ᠦᠰᠦᠭ ᠪᠢᠴᠢᠭ ᠢᠶᠠᠷ ᠥᠭᠦᠯᠡᠬᠦᠢ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ2022 ᠣᠨ ᠤ ᠠᠵᠢᠯ ᠤᠨ ᠲᠣᠬᠢᠷᠠᠭᠤᠯᠤᠯᠲᠠ  ︵ᠳᠦᠷᠪᠡ︶
ᠨᠡᠶᠢᠲᠡᠯᠡᠭᠰᠡᠨ ᠴᠠᠭ᠄
2022/11/28
     ︵ᠳᠦᠷᠪᠡ︶ ᠰᠣᠶᠤᠯ ᠵᠢᠭᠤᠯᠴᠢᠯᠠᠯ ᠤᠨ ᠠᠵᠤ ᠦᠢᠯᠡᠰ ᠢᠶᠠᠷ ᠵᠢᠯᠤᠭᠤᠳᠤᠭᠤᠯᠵᠤ᠂ ᠬᠦᠳᠡᠭᠡ ᠨᠤᠲᠤᠭ ᠤᠨ ᠴᠡᠴᠡᠭᠯᠡᠯᠲᠡ ᠶᠢ ᠲᠦᠷᠭᠡᠳᠭᠡᠨ᠎ᠠ      ᠬᠦᠳᠡᠭᠡ ᠨᠤᠲᠤᠭ ᠤᠨ ᠵᠢᠭᠤᠯᠴᠢᠯᠠᠯ ᠤᠨ ᠰᠢᠯᠢᠳᠡᠭ ᠰᠢᠨ᠎ᠠ ᠦᠵᠡᠮᠵᠢᠲᠤ ᠣᠷᠤᠨ ᠢ ᠪᠠᠶᠢᠭᠤᠯᠤᠨ᠎ᠠ ᠦᠵᠡᠮᠵᠢᠲᠤ ᠣᠷᠤᠨ ᠤ ᠲᠤᠰ ᠪᠡᠶ᠎ᠡ ᠶᠢᠨ ᠳᠠᠪᠠᠭᠤᠯᠢᠭ ᠪᠠ ᠣᠨᠴᠠᠯᠢᠭ ᠲᠤ ᠰᠠᠭᠤᠷᠢᠯᠠᠨ᠂ ᠦᠵᠡᠮᠵᠢᠲᠤ ᠣᠷᠤᠨ ᠤ ᠲᠦᠷᠦᠯ ᠵᠦᠢᠯ ᠳᠤ ᠰᠢᠨ᠎ᠠ ᠠᠭᠤᠯᠬᠤᠨ᠂ ᠰᠢᠨ᠎ᠠ ᠲᠦᠷᠦᠯ ᠠᠩᠭᠢᠯᠠᠯ᠂ ᠰᠢᠨ᠎ᠠ ᠪᠡᠶᠡᠴᠢᠯᠡᠯ ᠢ ᠲᠠᠰᠤᠷᠠᠯᠲᠠ ᠦᠭᠡᠢ ᠣᠯᠭᠤᠵᠤ᠂ ᠣᠨᠴᠠᠯᠢᠭ ᠰᠣᠷᠭᠤᠭ ᠲᠤᠳᠤᠷᠬᠠᠢ᠂ ᠬᠡᠯᠪᠡᠷᠢ ᠣᠯᠠᠨ ᠶᠠᠩᠵᠤᠴᠢᠯᠠᠭᠰᠠᠨ ᠦᠵᠡᠮᠵᠢᠲᠤ ᠣᠷᠤᠨ ᠢ ᠪᠣᠢ ᠪᠣᠯᠭᠠᠨ᠂ ᠦᠵᠡᠮᠵᠢᠲᠤ ᠣᠷᠤᠨ ᠤ ᠵᠣᠭᠠᠴᠠᠭᠰᠠᠳ ᠤᠨ ᠲᠤᠭ᠎ᠠ ᠬᠡᠮᠵᠢᠶᠡᠨ ᠤ ᠨᠡᠮᠡᠭᠳᠡᠯ ᠢ ᠳᠠᠶᠢᠴᠢᠯᠠᠨ᠎ᠠ᠃ ︽ᠦᠪᠤᠷᠪᠤᠯᠠᠭ ᠠᠮᠤᠭᠤᠯᠠᠩ ᠬᠠᠶᠢᠯᠠᠷ ᠮᠠᠨᠵᠤᠤᠷ︾᠎ ᠤᠨ ᠨᠢᠭᠡ ᠴᠤᠭᠴᠠᠵᠢᠭᠤᠯᠤᠭᠰᠠᠨ ᠬᠦᠭᠵᠢᠯᠲᠡ ᠶᠢᠨ ᠵᠢᠷᠤᠭᠯᠠᠯ ᠎ ᠳᠤ ᠠᠭᠤᠰᠬᠤ ᠶᠢ ᠲᠦᠷᠭᠡᠳᠭᠡᠨ᠎ᠠ᠃ ︽ᠰᠢᠨ᠎ᠠ ᠪᠠᠷᠭᠤ ᠵᠡᠭᠦᠨ ᠬᠤᠰᠢᠭᠤᠨ ᠤ ᠵᠢᠭᠤᠯᠴᠢᠯᠠᠯ ᠤᠨ ᠦᠢᠯᠡᠰ ᠤᠨ ᠬᠦᠭᠵᠢᠭᠦᠯᠦᠯᠲᠡ ᠶᠢᠨ ᠶᠡᠷᠦᠩᠬᠡᠢ ᠲᠦᠯᠦᠪᠵᠢᠭᠦᠯᠭᠡ︾᠎ ᠶᠢ ᠳᠠᠬᠢᠨ ᠵᠠᠰᠠᠪᠤᠷᠢᠯᠠᠨ ᠨᠠᠶᠢᠷᠠᠭᠤᠯᠵᠤ᠂ ᠨᠣᠭᠤᠭᠠᠨᠨᠨᠠᠭᠤᠷ ᠵᠢᠭᠤᠯᠴᠢᠯᠠᠯ ᠤᠨ ᠠᠮᠠᠷᠠᠯᠲᠠ ᠶᠢᠨ ᠣᠷᠤᠨ ᠤ ᠬᠤᠶᠠᠳᠤᠭᠠᠷ ᠬᠤᠭᠤᠴᠠᠭᠠᠨ ᠤ ᠠᠷᠢᠬᠢᠨ ᠮᠤᠬᠤᠯᠠᠭ ᠤᠨ ᠪᠠᠷᠢᠯᠭ᠎ᠠ ᠶᠢ ᠳᠠᠭᠤᠰᠬᠠᠨ᠂ ᠬᠠᠰᠠᠷ ᠨᠡᠭᠦᠳᠡᠯ ᠠᠶᠢᠮᠠᠭ ᠪᠠ ᠴᠢ ᠼᠠᠢ ᠬᠤᠩ ᠴᠡᠩᠭᠡᠯ ᠤᠨ ᠬᠦᠷᠢᠶᠡᠯᠡᠩ ᠤᠨ ᠳᠡᠰ ᠳᠡᠪᠰᠢᠯᠲᠠ ᠶᠢ ᠠᠬᠢᠭᠤᠯᠵᠤ᠂ 3A ᠳᠡᠰ ᠤᠨ ᠦᠵᠡᠮᠵᠢᠲᠤ ᠣᠷᠤᠨ ᠪᠣᠯᠭᠠᠨ ᠳᠡᠰ ᠳᠡᠪᠰᠢᠭᠦᠯᠬᠦ ᠪᠠᠷ ᠬᠦᠴᠦᠯᠡᠨ᠎ᠠ᠂ ᠨᠤᠮᠤᠨ ᠬᠠᠨ ᠎ ᠤ ᠳᠠᠶᠢᠨ ᠤ ᠪᠠᠭᠤᠷᠢ ᠶᠢᠨ ᠦᠵᠡᠭᠦᠯᠦᠯᠭᠡ ᠶᠢᠨ ᠣᠷᠳᠤᠨ ᠢ ᠵᠢᠩᠬᠢᠨᠢ ᠪᠠᠷ ᠨᠡᠭᠡᠭᠡᠯᠲᠡ ᠬᠢᠵᠤ᠂ ᠵᠣᠨ ᠤ ᠨᠠᠭᠠᠳᠤᠮ ᠪᠠ ᠡᠪᠦᠯ ᠤᠨ ︽ᠮᠦᠩᠭᠦᠨ ᠪᠠᠷᠭᠤ︾ ᠰᠣᠶᠤᠯ ᠵᠢᠭᠤᠯᠴᠢᠯᠠᠯ ᠤᠨ ᠰᠢᠷᠢᠰ ᠬᠦᠳᠡᠯᠭᠡᠭᠡᠨ ᠢ ᠯᠠᠪᠳᠠᠭᠤᠨ ᠦᠷᠨᠢᠭᠦᠯᠦᠨ᠂ ᠭᠤᠸᠠᠩ ᠴᠢ ᠶᠢᠨ ︽ᠮᠠᠰᠢᠨ ᠲᠡᠷᠭᠡᠨ ᠤ ᠲᠤᠷᠰᠢᠯᠲᠠ ᠶᠢᠨ ᠮᠦᠰᠤ ᠴᠠᠰᠤᠨ ᠤ ᠰᠣᠨᠢᠷᠬᠠᠯ ᠤᠨ ᠪᠡᠶᠡᠴᠢᠯᠡᠯ︾᠎ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠯᠢᠳᠡᠭ ᠲᠦᠷᠦᠯ ᠵᠦᠢᠯ ᠢ ᠡᠭᠦᠳᠦᠨ ᠪᠠᠶᠢᠭᠤᠯᠤᠨ᠎ᠠ     ᠬᠦᠳᠡᠭᠡ ᠨᠤᠲᠤᠭ ᠤᠨ ᠵᠢᠭᠤᠯᠴᠢᠯᠠᠯ ᠤᠨ ᠰᠢᠯᠢᠳᠡᠭ ᠰᠢᠨ᠎ᠠ ᠲᠦᠯᠦᠪᠰᠢᠷᠡᠯ ᠢ ᠪᠣᠢ ᠪᠣᠯᠭᠠᠨ᠎ᠠ᠃ ᠭᠠᠨᠵᠤᠤᠷ ᠵᠡᠷᠭᠡ ᠭᠠᠴᠠᠭᠠᠨ ᠤ ᠬᠦᠳᠡᠭᠡ ᠨᠤᠲᠤᠭ ᠤᠨ ᠵᠢᠭᠤᠯᠴᠢᠯᠠᠯ ᠬᠦᠭᠵᠢᠭᠦᠯᠬᠦ ᠶᠢ ᠭᠤᠣᠯᠳᠠᠯᠭ᠎ᠠ ᠲᠠᠢ ᠳᠡᠮᠵᠢᠨ᠂ ᠭᠠᠴᠠᠭᠠᠨ ᠤ ᠡᠬᠢ ᠪᠠᠶᠠᠯᠢᠭ ᠤᠨ ᠳᠠᠪᠠᠭᠤᠯᠢᠭ ᠪᠠ ᠣᠯᠠᠨ ᠲᠦᠮᠡᠨ ᠤ ᠤᠷ᠎ᠠ ᠮᠡᠷᠭᠡᠵᠢᠯ ᠤᠨ ᠣᠨᠴᠠᠯᠢᠭ ᠲᠤ ᠰᠠᠭᠤᠷᠢᠯᠠᠨ᠂ ᠬᠦᠳᠡᠭᠡ ᠨᠤᠲᠤᠭ ᠤᠨ ᠵᠢᠭᠤᠯᠴᠢᠯᠠᠯ ᠤᠨ ᠲᠤᠯᠭᠠᠭᠤᠷᠢ ᠠᠵᠤ ᠦᠢᠯᠡᠰ᠂ ᠲᠤᠯᠤᠭᠠᠶᠢᠯᠠᠭᠴᠢ ᠪᠦᠲᠦᠭᠡᠭᠳᠡᠭᠦᠨ ᠢ ᠲᠣᠭᠳᠠᠭᠠᠵᠤ᠂ ︽ᠨᠢᠭᠡ ᠭᠠᠴᠠᠭ᠎ᠠ ᠨᠢᠭᠡ ᠪᠦᠲᠦᠭᠡᠭᠳᠡᠭᠦᠨ ᠲᠠᠢ᠂ ᠨᠢᠭᠡ ᠪᠦᠲᠦᠭᠡᠭᠳᠡᠭᠦᠨ ᠣᠯᠠᠨ ᠬᠤᠪᠢᠷᠠᠯᠲᠠ ᠲᠠᠢ︾ ᠪᠠᠶᠢᠬᠤ ᠬᠦᠭᠵᠢᠯᠲᠡ ᠶᠢᠨ ᠰᠡᠳᠬᠢᠴᠠ ᠱᠤᠭᠤᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠦᠭᠵᠢᠯᠲᠡ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ᠂ ᠵᠢᠭᠤᠯᠴᠢᠯᠠᠯ ᠤᠨ ᠪᠦᠲᠦᠭᠡᠭᠳᠡᠭᠦᠨ ᠢ ᠲᠠᠰᠤᠷᠠᠯᠲᠠ ᠦᠭᠡᠢ ᠰᠢᠯᠢᠳᠡᠭᠵᠢᠭᠦᠯᠵᠤ᠂ ᠣᠷᠳᠤᠳᠬᠠᠨ᠂ ᠡᠭᠦᠳᠦᠨ ᠰᠢᠨᠡᠴᠢᠯᠡᠵᠤ᠂ ᠵᠢᠭᠤᠯᠴᠢᠯᠠᠯ ᠤᠨ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠡᠵᠢᠶᠡᠳᠡ ᠪᠠᠲᠤᠯᠠᠨ᠎ᠠ᠃ ᠠᠳᠤᠭᠤᠨ ᠰᠣᠶᠤᠯ ᠤᠨ ᠮᠦᠸᠢᠽᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠳ᠋ᠢᠶᠠᠮᠧᠲᠷ ᠨᠢ 20 ᠮᠧᠲᠷ ᠲᠤ ᠬᠦᠷᠬᠦ ᠮᠣᠩᠭᠤᠯ ᠭᠡᠷ ᠢ 2 ᠪᠠᠶᠢᠭᠤᠯᠵᠤ᠂ ᠦᠵᠡᠭᠦᠯᠦᠯᠭᠡ ᠶᠢᠨ ᠪᠣᠳᠠᠰ᠂ ᠦᠵᠡᠭᠦᠯᠦᠯᠭᠡ ᠶᠢᠨ ᠠᠪᠳᠠᠷ᠎ᠠ᠂ ᠮᠣᠩᠭᠤᠯ ᠠᠳᠤᠭᠤᠨ ᠤ ᠱᠤᠭᠤᠮᠠᠯ ᠵᠡᠷᠭᠡ ᠲᠦᠭᠦᠬᠡᠷᠦᠮᠵᠢ ᠶᠢ ᠢᠵᠢ ᠪᠦᠷᠢᠳᠦᠭᠦᠯᠦᠨ᠎ᠠ᠃ ᠬᠦᠭᠡ ᠲᠠᠯᠠᠨ ᠬᠠᠯᠢᠰᠤ ᠵᠢᠮᠢᠰ ᠤᠨ ᠡᠳᠡᠰᠢᠬᠦᠯᠦᠯᠳᠡ ᠶᠢᠨ ᠦᠢᠯᠡᠳᠪᠦᠷᠢ ᠶᠢᠨ ᠭᠡᠷ᠂ ᠭᠦᠢᠲᠡᠨ ᠬᠦᠮᠦᠷᠭᠡ ᠵᠡᠷᠭᠡ ᠲᠦᠯᠦᠪᠵᠢᠭᠦᠯᠭᠡ ᠲᠦᠰᠦᠪᠯᠡᠯ ᠤᠨ ᠡᠮᠦᠨᠡᠬᠢ ᠬᠤᠭᠤᠴᠠᠭᠠᠨ ᠎ ᠤ ᠠᠵᠢᠯ ᠢ ᠠᠬᠢᠭᠤᠯᠤᠨ᠂ ᠲᠣᠰ ᠵᠢᠯ ᠳᠡᠭᠡᠨ ᠪᠠᠷᠢᠯᠭ᠎ᠠ ᠳᠠᠭᠤᠰᠬᠠᠨ ᠰᠢᠯᠭᠠᠨ ᠠᠪᠤᠯᠲᠠ ᠬᠢᠵᠤ ᠠᠰᠢᠭᠯᠠᠯᠲᠠ ᠳᠤ ᠣᠷᠤᠭᠤᠯᠬᠤ ᠪᠠᠷ ᠴᠢᠷᠮᠠᠶᠢᠨ᠎ᠠ᠃ ᠪᠦᠬᠦ ᠬᠤᠰᠢᠭᠤᠨ ᠤ ᠣᠳᠤᠬᠢᠴᠢᠯᠠᠭᠰᠠᠨ ᠬᠦᠯᠳᠡᠭᠦᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠤ᠂ ᠰᠣᠶᠤᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠭᠤᠯᠤᠨ ᠳᠠᠶᠢᠴᠢᠯᠠᠬᠤ ᠳᠤ ᠲᠦᠰᠢᠭᠯᠡᠨ᠂ ᠭᠠᠴᠠᠭᠠᠨ ᠤ ᠪᠣᠬᠢᠷᠳᠤᠯ ᠦᠭᠡᠢ ᠳᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠵᠡᠷᠭᠡ ᠣᠨᠴᠠᠯᠢᠭᠲᠤ ᠪᠦᠲᠦᠭᠡᠭᠳᠡᠭᠦᠨ ᠤ ᠦᠷᠳᠡᠭ ᠢ ᠦᠷᠭᠦᠯᠵᠢᠯᠡᠨ ᠳᠡᠭᠡᠭᠰᠢᠯᠡᠭᠦᠯᠦᠨ᠎ᠠ᠃   ᠬᠦᠳᠡᠭᠡ ᠨᠤᠲᠤᠭ ᠤᠨ ᠨᠠᠷᠢᠯᠢᠭ ᠭᠤᠶᠢᠳᠠ ᠵᠢᠭᠤᠯᠴᠢᠯᠠᠯ ᠤᠨ ᠰᠢᠨ᠎ᠠ ᠰᠠᠭᠤᠷᠢ ᠶᠢ ᠪᠠᠬᠢᠵᠢᠭᠦᠯᠦᠨ᠎ᠠ᠃ ᠬᠦᠳᠡᠭᠡ ᠨᠤᠲᠤᠭ ᠤᠨ ᠵᠢᠭᠤᠯᠴᠢᠯᠠᠯ ᠤᠨ ᠭᠤᠸ᠎ᠠ ᠰᠠᠶᠢᠬᠠᠨ ᠤ ᠰᠢᠨ᠎ᠠ ᠤᠬᠠᠮᠰᠠᠷ ᠢ ᠪᠣᠢ ᠪᠣᠯᠭᠠᠨ᠂ ᠭᠤᠸ᠎ᠠ ᠵᠦᠢ ᠶᠢᠨ ᠣᠶᠢᠯᠠᠭᠠᠭᠳᠠᠬᠤᠨ ᠢ ᠬᠦᠳᠡᠭᠡ ᠨᠤᠲᠤᠭ ᠤᠨ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠲᠠ ᠳᠤ ᠠᠭᠤᠰᠬᠠᠵᠤ᠂ ᠨᠡᠩ ᠨᠠᠷᠢᠯᠢᠭ ᠨᠡᠩ ᠭᠤᠶᠢᠳᠠ ᠵᠢᠭᠤᠯᠴᠢᠯᠠᠯ ᠤᠨ ᠬᠦᠳᠡᠭᠡ ᠨᠤᠲᠤᠭ ᠢ ᠪᠠᠶᠢᠭᠤᠯᠤᠨ᠎ᠠ᠃ ᠠᠮᠤᠭᠤᠯᠠᠩ᠂ ᠭᠠᠨᠵᠤᠤᠷ ᠰᠤᠮᠤ᠂ ᠴᠠᠭᠠᠨ ᠪᠠᠯᠭᠠᠰᠤ ᠵᠡᠷᠭᠡ ᠭᠤᠷᠪᠠᠨ ᠭᠠᠵᠠᠷ ᠤᠨ ᠵᠢᠭᠤᠯᠴᠢᠯᠠᠯ ᠤᠨ ᠬᠦᠭᠵᠢᠯᠲᠡ ᠶᠢᠨ ᠨᠡᠪᠲᠡᠷᠡᠯ ᠵᠠᠮ ᠤᠨ ︽ᠬᠠᠮᠤᠭ ᠤᠨ ᠡᠴᠦᠰ ᠤᠨ ᠨᠢᠭᠡ ᠺᠢᠯᠤᠮᠧᠲᠷ︾᠎ ᠢ ᠨᠡᠪᠲᠡᠷᠡᠭᠦᠯᠵᠤ᠂ ᠠᠮᠤᠭᠤᠯᠠᠩ ᠠᠴᠠ ᠭᠠᠨᠵᠤᠤᠷ ᠤᠨ ᠦᠵᠡᠮᠵᠢᠲᠤ ᠣᠷᠤᠨ ᠬᠦᠷᠬᠦ ᠭᠤᠷᠪᠠᠳᠤᠭᠠᠷ ᠳᠡᠰ ᠤᠨ 17 ᠺᠢᠯᠤᠮᠧᠲᠷ ᠴᠠᠷᠳᠠᠮᠠᠯ ᠵᠠᠮ᠂ ᠭᠠᠨᠵᠤᠤᠷ ᠤᠨ ᠦᠵᠡᠮᠵᠢᠲᠤ ᠣᠷᠤᠨ ᠎ ᠠᠴᠠ ᠳ᠋ᠠᠴᠢᠩ ᠤᠨ ᠰᠦᠮ᠎ᠠ ᠶᠢᠨ ᠨᠠᠭᠤᠷ ᠤᠨ ᠠᠵᠢᠯᠯᠠᠬᠤ ᠲᠣᠭᠤᠷᠢᠭ ᠬᠦᠷᠬᠦ ᠭᠤᠷᠪᠠᠳᠤᠭᠠᠷ ᠳᠡᠰ ᠤᠨ 30 ᠺᠢᠯᠤᠮᠧᠲᠷ ᠣᠷᠳᠤ ᠪᠧᠲ᠋ᠣᠨ ᠵᠠᠮ ᠢ ᠦᠷᠭᠡᠳᠭᠡᠨ ᠪᠠᠶᠢᠭᠤᠯᠤᠨ᠎ᠠ᠃ ᠬᠤᠭ ᠨᠤᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠳᠠᠯᠠᠪᠤᠷ ᠢ ᠰᠢᠨ᠎ᠠ ᠪᠠᠷ 7 ᠪᠠᠶᠢᠭᠤᠯᠵᠤ᠂ ᠠᠮᠢᠳᠤᠷᠠᠯ ᠤᠨ ᠪᠣᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢ 2᠂ ᠮᠠᠯᠵᠢᠬᠤ ᠣᠷᠤᠨ ᠤ ᠡᠷᠡᠭᠦᠯ ᠬᠠᠮᠠᠭᠠᠯᠠᠯ ᠤᠨ ᠵᠣᠷᠯᠤᠩ ᠢ 50 ᠪᠠᠶᠢᠭᠤᠯᠤᠨ᠎ᠠ᠃ ᠭᠠᠩ ᠲᠠᠢ ᠲᠡᠮᠡᠴᠡᠬᠦ ᠬᠤᠳᠳᠤᠭ ᠢ 43᠂ ᠲᠦᠪᠯᠡᠷᠡᠩᠭᠦᠢ ᠤᠰᠤ ᠬᠠᠩᠭᠠᠬᠤ ᠴᠢᠭ᠋ ᠢ 1᠂ ᠲᠦᠪᠯᠡᠷᠡᠩᠭᠦᠢ ᠤᠰᠤ ᠬᠠᠩᠭᠠᠬᠤ 1 ᠬᠤᠳᠳᠤᠭ ᠤᠨ ᠭᠡᠷ ᠢ ᠰᠡᠯᠪᠢᠨ ᠵᠠᠰᠠᠨ᠎ᠠ᠃ ᠵᠢᠭᠤᠯᠴᠢᠯᠠᠯ ᠤᠨ ᠥᠪᠡᠷᠲᠡᠭᠡᠨ ᠲᠡᠷᠭᠡ ᠵᠢᠯᠤᠭᠤᠳᠤᠨ ᠬᠤᠨᠤᠭᠯᠠᠬᠤ ᠭᠠᠵᠠᠷ ᠢ 2 ᠪᠠᠶᠢᠭᠤᠯᠤᠨ᠂ ᠴᠠᠭᠠᠨ ᠪᠠᠯᠭᠠᠰᠤ ᠶᠢᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠣᠷᠳᠤᠨ ᠢ ᠪᠠᠶᠢᠭᠤᠯᠵᠤ ᠳᠠᠭᠤᠰᠬᠠᠨ᠂ ᠮᠠᠯᠵᠢᠬᠤ ᠣᠷᠤᠨ ᠤ ᠰᠠᠭᠤᠬᠤ ᠣᠷᠴᠢᠨ ᠪᠠ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠠ᠃     ᠬᠦᠳᠡᠭᠡ ᠨᠤᠲᠤᠭ ᠤᠨ ᠵᠢᠭᠤᠯᠴᠢᠯᠠᠯ ᠤᠨ ᠰᠢᠨ᠎ᠠ ᠲᠦᠷᠢ ᠲᠦᠷᠬᠦ ᠶᠢ ᠨᠠᠷᠢᠯᠢᠭᠵᠢᠭᠤᠯᠤᠨ᠎ᠠ᠃ ᠮᠠᠯᠵᠢᠬᠤ ᠣᠷᠤᠨ ᠤ ᠬᠠᠮᠳᠤ ᠨᠡᠶᠢᠲᠡ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠤ ᠂ ᠭᠠᠵᠠᠷ ᠰᠢᠷᠤᠢ ᠪᠠ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠎ ᠶᠢᠨ ᠡᠷᠬᠡ ᠶᠢ ᠬᠤᠪᠢᠶᠠᠷᠢᠯᠠᠬᠤ ᠳᠦᠷᠢᠮ ᠢ ᠬᠡᠷᠡᠭᠵᠢᠭᠦᠯᠦᠨ᠂ ᠭᠠᠵᠠᠷ ᠰᠢᠷᠤᠢ ᠪᠠ ᠨᠤᠲᠤᠭ ᠪᠡᠯᠴᠢᠭᠡᠷ ᠤᠨ ᠳᠠᠭᠠᠴᠢᠯᠠᠯᠲᠠ ᠡᠵᠡᠩᠨᠡᠯᠲᠡ ᠶᠢᠨ ᠡᠷᠬᠡ ᠶᠢᠨ ᠳᠦᠷᠢᠮᠵᠢᠭᠦᠯᠦᠭᠰᠡᠨ ᠰᠢᠯᠵᠢᠭᠦᠯᠦᠯᠲᠡ ᠶᠢ ᠵᠢᠯᠤᠭᠤᠳᠴᠤ᠂ ᠲᠤᠰᠬᠠᠶᠢᠵᠢᠯ ᠤᠨ ᠲᠤᠮᠤ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠰᠬᠠᠢ ᠬᠤᠷᠰᠢᠶᠠᠵᠢᠯ ᠵᠡᠷᠭᠡ ᠰᠢᠨ᠎ᠠ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠶᠢ ᠬᠦᠴᠦᠯᠡᠨ ᠬᠦᠮᠦᠵᠢᠭᠦᠯᠦᠨ᠎ᠠ᠃ ᠬᠦᠳᠡᠭᠡ ᠨᠤᠲᠤᠭ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠦᠷᠨᠢᠭᠦᠯᠵᠤ᠂ ᠭᠠᠴᠠᠭᠠᠨ ᠤ ᠦᠵᠡᠰᠭᠦᠯᠡᠩᠲᠤ ᠭᠡᠷ ᠣᠷᠤᠨ ᠢ ᠪᠦᠲᠦᠭᠡᠨ ᠪᠠᠶᠢᠭᠤᠯᠬᠤ ᠢᠳᠡᠪᠬᠢ ᠴᠢᠨᠠᠷ᠂ ᠬᠦᠳᠡᠯᠦᠩᠭᠦᠢ ᠴᠢᠨᠠᠷ ᠢ ᠳᠠᠶᠢᠴᠢᠯᠠᠨ᠂ ᠣᠶᠢᠷ᠎ᠠ ᠬᠠᠪᠢ ᠶᠢᠨ ᠬᠦᠳᠡᠭᠡ ᠨᠤᠲᠤᠭ ᠤᠨ ᠵᠢᠭᠤᠯᠴᠢᠯᠠᠯ ᠤᠨ ᠬᠦᠭᠵᠢᠯᠲᠡ ᠶᠢᠨ ᠲᠡᠷᠢᠭᠦᠨ ᠤ ᠭᠠᠵᠠᠷ ᠣᠷᠤᠨ ᠲᠠᠢ ᠬᠠᠷᠢᠴᠠᠭᠤᠯᠵᠤ᠂ ᠭᠤᠶᠤᠵᠢᠭᠤᠯᠤᠯᠲᠠ ᠨᠣᠭᠤᠭᠠᠷᠠᠭᠤᠯᠤᠯᠲᠠ ᠭᠡᠷᠡᠯᠳᠦᠭᠦᠯᠭᠡ ᠶᠢᠨ ᠠᠵᠢᠯ ᠢ ᠬᠦᠴᠦᠲᠠᠢ ᠦᠷᠨᠢᠭᠦᠯᠦᠨ᠂ ᠬᠦᠳᠡᠭᠡ ᠨᠤᠲᠤᠭ ᠤᠨ ᠲᠦᠷᠢ ᠲᠦᠷᠬᠦ ᠶᠢ ᠭᠤᠸᠠᠵᠢᠭᠤᠯᠬᠤ ᠬᠦᠳᠡᠯᠭᠡᠭᠡᠨ ᠦᠷᠨᠢᠭᠦᠯᠵᠤ᠂ ᠣᠷᠴᠢᠨ ᠲᠣᠭᠤᠷᠢᠨ ᠤ ᠵᠠᠰᠠᠯᠲᠠ ᠎ ᠶᠢᠨ ᠬᠡᠯᠪᠡᠷᠢ ᠪᠠ ᠣᠷᠳᠤ ᠬᠤᠭᠤᠴᠠᠭᠠᠨ ᠤ ᠪᠦᠲᠦᠮᠵᠢᠲᠤ ᠬᠠᠮᠢᠶᠠᠷᠤᠯᠲᠠ ᠬᠠᠮᠠᠭᠠᠯᠠᠯᠲᠠ ᠶᠢᠨ ᠲᠣᠭᠳᠠᠴᠠ ᠶᠢ ᠪᠦᠷᠢᠨᠰᠢᠭᠦᠯᠦᠨ᠂ ᠰᠠᠭᠤᠬᠤ ᠠᠵᠢᠯᠯᠠᠬᠤ ᠵᠣᠭᠠᠴᠠᠬᠤ ᠳᠤ ᠳᠠᠭᠠᠯᠠᠮᠵᠢᠲᠠᠢ ᠣᠨᠴᠠᠯᠢᠭᠲᠤ ᠬᠦᠳᠡᠭᠡ ᠨᠤᠲᠤᠭ ᠢ ᠪᠦᠲᠦᠭᠡᠨ ᠪᠠᠶᠢᠭᠤᠯᠤᠨ᠎ᠠ᠃ ᠬᠠᠮᠳᠤ ᠨᠡᠶᠢᠲᠡ ᠶᠢᠨ ᠠᠵᠤ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠵᠤ᠂ ᠲᠣᠬᠢᠷᠠᠮᠵᠢᠲᠠᠢ ᠭᠠᠵᠠᠷ ᠲᠤ ᠣᠨᠴᠠᠯᠢᠭᠲᠤ ᠳᠠᠷᠢᠮᠠᠯ ᠲᠡᠵᠢᠭᠡᠪᠦᠷᠢ᠂ ᠤᠯᠠᠮᠵᠢᠯᠠᠯᠲᠤ ᠭᠠᠷ ᠤᠷᠠᠯᠠᠯ ᠦᠢᠯᠡᠳᠬᠦ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠬᠦᠷᠢᠶ᠎ᠡ ᠬᠠᠰᠢᠶ᠎ᠠ ᠶᠢᠨ ᠠᠵᠤ ᠠᠬᠤᠢ ᠵᠡᠷᠭᠡ ᠳᠠᠪᠠᠭᠤᠯᠢᠭ ᠠᠵᠤ ᠦᠢᠯᠡᠰ ᠢ ᠬᠦᠮᠦᠵᠢᠭᠦᠯᠦᠨ᠂ ᠬᠦᠳᠡᠭᠡ ᠨᠤᠲᠤᠭ ᠤᠨ ᠵᠢᠭᠤᠯᠴᠢᠯᠠᠯ ᠤᠨ ᠬᠦᠭᠵᠢᠭᠦᠯᠦᠯᠲᠡ ᠶᠢᠨ ᠲᠦᠯᠦᠪᠰᠢᠷᠡᠯ ᠳᠤ ᠠᠭᠤᠰᠬᠤ ᠶᠢ ᠲᠦᠷᠭᠡᠳᠭᠡᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号