ᠦᠰᠦᠭ ᠪᠢᠴᠢᠭ ᠢᠶᠠᠷ ᠥᠭᠦᠯᠡᠬᠦᠢ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ2022 ᠣᠨ ᠤ ᠠᠵᠢᠯ ᠤᠨ ᠲᠣᠬᠢᠷᠠᠭᠤᠯᠤᠯᠲᠠ( ᠬᠤᠶᠠᠷ )
ᠨᠡᠶᠢᠲᠡᠯᠡᠭᠰᠡᠨ ᠴᠠᠭ᠄
2022/11/28
    ︵ᠬᠤᠶᠠᠷ︶ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠᠷ ᠭᠤᠣᠯ ᠱᠤᠭᠤᠮ ᠪᠣᠯᠭᠠᠨ᠂ ᠣᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠡ ᠶᠢᠨ ᠠᠯᠬᠤᠮ ᠢ ᠲᠦᠷᠭᠡᠳᠭᠡᠨ᠎ᠠ     ᠬᠡᠯᠪᠡᠷᠢ ᠶᠢᠨ ᠰᠢᠨᠡᠴᠢᠯᠡᠯᠲᠡ ᠶᠢᠨ ᠲᠣᠭᠤᠷᠢᠨ ᠳᠤ ᠣᠷᠤᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ︽ᠪᠣᠳᠠ ᠎ ᠶᠢ ᠨᠡᠮᠡᠭᠳᠡᠭᠦᠯᠦᠨ ᠪᠣᠭ ᠢ ᠪᠠᠭᠠᠰᠬᠠᠬᠤ᠂ ᠨᠠᠷᠢᠯᠢᠭ ᠲᠡᠵᠢᠭᠡᠵᠤ ᠵᠣᠶᠢᠲᠠᠢ ᠲᠡᠵᠢᠭᠡᠬᠦ︾ ᠣᠶᠢᠯᠠᠭᠠᠭᠳᠠᠬᠤᠨ ᠢ ᠳᠡᠯᠭᠡᠷᠡᠭᠦᠯᠦᠨ᠂ ᠣᠷᠢᠳᠠᠪᠠᠷ ᠪᠠᠶᠢᠭᠤᠯᠤᠨ ᠳᠠᠷᠠᠭ᠎ᠠ ᠨᠢ ᠨᠥᠬᠦᠪᠦᠷᠢᠯᠡᠬᠦ ᠪᠠ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠦᠯᠦᠯᠲᠡ ᠶᠢᠨ ᠲᠦᠷᠦᠯ ᠵᠦᠢᠯ ᠢᠶᠠᠷ ᠳᠠᠮᠵᠢᠭᠤᠯᠵᠤ᠂ ᠨᠢᠭᠡᠨ ᠢᠵᠢ ᠡᠷᠦᠬᠡ ᠶᠢᠨ ᠬᠤᠯᠪᠤᠭᠠᠯᠠᠯ ᠎ ᠤᠨ ᠰᠢᠨ᠎ᠠ ᠲᠣᠭᠳᠠᠴᠠ ᠶᠢ ᠡᠭᠦᠳᠦᠨ ᠪᠠᠶᠢᠭᠤᠯᠵᠤ ᠣᠷᠢᠳᠠᠪᠠᠷ ᠬᠡᠷᠡᠭᠵᠢᠭᠦᠯᠦᠨ ᠣᠷᠢᠳᠠᠪᠠᠷ ᠲᠤᠷᠰᠢᠵᠤ᠂ ᠮᠠᠯᠴᠢᠨ ᠲᠦᠮᠡᠨ ᠤ ᠡᠷᠦᠬᠡ ᠬᠤᠯᠪᠤᠭᠠᠯᠠᠨ ︽ᠮᠢᠩᠭᠠᠨ ᠦᠭᠡᠷ︾᠎ ᠤᠨ ᠣᠳᠤᠬᠢᠴᠢᠯᠠᠭᠰᠠᠨ ᠮᠠᠯᠵᠢᠯ ᠤᠨ ᠳᠠᠯᠠᠪᠠᠢ ᠶᠢ ᠬᠠᠮᠳᠤᠪᠠᠷ ᠪᠠᠶᠢᠭᠤᠯᠬᠤ ᠶᠢ ᠢᠳᠡᠪᠬᠢᠲᠡᠢ ᠵᠢᠯᠤᠭᠤᠳᠴᠤ᠂ ᠨᠤᠲᠤᠭ ᠪᠡᠯᠴᠢᠭᠡᠷ ᠢᠶᠠᠨ ᠡᠷᠦᠬᠡ ᠬᠤᠯᠪᠤᠭᠠᠯᠠᠨ ᠡᠭᠡᠯᠵᠢᠯᠡᠨ ᠬᠡᠷᠡᠭᠯᠡᠬᠦ ᠶᠢ ᠪᠡᠶᠡᠯᠡᠭᠦᠯᠦᠨ᠂ ᠤᠯᠠᠮᠵᠢᠯᠠᠯᠲᠤ ᠪᠡᠯᠴᠢᠭᠡᠷᠯᠡᠭᠦᠯᠦᠨ ᠮᠠᠯᠵᠢᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠤ᠂ ᠡᠪᠣᠯ ᠤᠨ ᠤᠯᠠᠷᠢᠯ ᠳᠤᠯᠠᠭᠠᠨ ᠫᠧᠩ ᠳᠤ ᠲᠦᠪᠯᠡᠷᠡᠭᠦᠯᠦᠨ ᠲᠡᠵᠢᠭᠡᠬᠦ ᠠᠷᠭ᠎ᠠ ᠬᠡᠯᠪᠡᠷᠢ ᠶᠢ ᠬᠡᠷᠡᠭᠯᠡᠨ᠎ᠠ᠃ ᠪᠠᠶᠠᠨᠳᠠᠯ᠎ᠠ ᠭᠠᠴᠠᠭᠠᠨ ᠤ ᠰᠦ ᠮᠢᠬᠠᠨ ᠤ ᠦᠭᠡᠷ ᠤᠨ ᠪᠠᠷᠢᠮᠵᠢᠶᠠᠵᠢᠭᠤᠯᠤᠨ ᠲᠡᠵᠢᠭᠡᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ 2300 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠣᠳᠤᠬᠢᠴᠢᠯᠠᠭᠰᠠᠨ ᠫᠧᠩ ᠰᠠᠷᠠᠪᠴᠢ ᠶᠢ ᠰᠢᠨ᠎ᠠ ᠪᠠᠷ ᠪᠠᠶᠢᠭᠤᠯᠤᠨ᠂ 960 ᠬᠠᠪᠳᠠᠭᠠᠢ ᠳᠦᠷᠪᠡᠯᠵᠢᠨ ᠮᠧᠲᠷ ᠳᠠᠯᠠᠪᠠᠢ ᠲᠠᠢ ᠦᠨᠢᠶ᠎ᠡ ᠰᠠᠭᠠᠬᠤ ᠲᠢᠩᠬᠢᠮ ᠢ ᠢᠵᠢ ᠪᠦᠷᠢᠳᠦᠭᠦᠯᠦᠨ᠎ᠠ᠃ 