᠦᠨ᠂ ᠨᠠᠷᠢᠨ ᠬᠢᠨᠠᠮᠠᠭᠠᠶ ᠪᠠᠶᠢᠳᠠᠯ ᠢ ᠤᠶᠢᠯᠠᠭᠠᠨ ᠪᠠᠶᠢᠴᠠᠭᠠᠯᠲᠠ ᠬᠢᠵᠦ᠂ ᠱᠠᠲᠤ ᠱᠠᠲᠤ ᠪᠠᠷ ᠨᠤᠲᠤᠭ | ᠪᠡᠯᠴᠢᠭᠡᠷ ᠤᠨ ᠬᠦᠷᠢᠶ᠎ᠡ ᠲᠣᠣᠷ ᠤᠨ ︽ᠨᠢᠭᠡ ᠯᠡ ᠵᠢᠷᠤᠭ︾ ᠢ ᠪᠣᠶ ᠪᠣᠯᠭᠠᠬᠤ ᠬᠡᠷᠡᠭᠲᠡᠶ᠃ 2022 ᠣᠨ ᠤ 6᠂ 9᠂ 12 ᠳ᠋ᠤᠭᠠᠷ ᠰᠠᠷ᠎ᠠ ᠶᠢᠨ 20 ᠤ ᠡᠳᠦᠷ | ᠮᠡᠳᠡᠭᠦᠯᠦᠨ ᠬᠦᠷᠭᠡᠭᠰᠡᠨ ᠠᠬᠢᠴᠠ ᠶᠢᠨ ᠲᠠᠯ᠎ᠠ ᠪᠠᠷ᠂ ᠡᠷᠬᠡᠪᠰᠢ 9 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠤᠲᠤᠭ ᠪᠡᠯᠴᠢᠭᠡᠷ ᠤᠨ ᠬᠦᠷᠢᠶ᠎ᠡ ᠬᠠᠰᠢᠶ᠎ᠠ ᠶᠢᠨ | ᠣᠳᠣᠬᠢ ᠪᠠᠶᠢᠳᠠᠯ ᠢ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃ | ᠬᠠᠷᠢᠯᠴᠠᠬᠤ ᠬᠥᠮᠦᠨ᠄ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠲᠤᠩᠭᠠᠯᠠᠭ | ᠬᠠᠷᠢᠯᠴᠠᠬᠤ ᠤᠲᠠᠰᠤ᠄ 18647026366 |