ᠦᠰᠦᠭ ᠪᠢᠴᠢᠭ ᠢᠶᠠᠷ ᠥᠭᠦᠯᠡᠬᠦᠢ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ2022 ᠣᠨ ᠤ ᠠᠵᠢᠯ ᠤᠨ ᠲᠣᠬᠢᠷᠠᠭᠤᠯᠤᠯᠲᠠ ︵ᠨᠢᠭᠡ︶
ᠨᠡᠶᠢᠲᠡᠯᠡᠭᠰᠡᠨ ᠴᠠᠭ᠄
2022/11/28
       ︵ᠨᠢᠭᠡ︶ ︽ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠨ︾᠎ ᠢᠶᠠᠷ ᠠᠳᠬᠤᠴᠠ ᠪᠣᠯᠭᠠᠨ᠂ ᠪᠦᠬᠦ ᠬᠤᠰᠢᠭᠤᠨ ᠤ ᠠᠵᠤ ᠠᠬᠤᠢ ᠶᠢᠨ ᠥᠨᠳᠦᠷ ᠶᠠᠰᠤ ᠴᠢᠨᠠᠷᠲᠠᠢ ᠬᠦᠭᠵᠢᠯᠲᠡ ᠶᠢ ᠠᠬᠢᠭᠤᠯᠵᠤ᠂ ᠪᠦᠲᠦᠴᠡ ᠶᠢ ᠰᠢᠯᠢᠳᠡᠭᠵᠢᠭᠦᠯᠦᠨ ᠰᠢᠨ᠎ᠠ ᠲᠣᠬᠢᠶᠠᠯ ᠢ ᠵᠠᠪᠳᠤᠨ ᠠᠳᠬᠤᠨ᠎ᠠ᠃ ︽ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠎ ᠶᠢᠨ ᠣᠨ︾᠎ ᠤ ᠠᠵᠢᠯᠯᠠᠭᠠᠨ ᠦᠷᠨᠢᠭᠦᠯᠵᠤ᠂ ᠪᠦᠬᠦ ᠣᠷᠤᠨ᠂ ᠪᠦᠬᠦ ᠬᠤᠳᠠ ᠶᠢᠨ ᠴᠢᠭᠯᠡᠯᠲᠤ ᠴᠢᠨᠠᠷᠲᠠᠢ ᠠᠵᠤ ᠦᠢᠯᠡᠰ ᠤᠨ ᠪᠦᠲᠦᠴᠡ ᠶᠢᠨ ᠲᠣᠬᠢᠷᠡᠭᠤᠯᠤᠯᠲᠠ ᠳᠤᠮᠳᠠ ᠠᠴᠠ ᠪᠠᠶᠢᠷᠢ ᠲᠣᠭᠳᠠᠭᠠᠯᠲᠠ ᠶᠢ ᠣᠨᠤᠪᠴᠢᠲᠠᠢ ᠡᠷᠢᠨ᠂ ᠲᠦᠷᠦᠯ ᠵᠦᠢᠯ ᠢ ᠭᠠᠷᠳᠠᠵᠤ᠂ ᠣᠷᠢᠳᠴᠢᠯᠠᠨ ᠬᠦᠴᠦᠯᠡᠨ᠎ᠠ᠃ ᠤᠯᠠᠮᠵᠢᠯᠠᠯᠲᠤ ᠮᠠᠯ ᠠᠵᠤ ᠠᠬᠤᠢ ᠶᠢᠨ ᠳᠠᠯ᠎ᠠ ᠪᠠᠷ ᠲᠡᠵᠢᠭᠡᠪᠦᠷᠢ ᠶᠢ ᠬᠡᠪᠴᠢᠶᠠᠵᠢᠭᠦᠯᠬᠦ᠂ ᠪᠠᠷᠢᠮᠵᠢᠶᠠᠵᠢᠭᠤᠯᠬᠤ ᠶᠢᠨ ᠬᠡᠯᠪᠡᠷᠢ ᠶᠢᠨ ᠬᠤᠪᠢᠷᠠᠭᠤᠯᠤᠯᠲᠠ ᠶᠢᠨ ᠲᠣᠬᠢᠶᠠᠯ ᠤᠨ ᠬᠤᠭᠤᠴᠠᠭ᠎ᠠ ᠶᠢ ᠵᠠᠪᠳᠤᠨ᠂ ᠨᠢᠭᠡ ᠪᠦᠯᠦᠭ ᠣᠷᠢᠳᠠᠪᠠᠷ ᠪᠠᠶᠢᠭᠤᠯᠤᠨ ᠳᠠᠷᠠᠭ᠎ᠠ ᠨᠢ ᠨᠦᠬᠦᠪᠦᠷᠢᠯᠡᠬᠦ᠂ ᠨᠡᠶᠢᠭᠡᠮ ᠠᠴᠠ ᠪᠡᠯᠡ ᠤᠷᠤᠭᠤᠯᠬᠤ ᠵᠡᠷᠭᠡ ᠣᠳᠤᠬᠢᠴᠢᠯᠠᠭᠰᠠᠨ ᠮᠠᠯ ᠠᠵᠤ ᠠᠬᠤᠢ ᠶᠢᠨ ᠲᠦᠷᠦᠯ ᠵᠦᠢᠯ ᠢ ᠭᠤᠶᠤᠴᠢᠯᠠᠨ᠎ᠠ᠃ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ᠳᠠᠯ᠎ᠠ ᠪᠠᠷ ︽ᠠᠮᠢ ᠠᠬᠤᠢ ᠶᠢ ᠲᠡᠷᠢᠭᠦᠨ ᠳᠤ ᠬᠠᠷᠠᠭᠠᠯᠵᠠᠵᠤ ᠪᠣᠬᠢᠷᠳᠤᠯ ᠦᠭᠡᠢ ᠬᠦᠭᠵᠢᠭᠦᠯᠬᠦ︾ ᠰᠢᠨ᠎ᠠ ᠣᠶᠢᠯᠠᠭᠠᠭᠳᠠᠬᠤᠨ ᠢ ᠪᠠᠷᠢᠮᠲᠠᠯᠠᠨ᠂ ᠣᠢ ᠶᠢᠨ ᠵᠢᠮᠢᠰ ᠤᠨ ᠡᠳᠡᠰᠢᠬᠦᠯᠦᠯᠳᠡ᠂ ᠳᠡᠵᠢᠭᠡᠯ ᠡᠪᠡᠰᠤᠨ ᠤ ᠡᠳᠡᠰᠢᠬᠦᠯᠦᠯᠳᠡ᠂ ᠨᠡᠭᠦᠷᠡᠰᠤᠨ ᠤ ᠠᠷᠠᠯᠵᠢᠶ᠎ᠠ ᠵᠡᠷᠭᠡ ᠨᠢᠭᠡ ᠪᠦᠯᠦᠭ ᠪᠣᠶᠢᠵᠢᠬᠤ ᠴᠢᠨᠠᠷ ᠪᠠᠷ ᠴᠢᠩᠭ᠎ᠠ ᠰᠢᠨ᠎ᠠ ᠡᠵᠡᠩᠨᠡᠯᠲᠡ ᠶᠢᠨ ᠲᠦᠷᠦᠯ ᠵᠦᠢᠯ ᠢ ᠣᠷᠢᠳᠴᠢᠯᠠᠨ ᠪᠠᠶᠢᠷᠢᠰᠢᠭᠤᠯᠤᠨ᠎ᠠ᠃ ᠰᠣᠶᠤᠯ ᠵᠢᠭᠤᠯᠴᠢᠯᠠᠯ ᠤᠨ ᠠᠵᠤ ᠦᠢᠯᠡᠰ ᠤᠨ ᠳᠠᠯ᠎ᠠ ᠪᠠᠷ ᠬᠡᠷᠡᠭᠴᠡᠭᠡᠨ ᠤ ᠳᠠᠯ᠎ᠠ ᠶᠢᠨ ᠬᠡᠷᠡᠭᠯᠡᠭᠡᠨ ᠤ ᠲᠠᠨᠢᠯᠲᠠ ᠪᠠ ᠠᠷᠭ᠎ᠠ ᠬᠡᠯᠪᠡᠷᠢ ᠶᠢᠨ ᠬᠠᠨᠳᠤᠰᠢ ᠶᠢᠨ ᠴᠢᠨᠠᠷᠲᠠᠢ ᠬᠤᠪᠢᠷᠠᠭᠤᠯᠤᠯᠲᠠ ᠶᠢ ᠣᠯᠵᠤ ᠬᠠᠷᠠᠨ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠨᠦᠯᠦᠭᠡᠯᠡᠯ ᠤᠨ ᠨᠠᠮᠵᠢᠭᠤᠨ ᠬᠤᠭᠤᠴᠠᠭ᠎ᠠ ᠶᠢ ᠠᠳᠬᠤᠵᠤ᠂ ᠨᠢᠭᠡ ᠪᠦᠯᠦᠭ ᠪᠡᠶᠡᠴᠢ ᠤᠶᠢᠯᠠᠭᠠᠯᠳᠠ ᠶᠢ ᠣᠷᠢᠳᠠᠪᠠᠷ ᠪᠣᠳᠤᠯᠬᠢᠯᠠᠬᠤ ᠰᠣᠶᠤᠯ ᠵᠢᠭᠤᠯᠴᠢᠯᠠᠯ ᠤᠨ ᠲᠦᠷᠦᠯ ᠵᠦᠢᠯ ᠤᠨ ᠪᠠᠶᠢᠭᠤᠯᠤᠯᠲᠠ ᠶᠢ ᠵᠢᠯᠤᠭᠤᠳᠤᠨ ᠲᠦᠷᠭᠡᠳᠭᠡᠵᠤ᠂ ᠳᠠᠷᠠᠭ᠎ᠠ ᠡᠭᠡᠯᠵᠢ ᠶᠢᠨ ᠦᠶᠡᠯᠡᠯᠲᠤ ᠬᠤᠭᠤᠴᠠᠭᠠᠨ ᠳᠤ ᠲᠦᠷᠦᠭᠦᠯᠡᠨ ᠪᠤᠶᠢᠵᠢᠭᠤᠯᠬᠤ ᠎ ᠪᠠᠷ  ᠴᠢᠷᠮᠠᠶᠢᠨ᠎ᠠ᠃ ᠣᠳᠤᠬᠠᠨ ᠪᠣᠯᠳᠠᠯ᠎ᠠ᠂ 500 ᠲᠦᠮᠡᠨ ᠲᠦᠭᠦᠷᠢᠭ ᠠᠴᠠ ᠳᠡᠭᠡᠭᠰᠢᠬᠢ ᠪᠡᠯᠡ ᠣᠷᠤᠭᠤᠯᠤᠯᠲᠠ ᠎ ᠲᠠᠢ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠨᠲᠡ 21 ᠲᠣᠬᠢᠷᠠᠭᠤᠯᠤᠨ᠂ ᠶᠡᠷᠦᠩᠬᠡᠢ ᠪᠡᠯᠡ ᠣᠷᠤᠭᠤᠯᠤᠯᠲᠠ 4.7 ᠳ᠋ᠦᠩᠰᠢᠭᠤᠷ ᠲᠦᠭᠦᠷᠢᠭ ᠲᠤ ᠬᠦᠷᠴᠤ᠂ ᠬᠦᠮᠦᠷᠭᠡᠯᠡᠯᠲᠡ ᠳᠤ ᠣᠷᠤᠭᠰᠠᠨ ᠭᠤᠣᠯᠳᠠᠯᠭ᠎ᠠ ᠲᠠᠢ ᠲᠦᠷᠦᠯ ᠵᠦᠢᠯ 135 ᠪᠣᠯᠵᠤ᠂ ᠶᠡᠷᠦᠩᠬᠡᠢ ᠪᠡᠯᠡ ᠣᠷᠤᠭᠤᠯᠤᠯᠲᠠ 23 ᠳ᠋ᠦᠩᠰᠢᠭᠤᠷ ᠲᠦᠭᠦᠷᠢᠭ ᠲᠤ ᠬᠦᠷᠦᠭᠰᠡᠨ ᠪᠠᠶᠢᠨ᠎ᠠ᠃        ᠣᠨᠤᠪᠴᠢᠲᠠᠢ ᠪᠡᠯᠡ ᠣᠷᠤᠭᠤᠯᠤᠯᠲᠠ ᠳᠤ ᠰᠢᠨ᠎ᠠ ᠲᠠᠪᠴᠠᠩ ᠪᠦᠷᠢᠯᠳᠦᠭᠦᠯᠦᠨ᠎ᠠ᠃ ᠭᠤᠣᠯᠳᠠᠯᠭ᠎ᠠ ᠲᠠᠢ ᠠᠵᠤ ᠦᠢᠯᠡᠰ ᠲᠠᠬᠢ ᠳᠡᠭᠡᠳᠤ ᠳᠡᠰ ᠤᠨ ᠲᠦᠰᠦᠪᠯᠡᠯ ᠪᠠ ᠵᠠᠬ᠎ᠠ ᠳᠡᠯᠭᠡᠭᠦᠷ ᠤᠨ ᠵᠢᠯᠤᠭᠤᠳᠤᠯᠭ᠎ᠠ ᠶᠢ ᠴᠢᠩᠭᠠᠳᠬᠠᠨ᠂ ᠵᠠᠰᠠᠭ ᠤᠨ ᠣᠷᠳᠤᠨ ᠤ ᠲᠦᠷᠦᠯ ᠵᠦᠢᠯ ᠪᠠ ᠠᠷᠠᠯᠵᠢᠶᠠᠴᠢᠨ ᠣᠷᠢᠵᠤ ᠪᠡᠯᠡ ᠣᠷᠤᠭᠤᠯᠬᠤ ᠵᠢᠯᠤᠭᠤᠳᠤᠮᠵᠢ᠂ ᠬᠡᠪᠴᠢᠶᠠᠵᠢᠯ᠂ ᠣᠷᠢᠳᠴᠢᠯᠠᠭᠰᠠᠨ ᠬᠤᠭᠤᠴᠠᠭ᠎ᠠ ᠵᠡᠷᠭᠡ ᠰᠤᠷᠠᠭ ᠵᠠᠩᠭᠢ ᠶᠢ ᠨᠡᠶᠢᠭᠡᠮ ᠨᠡᠶᠢᠲᠡ ᠳᠤ ᠲᠣᠭᠳᠠᠭᠰᠠᠨ ᠬᠤᠭᠤᠴᠠᠭ᠎ᠠ ᠲᠠᠢ ᠨᠡᠶᠢᠲᠡᠯᠡᠵᠤ᠂ ᠪᠦᠬᠦ ᠨᠡᠶᠢᠭᠡᠮ ᠳᠠᠶᠠᠭᠠᠷ ᠬᠠᠮᠳᠤᠪᠠᠷ ᠡᠳ᠋ᠯᠡᠬᠦ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠦᠨ᠎ᠡ ᠥᠷᠳᠡᠭ ᠤᠨ ᠬᠤᠯᠪᠤᠭᠠᠰᠤ ᠶᠢᠨ ᠪᠦᠷᠢᠯᠳᠦᠯ ᠢ ᠠᠬᠢᠭᠤᠯᠤᠨ᠂ ᠪᠦᠬᠦ ᠨᠡᠶᠢᠭᠡᠮ ᠤᠨ ᠪᠡᠯᠡ ᠣᠷᠤᠭᠤᠯᠤᠯᠲᠠ ᠶᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠴᠢᠳᠠᠮᠵᠢ ᠶᠢ ᠦᠷᠭᠡᠳᠭᠡᠨ ᠦᠭᠡᠷᠡᠴᠢᠯᠡᠬᠦ ᠵᠡᠷᠭᠡ ᠪᠠᠴᠢᠮ ᠱᠠᠭᠠᠷᠳᠠᠭᠳᠠᠬᠤ ᠬᠦᠷᠢᠶ᠎ᠡ ᠴᠠᠷᠠᠭᠠᠨ ᠳᠤ ᠲᠦᠪᠯᠡᠷᠡᠭᠦᠯᠦᠨ᠎ᠠ᠃ ᠵᠠᠰᠠᠭ ᠎ ᠤᠨ ᠣᠷᠳᠤᠨ ᠤ ᠪᠡᠯᠡ ᠣᠷᠤᠭᠤᠯᠤᠯᠲᠠ ᠶᠢᠨ ᠲᠦᠷᠦᠯ ᠵᠦᠢᠯ ᠳᠤ ᠲᠠᠪᠴᠠᠩ ᠤᠨ ᠠᠵᠤ ᠠᠬᠤᠢ ᠶᠢ ᠳᠡᠰ ᠳᠡᠪᠰᠢᠭᠦᠯᠬᠦ ᠶᠢ ᠴᠢᠬᠤᠯᠠᠴᠢᠯᠠᠨ᠂ ᠬᠦᠴᠦᠨ ᠢᠶᠠᠨ ᠲᠦᠪᠯᠡᠷᠡᠭᠦᠯᠵᠤ ᠦᠨᠳᠦᠰᠦᠲᠡᠨ ᠤ ᠠᠵᠤ ᠦᠢᠯᠡᠰ ᠤᠨ ᠰᠠᠭᠤᠷᠢᠨ ᠭᠠᠵᠠᠷ᠂ ᠰᠣᠶᠤᠯ ᠵᠢᠭᠤᠯᠴᠢᠯᠠᠯ ᠤᠨ ᠠᠷᠠᠯᠵᠢᠶᠠᠨ ᠤ ᠲᠣᠭᠤᠷᠢᠭ᠂ ᠣᠳᠤᠬᠢᠴᠢᠯᠠᠭᠰᠠᠨ ᠲᠡᠵᠢᠭᠡᠪᠦᠷᠢ ᠶᠢᠨ ᠰᠠᠭᠤᠷᠢᠨ ᠭᠠᠵᠠᠷ ᠵᠡᠷᠭᠡ ᠨᠢᠭᠡ ᠪᠦᠯᠦᠭ ᠳᠠᠭᠠᠭᠤᠯᠬᠤ ᠦᠢᠯᠡᠳᠦᠯ ᠴᠢᠩᠭ᠎ᠠ᠂ ᠪᠣᠶᠢᠵᠢᠯᠲᠠ ᠶᠢᠨ ᠣᠷᠤᠨ ᠵᠠᠢ ᠶᠡᠭᠡ ᠲᠠᠪᠴᠠᠩ ᠤᠨ ᠲᠦᠷᠦᠯ ᠵᠦᠢᠯ ᠢ ᠰᠢᠯᠢᠳᠡᠭᠵᠢᠭᠦᠯᠵᠤ᠂ ᠴᠢᠳᠠᠪᠤᠷᠢᠲᠡᠨ᠂ ᠪᠡᠯᠡ ᠮᠦᠩᠭᠦ᠂ ᠡᠬᠢ ᠪᠠᠶᠠᠯᠢᠭ ᠵᠡᠷᠭᠡ ᠭᠤᠣᠯᠯᠠᠬᠤ ᠵᠠᠬ᠎ᠠ ᠳᠡᠯᠭᠡᠭᠦᠷ ᠤᠨ ᠡᠯᠧᠮᠧᠨ᠋ᠲ ᠲᠤ ᠨᠡᠩ ᠢᠯᠡᠭᠦᠦ ᠲᠦᠪᠯᠡᠷᠡᠭᠦᠯᠦᠨ᠎ᠠ᠃ ᠨᠢᠭᠡᠨᠳᠡ ᠲᠣᠭᠳᠠᠭᠰᠠᠨ ᠠᠵᠤ ᠦᠢᠯᠡᠰ ᠤᠨ ᠪᠡᠯᠡ ᠣᠷᠤᠭᠤᠯᠤᠯᠲᠠ 6 ᠲᠦᠷᠦᠯ ᠪᠠᠶᠢᠵᠤ᠂ 1.97 ᠳ᠋ᠦᠩᠰᠢᠭᠤᠷ ᠲᠦᠭᠦᠷᠢᠭ ᠲᠤ ᠬᠦᠷᠴᠡᠢ᠃ ᠪᠢᠳᠡ ᠣᠳᠤᠬᠠᠨ ᠤ ᠬᠠᠮᠤᠭ ᠤᠨ ᠠᠰᠢᠭᠲᠠᠢ ᠲᠣᠬᠢᠶᠠᠯ ᠢ ᠵᠠᠪᠳᠤᠨ᠂ ᠦᠷᠭᠦᠯᠵᠢᠯᠡᠨ ᠲᠦᠷᠦᠯ ᠵᠦᠢᠯ ᠭᠤᠶᠤᠴᠢᠯᠠᠵᠤ᠂ ᠪᠡᠯᠡ ᠣᠷᠤᠭᠤᠯᠤᠯᠲᠠ ᠶᠢ ᠵᠢᠯᠤᠭᠤᠳᠤᠨ᠂ ᠪᠡᠯᠡ ᠣᠷᠤᠭᠤᠯᠤᠯᠲᠠ ᠶᠢ 3 ᠳ᠋ᠦᠩᠰᠢᠭᠤᠷ ᠲᠦᠭᠦᠷᠢᠭ ᠎ ᠲᠤ ᠬᠦᠷᠭᠡᠬᠦ ᠪᠠᠷ ᠬᠦᠴᠦᠯᠡᠨ ᠴᠢᠷᠮᠠᠶᠢᠨ᠎ᠠ᠃           ᠲᠣᠳᠠᠭᠳᠠᠯ ᠢᠶᠠᠨ ᠨᠥᠬᠦᠪᠦᠷᠢᠯᠡᠨ ᠰᠢᠨ᠎ᠠ ᠬᠦᠳᠡᠯᠭᠡᠭᠦᠷ ᠢ ᠠᠭᠤᠳᠠᠯᠯᠤᠨ᠎ᠠ᠃ ᠠᠵᠤ ᠠᠬᠤᠢ ᠨᠡᠶᠢᠭᠡᠮ ᠎ ᠤᠨ ᠬᠦᠭᠵᠢᠯᠲᠡ ᠳᠤᠮᠳᠠᠬᠢ ᠬᠠᠮᠤᠭ ᠤᠨ ᠣᠬᠤᠷ ᠬᠠᠮᠤᠭ ᠤᠨ ᠲᠤᠮᠤ ᠬᠤᠳᠠ ᠪᠠᠯᠭᠠᠰᠤ ᠶᠢᠨ ᠪᠠᠶᠢᠭᠤᠯᠤᠯᠲᠠ ᠶᠢᠨ ᠲᠣᠳᠠᠭᠳᠠᠯ ᠠᠴᠠ ᠨᠥᠬᠦᠪᠦᠷᠢᠯᠡᠵᠤ ᠡᠬᠢᠯᠡᠨ᠂ ᠠᠮᠤᠭᠤᠯᠠᠩ ᠪᠠᠯᠭᠠᠰᠤ ᠶᠢ ᠪᠦᠬᠦ ᠬᠤᠳᠠ ᠶᠢᠨ ᠬᠠᠮᠤᠭ ᠤᠨ ᠦᠵᠡᠰᠭᠦᠯᠡᠩ ᠪᠣᠭᠤᠮᠳᠠ ᠶᠢᠨ ᠬᠤᠳᠠ ᠪᠠᠯᠭᠠᠰᠤ ᠶᠢᠨ ᠨᠢᠭᠡ ᠪᠣᠯᠭᠠᠨ ᠪᠦᠲᠦᠭᠡᠨ ᠪᠠᠶᠢᠭᠤᠯᠵᠤ᠂ ᠪᠣᠭᠤᠮᠳᠠ ᠶᠢᠨ  ᠠᠷᠠᠯᠵᠢᠶ᠎ᠠ᠂ ᠰᠣᠶᠤᠯ ᠵᠢᠭᠤᠯᠴᠢᠯᠠᠯ ᠤᠨ ᠦᠢᠯᠡᠴᠢᠯᠡᠭᠡ ᠪᠠᠷ ᠭᠤᠣᠯ ᠠᠭᠤᠯᠭ᠎ᠠ ᠪᠣᠯᠭᠠᠭᠰᠠᠨ ᠰᠢᠨ᠎ᠠ ᠬᠡᠯᠪᠡᠷᠢ ᠶᠢᠨ ᠪᠡᠯᠡ ᠨᠡᠶᠢᠯᠡᠭᠦᠯᠬᠦ ᠪᠡᠯᠡ ᠣᠷᠤᠭᠤᠯᠬᠤ ᠲᠦᠷᠦᠯ ᠵᠦᠢᠯ ᠶᠢ ᠵᠢᠯᠤᠭᠤᠳᠤᠨ᠎ᠠ᠃ ᠠᠵᠤ ᠠᠬᠤᠢ ᠨᠡᠶᠢᠭᠡᠮ ᠤᠨ ᠬᠦᠭᠵᠢᠯᠲᠡ ᠳᠤᠮᠳᠠᠬᠢ ᠲᠤᠳᠤᠭᠠᠳᠤ ᠪᠣᠳᠠᠲᠤ ᠬᠦᠴᠦᠨ ᠢᠶᠠᠷ ᠲᠤᠯᠭᠠᠭᠤᠷᠢ ᠪᠣᠯᠭᠠᠭᠰᠠᠨ ᠰᠤᠷᠭᠠᠨ ᠬᠦᠮᠦᠵᠢᠯ ᠡᠷᠡᠭᠦᠯ ᠬᠠᠮᠠᠭᠠᠯᠠᠯ ᠤᠨ ᠲᠣᠳᠠᠭᠳᠠᠯ ᠠᠴᠠ ᠨᠥᠬᠦᠪᠦᠷᠢᠯᠡᠵᠤ ᠡᠬᠢᠯᠡᠨ᠂ ᠰᠠᠭᠤᠷᠢ ᠲᠦᠬᠦᠬᠡᠷᠦᠮᠵᠢ᠂ ᠡᠳᠦᠷ ᠲᠤᠳᠤᠮ ᠎ ᠤᠨ ᠬᠠᠮᠢᠶᠠᠷᠤᠯᠲᠠ᠂ ᠴᠢᠳᠠᠪᠤᠷᠢᠲᠡᠨ ᠤ ᠬᠦᠮᠦᠵᠢᠭᠦᠯᠦᠯ ᠵᠡᠷᠭᠡ ᠭᠤᠷᠪᠠᠨ ᠭᠤᠣᠯᠳᠠᠯᠭ᠎ᠠ ᠶᠢ ᠰᠠᠶᠢᠲᠤᠷ ᠠᠳᠬᠤᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠦᠬᠦ ᠬᠤᠳᠠ ᠶᠢᠨ ᠲᠡᠷᠢᠭᠦᠨ ᠤ ᠡᠩᠨᠡᠭᠡᠨ ᠳᠤ ᠵᠢᠭᠰᠠᠭᠠᠬᠤ ᠪᠠᠷ ᠴᠢᠷᠮᠠᠶᠢᠨ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ ᠬᠤᠳᠠ ᠶᠢᠨ ᠲᠡᠭᠰᠢᠳᠭᠡᠭᠰᠡᠨ ᠲᠦᠪᠰᠢᠨ ᠳᠤ ᠬᠦᠷᠭᠡᠵᠤ᠂ ᠠᠷᠠᠳ ᠣᠯᠠᠨ ᠤ ᠬᠠᠨᠢ ᠪᠤᠯᠵᠤ ᠰᠤᠷᠤᠯᠴᠠᠬᠤ᠂ ᠡᠪᠡᠳᠴᠢᠳᠡᠨ ᠢ ᠠᠰᠠᠷᠠᠬᠤ ᠳᠠᠷᠤᠭᠠᠰᠤ ᠶᠢ ᠵᠢᠯ ᠳᠠᠷᠠᠭᠠᠯᠠᠨ ᠨᠠᠮᠳᠠᠭᠠᠵᠤ᠂ ᠬᠦᠮᠦᠨ ᠠᠮᠠ ᠶᠢᠨ ᠡᠬᠢ ᠪᠠᠶᠠᠯᠢᠭ ᠢ ᠠᠯᠬᠤᠮ ᠳᠠᠷᠭᠠᠯᠠᠨ ᠲᠦᠪᠯᠡᠷᠡᠭᠦᠯᠦᠨ᠎ᠠ᠃ 2.3 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠬᠤ ᠪᠠᠷ ᠲᠦᠯᠦᠪᠯᠡᠵᠤ᠂ ᠬᠤᠳᠠ ᠪᠠᠯᠭᠠᠰᠤ ᠶᠢᠨ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 4281 ᠲᠦᠮᠡᠨ ᠲᠦᠭᠦᠷᠢᠭ ᠤᠨ ᠪᠡᠯᠡ ᠣᠷᠤᠭᠤᠯᠬᠤ ᠪᠠᠷ ᠲᠦᠯᠦᠪᠯᠡᠨ᠂ ᠰᠣᠶᠤᠯ ᠰᠤᠷᠭᠠᠨ ᠬᠦᠮᠦᠵᠢᠯ ᠡᠷᠡᠭᠦᠯ ᠬᠠᠮᠠᠭᠠᠯᠠᠯ ᠨᠡᠶᠢᠭᠡᠮ ᠎ ᠤᠨ ᠠᠵᠢᠯ ᠦᠢᠯᠡᠰ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠡᠭᠦᠨ ᠤ ᠬᠠᠮᠲᠤ ᠠᠮᠢ ᠠᠬᠤᠢ᠂ ᠵᠠᠮ ᠬᠠᠷᠢᠯᠴᠠᠭ᠎ᠠ᠂ ᠴᠠᠬᠢᠯᠭᠠᠨ ᠬᠦᠴᠦ᠂ ᠠᠷᠠᠳ ᠤᠨ ᠠᠮᠢᠳᠤᠷᠠᠯ ᠵᠡᠷᠭᠡ ᠬᠦᠨᠳᠤ ᠴᠢᠬᠤᠯᠠ ᠰᠠᠭᠤᠷᠢ ᠲᠦᠬᠦᠬᠡᠷᠦᠮᠵᠢ ᠎ ᠶᠢᠨ ᠢᠨᠵᠧᠨᠧᠷᠢᠩ ᠢ ᠰᠠᠶᠢᠲᠤᠷ ᠠᠳᠬᠤᠨ᠂ ᠪᠦᠬᠦ ᠵᠢᠯ ᠤᠨ ᠰᠠᠭᠤᠷᠢ ᠲᠦᠬᠦᠬᠡᠷᠦᠮᠵᠢ ᠶᠢᠨ ᠪᠡᠯᠡ ᠣᠷᠤᠭᠤᠯᠤᠯᠲᠠ ᠎ ᠶᠢ 3.5 ᠳ᠋ᠦᠩᠰᠢᠭᠤᠷ ᠲᠦᠭᠦᠷᠢᠭ ᠲᠤ ᠬᠦᠷᠭᠡᠬᠦ ᠪᠠᠷ ᠬᠦᠴᠦᠯᠡᠨ ᠴᠢᠷᠮᠠᠶᠢᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号