2021 ᠣᠨ ᠤ ᠲᠦᠪ ᠤᠨ ᠡᠳ᠋ ᠤᠨ ᠵᠠᠰᠠᠭ ᠤᠨ ᠳᠡᠮᠵᠢᠯᠭᠡ ᠎ ᠲᠠᠢ ᠰᠠᠭᠠᠯᠢ ᠶᠢᠨ ᠦᠨᠢᠶ᠎ᠡ ᠲᠠᠢ ᠭᠡᠷ ᠪᠦᠯᠢ ᠶᠢᠨ ᠮᠠᠯᠵᠢᠯ ᠤᠨ ᠳᠠᠯᠠᠪᠠᠢ ᠪᠠ ᠰᠠᠭᠠᠯᠢ ᠶᠢᠨ ᠳᠠᠷᠢᠶᠠᠴᠢᠳ ᠤᠨ ᠬᠤᠷᠰᠢᠶᠠᠵᠢᠯ ᠤᠨ ᠲᠦᠷᠦᠯ ᠵᠦᠢᠯ ᠢ ᠡᠬᠢᠯᠡᠭᠦᠯᠦᠨ᠂ 12 ᠡᠷᠦᠬᠡ ᠰᠠᠭᠠᠯᠢ ᠶᠢᠨ ᠲᠠᠷᠢᠶᠠᠴᠢᠨ ᠤ ᠣᠷᠢᠳᠠᠪᠠᠷ ᠪᠠᠶᠢᠭᠤᠯᠤᠨ ᠳᠠᠷᠠᠭ᠎ᠠ ᠨᠢ ᠨᠥᠬᠦᠪᠦᠷᠢᠯᠡᠬᠦ ᠶᠢ ᠳᠠᠮᠵᠢᠨ᠎ᠠ᠃    ᠮᠡᠷᠭᠡᠵᠢᠯ ᠤᠨ ᠳᠡᠰ ᠳᠡᠪᠰᠢᠯᠲᠠ ᠶᠢᠨ ᠲᠣᠭᠤᠷᠢᠨ ᠳᠤ ᠥᠪᠡᠷ ᠤᠨ ᠥᠷᠳᠡᠭ ᠢ ᠪᠠᠭᠤᠷᠠᠭᠤᠯᠤᠨ᠎ᠠ᠃ ᠰᠢᠨ᠎ᠠ ᠬᠡᠯᠪᠡᠷᠢ ᠶᠢᠨ ᠣᠶᠤᠨᠴᠢ ᠮᠠᠯᠵᠢᠬᠤ ᠣᠷᠤᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ e ᠦᠷᠳᠡᠭᠡ ᠶᠢ ᠵᠣᠬᠢᠶᠠᠨ ᠪᠠᠶᠢᠭᠤᠯᠤᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠎ ᠤᠨ ᠰᠢᠨ᠎ᠠ ᠲᠠᠨᠢᠯᠲᠠ᠂ ᠰᠢᠨ᠎ᠠ ᠮᠡᠷᠭᠡᠵᠢᠯ᠂ ᠰᠢᠨ᠎ᠠ ᠲᠦᠬᠦᠬᠡᠷᠦᠮᠵᠢ ᠶᠢ ᠬᠦᠴᠦᠲᠠᠢ ᠲᠦᠭᠡᠮᠡᠯᠵᠢᠭᠦᠯᠵᠤ᠂ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠭᠠᠴᠠᠭᠠᠨ ᠳᠤ ᠬᠦᠷᠴᠤ᠂ ᠡᠷᠦᠬᠡ ᠪᠠᠷ ᠭᠦᠨᠵᠡᠭᠡᠶᠢᠷᠡᠨ᠂ ᠲᠡᠵᠢᠭᠡᠯ ᠪᠣᠷᠳᠤᠭ᠎ᠠ ᠶᠢ ᠬᠡᠮᠭᠡᠯᠡᠨ ᠨᠠᠶᠢᠷᠠᠭᠤᠯᠵᠤ ᠳᠠᠮᠵᠢᠭᠤᠯᠬᠤ ᠮᠠᠰᠢᠨ᠂ ᠬᠤᠳᠬᠤᠨ ᠪᠣᠷᠳᠤᠬᠤ ᠮᠠᠰᠢᠨ ᠵᠡᠷᠭᠡ ᠣᠶᠤᠨᠴᠢ ᠰᠢᠨ᠎ᠠ ᠲᠦᠬᠦᠬᠡᠷᠦᠮᠵᠢ ᠶᠢ ᠳᠡᠯᠭᠡᠷᠡᠭᠦᠯᠦᠨ᠂ ᠰᠢᠨ᠎ᠠ ᠪᠠᠷ ᠨᠡᠮᠡᠭᠳᠡᠭᠦᠯᠬᠦ ᠮᠠᠯᠵᠢᠯ ᠤᠨ ᠮᠠᠰᠢᠨ ᠮᠧᠬᠠᠨᠢᠭ ᠢ 120 ᠰᠠᠤᠷᠢ ᠳᠤ ᠬᠦᠷᠭᠡᠨ᠎ᠠ᠃ ᠤᠷᠤᠨ ᠨᠤᠲᠤᠭ ᠤᠨ ᠰᠢᠯᠢᠳᠡᠭ ᠡᠭᠦᠯᠳᠡᠷ ᠢ ᠦᠷᠡᠵᠢᠭᠦᠯᠬᠦ ᠰᠠᠭᠤᠷᠢᠨ ᠭᠠᠵᠠᠷ ᠢ ᠪᠣᠶᠢᠵᠢᠭᠤᠯᠵᠤ᠂ ᠬᠦᠯᠦᠨ ᠪᠣᠶᠢᠷ ᠬᠤᠨᠢ ᠦᠷᠡᠵᠢᠭᠦᠯᠬᠦ ᠳᠠᠯᠠᠪᠠᠢ᠂ ᠰᠢᠯᠢᠳᠡᠭ ᠡᠭᠦᠯᠳᠡᠷ ᠤᠨ ᠮᠠᠯ ᠤᠨ ᠢᠴᠡᠭᠡᠯ ᠦᠷ᠎ᠡ ᠶᠢᠨ ᠬᠡᠭᠡᠯᠳᠦᠭᠦᠯᠦᠭᠡ ᠶᠢᠨ ᠴᠢᠭ᠋ ᠤᠨ ᠡᠳᠦᠷ ᠲᠣᠳᠤᠮ ᠤᠨ ᠬᠠᠮᠢᠶᠠᠷᠤᠯᠲᠠ ᠶᠢ ᠳᠦᠷᠢᠮᠵᠢᠭᠦᠯᠦᠨ᠂ ᠦᠪᠤᠷᠪᠤᠯᠠᠭ ᠰᠤᠮᠤᠨ ᠤ ᠪᠠᠷᠭᠤ ᠬᠤᠨᠢ ᠦᠷᠡᠵᠢᠭᠦᠯᠬᠦ ᠳᠠᠯᠠᠪᠠᠢ ᠵᠢᠴᠢ ᠪᠠᠷᠢᠮᠵᠢᠶᠠᠵᠢᠭᠤᠯᠤᠭᠰᠠᠨ ᠲᠡᠵᠢᠭᠡᠪᠦᠷᠢ ᠶᠢᠨ 80 ᠡᠷᠦᠬᠡ ᠶᠢ ᠳᠡᠮᠵᠢᠨ᠎ᠠ᠃   ᠦᠢᠯᠡᠴᠢᠯᠡᠭᠡᠨ ᠤ ᠳᠡᠰ ᠳᠡᠪᠰᠢᠯᠲᠠ ᠶᠢᠨ ᠲᠣᠭᠤᠷᠢᠨ ᠳᠤ ᠲᠦᠭᠰᠢᠭᠦᠷᠢ ᠶᠢ ᠰᠡᠷᠭᠡᠶᠢᠯᠡᠨ᠎ᠠ᠃ ᠪᠠᠶᠢᠭᠠᠯᠢ ᠶᠢᠨ ᠵᠣᠳ ᠭᠠᠮᠰᠢᠭ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠵᠤ᠂ ᠤᠯᠤᠰ ᠤᠨ ᠴᠠᠭ ᠠᠭᠤᠷ ᠤᠨ ᠦᠨᠳᠦᠰᠦᠨ ᠦᠷᠳᠡᠭᠡ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠎ ᠢ ᠡᠬᠢᠯᠡᠭᠦᠯᠵᠤ᠂ ᠰᠢᠨ᠎ᠠ ᠪᠠᠷ 1492 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠴᠠᠭ ᠠᠭᠤᠷ ᠤᠨ ᠦᠷᠳᠡᠭᠡ ᠎ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠪᠠᠶᠢᠭᠤᠯᠤᠨ᠎ᠠ᠃ ᠵᠠᠰᠠᠭ ᠤᠨ ᠣᠷᠳᠤᠨ ᠤ ᠵᠢᠯᠤᠭᠤᠳᠤᠯᠭ᠎ᠠ᠂ ᠣᠯᠠᠨ ᠲᠦᠮᠡᠨ ᠣᠷᠤᠯᠴᠠᠭᠰᠠᠨ ᠬᠤᠯᠪᠤᠭᠠᠯᠠᠨ ᠬᠦᠳᠡᠯᠦᠯᠴᠡᠵᠤ ᠭᠠᠮᠰᠢᠭ ᠢ ᠪᠠᠭᠠᠰᠬᠠᠨ ᠭᠠᠮᠰᠢᠭ ᠲᠠᠢ ᠲᠡᠮᠡᠴᠡᠬᠦ ᠲᠣᠭᠳᠠᠴᠠ ᠶᠢ ᠦᠷᠭᠦᠯᠵᠢᠯᠡᠨ ᠴᠢᠩᠭᠠᠳᠬᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠲᠡᠵᠢᠭᠡᠯ ᠪᠣᠷᠳᠤᠭᠠᠨ ᠤ ᠬᠦᠮᠦᠷᠭᠡᠯᠡᠯᠲᠡ ᠶᠢᠨ ᠪᠠᠴᠢᠮ ᠢ ᠠᠷᠭᠠᠴᠠᠭᠠᠬᠤ ᠲᠣᠭᠳᠠᠴᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠷᠵᠢᠭᠦᠯᠬᠦ ᠠᠷᠭ᠎ᠠ ᠬᠡᠯᠪᠡᠷᠢ ᠪᠠᠷ ︽ᠲᠡᠵᠢᠭᠡᠯ ᠪᠣᠷᠳᠤᠭᠠᠨ ᠤ ᠵᠠᠬ᠎ᠠ ᠳᠡᠯᠭᠡᠭᠦᠷ︾ ᠪᠠᠶᠢᠭᠤᠯᠵᠤ᠂ ᠪᠠᠴᠢᠮ ᠢ ᠠᠷᠭᠠᠴᠠᠭᠠᠬᠤ ᠳᠡᠵᠢᠭᠡᠯ ᠪᠣᠷᠳᠤᠭᠠᠨ ᠤ ᠬᠦᠮᠦᠷᠭᠡᠯᠡᠯᠲᠡ ᠶᠢᠨ ᠴᠢᠳᠠᠪᠤᠷᠢ ᠶᠢ 4 ᠲᠦᠮᠡᠨ ᠲᠣᠨ ᠠᠴᠠ ᠳᠡᠭᠡᠭᠰᠢ ᠪᠠᠶᠢᠬᠤ ᠶᠢ ᠪᠠᠲᠤᠯᠠᠨ᠂ 5000 ᠲᠣᠨ ᠠᠴᠠ ᠳᠡᠭᠡᠭᠰᠢᠬᠢ ᠳᠡᠵᠢᠭᠡᠯ ᠡᠪᠡᠰᠤᠨ ᠤ ᠮᠦᠬᠦᠯᠢᠭ ᠢ ᠦᠢᠯᠡᠳᠪᠦᠷᠢᠯᠡᠨ᠎ᠠ᠃ ᠶᠠᠰᠤ ᠴᠢᠨᠠᠷ ᠠᠮᠤᠷ ᠲᠦᠪᠰᠢᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠦᠬᠦ ᠬᠤᠰᠢᠭᠤ ᠶᠢ ᠬᠠᠮᠤᠷᠤᠭᠰᠠᠨ ᠠᠮᠤᠷ ᠲᠦᠪᠰᠢᠨ ᠤ ᠡᠬᠢ ᠡᠭᠦᠰᠦᠯ ᠢ ᠮᠦᠷᠳᠡᠬᠦ ᠳᠠᠪᠴᠠᠩ ᠪᠠᠶᠢᠭᠤᠯᠤᠨ᠂ ᠡᠯᠧᠺᠲᠷᠤᠨ ᠢᠮ ᠵᠡᠭᠦᠯᠭᠡᠭᠰᠡᠨ ᠲᠠᠸᠠᠷ ᠤᠨ ᠬᠤᠨᠢ ᠶᠢ 35 ᠲᠦᠮᠡᠨ ᠲᠤᠯᠤᠭᠠᠢ ᠠᠴᠠ ᠳᠡᠭᠡᠭᠰᠢ ᠳᠤ ᠬᠦᠷᠭᠡᠨ᠎ᠠ᠃ ᠬᠢᠵᠢᠭ ᠡᠪᠡᠳᠴᠢᠨ ᠎ ᠢ ᠰᠡᠷᠭᠡᠶᠢᠯᠡᠨ ᠡᠵᠡᠮᠳᠡᠬᠦ ᠲᠣᠭᠳᠠᠴᠠ ᠶᠢ ᠲᠡᠭᠦᠯᠳᠡᠷᠵᠢᠭᠦᠯᠵᠤ᠂ ᠳᠠᠷᠢᠶᠠᠯᠠᠩ ᠮᠠᠯᠵᠢᠯ ᠣᠢ ᠰᠢᠭᠤᠢ ᠶᠢᠨ ᠦᠨᠳᠦᠰᠦᠨ ᠦᠷᠳᠡᠭᠡ ᠰᠠᠯᠪᠤᠷᠢ ᠶᠢᠨ ᠡᠭᠦᠷᠭᠡ ᠴᠢᠳᠠᠪᠬᠢ ᠶᠢ ᠡᠮᠬᠢᠯᠡᠨ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠬᠢᠵᠢᠭ ᠢ ᠰᠡᠷᠭᠡᠶᠢᠯᠡᠬᠦ ᠬᠦᠯᠳᠡᠭᠦᠦ ᠪᠦᠲᠦᠭᠡᠭᠳᠡᠭᠦᠨ ᠤ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠤ᠂ ᠵᠠᠬ᠎ᠠ ᠳᠡᠯᠭᠡᠭᠦᠷᠴᠢᠯᠡᠭᠰᠡᠨ ᠮᠠᠯ ᠡᠮᠨᠡᠯᠭᠡ ᠶᠢᠨ ᠥᠷᠳᠡᠭᠡ᠂ ᠡᠭᠦᠯᠳᠡᠷ ᠰᠠᠶᠢᠵᠢᠷᠠᠭᠤᠯᠬᠤ ᠥᠷᠳᠡᠭᠡ᠂ ᠬᠢᠵᠢᠭ ᠢ ᠰᠡᠷᠭᠡᠶᠢᠯᠡᠬᠦ ᠰᠠᠯᠪᠤᠷᠢ ᠶᠢᠨ ᠬᠦᠭᠵᠢᠯᠲᠡ ᠶᠢ ᠵᠣᠷᠢᠭᠵᠢᠭᠤᠯᠤᠨ᠎ᠠ᠃    ᠲᠦᠷᠦᠯ ᠲᠡᠮᠳᠡᠭ ᠢ ᠳᠡᠰ ᠳᠡᠪᠰᠢᠭᠦᠯᠬᠦ ᠲᠣᠭᠤᠷᠢᠨ ᠳᠤ ᠦᠷ᠎ᠡ ᠠᠰᠢᠭ ᠢ ᠳᠡᠭᠡᠭᠰᠢᠯᠡᠭᠦᠯᠦᠨ᠎ᠠ᠃ ᠬᠢᠯᠢ ᠶᠢᠨ ᠲᠤᠳᠤᠨ᠎ᠠ ᠭᠠᠳᠠᠨᠠᠬᠢ ᠳᠡᠵᠢᠭᠡᠯ ᠪᠣᠷᠳᠤᠭᠠᠨ ᠤ ᠡᠬᠢ ᠪᠠᠶᠠᠯᠢᠭ ᠢ ᠨᠢᠭᠡᠳᠦᠯᠲᠡᠢ ᠲᠦᠯᠦᠪᠵᠢᠭᠦᠯᠦᠨ᠂ ᠳᠡᠵᠢᠭᠡᠯ ᠡᠪᠡᠰᠤᠨ ᠤ ᠦᠢᠯᠡᠳᠪᠦᠷᠢᠯᠡᠯ᠂ ᠬᠦᠮᠦᠷᠭᠡᠯᠡᠯᠲᠡ᠂ ᠪᠣᠷᠤᠯᠠᠭᠤᠯᠭ᠎ᠠ ᠶᠢᠨ ᠬᠡᠯᠪᠡᠷᠢ ᠶᠢ ᠡᠭᠦᠳᠦᠨ ᠰᠢᠨᠡᠴᠢᠯᠡᠵᠤ᠂ ᠤᠷᠭᠠᠨᠢᠭ ᠪᠠᠶᠢᠭᠠᠯᠢᠯᠢᠭ ᠨᠤᠲᠤᠭ ᠪᠡᠯᠴᠢᠭᠡᠷ ᠤᠨ ᠬᠢᠨᠠᠨ ᠲᠤᠳᠤᠯᠠᠬᠤ ᠳᠠᠯᠠᠪᠠᠢ ᠶᠢ ᠦᠷᠭᠡᠳᠭᠡᠨ᠂ ᠳᠡᠵᠢᠭᠡᠯ ᠪᠣᠷᠳᠤᠭᠠᠨ ᠤ ᠨᠠᠷᠢᠯᠢᠭ ᠦᠢᠯᠡᠳᠪᠦᠷᠢᠯᠡᠯ ᠤᠨ ᠦᠢᠯᠡᠳᠪᠦᠷᠢ ᠪᠠᠶᠢᠭᠤᠯᠬᠤ ᠶᠢ ᠦᠷᠭᠦᠯᠵᠢᠯᠡᠨ ᠳᠡᠮᠵᠢᠵᠤ᠂ ᠠᠮᠢ ᠠᠬᠤᠶᠢᠴᠢ ᠡᠪᠡᠰᠤᠨ ᠤ ᠦᠢᠯᠡᠰ ᠤᠨ ᠭᠠᠵᠠᠷ ᠵᠦᠢ ᠶᠢᠨ ᠰᠢᠨᠵᠢ ᠲᠡᠮᠳᠡᠭ ᠪᠦᠬᠦᠢ ᠲᠦᠷᠦᠯ ᠲᠡᠮᠳᠡᠭ ᠢ ᠡᠭᠦᠳᠦᠨ᠎ᠠ᠃ ᠲᠣᠣᠷ ᠰᠦᠯᠵᠢᠶ᠎ᠡ᠂ ᠠᠯᠪᠠᠨ ᠤ ᠵᠠᠭᠤᠴᠢᠯᠠᠭᠤᠷ ᠢᠶᠠᠷ ᠠᠴᠢᠶᠠᠯᠠᠪᠤᠷᠢ ᠪᠣᠯᠭᠠᠨ᠂ ᠠᠵᠤ ᠠᠬᠤᠶᠢᠯᠠᠯ ᠤᠨ ᠰᠢᠭᠤᠳ ᠪᠣᠷᠤᠯᠠᠭᠤᠯᠭ᠎ᠠ ᠶᠢᠨ ᠬᠤᠯᠪᠤᠭᠠᠳᠤ ᠲᠣᠣᠷ ᠴᠢᠭ᠋ ᠲᠤ ᠲᠦᠰᠢᠭᠯᠡᠵᠤ᠂ ᠦᠨᠳᠦᠰᠦᠲᠡᠨ ᠤ ᠭᠠᠷ ᠤᠷᠠᠯᠠᠯ ᠤᠨ ᠦᠢᠯᠡᠰ ᠎ ᠤᠨ ᠭᠠᠵᠠᠷ ᠵᠦᠢ ᠶᠢᠨ ᠰᠢᠨᠵᠢ ᠲᠡᠮᠳᠡᠭ ᠪᠦᠬᠦᠢ ᠨᠡᠷᠡᠳᠤ ᠲᠡᠮᠳᠡᠭ ᠤᠨ ᠨᠡᠷ᠎ᠡ ᠨᠦᠯᠦᠭᠡ ᠶᠢ ᠦᠷᠭᠦᠯᠵᠢᠯᠡᠩᠭᠦᠢ ᠳᠡᠭᠡᠭᠰᠢᠯᠡᠭᠦᠯᠦᠨ᠂ ᠣᠷᠤᠨ ᠨᠤᠲᠤᠭ ᠤᠨ ᠣᠨᠴᠠᠯᠢᠭᠲᠤ ᠲᠠᠸᠠᠷ ᠤᠨ ᠰᠢᠯᠢᠳᠡᠭ ᠴᠢᠨᠠᠷ ᠰᠢᠯᠢᠳᠡᠭ ᠬᠠᠩᠰᠢ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠣᠷᠤᠨ ᠨᠤᠲᠤᠭ ᠤᠨ ᠰᠦ ᠮᠢᠬᠠᠨ ᠤ ᠲᠠᠸᠠᠷ ᠤᠨ ᠲᠦᠷᠦᠯ ᠲᠡᠮᠳᠡᠭ ᠤᠨ ᠦᠨ᠎ᠠ ᠥᠷᠳᠡᠭ ᠢ ᠦᠷᠭᠦᠯᠵᠢᠯᠡᠨ ᠳᠡᠭᠡᠭᠰᠢᠯᠡᠭᠦᠯᠵᠤ᠂ 3000 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ︵ᠬᠤᠶᠠᠳᠤᠭᠠᠷ ᠬᠤᠭᠤᠴᠠᠭ᠎ᠠ︶᠎ ᠤᠨ ᠪᠠᠶᠢᠭᠤᠯᠤᠯᠲᠠ ᠶᠢ ᠲᠦᠷᠭᠡᠳᠭᠡᠨ᠂ ᠨᠤᠲᠤᠭᠰᠢᠬᠤ ᠠᠵᠤ ᠠᠬᠤᠶᠢᠯᠠᠯ ᠪᠠ ᠰᠦ ᠮᠢᠬᠠᠨ ᠤ ᠦᠭᠡᠷ ᠤᠨ ᠪᠠᠷᠢᠮᠵᠢᠶᠠᠵᠢᠭᠤᠯᠤᠭᠰᠠᠨ ᠳᠡᠵᠢᠭᠡᠪᠦᠷᠢ ᠶᠢᠨ ᠰᠠᠭᠤᠷᠢᠨ ᠭᠠᠵᠠᠷ ᠤᠨ ᠵᠣᠯᠭᠠᠭᠤᠯᠤᠯᠲᠠ ᠶᠢ ᠲᠡᠮᠵᠢᠵᠤ᠂ ᠨᠡᠶᠢᠭᠡᠮ ᠤᠨ ᠬᠠᠷᠢᠯᠴᠠᠭᠠᠨ ᠤ ᠡᠯᠧᠺᠲᠷᠤᠨ ᠬᠤᠳᠠᠯᠳᠤᠭ᠎ᠠ᠂ ᠣᠬᠤᠷ ᠹᠢᠯᠢᠮ ᠵᠡᠷᠭᠡ ᠰᠢᠨ᠎ᠠ ᠬᠡᠯᠪᠡᠷᠢ ᠶᠢᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠡᠯᠪᠡᠷᠢ ᠪᠠᠷ ᠳᠠᠮᠵᠢᠭᠤᠯᠤᠨ᠂ ᠮᠠᠯᠴᠢᠳ ᠤᠨ ᠣᠷᠤᠯᠭ᠎ᠠ ᠪᠠᠨ ᠨᠡᠮᠡᠭᠳᠡᠭᠦᠯᠵᠤ ᠴᠢᠨᠡᠭᠡᠯᠢᠭᠵᠢᠬᠦ ᠶᠢ ᠳᠠᠶᠢᠴᠢᠯᠠᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号