ᠦᠰᠦᠭ ᠪᠢᠴᠢᠭ ᠢᠶᠠᠷ ᠥᠭᠦᠯᠡᠬᠦᠢ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ2022 ᠣᠨ ᠤ ᠠᠵᠢᠯ ᠤᠨ ᠲᠣᠬᠢᠷᠠᠭᠤᠯᠤᠯᠲᠠ  ︵ᠵᠢᠷᠭᠤᠭ᠎ᠠ︶
ᠨᠡᠶᠢᠲᠡᠯᠡᠭᠰᠡᠨ ᠴᠠᠭ᠄
2022/11/28
    ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠡᠶ᠎ᠡ ᠨᠠᠶᠢᠷᠠᠮᠳᠠᠭᠤ ᠨᠡᠶᠢᠭᠡᠮ ᠢ ᠪᠠᠶᠢᠭᠤᠯᠬᠤ ᠪᠠᠷ ᠴᠢᠷᠮᠠᠶᠢᠨ᠎ᠠ     ᠨᠡᠶᠢᠭᠡᠮ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠨᠠᠭᠠᠳᠤ ᠵᠠᠬ᠎ᠠ ᠶᠢᠨ ᠪᠠᠲᠤᠯᠠᠪᠤᠷᠢ᠂ ᠣᠨᠴᠠ ᠬᠦᠴᠢᠷᠳᠡᠢ᠂ ᠵᠡᠮᠳᠡᠭ ᠵᠡᠷᠭᠡ ᠣᠯᠠᠨ ᠲᠦᠮᠡᠨ ᠤ ᠠᠪᠤᠷᠠᠨ ᠲᠤᠰᠠᠯᠠᠮᠵᠢ ᠶᠢᠨ ᠲᠦᠷᠦ ᠶᠢᠨ ᠪᠣᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠮᠵᠢ ᠶᠢᠨ ᠦᠢᠯᠡᠴᠢᠯᠡᠭᠡᠨ ᠢ ᠣᠨᠤᠪᠴᠢᠲᠠᠢ ᠬᠡᠷᠡᠭᠵᠢᠭᠦᠯᠦᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠦᠯᠦᠪᠯᠡᠯᠭᠡ ᠶᠢ ᠦᠷᠭᠦᠯᠵᠢᠯᠡᠨ ᠬᠡᠷᠡᠭᠵᠢᠭᠦᠯᠵᠤ᠂ ᠨᠠᠰᠤᠵᠢᠯ ᠤᠨ ᠳᠠᠭᠠᠳᠬᠠᠯ ᠤᠨ ᠬᠠᠤᠯᠢ ᠪᠠᠷ ᠲᠣᠭᠳᠠᠭᠰᠠᠨ ᠬᠦᠮᠦᠰ ᠤᠨ ᠪᠠᠲᠤᠯᠠᠬᠤ ᠶᠣᠰᠤᠲᠠᠢ ᠶᠢ ᠪᠦᠬᠦᠨ ᠢ ᠪᠠᠲᠤᠯᠠᠵᠤ᠂ ᠲᠣᠰ ᠵᠢᠯ ᠳᠡᠭᠡᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95%᠎ ᠠᠴᠠ ᠳᠡᠭᠡᠭᠰᠢ ᠳᠤ ᠬᠦᠷᠭᠡᠨ᠂ ᠳᠠᠭᠠᠳᠬᠠᠯ ᠤᠨ ᠰᠠᠭᠤᠷᠢ ᠮᠦᠩᠭᠦᠨ ᠤ ᠬᠠᠮᠢᠶᠠᠷᠤᠯᠲᠠ ᠶᠢᠨ ᠳᠦᠷᠢᠮᠵᠢᠯ ᠪᠠ ᠠᠵᠢᠯᠯᠠᠭᠠᠨ ᠤ ᠠᠮᠤᠷ ᠲᠦᠪᠰᠢᠨ ᠵᠡᠷᠭᠡ ᠠᠵᠢᠯ ᠢ ᠬᠦᠴᠦᠲᠠᠢ ᠠᠳᠬᠤᠨ᠎ᠠ᠃ ᠦᠢᠯᠡᠰ ᠪᠦᠲᠦᠭᠡᠬᠦ ᠠᠵᠢᠯ ᠣᠯᠭᠤᠬᠤ ᠢᠨᠵᠧᠨᠧᠷᠢᠩ ᠢ ᠠᠬᠢᠭᠤᠯᠤᠨ᠂ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠠᠵᠢᠯ ᠤᠨ ᠪᠠᠶᠢᠷᠢ ᠨᠡᠭᠡᠭᠡᠵᠤ᠂ ᠶᠡᠭᠡ ᠳᠡᠭᠡᠳᠤ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠤ᠂ ᠲᠤᠰ ᠵᠢᠯ ᠳᠡᠭᠡᠨ 210 ᠬᠦᠮᠦᠨ ᠳᠤ ᠠᠵᠢᠯ ᠣᠯᠭᠤᠨ᠎ᠠ᠃ ᠨᠠᠰᠤᠲᠠᠶᠢᠴᠤᠳ ᠤᠨ ᠣᠯᠠᠨ ᠳᠡᠰ ᠳᠡᠪᠬᠤᠷᠭ᠎ᠠ ᠣᠯᠠᠨ ᠶᠠᠩᠵᠤᠴᠢᠯᠠᠭᠰᠠᠨ ᠨᠠᠰᠤᠵᠢᠯ ᠤᠨ ᠱᠠᠭᠠᠷᠳᠠᠯᠭ᠎ᠠ ᠶᠢ ᠬᠦᠴᠦᠯᠡᠨ ᠬᠠᠩᠭᠠᠵᠤ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠲᠦᠬᠦᠬᠡᠷᠦᠮᠵᠢ ᠶᠢ ᠦᠭᠡᠷᠡᠴᠢᠯᠡᠨ ᠪᠠᠶᠢᠭᠤᠯᠵᠤ ᠳᠡᠰ ᠳᠡᠪᠰᠢᠭᠦᠯᠬᠦ ᠲᠦᠷᠦᠯ ᠵᠦᠢᠯ ᠢ ᠢᠳᠡᠪᠬᠢᠲᠡᠢ ᠭᠤᠶᠤᠴᠢᠯᠠᠨ᠂ ᠠᠮᠤᠭᠤᠯᠠᠩ ᠪᠠᠯᠭᠠᠰᠤᠨ ᠤ ᠲᠤᠷᠰᠢᠯᠲᠠ ᠶᠢᠨ ᠴᠢᠭ᠋ ᠎ ᠲᠤ ᠨᠡᠶᠢᠭᠡᠮ ᠲᠣᠭᠤᠷᠢᠭ ᠤᠨ ᠭᠡᠷ ᠲᠤ ᠨᠢ ᠠᠰᠠᠷᠠᠬᠤ ᠦᠢᠯᠡᠴᠢᠯᠡᠭᠡ ᠦᠷᠨᠢᠭᠦᠯᠦᠨ᠎ᠠ᠃ ᠣᠷᠤᠰᠢᠭᠤᠯᠭ᠎ᠠ ᠶᠢᠨ ᠬᠦᠷᠢᠶᠡᠨ ᠤ ᠦᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠠᠬᠢᠭᠤᠯᠵᠤ᠂ ᠣᠷᠤᠰᠢᠭᠤᠯᠭ᠎ᠠ ᠶᠢᠨ ᠶᠣᠰᠤᠯᠠᠯ ᠤᠨ ᠣᠷᠳᠤᠨ ᠢ ᠳᠡᠰ ᠳᠡᠪᠰᠢᠭᠦᠯᠦᠨ ᠦᠭᠡᠷᠡᠴᠢᠯᠡᠨ ᠪᠠᠶᠢᠭᠤᠯᠬᠤ ᠪᠠ ᠨᠡᠶᠢᠲᠡ ᠶᠢᠨ ᠠᠰᠢᠭᠲᠤ ᠴᠢᠨᠠᠷᠲᠠᠢ ᠤᠩᠭᠤᠨ ᠤ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠠ᠃ ᠤᠯᠠᠭᠠᠠᠮᠦ᠋ᠴᠢᠷ ᠤᠨ ︽ᠭᠤᠷᠪᠠᠨ ᠲᠦᠷᠦᠯ ᠤᠨ ᠳᠦᠷᠢᠮ︾᠎ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠴᠠᠭ᠎ᠠ ᠨᠡᠶᠢᠭᠡᠮ ᠲᠣᠭᠤᠷᠢᠭ᠂ ᠦᠨᠳᠦᠰᠦᠨ ᠱᠠᠲᠤᠨ ᠳᠤ ᠲᠣᠭᠯᠠᠯᠲᠠ ᠭᠠᠷᠭᠠᠵᠤ ᠠᠷᠠᠳ ᠲᠤ ᠠᠰᠢᠭ ᠬᠦᠷᠳᠡᠭᠡᠬᠦ ᠬᠦᠳᠡᠯᠭᠡᠭᠡᠨ ᠢ ᠭᠦᠨᠵᠡᠭᠡᠢ ᠦᠷᠨᠢᠭᠦᠯᠵᠤ᠂ 2280 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠤᠯᠠᠭᠠᠠᠮᠦ᠋ᠴᠢᠷ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠰᠢᠨ᠎ᠠ ᠪᠠᠷ ᠪᠠᠶᠢᠭᠤᠯᠤᠨ᠂ ᠨᠡᠭᠦᠳᠡᠯ ᠬᠤᠯᠪᠤᠭᠠᠨ ᠤ ᠲᠣᠬᠢᠶᠠᠨ ᠤ 15 ᠰᠠᠭᠤᠷᠢ ᠦᠷᠳᠡᠭᠡ ᠶᠢ ᠪᠦᠲᠦᠭᠡᠨ ᠪᠠᠶᠢᠭᠤᠯᠬᠤ ᠪᠠᠷ ᠭᠤᠶᠤᠴᠢᠯᠠᠵᠤ᠂ ᠷᠠᠳᠢᠤ᠋ ᠲᠧᠯᠸᠢᠰ ᠤᠨ ᠰᠦᠯᠵᠢᠶ᠎ᠡ ᠶᠢᠨ ᠣᠯᠠᠨ ᠨᠡᠶᠢᠲᠡ ᠎ ᠶᠢᠨ ᠰᠣᠶᠤᠯ ᠤᠨ ᠦᠢᠯᠡᠴᠢᠯᠡᠭᠡᠨ ᠤ ᠰᠢᠰᠲ᠋ᠧᠮ ᠤᠨ ᠪᠦᠷᠭᠦᠴᠡ ᠶᠢ ᠦᠷᠭᠡᠳᠭᠡᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ ᠦᠷᠭᠡᠳᠭᠡᠵᠤ᠂ ︽ᠳᠦᠷᠪᠡ ᠶᠢ ᠳᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠭᠦᠢ ᠰᠢᠯᠭᠠᠨ ᠪᠠᠶᠢᠴᠠᠭᠠᠯᠲᠠ ᠪᠠ ᠬᠠᠪᠰᠤᠷᠤᠨ ᠲᠡᠳᠭᠦᠬᠦ ᠲᠣᠭᠳᠠᠴᠠ ᠶᠢ ᠪᠦᠷᠢᠨᠰᠢᠭᠦᠯᠵᠤ᠂ ᠬᠠᠪᠰᠤᠷᠤᠨ ᠲᠡᠳᠭᠦᠬᠦ ᠲᠦᠷᠦᠯ ᠵᠤᠶᠢᠯ ᠤᠨ ᠰᠢᠯᠢᠳᠡᠭ ᠴᠢᠨᠠᠷᠲᠠᠢ ᠤᠷᠴᠢᠯ᠂ ᠲᠣᠭᠳᠠᠭᠤᠨ ᠤᠷᠴᠢᠯ ᠢ ᠪᠠᠲᠤᠯᠠᠨ᠂ ᠬᠡᠪᠴᠢᠶᠠᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠬᠤᠷᠢᠭᠠᠳᠤ ᠱᠤᠭᠤᠮ ᠢ ᠡᠷᠡᠰ ᠰᠠᠬᠢᠨ᠎ᠠ᠃   ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠠ᠃ ᠠᠷᠠᠳ ᠤᠨ ᠡᠮᠨᠡᠯᠭᠡ ᠶᠢᠨ ᠬᠤᠷᠢᠶ᠎ᠡ ᠨᠢ ᠠᠷᠠᠳ ᠲᠦᠮᠡᠨ ᠤ ᠲᠦᠯᠦᠭᠡ ᠪᠠᠶᠢᠬᠤ ᠦᠨᠳᠦᠰᠦᠨ ᠵᠣᠷᠢᠯᠲᠠ ᠶᠢᠨ ᠦᠵᠡᠯ ᠰᠠᠨᠠᠭ᠎ᠠ ᠶᠢ ᠱᠤᠭᠤᠵᠤ᠂ ︽ᠬᠤᠷᠢᠶᠠᠨ ᠳᠠᠷᠤᠭ᠎ᠠ ᠶᠢᠨ ᠳᠦᠷᠢᠮ︾᠎ ᠤᠨ ᠬᠠᠮᠢᠶᠠᠷᠤᠯᠲᠠ ᠬᠠᠷᠢᠭᠤᠴᠠᠯᠭ᠎ᠠ ᠶᠢ ᠪᠣᠳᠠᠳᠠᠶᠢᠵᠢᠭᠤᠯᠤᠨ᠂ ᠡᠮᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠰᠢᠨᠡᠴᠢᠯᠡᠨ ᠳᠡᠭᠡᠭᠰᠢᠯᠡᠭᠦᠯᠵᠤ᠂ ᠬᠤᠰᠢᠭᠤᠨ ᠎ ᠤ ᠠᠷᠠᠳ ᠤᠨ ᠡᠮᠨᠡᠯᠭᠡ ᠶᠢᠨ ᠬᠤᠷᠢᠶᠡᠨ ᠤ 3200 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠪᠠᠴᠢᠮ ᠡᠮᠴᠢᠯᠡᠭᠡ ᠪᠠᠴᠢᠮ ᠠᠪᠤᠷᠠᠯᠲᠠ ᠬᠡᠦᠬᠡᠳ ᠤᠨ ᠰᠠᠯᠠᠭᠠᠨ ᠤ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠎ ᠶᠢ ᠲᠦᠷᠭᠡᠳᠭᠡᠵᠤ᠂ 2400 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠬᠠᠯᠳᠠᠪᠤᠷᠢᠳᠤ ᠡᠪᠡᠳᠴᠢᠨ ᠤ ᠲᠣᠭᠤᠷᠢᠭ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠪᠠᠶᠢᠭᠤᠯᠤᠨ᠂ ︽ᠲᠣᠣᠷ ᠰᠦᠯᠵᠢᠶ᠎ᠡ + ᠵᠢᠵᠢᠭ ᠡᠮ ᠤᠨ ᠬᠠᠶᠢᠷᠴᠠᠭ + ᠵᠢᠵᠢᠭ ᠡᠮ ᠤᠨ ᠰᠠᠪᠠ︾᠎ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠵᠠᠯᠭᠠᠮᠵᠢᠯᠠᠯ ᠰᠢᠨᠡᠴᠢᠯᠡᠯ ᠢ ᠠᠬᠢᠭᠤᠯᠤᠨ᠂ ᠣᠷᠢᠳᠴᠢᠯᠠᠨ ᠰᠡᠷᠭᠡᠶᠢᠯᠡᠬᠦ᠂ ᠡᠷᠡᠭᠦᠯ ᠮᠡᠨᠳᠤ᠂ ᠡᠷᠡᠭᠦᠯᠵᠢᠯ ᠢ ᠨᠢᠭᠡ ᠴᠤᠭᠴᠠᠵᠢᠭᠤᠯᠤᠭᠰᠠᠨ ᠮᠣᠩᠭᠤᠯ ᠬᠢᠲᠠᠳ ᠡᠮᠨᠡᠯᠭᠡ ᠶᠢᠨ ᠡᠷᠡᠭᠦᠯ ᠮᠡᠨᠳᠤ ᠶᠢᠨ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠤ᠂ ᠬᠢᠲᠠᠳ ᠮᠣᠩᠭᠤᠯ ᠡᠮ ᠤᠨ ︽ᠪᠠᠢ ᠼᠣᠣ ᠶᠤᠸᠠᠨ︾ ᠲᠤᠷᠰᠢᠯᠲᠠ ᠶᠢᠨ ᠴᠢᠭ᠋ ᠤᠨ ᠲᠦᠷᠦᠯ ᠵᠦᠢᠯ ᠢ ᠪᠦᠲᠦᠭᠡᠨ ᠪᠠᠶᠢᠭᠤᠯᠤᠨ᠎ᠠ᠃   ᠠᠷᠠᠳ ᠲᠦᠮᠡᠨ ᠤ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠠ᠃ ᠰᠢᠨ᠎ᠠ ᠴᠠᠭ ᠦᠶ᠎ᠡ ᠶᠢᠨ ᠨᠠᠮ ᠎ ᠤᠨ ᠰᠤᠷᠭᠠᠨ ᠬᠦᠮᠦᠵᠢᠯ`᠎ ᠤᠨ ᠴᠢᠭᠯᠡᠯᠲᠡ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠳᠡᠯᠭᠡᠷᠡᠭᠦᠯᠦᠨ ᠬᠡᠷᠡᠭᠯᠡᠵᠤ᠂ ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠪᠦᠬᠦ ᠳᠠᠯ᠎ᠠ ᠪᠠᠷ ᠳᠡᠯᠭᠡᠷᠡᠭᠦᠯᠦᠨ ᠲᠦᠭᠡᠮᠯᠡᠵᠢᠭᠦᠯᠦᠨ᠎ᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠲᠡ ᠶᠢᠨ ᠰᠢᠯᠢᠳᠡᠭ ᠴᠢᠨᠠᠷᠲᠠᠢ ᠲᠡᠩᠴᠡᠭᠦᠷᠢᠲᠡᠢ ᠬᠤᠰᠢᠭᠤ ᠶᠢ ᠢᠳᠡᠪᠬᠢᠲᠡᠢ ᠴᠤᠭᠴᠠᠯᠠᠨ᠂ ᠰᠤᠷᠭᠠᠭᠤᠯᠢ ᠡᠷᠬᠢᠯᠡᠬᠦ ᠨᠥᠬᠦᠴᠡᠯ ᠢ ᠬᠦᠴᠦᠯᠡᠨ ᠰᠠᠶᠢᠵᠢᠷᠠᠭᠤᠯᠵᠤ᠂ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠵᠢᠴᠢ ᠲᠤᠰᠠᠯᠠᠬᠤ ᠬᠡᠷᠡᠭᠯᠡᠭᠡᠨ ᠤ ᠭᠡᠷ ᠪᠠ ᠭᠠᠯᠪᠠᠷ ᠰᠤᠷᠭᠠᠭᠤᠯᠢ ᠶᠢᠨ ᠪᠡᠶ᠎ᠡ ᠎ ᠶᠢᠨ ᠳᠠᠮᠢᠷ ᠤᠨ ᠳᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠢᠨ᠎ᠠ ᠪᠠᠷ ᠪᠠᠶᠢᠭᠤᠯᠤᠨ᠂ ᠰᠤᠷᠭᠠᠭᠤᠯᠢ ᠶᠢᠨ ᠬᠦᠷᠢᠶᠡᠨ ᠤ ᠲᠣᠭᠠᠴᠢᠯᠠᠭᠰᠠᠨ ᠳᠤᠷᠠᠨᠳᠠᠭᠤᠷ ᠲᠦᠬᠦᠬᠡᠷᠦᠮᠵᠢ ᠶᠢ ᠲᠡᠭᠦᠯᠳᠡᠷᠵᠢᠭᠦᠯᠵᠤ᠂ ᠵᠢᠭᠠᠨ ᠰᠤᠷᠭᠠᠯᠲᠠ ᠶᠢᠨ ᠬᠠᠷᠠᠭᠠᠨ ᠳᠠᠪᠳᠠᠮᠵᠢᠳᠤ ᠲᠠᠪᠴᠠᠩ ᠤᠨ ᠪᠠᠶᠢᠭᠤᠯᠤᠯᠲᠠ ᠶᠢ ᠳᠠᠭᠤᠰᠬᠠᠨ᠎ᠠ᠃ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠰᠤᠷᠭᠠᠭᠤᠯᠢ ᠶᠢᠨ ᠳᠠᠷᠤᠭ᠎ᠠ ᠶᠢᠨ ᠳᠦᠷᠢᠮ︾᠎ ᠤᠨ ᠬᠠᠮᠢᠶᠠᠷᠤᠯᠲᠠ ᠬᠠᠷᠢᠭᠤᠴᠠᠯᠭ᠎ᠠ ᠶᠢ ᠪᠣᠳᠠᠳᠠᠶᠢᠵᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ︽ᠬᠤᠶᠠᠷ ᠳᠠᠷᠤᠭᠠᠰᠤ ᠶᠢ ᠬᠦᠩᠭᠡᠷᠡᠭᠦᠯᠬᠦ︾ ᠲᠦᠷᠦ ᠶᠢᠨ ᠪᠣᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠠᠪᠤᠨ ᠲᠦᠷᠦᠯ ᠤᠨ ᠬᠠᠮᠢᠶᠠᠷᠤᠯᠲᠠ︾᠎ ᠶᠢ ᠬᠡᠷᠡᠭᠵᠢᠭᠦᠯᠦᠨ᠂ ᠪᠦᠬᠦ ᠬᠤᠳᠠ ᠶᠢᠨ ᠲᠡᠷᠢᠭᠦᠨ ᠤ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠡᠭᠦᠳᠦᠨ᠎ᠠ᠃   ᠨᠡᠶᠢᠭᠡᠮ ᠤᠨ ᠡᠶ᠎ᠡ ᠨᠠᠶᠢᠷᠠᠮᠳᠠᠭᠤ ᠲᠣᠭᠳᠠᠭᠤᠨ ᠢ ᠪᠠᠲᠤᠯᠠᠨ᠎ᠠ᠃ ᠣᠢ ᠰᠢᠭᠤᠢ ᠳᠠᠯ᠎ᠠ ᠨᠤᠲᠤᠭ ᠤᠨ ᠭᠠᠯ ᠤᠨ ᠰᠡᠷᠭᠡᠶᠢᠯᠡᠯᠲᠡ ᠶᠢᠨ ᠪᠠᠴᠢᠮ ᠢ ᠠᠷᠭᠠᠴᠠᠭᠠᠬᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠵᠠᠰᠠᠨ ᠴᠡᠭᠴᠡᠯᠡᠯᠲᠡ ᠶᠢᠨ ᠭᠤᠷᠪᠠᠨ ᠵᠢᠯ ᠤᠨ ᠬᠦᠳᠡᠯᠭᠡᠭᠡᠨ ᠤ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠬᠦᠨᠳᠤ ᠣᠨᠴᠠ ᠲᠤᠮᠤ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠪᠣᠰᠤᠭ᠎ᠠ ᠴᠤᠭᠴᠠᠲᠤ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠂ ᠡᠯ᠎ᠠ ᠲᠦᠷᠦᠯ ᠤᠨ ᠬᠠᠤᠯᠢ ᠪᠣᠰᠤ ᠶᠠᠯᠠᠳᠤ ᠬᠦᠳᠡᠯᠭᠡᠭᠡᠨ ᠳᠤ ᠬᠠᠤᠯᠢ ᠶᠣᠰᠤᠭᠠᠷ ᠴᠢᠩᠭ᠎ᠠ ᠴᠣᠬᠢᠯᠲᠠ ᠥᠭᠴᠤ᠂ ᠰᠢᠯᠢᠳᠡᠭ ᠰᠠᠶᠢᠨ ᠨᠡᠶᠢᠭᠡᠮ ᠤᠨ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠨ᠎ᠠ᠃ ᠰᠢᠨ᠎ᠠ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠦᠭᠵᠢᠭᠦᠯᠵᠤ᠂ ᠵᠦᠷᠢᠴᠡᠯ ᠵᠢᠭᠤᠷᠠᠭᠠᠨ ᠢ ᠲᠤᠳᠤᠯᠠᠨ ᠪᠠᠶᠢᠴᠠᠭᠠᠵᠤ ᠰᠢᠢᠳᠪᠦᠷᠢᠯᠡᠬᠦ ᠲᠣᠭᠳᠠᠴᠠ ᠶᠢ ᠨᠠᠷᠢᠯᠢᠭᠵᠢᠭᠤᠯᠤᠨ᠂ ᠠᠷᠠᠳ ᠣᠯᠠᠨ ᠤ ᠲᠤᠰᠬᠠᠭᠰᠠᠨ ᠲᠣᠪᠣᠶᠢᠮ᠎ᠠ ᠠᠰᠠᠭᠤᠳᠠᠯ ᠢ ᠵᠣᠬᠢᠰᠲᠠᠢ ᠰᠢᠢᠳᠪᠦᠷᠢᠯᠡᠨ᠎ᠠ᠃ ︽ᠨᠠᠢᠮᠠᠳᠤᠭᠠᠷ ᠳᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠎ ᠢ ᠢᠳᠡᠪᠬᠢᠲᠡᠢ ᠦᠷᠨᠢᠭᠦᠯᠦᠨ᠎ᠠ᠃ ᠬᠤᠶᠠᠷ ᠢ ᠬᠦᠷᠢᠶᠡᠯᠡᠵᠤ ᠬᠠᠮᠳᠤᠪᠠᠷ ᠪᠠᠶᠢᠭᠤᠯᠬᠤ ᠶᠢ ᠴᠢᠩᠭᠠᠳᠬᠠᠨ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠪᠠᠲᠤᠳᠬᠠᠵᠤ᠂ ᠰᠤᠷᠠᠭ ᠵᠠᠩᠭᠢᠴᠢᠯᠠᠭᠰᠠᠨ ᠬᠢᠯᠢ ᠶᠢᠨ ᠬᠠᠮᠢᠶᠠᠷᠤᠯᠲᠠ ᠬᠢᠯᠢ ᠶᠢᠨ ᠡᠵᠡᠮᠰᠢᠯ ᠢ ᠳᠡᠯᠭᠡᠷᠡᠭᠦᠯᠦᠨ᠂ ᠬᠢᠯᠢ ᠬᠢᠵᠠᠭᠠᠷ ᠤᠨ ᠶᠡᠷᠦᠩᠬᠡᠶᠢᠯᠡᠭᠰᠡᠨ ᠰᠡᠷᠭᠡᠶᠢᠯᠡᠯᠲᠡ ᠬᠠᠮᠠᠭᠠᠯᠠᠯᠲᠠ ᠬᠠᠮᠢᠶᠠᠷᠤᠯᠲᠠ ᠡᠵᠡᠮᠰᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号