ᠬᠤᠰᠢᠭᠤᠨ ᠳᠡᠳ᠋ ᠳᠠᠷᠤᠭ᠎ᠠ ᠵᠠᠩ ᠰᠢᠤᠢ ᠨᠠᠰᠤᠲᠠᠨ ᠤ ᠠᠰᠠᠷᠠᠮᠵᠢ ᠶᠢᠨ ᠪᠠᠶᠢᠭᠤᠯᠤᠮᠵᠢ ᠳᠤ ᠭᠦᠨᠵᠡᠭᠡᠶᠢᠷᠡᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2022/11/28
     11 ᠰᠠᠷ᠎ᠠ ᠶᠢᠨ 24᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠰᠢᠣᠢ ᠨᠠᠷ ᠬᠠᠷᠢᠶ᠎ᠠ ᠣᠷᠣᠨ ᠤ ᠪᠠᠨ ᠨᠠᠰᠤᠲᠠᠨ ᠤ ᠠᠰᠠᠷᠠᠮᠵᠢ ᠶᠢᠨ ᠪᠠᠶᠢᠭᠤᠯᠤᠮᠵᠢ ᠳᠤ ᠭᠦᠨᠵᠡᠭᠡᠶᠢᠷᠡᠨ᠂ ᠬᠢᠵᠢᠭ ᠎ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠪᠠᠶᠢᠴᠠᠭᠠᠪᠠ᠃ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠠᠵᠢᠯᠲᠠᠨ ᠪᠠᠷ᠎ᠠ ᠪᠣᠯᠪᠠ᠃
   ᠵᠠᠩ ᠰᠢᠤᠢ ᠨᠠᠷ ᠨᠠᠰᠤᠲᠠᠨ ᠤ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠎ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ᠂ ᠤᠲᠠᠰᠤ ᠪᠠᠷ ᠨᠠᠰᠤᠲᠠᠨ ᠤ ᠠᠰᠠᠷᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠠᠴᠠ ᠪᠢᠲᠡᠭᠦᠮᠵᠢᠯᠡᠨ ᠬᠠᠮᠢᠶᠠᠷᠬᠤ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠠᠵᠢᠯ ᠥᠷᠨᠢᠭᠦᠯᠦᠭᠰᠡᠨ ᠪᠠᠶᠢᠳᠠᠯ ᠢ ᠠᠰᠠᠭᠤᠵᠤ᠂ ᠨᠠᠰᠤᠲᠠᠨ ᠤ ᠠᠰᠠᠷᠠᠮᠵᠢ ᠶᠢᠨ ᠪᠠᠶᠢᠭᠤᠯᠤᠮᠵᠢ ᠶᠢᠨ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠬᠦᠴᠢᠷᠳᠡᠯ ᠢ ᠣᠶᠢᠯᠠᠭᠠᠪᠠ᠃ ᠰᠢᠪᠠᠳᠠᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠳᠤ ᠴᠡᠭᠴᠡᠯᠡᠨ ᠵᠠᠰᠠᠬᠤ ᠰᠠᠨᠠᠯ ᠳᠤᠷᠠᠳᠬᠤ ᠶᠢᠨ ᠬᠠᠮᠲᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠦᠵᠡᠯᠲᠡ ᠲᠠᠨᠢᠯᠲᠠ ᠪᠠᠨ ᠳᠡᠭᠡᠭᠰᠢᠯᠡᠭᠦᠯᠵᠦ᠂ ᠬᠢᠵᠢᠭ ᠎ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠢᠭᠤᠳᠬᠠᠬᠤ᠂ ᠣᠷᠴᠢᠨ ᠲᠣᠭᠤᠷᠢᠨ ᠢ ᠠᠷᠢᠭᠤᠨ ᠴᠡᠪᠡᠷ ᠪᠠᠶᠢᠯᠭᠠᠬᠤ᠂ ᠠᠵᠢᠯᠲᠠᠨ ᠤ ᠡᠷᠡᠭᠦᠯ ᠮᠡᠨᠳᠦ ᠶᠢ ᠬᠢᠨᠠᠨ ᠬᠡᠮᠵᠢᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠰᠤᠲᠠᠨ ᠤ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠎ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠬᠢᠵᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠬᠠᠮᠢᠶᠠᠷᠤᠯᠲᠠ ᠶᠢᠨ ᠳᠤᠲᠠᠭᠳᠠᠯ ᠪᠣᠯᠤᠨ ᠪᠠᠭᠤᠷᠠᠢ ᠭᠤᠭᠴᠤᠭ᠎ᠠ ᠶᠢ ᠭᠦᠨᠵᠡᠭᠡᠢ ᠪᠠᠶᠢᠴᠠᠭᠠᠵᠤ᠂  ᠨᠠᠰᠤᠲᠠᠨ ᠤ ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ ᠭᠡᠪᠡ᠃     ᠨᠠᠰᠤᠲᠠᠨ ᠤ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠴᠠᠭᠠᠯᠲᠠ ᠪᠠᠷ ᠳᠡᠮᠵᠢᠨ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠨᠠᠰᠤᠲᠠᠨ ᠎ ᠤ ᠠᠰᠠᠷᠠᠮᠵᠢ ᠶᠢᠨ ᠪᠠᠶᠢᠭᠤᠯᠤᠮᠵᠢ ᠶᠢᠨ ᠡᠳᠦᠷ ᠲᠤᠲᠤᠮ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠨᠠᠰᠤᠲᠠᠶᠢᠴᠤᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠳᠡᠭᠡᠳᠦ ᠬᠡᠮᠵᠢᠶ᠎ᠡ ᠪᠠᠷ ᠬᠠᠮᠠᠭᠠᠯᠠᠵᠤ᠂ ᠬᠢᠵᠢᠭ ᠤᠨ  ᠨᠠᠰᠤᠲᠠᠨ ᠤ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠬᠠᠷᠰᠢᠯᠠᠬᠤ ᠶᠢ ᠠᠯᠢ ᠴᠢᠳᠠᠬᠤ ᠪᠠᠷ ᠰᠡᠷᠭᠡᠶᠢᠯᠡᠬᠦ ᠬᠡᠷᠡᠭᠲᠡᠢ᠃    
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号