ᠦᠰᠦᠭ ᠪᠢᠴᠢᠭ ᠢᠶᠠᠷ ᠥᠭᠦᠯᠡᠬᠦᠢ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ2022 ᠣᠨ ᠤ ᠠᠵᠢᠯ ᠤᠨ ᠲᠣᠬᠢᠷᠠᠭᠤᠯᠤᠯᠲᠠ  ︵ᠲᠠᠪᠤ︶
ᠨᠡᠶᠢᠲᠡᠯᠡᠭᠰᠡᠨ ᠴᠠᠭ᠄
2022/11/28
    ︵ᠲᠠᠪᠤ︶ ᠪᠣᠬᠢᠷᠳᠤᠯ ᠦᠭᠡᠢ ᠬᠦᠭᠵᠢᠯᠲᠡ ᠪᠠᠷ ᠦᠨᠳᠦᠰᠦᠨ ᠵᠣᠷᠢᠯᠲᠠ ᠪᠣᠯᠭᠠᠨ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠪᠦᠬᠦ ᠳᠠᠯ᠎ᠠ ᠪᠠᠷ ᠴᠢᠩᠭᠠᠳᠬᠠᠨ᠎ᠠ    ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠦᠯᠦᠨ ᠨᠠᠭᠤᠷ ᠤᠨ ᠵᠠᠰᠠᠯᠲᠠ ᠶᠢᠨ ᠦᠷ᠎ᠡ ᠪᠦᠲᠦᠭᠡᠯ ᠢ ᠪᠦᠬᠦ ᠳᠠᠯ᠎ᠠ ᠪᠠᠷ ᠪᠠᠲᠤᠳᠬᠠᠨ᠂ ᠰᠢᠨ᠎ᠠ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ 87.8 ᠲᠦᠮᠡᠨ ᠮᠤ᠋ ᠲᠠᠯ᠎ᠠ ᠨᠤᠲᠤᠭ ᠤᠨ ᠠᠮᠢ ᠠᠬᠤᠢ ᠶᠢᠨ ᠵᠠᠰᠠᠯᠲᠠ ᠰᠡᠷᠭᠦᠭᠡᠯᠲᠡ᠂ ᠮᠠᠯᠵᠢᠬᠤ ᠶᠢ ᠵᠣᠭᠰᠤᠭᠠᠨ ᠪᠡᠯᠴᠢᠭᠡᠷ ᠰᠡᠷᠭᠦᠭᠡᠬᠦ ᠲᠦᠷᠦᠯ ᠵᠦᠢᠯ ᠢ ᠬᠡᠷᠡᠭᠵᠢᠭᠦᠯᠦᠨ᠂ 400 ᠲᠦᠮᠡᠨ ᠮᠤ᠋ ᠲᠠᠯ᠎ᠠ ᠨᠤᠲᠤᠭ ᠤᠨ ᠬᠤᠯᠤᠭᠠᠨ᠎ᠠ ᠎ ᠶᠢᠨ ᠭᠠᠮᠰᠢᠭ ᠢ ᠰᠡᠷᠭᠡᠶᠢᠯᠡᠨ ᠵᠠᠰᠠᠵᠤ᠂ ᠤᠯᠤᠰ ᠤᠨ ᠨᠡᠶᠢᠲᠡ ᠶᠢᠨ ᠠᠰᠢᠭᠲᠤ 88.6 ᠲᠦᠮᠡᠨ ᠮᠤ᠋ ᠣᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠨᠠᠶᠢᠳᠠᠪᠤᠷᠢᠵᠢᠭᠤᠯᠵᠤ᠂ 8300 ᠮᠤ᠋ ᠭᠠᠵᠠᠷ ᠲᠤ ᠬᠦᠮᠦᠨ ᠤ ᠬᠦᠴᠦ ᠪᠠᠷ ᠣᠶᠢᠵᠢᠭᠤᠯᠬᠤ ᠵᠢᠴᠢ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠠ᠃ ᠠᠯᠳᠠᠨ ᠤᠰᠤᠨ ᠴᠦᠭᠦᠷᠦᠮ ᠤᠨ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠭᠡᠵᠤ᠂ ᠠᠭᠤᠷᠬᠠᠢ ᠶᠢᠨ ᠬᠠᠶᠠᠭᠳᠠᠮᠠᠯ ᠨᠦᠭᠡ᠂ ᠨᠤᠭᠤ ᠭᠠᠵᠠᠷ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠢᠳᠡᠪᠬᠢᠲᠡᠢ ᠦᠷᠨᠢᠭᠦᠯᠦᠨ᠎ᠠ᠃   ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠢ ᠦᠷᠭᠦᠯᠵᠢᠯᠡᠩᠭᠦᠢ ᠦᠷᠨᠢᠭᠦᠯᠦᠨ᠎ᠠ᠃ ᠤᠰᠤᠨ ᠤ ᠣᠷᠴᠢᠨ ᠲᠣᠭᠤᠷᠢᠨ ᠤ ᠰᠢᠯᠭᠠᠨ ᠪᠠᠶᠢᠴᠠᠭᠠᠯᠲᠠ ᠪᠠ ᠬᠠᠮᠢᠶᠠᠷᠤᠯᠲᠠ ᠡᠵᠡᠮᠰᠢᠯ ᠤᠨ ᠬᠦᠴᠦᠯᠡᠴᠡ ᠪᠠᠨ ᠴᠢᠩᠭᠠᠳᠬᠠᠵᠤ᠂ ᠬᠦᠷᠦᠰᠤ ᠪᠠ ᠭᠠᠵᠠᠷ ᠳᠣᠣᠷᠠᠬᠢ ᠤᠰᠤᠨ ᠤ ᠪᠣᠬᠢᠷᠳᠤᠯ ᠤᠨ ᠠᠷᠬᠠᠭ ᠭᠡᠮ ᠢ ᠲᠤᠳᠤᠯᠠᠨ ᠪᠠᠶᠢᠴᠠᠭᠠᠬᠤ ᠳᠦᠷᠢᠮ ᠪᠠᠶᠢᠭᠤᠯᠤᠨ᠂ ᠠᠶᠤᠯᠲᠠᠢ ᠬᠠᠶᠠᠭᠳᠠᠮᠠᠯ ᠪᠣᠳᠠᠰ ᠢ ᠬᠠᠤᠯᠢ ᠪᠣᠰᠤ ᠪᠠᠷ ᠬᠤᠷᠢᠶᠠᠨ ᠴᠤᠭᠯᠠᠭᠤᠯᠬᠤ᠂ ᠭᠠᠳᠠᠭᠰᠢᠯᠠᠭᠤᠯᠬᠤ᠂ ᠴᠢᠳᠬᠤᠬᠤ᠂ ᠰᠢᠢᠳᠪᠦᠷᠢᠯᠡᠬᠦ ᠵᠡᠷᠭᠡ ᠣᠷᠴᠢᠨ ᠲᠣᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠤ᠂ ᠪᠣᠬᠢᠷᠳᠤᠯ ᠢ ᠰᠡᠷᠭᠡᠶᠢᠯᠡᠨ ᠵᠠᠰᠠᠬᠤ ᠲᠣᠭᠤᠷᠢᠭ ᠬᠤᠪᠢᠶᠠᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ︽ᠰᠤᠯᠠ ᠵᠠᠳᠠᠭᠠᠢ ᠵᠠᠮᠪᠠᠷᠠᠭ᠎ᠠ ᠦᠭᠡᠢ ᠪᠣᠬᠢᠷᠳᠤᠯ ᠲᠠᠢ︾ ᠠᠵᠤ ᠠᠬᠤᠶᠢᠯᠠᠯ ᠵᠡᠷᠭᠡ ᠠᠭᠠᠷ ᠮᠠᠨᠳᠠᠯ ᠤᠨ ᠪᠣᠬᠢᠷᠳᠤᠯ ᠤᠨ ᠲᠤᠰᠬᠠᠢ ᠲᠦᠷᠦᠯ ᠤᠨ ᠵᠠᠰᠠᠨ ᠴᠡᠭᠴᠡᠯᠡᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠠᠮᠤᠭᠤᠯᠠᠩ ᠪᠠᠯᠭᠠᠰᠤᠨ ᠤ ᠬᠤᠭ ᠨᠤᠪᠰᠢ ᠰᠢᠢᠳᠪᠦᠷᠢᠯᠡᠬᠦ ᠦᠢᠯᠡᠳᠪᠦᠷᠢ ᠶᠢᠨ ᠰᠢᠭᠠᠷᠤ ᠰᠢᠩᠭᠡᠨ ᠢ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠦᠨ᠂ ᠮᠠᠯ ᠵᠢᠭᠦᠷᠳᠡᠨ ᠤ ᠢᠯᠭᠠᠳᠠᠰᠤᠨ ᠤ ᠪᠣᠬᠢᠷᠳᠤᠯ ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠡᠬᠢᠯᠡᠭᠦᠯᠵᠤ ᠂ 6000 ᠬᠠᠪᠳᠠᠭᠠᠢ ᠳᠦᠷᠪᠡᠯᠵᠢᠨ ᠮᠧᠲᠷ ᠳᠠᠯᠠᠪᠠᠢ ᠲᠠᠢ ᠤᠷᠭᠠᠨᠢᠭ ᠪᠣᠷᠳᠤᠭᠤᠷ ᠤᠨ ᠦᠢᠯᠡᠳᠪᠦᠷᠢ ᠶᠢᠨ ᠭᠡᠷ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃    ᠠᠮᠢ ᠠᠬᠤᠢ ᠶᠢᠨ ᠪᠣᠯᠪᠠᠰᠤᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠭᠤᠷᠪᠠᠨ ᠲᠣᠭᠤᠷᠢᠭ ᠭᠤᠷᠪᠠᠨ ᠱᠤᠭᠤᠮ︾᠎ ᠤᠨ ᠬᠠᠮᠢᠶᠠᠷᠤᠯᠲᠠ ᠡᠵᠡᠮᠰᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠭᠤᠣᠯ ᠴᠤᠭᠴᠠᠲᠤ ᠴᠢᠳᠠᠮᠵᠢᠳᠤ ᠲᠣᠭᠤᠷᠢᠭ ᠤᠨ ᠲᠦᠯᠦᠪᠵᠢᠭᠦᠯᠭᠡ ᠳᠤ ᠨᠡᠶᠢᠴᠡᠬᠦ ᠦᠭᠡᠢ ᠲᠦᠷᠦᠯ ᠵᠦᠢᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠪᠠ ᠡᠨᠧᠷᠬᠢ ᠶᠢᠨ ᠬᠤᠷᠤᠭᠳᠠᠯ ᠤᠨ ᠬᠤᠣᠰ ᠬᠢᠵᠠᠭᠠᠷᠯᠠᠯ ᠎ ᠳᠤ ᠨᠡᠶᠢᠴᠡᠬᠦ ᠦᠭᠡᠢ ᠲᠦᠷᠦᠯ ᠵᠦᠢᠯ ᠢ ᠬᠡᠷᠡᠭᠵᠢᠭᠦᠯᠬᠦ ᠦᠭᠡᠢ ᠪᠠᠶᠢᠬᠤ ᠶᠢ ᠡᠷᠡᠰ ᠪᠡᠶᠡᠯᠡᠭᠦᠯᠦᠨ᠎ᠠ᠃ ᠣᠢ ᠰᠢᠭᠤᠢ ᠳᠠᠯ᠎ᠠ ᠨᠤᠲᠤᠭ ᠤᠨ ᠳᠠᠷᠤᠭ᠎ᠠ᠂ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠯᠠᠪᠳᠠᠭᠤᠨ ᠠᠬᠢᠭᠤᠯᠵᠤ᠂ ᠬᠠᠮᠤᠭ ᠎ ᠤᠨ ᠴᠢᠩᠭ᠎ᠠ ᠲᠠᠯ᠎ᠠ ᠨᠤᠲᠤᠭ ᠤᠨ ᠠᠮᠢ ᠠᠬᠤᠢ ᠶᠢᠨ ᠬᠢᠨᠠᠯᠲᠠ ᠲᠣᠭᠤᠷᠢᠨ ᠪᠠᠶᠢᠴᠠᠭᠠᠯᠲᠠ᠂ ᠬᠠᠮᠤᠭ ᠤᠨ ᠴᠢᠩᠭ᠎ᠠ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠂ ᠮᠠᠯᠵᠢᠬᠤ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠬᠠᠷᠢᠭᠤᠴᠠᠯᠭ᠎ᠠ ᠭᠦᠢᠴᠡᠳᠭᠡᠬᠦ ᠲᠠᠢ ᠬᠤᠯᠪᠤᠭᠳᠠᠭᠤᠯᠬᠤ ᠲᠣᠭᠳᠠᠴᠠ ᠶᠢ ᠴᠢᠩᠭ᠎ᠠ ᠬᠡᠷᠡᠭᠵᠢᠭᠦᠯᠦᠨ᠎ᠠ᠃ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠠᠷᠭ᠎ᠠ ᠠᠪᠴᠠᠯ ᠬᠡᠷᠡᠭᠵᠢᠭᠦᠯᠦᠨ᠂ ᠣᠯᠠᠨ ᠰᠠᠯᠠᠭ᠎ᠠ ᠮᠦᠴᠢᠷ ᠬᠠᠮᠳᠤᠷᠠᠨ ᠳᠠᠷᠢᠶᠠᠨ ᠭᠠᠵᠠᠷ᠂ ᠠᠳᠠᠷᠰᠢᠭᠤᠯᠤᠨ ᠣᠢ ᠮᠣᠳᠤ ᠡᠪᠡᠰᠤ ᠪᠡᠯᠴᠢᠭᠡᠷ ᠰᠡᠷᠭᠦᠭᠡᠬᠦ ᠲᠦᠷᠦᠯ ᠵᠦᠢᠯ ᠤᠨ ᠣᠷᠤᠨ᠂ ᠰᠢᠭᠤᠢ ᠶᠢᠨ ᠦᠢᠯᠡᠰ ᠤᠨ ᠠᠵᠢᠯᠯᠠᠬᠤ ᠲᠣᠭᠤᠷᠢᠭ ᠢ ᠬᠢᠨᠠᠨ ᠬᠠᠮᠢᠶᠠᠷᠴᠤ᠂ ᠬᠠᠤᠯᠢ ᠪᠣᠰᠤ ᠪᠠᠷ ᠰᠢᠭᠤᠶᠢᠲᠤ ᠭᠠᠵᠠᠷ᠂ ᠨᠤᠲᠤᠭ ᠪᠡᠯᠴᠢᠭᠡᠷ ᠡᠵᠡᠯᠡᠬᠦ᠂ ᠭᠡᠭᠡᠷ᠎ᠡ ᠶᠢᠨ ᠠᠮᠢᠳᠠᠨ ᠢ ᠳᠤᠷ᠎ᠠ ᠪᠠᠷ ᠪᠠᠨ ᠠᠩᠨᠠᠬᠤ ᠂ ᠭᠡᠭᠡᠷ᠎ᠡ ᠶᠢᠨ ᠡᠮᠳᠤ ᠣᠷᠭᠤᠮᠠᠯ ᠮᠠᠯᠳᠠᠬᠤ᠂ ᠬᠠᠤᠯᠢ ᠪᠣᠰᠤ ᠪᠠᠷ ᠬᠠᠶᠢᠷ ᠴᠢᠯᠠᠭᠤ ᠡᠯᠡᠰᠤ ᠮᠠᠯᠳᠠᠬᠤ ᠵᠡᠷᠭᠡ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠬᠠᠤᠯᠢ ᠳᠦᠷᠢᠮ ᠵᠦᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号