ᠦᠰᠦᠭ ᠪᠢᠴᠢᠭ ᠢᠶᠠᠷ ᠥᠭᠦᠯᠡᠬᠦᠢ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ2022 ᠣᠨ ᠤ ᠠᠵᠢᠯ ᠤᠨ ᠲᠣᠬᠢᠷᠠᠭᠤᠯᠤᠯᠲᠠ ︵ᠭᠤᠷᠪᠠ︶
ᠨᠡᠶᠢᠲᠡᠯᠡᠭᠰᠡᠨ ᠴᠠᠭ᠄
2022/11/28
︵ᠭᠤᠷᠪᠠ︶ ᠡᠭᠦᠳᠦᠨ ᠰᠢᠨᠡᠴᠢᠯᠡᠵᠤ ᠬᠦᠭᠵᠢᠭᠦᠯᠬᠦ ᠪᠠᠷ ᠬᠦᠳᠡᠯᠭᠡᠭᠴᠢ ᠬᠦᠴᠦᠨ ᠪᠣᠯᠭᠠᠨ᠂ ᠪᠣᠭᠤᠮᠳᠠ ᠪᠠ ᠬᠤᠳᠠ ᠪᠠᠯᠭᠠᠰᠤ ᠬᠤᠯᠪᠤᠭᠠᠯᠠᠨ ᠬᠦᠳᠡᠯᠦᠯᠴᠡᠬᠦ ᠬᠦᠭᠵᠢᠯᠲᠡ ᠶᠢ ᠠᠬᠢᠭᠤᠯᠤᠨ᠎ᠠ     ᠪᠦᠬᠦ ᠣᠷᠤᠨ ᠤ ᠭᠤᠤᠯᠳᠠᠯᠠᠭᠠᠲᠤ ᠪᠣᠭᠤᠮᠳᠠ ᠶᠢ ᠬᠦᠴᠦᠯᠡᠨ ᠪᠠᠶᠢᠭᠤᠯᠤᠨ᠎ᠠ᠃ ᠨᠡᠭᠦᠷᠡᠰᠤ᠂ ᠴᠢᠯᠠᠭᠤᠨ ᠲᠤᠰᠤ ︽ᠬᠤᠶᠠᠷ ᠴᠦᠮ᠎ᠡ︾ ᠬᠦᠳᠡᠯᠭᠡᠭᠦᠷ ᠤᠨ ᠡᠬᠢ ᠪᠠᠶᠠᠯᠢᠭ ᠤᠨ ᠬᠡᠯᠪᠡᠷᠢᠲᠤ ᠪᠣᠭᠤᠮᠳᠠ ᠶᠢ ᠡᠭᠦᠳᠦᠨ ᠪᠠᠶᠢᠭᠤᠯᠵᠤ᠂ 4.5 ᠲᠦᠮᠡᠨ ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠭᠠᠳᠠᠭᠠᠳᠤ ᠠᠴᠠ ᠣᠷᠤᠭᠤᠯᠬᠤ ᠠᠭᠤᠷᠬᠠᠢ ᠶᠢᠨ ᠡᠬᠢ ᠪᠠᠶᠠᠯᠢᠭ ᠤᠨ ᠬᠢᠨᠠᠨ ᠬᠠᠮᠢᠶᠠᠷᠤᠯᠲᠠ ᠶᠢᠨ ᠲᠣᠭᠤᠷᠢᠭ ᠢ ᠭᠤᠣᠯᠳᠠᠯᠭ᠎ᠠ ᠲᠠᠢ ᠳᠠᠭᠤᠰᠬᠠᠨ᠂ ᠳ᠋ᠠᠴᠢᠩ ᠤᠨ ᠲᠠᠮᠴᠤᠭ ᠤᠨ ᠬᠢᠵᠠᠭᠠᠷᠳᠤ ᠺᠣᠮᠫᠠᠨᠢ ᠶᠢᠨ ᠪᠡᠯᠡ ᠣᠷᠤᠭᠤᠯᠤᠨ ᠪᠦᠲᠦᠭᠡᠨ ᠪᠠᠶᠢᠭᠤᠯᠬᠤ 5 ᠲᠦᠮᠡᠨ ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠢ ᠳᠡᠮᠵᠢᠵᠤ᠂ ᠠᠮᠤ ᠪᠣᠳᠠᠭᠠᠨ ᠤ ᠬᠢᠨᠠᠨ ᠬᠠᠮᠢᠶᠠᠷᠤᠯᠲᠠ ᠶᠢᠨ ᠳᠠᠯᠠᠪᠤᠷ ᠤᠨ ᠲᠦᠷᠦᠯ ᠵᠦᠢᠯ ᠢ ᠢᠳᠡᠪᠬᠢᠲᠡᠢ ᠭᠤᠶᠤᠴᠢᠯᠠᠨ᠂ ︽ᠲᠦᠬᠦᠭᠡᠢ ᠲᠤᠰᠤᠨ ᠤ ᠠᠴᠢᠶᠠᠨ ᠤ ᠲᠡᠷᠭᠡ ᠴᠢᠷᠦᠬᠦᠯ ᠲᠡᠭᠡᠭᠡᠪᠦᠷᠢᠲᠦ︾ ᠪᠣᠭᠤᠮᠳᠠ ᠨᠡᠪᠲᠡᠷᠡᠬᠦ ᠬᠡᠯᠪᠡᠷᠢ ᠶᠢ ᠦᠷᠭᠦᠯᠵᠢᠯᠡᠨ ᠳᠡᠯᠭᠡᠷᠡᠭᠦᠯᠵᠤ᠂ ᠰᠢᠯᠭᠠᠨ ᠪᠠᠶᠢᠴᠠᠭᠠᠬᠤ ᠬᠢᠵᠢᠭ ᠢ ᠪᠠᠶᠢᠴᠠᠭᠠᠬᠤ ᠬᠢᠨᠠᠨ ᠬᠠᠮᠢᠶᠠᠷᠤᠯᠲᠠ ᠪᠠ ᠬᠢᠵᠢᠭ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠦᠨ᠂ ᠮᠣᠩᠭᠤᠯ ᠤᠯᠤᠰ ᠠᠴᠠ ᠴᠢᠯᠠᠭᠤᠨ ᠲᠤᠰᠤ ᠣᠷᠤᠭᠤᠯᠬᠤ ᠪᠠᠶᠢᠯᠳᠤᠬᠤ ᠪᠣᠳᠤᠯᠭ᠎ᠠ ᠶᠢᠨ ᠪᠠᠷᠠᠭᠠᠨ ᠤ ᠨᠡᠪᠲᠡᠷᠡᠯ ᠤᠨ ᠪᠠᠶᠢᠷᠢ ᠰᠠᠭᠤᠷᠢ ᠶᠢ ᠪᠠᠲᠤᠳᠬᠠᠵᠤ᠂ ᠴᠢᠯᠠᠭᠤᠨ ᠲᠤᠰᠤ ᠦᠩᠭᠡᠷᠡᠭᠦᠯᠬᠦ ᠬᠡᠮᠵᠢᠶ᠎ᠡ ᠶᠢ 50 ᠲᠦᠮᠡᠨ ᠲᠣᠨ ᠢ ᠰᠢᠪᠲᠤᠯᠬᠤ ᠪᠠᠷ ᠴᠢᠷᠮᠠᠶᠢᠨ᠂ ᠨᠡᠭᠦᠷᠡᠰᠤᠨ ᠤ ᠡᠬᠢ ᠪᠠᠶᠠᠯᠢᠭ ᠣᠷᠤᠭᠤᠯᠬᠤ ᠬᠦᠴᠢᠷᠳᠡᠯ ᠢ ᠡᠪᠳᠡᠬᠦ ᠪᠠᠷ ᠴᠢᠷᠮᠠᠶᠢᠨ᠎ᠠ᠃      ᠬᠠᠮᠤᠭ ᠤᠨ ᠭᠤᠶᠢᠳᠠ ᠪᠣᠭᠤᠮᠳᠠ ᠶᠢᠨ ᠲᠦᠪ ᠪᠠᠯᠭᠠᠰᠤ ᠶᠢ ᠪᠠᠶᠢᠭᠤᠯᠬᠤ ᠪᠠᠷ ᠴᠢᠷᠮᠠᠶᠢᠨ᠎ᠠ᠃ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠬᠤᠳᠠ ᠪᠠᠯᠭᠠᠰᠤ ᠶᠢᠨ ᠬᠠᠮᠢᠶᠠᠷᠤᠯᠲᠠ ᠶᠢ ᠴᠢᠩᠭᠠᠳᠬᠠᠨ᠂ ᠬᠤᠳᠠ ᠪᠠᠯᠭᠠᠰᠤ ᠶᠢᠨ ᠨᠢᠭᠤᠷ ᠲᠦᠷᠰᠤ ᠶᠢ ᠰᠠᠶᠢᠵᠢᠷᠠᠭᠤᠯᠵᠤ᠂ ᠬᠤᠳᠠ ᠪᠠᠯᠭᠠᠰᠤ ᠶᠢᠨ ᠴᠢᠨᠠᠷ ᠢ ᠳᠡᠭᠡᠭᠰᠢᠯᠡᠭᠦᠯᠦᠨ᠂ ᠰᠠᠭᠤᠭᠠᠯᠢ ᠠᠷᠠᠳ ᠣᠯᠠᠨ ᠤ ᠠᠮᠢᠳᠤᠷᠠᠯ ᠢ ᠨᠡᠩ ᠳᠦᠭᠦᠮ᠂ ᠨᠡᠩ ᠳᠠᠭᠠᠯᠠᠮᠵᠢᠲᠠᠢ᠂ ᠨᠡᠩ ᠵᠣᠯ ᠵᠢᠷᠭᠠᠯᠲᠠᠢ ᠪᠣᠯᠭᠠᠬᠤ ᠪᠠᠷ ᠴᠢᠷᠮᠠᠶᠢᠨ᠎ᠠ᠃ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠠᠬᠢᠴᠠ ᠶᠢ ᠲᠦᠷᠭᠡᠳᠭᠡᠨ᠂ ︽ᠰᠢᠨ᠎ᠠ ᠪᠠᠷᠭᠤ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠤᠢ ᠶᠢᠨ ᠣᠷᠤᠨ ᠵᠠᠢ ᠶᠢᠨ ᠶᠡᠷᠦᠩᠬᠡᠢ ᠴᠣᠭᠴᠠᠲᠤ ᠲᠦᠯᠦᠪᠵᠢᠭᠦᠯᠭᠡ︾᠎ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠲᠣᠪᠣᠶᠢᠯᠭᠠᠵᠤ᠂ ᠬᠤᠳᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠣᠷᠤᠨ ᠵᠠᠢ ᠶᠢᠨ ᠳᠠᠯ᠎ᠠ ᠎ ᠪᠠᠷ ᠦᠢᠯᠡᠳᠪᠦᠷᠢᠯᠡᠯ ᠬᠤᠳᠠ ᠶᠢ ᠨᠢᠭᠡ ᠴᠤᠭᠴᠠᠵᠢᠭᠤᠯᠬᠤ᠂ ᠡᠭᠦᠷᠭᠡ ᠴᠢᠳᠠᠪᠬᠢ ᠶᠢᠨ ᠳᠠᠯ᠎ᠠ ᠪᠠᠷ ᠣᠷᠤᠨ ᠲᠣᠭᠤᠷᠢᠭ ᠢ ᠵᠣᠬᠢᠰᠲᠠᠢ ᠬᠤᠪᠢᠶᠠᠷᠢᠯᠠᠬᠤ᠂ ᠠᠵᠤ ᠦᠢᠯᠡᠰ ᠤᠨ ᠳᠠᠯ᠎ᠠ ᠪᠠᠷ ᠤᠷᠭᠠᠨᠢᠭ ᠠᠭᠤᠰᠤᠯᠴᠠᠭᠤᠯᠬᠤ ᠶᠢ ᠬᠦᠴᠦᠯᠡᠨ ᠠᠬᠢᠭᠤᠯᠵᠤ᠂ ᠠᠮᠤᠭᠤᠯᠠᠩ ᠪᠠᠯᠭᠠᠰᠤ ᠶᠢ ᠰᠠᠭᠤᠬᠤ ᠠᠵᠢᠯᠯᠠᠬᠤ ᠵᠣᠭᠠᠴᠠᠬᠤ ᠳᠤ ᠲᠣᠬᠢᠷᠠᠮᠵᠢᠲᠠᠢ ᠣᠳᠤᠬᠢᠴᠢᠯᠠᠭᠰᠠᠨ ᠪᠣᠭᠤᠮᠳᠠ ᠶᠢᠨ ᠪᠠᠯᠭᠠᠰᠤ ᠪᠣᠯᠭᠠᠨ ᠪᠦᠲᠦᠭᠡᠨ ᠪᠠᠶᠢᠭᠤᠯᠤᠨ᠎ᠠ᠃ ᠬᠤᠳᠠ ᠶᠢᠨ ᠰᠢᠨᠡᠴᠢᠯᠡᠯᠲᠡ ᠎ ᠶᠢᠨ ᠬᠦᠳᠡᠯᠭᠡᠭᠡᠨ ᠦᠷᠨᠢᠭᠦᠯᠦᠨ᠂ ᠠᠮᠤᠭᠤᠯᠠᠩ ᠵᠠᠮ᠂ ᠷᠠᠰᠢᠶᠠᠨ ᠵᠡᠭᠡᠯᠢ᠂ ᠭᠠᠨᠵᠤᠤᠷ ᠵᠡᠭᠡᠯᠢ᠂ ᠰᠢᠭᠤᠶᠢᠲᠤ ᠵᠡᠭᠡᠯᠢ᠂ ᠪᠣᠯᠠᠭ ᠵᠡᠭᠡᠯᠢ ᠳᠤ ᠲᠤᠰᠤᠨ ᠵᠠᠮ ᠤᠨ ᠭᠠᠳᠠᠷᠭᠤ ᠶᠢ 9159 ᠮᠧᠲᠷ᠂ 10.3 ᠲᠦᠮᠡᠨ ᠬᠠᠪᠳᠠᠭᠠᠢ ᠳᠦᠷᠪᠡᠯᠵᠢᠨ ᠮᠧᠲᠷ ᠴᠠᠷᠳᠠᠵᠤ᠂ 213 ᠵᠠᠮ ᠤᠨ ᠳ᠋ᠧᠩ ᠢ ᠢᠵᠢ ᠪᠦᠷᠢᠳᠦᠭᠦᠯᠦᠨ ᠨᠡᠮᠡᠨ᠎ᠠ᠃ ᠰᠢᠭᠤᠶᠢᠲᠤ ᠵᠡᠭᠡᠯᠢ᠂ ᠰᠢᠯᠢᠨ ᠵᠡᠭᠡᠯᠢ᠂ ᠷᠠᠰᠢᠶᠠᠨ ᠵᠡᠭᠡᠯᠢ᠂ ᠪᠣᠯᠠᠭ ᠵᠡᠭᠡᠯᠢ᠂ ᠬᠦᠭᠵᠢᠯ ᠵᠡᠭᠡᠯᠢ ᠶᠢᠨ ᠶᠠᠪᠠᠭᠠᠨ ᠵᠠᠮ ᠢ 2.8 ᠲᠦᠮᠡᠨ ᠬᠠᠪᠳᠠᠭᠠᠢ ᠳᠦᠷᠪᠡᠯᠵᠢᠨ ᠮᠧᠲᠷ ᠦᠭᠡᠷᠡᠴᠢᠯᠡᠨ᠂ ᠪᠣᠷᠤᠭᠠᠨ ᠤ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ 4.7 ᠺᠢᠯᠤᠮᠧᠲᠷ ᠢᠵᠢ ᠪᠦᠷᠢᠳᠦᠭᠦᠯᠦᠨ ᠳᠡᠪᠢᠰᠦᠨ᠎ᠠ᠃ ᠪᠠᠷᠭᠤ ᠵᠠᠮ ᠤᠨ ᠤᠰᠤ ᠬᠠᠩᠭᠠᠬᠤ ᠬᠤᠭᠤᠯᠠᠢ ᠲᠣᠣᠷ ᠢ 3.3 ᠺᠢᠯᠤᠮᠧᠲᠷ ᠦᠭᠡᠷᠡᠴᠢᠯᠡᠵᠤ᠂ ᠪᠡᠯᠡᠳᠭᠡᠯ ᠬᠡᠷᠡᠭᠯᠡᠭᠡᠨ ᠤ ᠤᠰᠤᠨ ᠤ ᠰᠤᠷᠪᠤᠯᠵᠢ ᠶᠢᠨ ᠬᠤᠳᠳᠤᠭ ᠪᠠ ᠹᠯᠤᠷ ᠠᠷᠢᠯᠭᠠᠬᠤ ᠲᠦᠬᠦᠬᠡᠷᠦᠮᠵᠢ ᠶᠢ ᠢᠵᠢ ᠪᠦᠷᠢᠳᠦᠭᠦᠯᠦᠨ ᠨᠡᠮᠡᠨ᠎ᠠ᠃ ᠢᠯᠴᠢ ᠶᠢᠨ ᠡᠬᠢ ᠶᠢᠨ ᠦᠢᠯᠡᠳᠪᠦᠷᠢ ᠶᠢᠨ ᠦᠷᠭᠡᠳᠭᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠦᠨ᠂ 65 ᠲᠣᠨ ᠰᠢᠳᠠᠭᠠᠯᠠᠭ᠎ᠠ ᠶᠢᠨ ᠨᠡᠭᠦᠷᠡᠰᠤᠨ ᠤ ᠵᠣᠤᠬ᠎ᠠ ᠎ ᠶᠢ ᠬᠤᠶᠠᠷ ᠰᠠᠤᠷᠢ ᠪᠠᠶᠢᠭᠤᠯᠤᠨ᠎ᠠ᠃ 6 ᠬᠠᠭᠤᠴᠢᠨ ᠰᠠᠭᠤᠭᠠᠯᠢ ᠲᠣᠭᠤᠷᠢᠭ ᠤᠨ ᠨᠡᠶᠢᠲᠡ 2.72 ᠲᠦᠮᠡᠨ ᠬᠠᠪᠳᠠᠭᠠᠢ ᠳᠦᠷᠪᠡᠯᠵᠢᠨ ᠮᠧᠲᠷ ᠳᠠᠯᠠᠪᠠᠢ ᠲᠠᠢ 7 ᠠᠰᠠᠷ ᠢ ᠦᠭᠡᠷᠡᠴᠢᠯᠡᠨ ᠪᠠᠶᠢᠭᠤᠯᠵᠤ᠂ ᠰᠠᠭᠤᠭᠠᠯᠢ ᠲᠣᠭᠤᠷᠢᠭ ᠎ ᠤᠨ ᠲᠤᠳᠤᠨ᠎ᠠ ᠭᠠᠳᠠᠨᠠᠬᠢ ᠬᠤᠭᠤᠯᠠᠢ ᠲᠣᠣᠷ᠂ ᠬᠤᠳᠠ ᠶᠢᠨ ᠶᠠᠪᠤᠳᠠᠯ ᠤᠨ ᠵᠠᠮ ᠢ ᠢᠵᠢ ᠪᠦᠷᠢᠳᠦᠭᠦᠯᠦᠨ ᠳᠡᠰ ᠳᠡᠪᠰᠢᠭᠦᠯᠵᠤ᠂ ᠠᠮᠤᠭᠤᠯᠠᠩ ᠪᠠᠯᠭᠠᠰᠤᠨ ᠤ ᠬᠦᠯ ᠪᠦᠮᠪᠦᠭᠡᠨ ᠤ ᠳᠠᠯᠠᠪᠤᠷ ᠢ ᠰᠢᠨ᠎ᠠ ᠪᠠᠷ 1500 ᠬᠠᠪᠳᠠᠭᠠᠢ ᠳᠦᠷᠪᠡᠯᠵᠢᠨ ᠮᠧᠲᠷ ᠪᠠᠶᠢᠭᠤᠯᠤᠨ᠎ᠠ᠃ ᠬᠤᠳᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ᠂ ᠬᠤᠭᠤᠯᠠ ᠤᠮᠳᠠᠭᠠᠨ ᠤ ᠲᠤᠰᠤ ᠣᠳᠤᠭ᠎ᠠ᠂ ᠵᠠᠮᠪᠠᠷᠠᠭ᠎ᠠ ᠦᠭᠡᠢ ᠲᠡᠷᠭᠡᠨ ᠵᠣᠭᠰᠤᠭᠠᠯ᠂ ᠳᠠᠭᠤ ᠱᠤᠤᠬᠢᠶᠠᠨ ᠤ ᠪᠣᠬᠢᠷᠳᠤᠯ᠂ ᠪᠣᠯᠪᠠᠰᠤᠨ ᠪᠣᠰᠤ ᠪᠠᠷ ᠨᠤᠬᠠᠢ ᠲᠡᠵᠢᠬᠡᠬᠦ ᠶᠢ ᠬᠤᠷᠢᠭᠯᠠᠬᠤ ᠵᠡᠷᠭᠡ ᠬᠤᠳᠠ ᠶᠢᠨ ᠲᠦᠷᠬᠦ ᠣᠷᠴᠢᠨ ᠲᠣᠭᠤᠷᠢᠨ ᠤ ᠵᠠᠰᠠᠯᠲᠠ ᠶᠢᠨ ᠬᠦᠳᠡᠯᠭᠡᠭᠡᠨ ᠦᠷᠨᠢᠭᠦᠯᠦᠨ᠎ᠠ᠃ ᠳᠤᠷ᠎ᠠ ᠪᠠᠷ ᠢᠶᠠᠨ ᠪᠠᠶᠢᠭᠤᠯᠬᠤ᠂ ᠳᠡᠯᠭᠡᠭᠦᠷ ᠤᠨ ᠭᠠᠳᠠᠨ᠎ᠠ ᠡᠵᠡᠩᠨᠡᠬᠦ ᠵᠡᠷᠭᠡ ᠦᠵᠡᠭᠳᠡᠯ ᠢ ᠵᠠᠰᠠᠨ ᠴᠡᠭᠴᠡᠯᠡᠬᠦ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠦᠨ᠎ᠠ᠃ ᠬᠤᠳᠠ ᠶᠢᠨ ᠶᠠᠪᠤᠳᠠᠯ ᠤᠨ ᠴᠡᠴᠡᠷᠯᠢᠭ᠂ ᠪᠠᠷᠢᠯᠭ᠎ᠠ ᠶᠢᠨ ᠭᠠᠵᠠᠷ᠂ ᠭᠠᠵᠠᠷ ᠳᠣᠣᠷᠠᠬᠢ ᠬᠤᠭᠤᠯᠠᠢ ᠱᠤᠭᠤᠮ᠂ ᠭᠡᠷ ᠎ ᠤᠨ ᠭᠠᠳᠠᠨᠠᠬᠢ ᠵᠠᠷ ᠮᠡᠳᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ︽ᠡᠭᠦᠳᠡᠨ ᠡᠮᠦᠨᠡᠬᠢ ᠳᠠᠪᠤᠨ ᠳᠠᠭᠠᠭᠠᠴᠢᠯᠠᠯᠲᠠ︾᠎ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠣᠭᠤᠷᠢᠭ ᠤᠨ ᠡᠳᠦᠷ ᠲᠣᠳᠤᠮ ᠤᠨ ᠬᠠᠮᠢᠶᠠᠷᠤᠯᠲᠠ ᠪᠠ ᠠᠳᠠᠯ ᠠᠬᠤᠢ ᠶᠢᠨ ᠬᠠᠮᠢᠶᠠᠷᠤᠯᠲᠠ ᠶᠢ ᠳᠦᠷᠢᠮᠵᠢᠭᠦᠯᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠲᠠᠢ ᠤᠶᠠᠯᠳᠤᠭᠤᠯᠤᠨ ᠤᠯᠤᠰ ᠢᠶᠠᠨ ᠬᠠᠶᠢᠷᠠᠯᠠᠬᠤ ᠠᠷᠢᠭᠤᠨ ᠴᠡᠪᠡᠷ ᠤᠨ ᠬᠦᠳᠡᠯᠭᠡᠭᠡᠨ ᠢ ᠦᠷᠭᠦᠯᠵᠢᠯᠡᠩᠭᠦᠢ ᠦᠷᠨᠢᠭᠦᠯᠦᠨ᠂ ᠪᠠᠯᠭᠠᠰᠤᠨ ᠤ ᠲᠣᠭᠤᠷᠢᠭ ᠤᠨ ᠪᠦᠬᠦᠶᠢᠯᠡ ᠲᠦᠷᠢ ᠲᠦᠷᠬᠦ ᠶᠢ ᠪᠦᠬᠦ ᠳᠠᠯ᠎ᠠ ᠪᠠᠷ ᠳᠡᠭᠡᠭᠰᠢᠯᠡᠭᠦᠯᠦᠨ᠎ᠠ᠃   ᠪᠣᠶᠢᠵᠢᠯᠲᠠ ᠶᠢᠨ ᠬᠦᠴᠦᠨ ᠢᠶᠠᠷ ᠬᠠᠮᠤᠭ ᠤᠨ ᠴᠢᠩᠭ᠎ᠠ ᠣᠯᠠᠨ ᠤᠯᠤᠰ ᠤᠨ ᠠᠷᠠᠯᠵᠢᠶᠠᠨ ᠤ ᠬᠤᠳᠠ ᠪᠠᠯᠭᠠᠰᠤ ᠎ ᠶᠢ ᠬᠦᠴᠦᠯᠡᠨ ᠪᠣᠶᠢᠵᠢᠭᠤᠯᠤᠨ᠎ᠠ᠃ ᠠᠮᠤᠭᠤᠯᠠᠩ ᠪᠠᠯᠭᠠᠰᠤ ᠪᠣᠭᠤᠮᠳᠠ ᠶᠢᠨ ᠣᠯᠠᠨ ᠤᠯᠤᠰ ᠤᠨ ᠠᠷᠠᠯᠵᠢᠶᠠᠨ ᠤ ᠦᠢᠯᠡᠴᠢᠯᠡᠬᠡᠨ ᠳᠤ ᠰᠠᠭᠤᠷᠢᠯᠠᠨ᠂ ᠤᠯᠠᠨ ᠤᠯᠤᠰ ᠤᠨ ᠠᠷᠠᠯᠵᠢᠶ᠎ᠠ᠂ ᠪᠠᠷᠠᠭᠠᠨ ᠤ ᠭᠦᠢᠯᠭᠡᠭᠡ᠂ ᠬᠤᠷᠠᠯ ᠴᠤᠭᠯᠠᠭᠠᠨ ᠳᠡᠯᠭᠡᠨ ᠦᠵᠡᠭᠦᠯᠦᠯᠭᠡ ᠵᠡᠷᠭᠡ ᠠᠯᠢ ᠣᠯᠠᠨ ᠬᠤᠳᠠᠯᠳᠤᠭᠠᠨ ᠤ ᠶᠠᠪᠤᠳᠠᠯ ᠤᠨ ᠰᠣᠯᠢᠯᠴᠠᠭ᠎ᠠ ᠶᠢ ᠢᠳᠡᠪᠬᠢᠲᠡᠢ ᠳᠠᠭᠠᠭᠠᠴᠢᠯᠠᠵᠤ᠂ ᠨᠡᠭᠦᠷᠡᠰᠤ᠂ ᠳᠡᠵᠢᠭᠡᠯ ᠪᠣᠷᠳᠤᠭ᠎ᠠ᠂ ᠠᠮᠤ ᠪᠣᠳᠠᠭ᠎ᠠ ᠪᠠᠷ ᠭᠤᠣᠯᠳᠠᠯᠭ᠎ᠠ ᠪᠣᠯᠭᠠᠭᠰᠠᠨ ᠦᠢᠯᠡᠳᠪᠦᠷᠢᠯᠡᠯ᠂ ᠪᠠᠷᠠᠭᠠᠨ ᠤ ᠭᠦᠢᠯᠭᠡᠭᠡ᠂ ᠬᠤᠳᠠᠯᠳᠤᠭᠠᠨ ᠤ ᠦᠢᠯᠡᠴᠢᠯᠡᠭᠡ᠂ ᠠᠷᠢᠬᠢᠨ ᠮᠤᠬᠤᠯᠠᠭ ᠵᠡᠷᠭᠡ ᠲᠤᠮᠤ ᠴᠢᠬᠤᠯᠠ ᠲᠦᠷᠦᠯ ᠵᠦᠢᠯ ᠢ ᠲᠦᠷᠭᠡᠳᠭᠡᠨ ᠰᠡᠳᠤᠵᠤ᠂ ︽ᠣᠯᠠᠨ ᠤᠯᠤᠰ ᠤᠨ ᠠᠷᠠᠯᠵᠢᠶ᠎ᠠ + ᠨᠤᠲᠤᠭᠰᠢᠬᠤ ᠦᠢᠯᠡᠳᠪᠦᠷᠢᠯᠡᠯ + ᠠᠷᠠᠯᠵᠢᠶ᠎ᠠ ᠪᠠᠷᠠᠭᠠᠨ ᠤ ᠭᠦᠢᠯᠭᠡᠭᠡ︾᠎ ᠶᠢᠨ ᠰᠢᠨ᠎ᠠ ᠬᠡᠯᠪᠡᠷᠢ ᠶᠢᠨ ︽ᠤᠭᠤᠷᠴᠠᠭ ᠬᠠᠷᠢᠶ᠎ᠠ ᠭᠠᠵᠠᠷ ᠤᠨ ᠠᠵᠤ ᠠᠬᠤᠢ︾᠎ ᠶᠢᠨ ᠳᠠᠭᠤᠷᠢᠶᠠᠯᠠᠨ ᠳᠠᠶᠢᠴᠢᠯᠠᠬᠤ ᠬᠡᠯᠪᠡᠷᠢ ᠶᠢ ᠪᠦᠷᠢᠯᠳᠦᠭᠦᠯᠦᠨ᠎ᠠ᠃ ᠣᠯᠠᠨ ᠣᠯᠤᠰ ᠎ ᠤᠨ ᠰᠣᠶᠤᠯ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠶᠢ ᠴᠢᠬᠤᠯᠠᠴᠢᠯᠠᠨ᠂ ᠳᠡᠯᠡᠭᠡᠶᠢᠵᠢᠯᠲᠡ ᠪᠠᠷ ᠪᠠᠷᠢᠮᠵᠢᠶ᠎ᠠ ᠪᠣᠯᠭᠠᠨ᠂ ᠪᠣᠭᠤᠮᠳᠠ ᠶᠢᠨ ᠪᠠᠯᠭᠠᠰᠤ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠤ᠂ ︽ᠳᠤᠮᠳᠠᠳᠤ ᠣᠷᠤᠰ ᠮᠣᠩᠭᠤᠯ ᠤᠨ ᠪᠣᠭᠤᠮᠳᠠ ᠶᠢᠨ ᠠᠷᠠᠯᠵᠢᠶᠠᠨ ᠤ ᠳᠡᠯᠭᠡᠨ ᠦᠵᠡᠭᠦᠯᠦᠯᠭᠡ︾᠂ ᠶᠢᠰᠦᠳᠦᠭᠡᠷ ᠬᠤᠭᠤᠴᠠᠭᠠᠨ ᠤ ︽ᠪᠠᠽᠠᠷᠭᠠᠨᠳ᠋︾ ᠬᠤᠨᠳᠠᠭᠠᠳᠤ ᠳᠤᠮᠳᠠᠳᠤ ᠣᠷᠤᠰ ᠮᠣᠩᠭᠤᠯ ᠎ ᠤᠨ ᠵᠠᠯᠠᠭᠤ ᠪᠠᠭᠠᠴᠤᠳ ᠤᠨ ᠰᠣᠩᠭᠤᠳᠠᠭ ᠪᠦᠭᠡ ᠶᠢᠨ ᠣᠷᠢᠯᠭ᠎ᠠ ᠶᠢᠨ ᠣᠷᠤᠯᠳᠤᠭᠠᠨ ᠵᠡᠷᠭᠡ ᠣᠯᠠᠨ ᠤᠯᠤᠰ ᠤᠨ ᠠᠷᠠᠯᠵᠢᠶ᠎ᠠ ᠰᠣᠶᠤᠯ ᠤᠨ ᠰᠢᠷᠢᠰ ᠬᠦᠳᠡᠯᠭᠡᠭᠡᠨ ᠢ ᠰᠠᠶᠢᠲᠤᠷ ᠡᠷᠬᠢᠯᠡᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号