ᠦᠰᠦᠭ ᠪᠢᠴᠢᠭ ᠢᠶᠠᠷ ᠥᠭᠦᠯᠡᠬᠦᠢ᠄ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ‍ᠤ‌ᠢᠷᠡᠬᠦ ᠳᠠᠪᠤᠨ ᠵᠢᠯ ᠤᠨ ᠠᠵᠢᠯ ᠤᠨ ᠰᠡᠳᠬᠢᠴᠠ ᠪᠠ ᠬᠠᠷᠠᠯᠲᠠ
ᠨᠡᠶᠢᠲᠡᠯᠡᠭᠰᠡᠨ ᠴᠠᠭ᠄
2022/11/28
     ᠢᠷᠡᠬᠦ ᠳᠠᠪᠤᠨ ᠵᠢᠯ ᠤᠨ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠰᠡᠳᠬᠢᠴᠠ ᠪᠣᠯ᠄ ᠰᠢ ᠶᠢᠨ ᠫᠢᠩ ᠎ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠪᠦᠬᠦ ᠳᠠᠯ᠎ᠠ ᠶᠢᠨ ᠣᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠰᠢᠨ᠎ᠠ ᠬᠦᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠤᠪᠴᠢᠲᠠᠢ ᠪᠦᠬᠦ ᠳᠠᠯ᠎ᠠ ᠪᠠᠷ ᠲᠤᠤᠱᠯᠠᠭᠤᠯᠵᠤ᠂ ᠥᠨᠳᠦᠷ ᠶᠠᠰᠤ ᠴᠢᠨᠠᠷᠲᠠᠢ ᠬᠦᠭᠵᠢᠯᠲᠡ ᠶᠢ ᠠᠬᠢᠭᠤᠯᠬᠤ ᠪᠠᠷ ᠭᠤᠣᠯ ᠰᠡᠳᠤᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠦᠭᠡᠷᠡᠴᠢᠯᠡᠯᠲᠡ ᠰᠢᠨᠡᠴᠢᠯᠡᠯᠲᠡ ᠪᠠᠷ ᠦᠨᠳᠦᠰᠦᠨ ᠬᠦᠳᠡᠯᠭᠡᠭᠦᠷ ᠪᠣᠯᠭᠠᠨ᠂ ᠨᠡᠮᠡᠭᠳᠡᠯ ᠢ ᠲᠣᠭᠳᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠠ ᠲᠦᠷᠦᠯ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢ ᠲᠣᠭᠳᠠᠭᠠᠯᠲᠠ ᠳᠤ ᠰᠠᠭᠤᠷᠢᠯᠠᠵᠤ᠂ ︽ᠠᠵᠤ ᠠᠬᠤᠢ ᠶᠢ ᠠᠮᠢ ᠠᠬᠤᠶᠢᠴᠢᠯᠠᠬᠤ ᠂ ᠵᠢᠭᠤᠯᠴᠢᠯᠠᠯ ᠢ ᠪᠦᠬᠦ ᠣᠷᠤᠨ ᠲᠣᠭᠤᠷᠢᠭᠵᠢᠭᠤᠯᠬᠤ᠂ ᠬᠤᠳᠠ ᠪᠠᠯᠭᠠᠰᠤ ᠶᠢ ᠨᠠᠷᠢᠯᠢᠭᠵᠢᠭᠤᠯᠬᠤ᠂ ᠨᠡᠶᠢᠭᠡᠮ ᠤᠨ ᠵᠠᠰᠠᠯᠲᠠ ᠶᠢ ᠣᠳᠤᠬᠢᠴᠢᠯᠠᠬᠤ︾ ᠬᠦᠭᠵᠢᠯᠲᠡ ᠶᠢᠨ ᠲᠦᠯᠦᠪᠰᠢᠷᠡᠯ ᠢ ᠪᠦᠷᠢᠯᠳᠦᠭᠦᠯᠦᠨ᠂ ᠬᠦᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠭᠦᠯᠵᠤ᠂ ᠪᠦᠬᠦ ᠬᠤᠰᠢᠭᠤᠨ ᠤ ᠡᠯ᠎ᠠ ᠦᠨᠳᠦᠰᠦᠲᠡᠨ ᠤ ᠠᠷᠠᠳ ᠲᠦᠮᠡᠨ ᠢ ᠪᠦᠯᠭᠦᠮᠳᠡᠭᠦᠯᠦᠨ ᠳᠠᠭᠠᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠪᠠᠬᠢᠵᠢᠭᠦᠯᠦᠨ᠂ ᠠᠮᠢ ᠠᠬᠤᠢ ᠶᠢ ᠲᠡᠷᠢᠭᠦᠨ ᠳᠤ ᠬᠠᠷᠠᠭᠠᠯᠵᠠᠬᠤ᠂ ᠪᠣᠬᠢᠷᠳᠤᠯ ᠦᠭᠡᠢ ᠬᠦᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠬᠠᠮᠳᠤᠪᠠᠷ ᠴᠢᠨᠡᠭᠡᠯᠢᠭᠵᠢᠬᠦ ᠬᠠᠷᠠᠯᠲᠠ ᠲᠡᠰᠢ ᠢᠳᠡᠷᠭᠦᠨ ᠠᠯᠬᠤᠯᠠᠨ᠂ ᠨᠡᠩ ᠦᠵᠡᠰᠭᠦᠯᠡᠩ ᠪᠠᠶᠠᠨ ᠬᠦᠴᠦᠷᠭᠡᠭ ᠡᠶ᠎ᠡ ᠨᠠᠶᠢᠷᠠᠮᠳᠠᠭᠤ ᠵᠣᠯ ᠵᠢᠷᠭᠠᠯᠲᠤ ᠰᠢᠨ᠎ᠠ ᠪᠠᠷᠭᠤ ᠵᠡᠭᠦᠨ ᠬᠤᠰᠢᠭᠤ ᠶᠢ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠬᠦ ᠶᠠᠪᠤᠳᠠᠯ ᠪᠣᠯᠤᠨ᠎ᠠ᠃     ᠢᠷᠡᠬᠦ ᠳᠠᠪᠤᠨ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠣᠷᠢᠳᠴᠢᠯᠠᠭᠰᠠᠨ ᠬᠠᠷᠠᠯᠲᠠ ᠪᠣᠯ᠄ ᠬᠠᠷᠢᠴᠠᠭᠤᠯᠵᠤ ᠪᠤᠯᠠᠬᠤᠶᠢᠴᠠ ᠲᠤᠭ᠎ᠠ ᠬᠡᠮᠵᠢᠭᠳᠡᠯ ᠢᠶᠠᠷ ᠨᠤᠭᠤᠯᠤᠨ ᠪᠣᠳᠤᠵᠤ᠂ ᠣᠷᠤᠨ ᠨᠤᠲᠤᠭ ᠎ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠵᠢᠯ ᠳᠤᠮᠳᠠᠴᠢ ᠶᠢᠨ ᠨᠡᠮᠡᠭᠳᠡᠯ ᠬᠤᠷᠳᠤᠴᠠ ᠶᠢ 1.5%᠎ ᠳᠤ ᠬᠦᠷᠭᠡᠨ᠂ ᠵᠣᠷᠰᠢᠯᠲᠤ ᠣᠯᠠᠨ ᠨᠡᠶᠢᠲᠡ ᠶᠢᠨ ᠤᠷᠢᠳᠴᠢᠯᠠᠭᠰᠠᠨ ᠲᠦᠰᠦᠪ ᠤᠨ ᠣᠷᠤᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠬᠤᠷᠳᠤᠴᠠ ᠶᠢ 4%᠎ ᠠᠴᠠ ᠳᠡᠭᠡᠭᠰᠢ ᠳᠤ ᠬᠦᠷᠭᠡᠵᠤ᠂ ᠬᠡᠮᠵᠢᠶᠡᠨ ᠤ ᠬᠢᠵᠠᠭᠠᠷᠯᠠᠯ ᠠᠴᠠ ᠳᠡᠭᠡᠭᠰᠢᠬᠢ ᠲᠣᠭᠳᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠪᠠ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠤᠯᠠᠭᠤᠯᠬᠤ ᠶᠡᠷᠦᠩᠬᠡᠢ ᠥᠷᠳᠡᠭ ᠤᠨ ᠵᠢᠯ ᠳᠠᠷᠠᠭᠠᠯᠠᠨ ᠨᠡᠮᠡᠭᠳᠡᠬᠦ ᠶᠢ ᠪᠠᠲᠤᠯᠠᠵᠤ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠤᠯᠭ᠎ᠠ ᠶᠢᠨ ᠨᠡᠮᠡᠭᠳᠡᠯ ᠬᠤᠷᠳᠤᠴᠠ ᠶᠢ ᠲᠣᠰᠪᠤᠷᠢ ᠪᠦᠬᠦ ᠬᠤᠳᠠ ᠶᠢᠨ ᠲᠡᠭᠰᠢᠳᠭᠡᠭᠰᠡᠨ ᠬᠢᠷᠢ ᠲᠦᠪᠰᠢᠨ ᠳᠤ ᠬᠦᠷᠭᠡᠨ᠎ᠠ᠃     ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠪᠠᠷ᠂ ᠰᠢᠨ᠎ᠠ ᠨᠢᠭᠡ ᠬᠤᠭᠤᠴᠠᠭᠠᠨ ᠤ ᠵᠠᠰᠠᠭ ᠤᠨ ᠣᠷᠳᠤᠨ ᠳᠣᠣᠷᠠᠬᠢ ᠠᠵᠢᠯ ᠤᠳ ᠢ ᠯᠠᠪᠳᠠᠭᠤᠨ ᠬᠢᠬᠦ ᠪᠣᠯᠤᠨ᠎ᠠ᠄     — — ᠠᠵᠤ ᠠᠬᠤᠢ ᠶᠢᠨ ᠪᠣᠬᠢᠷᠳᠤᠯ ᠦᠭᠡᠢ ᠥᠨᠳᠦᠷ ᠶᠠᠰᠤ ᠴᠢᠨᠠᠷᠲᠠᠢ ᠬᠦᠭᠵᠢᠯᠲᠡ ᠶᠢ ᠬᠦᠴᠦᠯᠡᠨ ᠠᠬᠢᠭᠤᠯᠤᠨ᠎ᠠ᠃ ᠥᠨᠳᠦᠷ ᠦᠷ᠎ᠡ ᠠᠰᠢᠭ ᠲᠠᠢ ᠣᠳᠤᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ ᠲᠠᠯ᠎ᠠ ᠨᠤᠲᠤᠭ ᠤᠨ ᠮᠢᠬᠠᠨ ᠤ ᠬᠤᠨᠢᠨ ᠤ ᠠᠵᠤ ᠦᠢᠯᠡᠰ ᠤᠨ ᠰᠦᠷᠦᠭᠵᠢᠯ᠂ ᠮᠢᠬ᠎ᠠ ᠰᠠᠭᠠᠯᠢ ᠶᠢᠨ ᠦᠨᠢᠶᠡᠨ ᠤ ᠦᠭᠡᠷ ᠤᠨ ᠲᠡᠵᠢᠭᠡᠪᠦᠷᠢ ᠶᠢᠨ ᠰᠠᠭᠤᠷᠢᠨ ᠭᠠᠵᠠᠷ᠂ ᠠᠳᠤᠭᠤᠨ ᠤ ᠠᠵᠤ ᠦᠢᠯᠡᠰ ᠎ ᠤᠨ ᠬᠦᠭᠵᠢᠯᠲᠡ ᠪᠠ ᠨᠡᠭᠡᠭᠡᠯᠲᠡ ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠠ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ ᠨᠡᠩ ᠥᠨᠳᠦᠷ ᠶᠠᠰᠤ ᠴᠢᠨᠠᠷ ᠪᠦᠬᠦᠢ ᠦᠨᠳᠦᠰᠦᠲᠡᠨ ᠤ ᠤᠯᠠᠮᠵᠢᠯᠠᠯᠲᠤ ᠰᠦᠨ ᠤ ᠪᠦᠲᠦᠭᠡᠭᠳᠡᠭᠦᠨ ᠤ ᠠᠵᠤ ᠦᠢᠯᠡᠰ ᠤᠨ ᠰᠠᠭᠤᠷᠢᠨ ᠭᠠᠵᠠᠷ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ᠂ ᠠᠮᠢ ᠠᠬᠤᠶᠢᠴᠢ ᠠᠵᠤ ᠠᠬᠤᠢ ᠶᠢᠨ ᠣᠢ ᠮᠣᠳᠤᠨ ᠤ ᠳᠠᠷᠢᠮᠠᠯ ᠤᠨ ᠰᠠᠭᠤᠷᠢᠨ ᠭᠠᠵᠠᠷ᠂ ᠪᠣᠬᠢᠷᠳᠤᠯ ᠦᠭᠡᠢ ᠨᠡᠭᠦᠷᠡᠰᠤᠨ ᠤ ᠪᠣᠰᠤ ᠠᠭᠤᠷᠬᠠᠢ ᠵᠡᠷᠭᠡ ᠰᠢᠨ᠎ᠠ ᠎ ᠪᠠᠷ ᠬᠦᠭᠵᠢᠭᠰᠡᠨ ᠠᠵᠤ ᠦᠢᠯᠡᠰ ᠢ ᠬᠦᠭᠵᠢᠭᠦᠯᠦᠨ᠎ᠠ᠃ ᠣᠳᠤᠬᠢᠴᠢᠯᠠᠭᠰᠠᠨ ᠦᠢᠯᠡᠴᠢᠯᠡᠭᠡᠨ ᠤ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ ᠠᠮᠤᠭᠤᠯᠠᠩ ᠪᠠᠯᠭᠠᠰᠤᠨ ᠤ ᠬᠦᠯᠳᠡᠭᠦᠦ ᠪᠠᠷᠠᠭᠠᠨ ᠤ ᠭᠦᠢᠯᠭᠡᠭᠡ ᠬᠦᠮᠦᠷᠭᠡᠯᠡᠯᠲᠡ ᠎ ᠶᠢᠨ ᠲᠦᠪ᠂ ᠳᠠᠷᠢᠶᠠᠯᠠᠩ ᠤᠨ ᠠᠷᠠᠯᠵᠢᠶᠠᠨ ᠤ ᠶᠡᠷᠦᠩᠬᠡᠶᠢᠯᠡᠭᠰᠡᠨ ᠠᠰᠠᠷ᠂ ᠵᠢᠩ ᠳ᠋ᠦᠩ ᠤᠨ ᠰᠢᠨ᠎ᠠ ᠪᠠᠷᠭᠤ ᠵᠡᠭᠦᠨ ᠬᠤᠰᠢᠭᠤᠨ ᠤ ᠣᠷᠳᠤᠨ ᠵᠡᠷᠭᠡ ᠨᠢᠭᠡ ᠪᠦᠯᠦᠭ ᠰᠢᠨ᠎ᠠ ᠡᠵᠡᠩᠨᠡᠯᠲᠡ ᠶᠢᠨ ᠬᠡᠯᠪᠡᠷᠢᠳᠤ ᠲᠦᠷᠦᠯ ᠵᠦᠢᠯ ᠢ ᠪᠦᠲᠦᠭᠡᠨ ᠪᠠᠶᠢᠭᠤᠯᠵᠤ ᠡᠬᠢᠯᠡᠨ᠎ᠠ᠃ 500 ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ 128 ᠰᠡᠳᠦᠵᠤ ᠬᠦᠮᠦᠷᠭᠡᠯᠡᠨ᠂ 2025 ᠣᠨ ᠪᠣᠯᠬᠤ ᠳᠤ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠎ ᠶᠢᠨ ᠦᠢᠯᠡᠳᠪᠦᠷᠢᠯᠡᠯ ᠤᠨ ᠥᠷᠳᠡᠭ ᠢ 1.5 ᠳ᠋ᠦᠩᠰᠢᠭᠤᠷ ᠲᠦᠭᠦᠷᠢᠭ ᠲᠤ ᠬᠦᠷᠭᠡᠨ᠂ ᠮᠠᠯ ᠤᠨ ᠠᠰᠢᠭ ᠰᠢᠮ᠎ᠠ ᠎ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ ᠵᠢᠯ ᠳᠤᠮᠳᠠᠴᠢ ᠪᠠᠷ 1.5 ᠳ᠋ᠦᠩᠰᠢᠭᠤᠷ ᠲᠦᠭᠦᠷᠢᠭ ᠠᠴᠠ ᠳᠡᠭᠡᠭᠰᠢ ᠳᠤ ᠬᠦᠷᠭᠡᠵᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠤᠯᠭ᠎ᠠ ᠶᠢ ᠵᠢᠯ ᠳᠤᠮᠳᠠᠴᠢ ᠪᠠᠷ 8% ᠣᠷᠴᠢᠮ ᠨᠡᠮᠡᠭᠳᠡᠭᠦᠯᠦᠨ᠂ ᠵᠢᠭᠤᠯᠴᠢᠯᠠᠯ ᠤᠨ ᠬᠦᠯᠢᠶᠡᠨ ᠵᠣᠴᠢᠯᠠᠬᠤ ᠬᠦᠮᠦᠨ ᠤ ᠲᠤᠭ᠎ᠠ ᠶᠢ ᠵᠢᠯ ᠳᠤᠮᠳᠠᠴᠢ ᠪᠠᠷ 6% ᠣᠷᠴᠢᠮ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃    — — ︽ᠲᠠᠯ᠎ᠠ ᠨᠤᠲᠤᠭ ᠤᠨ ᠪᠦᠬᠦ ᠣᠷᠤᠨ ᠲᠣᠭᠤᠷᠢᠭᠲᠤ ᠵᠢᠭᠤᠯᠴᠢᠯᠠᠯ ᠤᠨ ᠵᠢᠱᠢᠶᠡᠴᠢ ᠬᠤᠰᠢᠭᠤ︾᠎ ᠶᠢ ᠬᠦᠴᠦᠯᠡᠨ ᠪᠠᠶᠢᠭᠤᠯᠤᠨ᠎ᠠ᠃ ᠪᠦᠬᠦ ᠣᠷᠤᠨ ᠲᠣᠭᠤᠷᠢᠭᠲᠤ ᠵᠢᠭᠤᠯᠴᠢᠯᠠᠯ᠂ ᠪᠦᠬᠦ ᠵᠢᠯ ᠤᠨ ᠵᠢᠭᠤᠯᠴᠢᠯᠠᠯ ᠤᠨ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠲᠠᠯ᠎ᠠ ᠨᠤᠲᠤᠭ ᠤᠨ ᠠᠮᠢ ᠠᠬᠤᠢ ᠶᠢᠨ ᠨᠡᠭᠦᠳᠡᠯ ᠰᠣᠶᠤᠯ ᠤᠨ ᠵᠢᠭᠤᠯᠴᠢᠯᠠᠯ ᠤᠨ ᠰᠢᠰᠲ᠋ᠧᠮ ᠢ ᠪᠦᠷᠢᠯᠳᠦᠭᠦᠯᠵᠤ᠂ ᠪᠠᠷᠭᠤ ᠮᠣᠩᠭᠤᠯ ᠤᠭᠰᠠᠭᠠᠳᠠᠨ᠂ ᠬᠠᠰᠠᠷ ᠨᠡᠭᠦᠳᠡᠯ ᠠᠶᠢᠮᠠᠭ᠂ ᠨᠤᠭᠤᠭᠠᠨᠨᠠᠭᠤᠷ ᠵᠢᠭᠤᠯᠴᠢᠯᠠᠯ ᠤᠨ ᠠᠮᠠᠷᠠᠯᠲᠠ ᠶᠢᠨ ᠣᠷᠤᠨ᠂ ᠨᠤᠮᠤᠨ ᠬᠠᠨ ᠤ ᠳᠠᠶᠢᠨ ᠤ ᠪᠠᠭᠤᠷᠢ ᠶᠢᠨ ᠦᠵᠡᠭᠦᠯᠦᠯᠭᠡ ᠶᠢᠨ ᠣᠷᠳᠤᠨ᠂ ᠭᠠᠨᠵᠤᠤᠷ ᠦᠵᠡᠮᠵᠢᠲᠤ ᠣᠷᠤᠨ ᠢ ᠭᠤᠣᠯᠳᠠᠯᠭ᠎ᠠ ᠲᠠᠢ ᠪᠠᠷ ᠳᠡᠰ ᠳᠡᠪᠰᠢᠭᠦᠯᠦᠨ᠎ᠠ᠃ ᠡᠷᠡᠭᠦᠯ ᠮᠡᠨᠳᠤ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ ᠤᠨ ᠰᠢᠰᠲ᠋ᠧᠮ ᠢ ᠪᠦᠷᠢᠯᠳᠦᠭᠦᠯᠦᠨ᠂ ᠠᠮᠤᠭᠤᠯᠠᠩ ᠪᠠᠯᠭᠠᠰᠤᠨ ᠤ ᠮᠣᠩᠭᠤᠯ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠣᠷᠤᠨ᠂ ᠰᠦᠮ᠎ᠠ ᠶᠢᠨ ᠨᠠᠭᠤᠷ ᠬᠠᠯᠠᠭᠤᠨ ᠷᠠᠰᠢᠶᠠᠨ ᠤ ᠡᠮᠴᠢᠯᠡᠭᠡ ᠰᠤᠪᠢᠯᠠᠯᠲᠠ ᠠᠮᠠᠷᠠᠯᠲᠠ ᠶᠢᠨ ᠣᠷᠤᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠬᠦᠳᠡᠭᠡ ᠨᠤᠲᠤᠭ ᠤᠨ ᠣᠨᠴᠠᠯᠢᠭᠲᠤ ᠵᠢᠭᠤᠯᠴᠢᠯᠠᠯ ᠤᠨ ᠰᠢᠰᠲ᠋ᠧᠮ ᠢ ᠪᠦᠷᠢᠯᠳᠦᠭᠦᠯᠦᠨ᠂ ᠭᠠᠨᠵᠤᠤᠷ᠂ ᠬᠠᠨᠳᠠᠭᠠᠢ᠂ ᠶᠡᠬᠡᠨ᠋ᠠᠭᠤᠯᠠ᠂ ᠣᠯᠠᠠᠨᠠᠭᠤᠷ ᠤᠨ ᠣᠨᠴᠠᠯᠢᠭᠲᠤ ᠵᠢᠭᠤᠯᠴᠢᠯᠠᠯ ᠤᠨ ᠭᠠᠴᠠᠭ᠎ᠠ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠬᠢᠯᠢ ᠰᠤᠨᠳᠠᠯᠠᠭᠰᠠᠨ ᠵᠢᠭᠤᠯᠴᠢᠯᠠᠯ ᠤᠨ ᠰᠢᠰᠲ᠋ᠧᠮ ᠢ ᠪᠦᠷᠢᠯᠳᠦᠭᠦᠯᠦᠨ᠂ ᠳᠤᠮᠳᠠᠳᠤ ᠮᠣᠩᠭᠤᠯ ᠤᠨ ᠡᠪᠦᠳᠦᠭ — ᠪᠠᠶᠠᠨᠬᠤᠰᠢᠭᠤ ᠤᠨ ᠪᠣᠶᠢᠷ ᠨᠠᠭᠤᠷ ᠢ ᠲᠣᠭᠤᠷᠢᠭᠰᠠᠨ 2 ᠡᠳᠦᠷ ᠤᠨ ᠵᠢᠭᠤᠯᠴᠢᠯᠠᠯ᠂ ᠨᠤᠮᠤᠨ ᠬᠠᠨ ᠤ ᠳᠠᠶᠢᠨ ᠤ ᠪᠠᠭᠤᠷᠢ ᠶᠢᠨ ᠮᠦᠷᠳᠡᠨ ᠬᠠᠶᠢᠬᠤ ᠵᠢᠭᠤᠯᠴᠢᠯᠠᠯ ᠤᠨ ᠲᠤᠮᠤ ᠲᠣᠭᠤᠷᠢᠭ ᠱᠤᠭᠤᠮ ᠢ ᠭᠤᠣᠯᠳᠠᠯᠭ᠎ᠠ ᠲᠠᠢ ᠬᠦᠭᠵᠢᠭᠦᠯᠦᠨ᠎ᠠ᠃ 2025 ᠣᠨ ᠪᠣᠯᠬᠤ ᠳᠤ᠂ 4A ᠳᠡᠰ ᠤᠨ ᠦᠵᠡᠮᠵᠢᠲᠤ ᠣᠷᠤᠨ ᠢ ᠰᠢᠨ᠎ᠠ ᠪᠠᠷ1 ᠨᠡᠮᠡᠭᠳᠡᠭᠦᠯᠵᠤ᠂ 3A ᠳᠡᠰ ᠤᠨ ᠦᠵᠡᠮᠵᠢᠲᠤ ᠣᠷᠤᠨ ᠢ 5᠎ ᠠᠴᠠ ᠳᠡᠭᠡᠭᠰᠢ ᠎ ᠳᠤ ᠬᠦᠷᠭᠡᠨ᠂ ᠬᠦᠳᠡᠭᠡ ᠨᠤᠲᠤᠭ ᠤᠨ ᠵᠢᠭᠤᠯᠴᠢᠯᠠᠯ ᠤᠨ ᠣᠨᠴᠠᠯᠢᠭᠲᠤ ᠭᠠᠴᠠᠭ᠎ᠠ ᠶᠢ 2᠂ ᠬᠦᠳᠡᠭᠡ ᠨᠤᠲᠤᠭ ᠤᠨ ᠣᠨᠴᠠᠯᠢᠭᠲᠤ ᠠᠷᠠᠳ ᠤᠨ ᠪᠠᠭᠤᠳᠠᠯ ᠢ 20 ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃    — — ︽ᠪᠣᠬᠢᠷᠳᠤᠯ ᠦᠭᠡᠢ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠡᠳᠡᠰᠢᠬᠦᠯᠦᠯᠳᠡ ᠭᠠᠷᠭᠠᠯᠲᠠ ᠶᠢᠨ ᠰᠠᠭᠤᠷᠢᠨ ᠭᠠᠵᠠᠷ︾᠎ ᠢ ᠬᠦᠴᠦᠯᠡᠨ ᠪᠣᠵᠠᠭᠠᠶᠢᠷᠡᠭᠤᠯᠤᠨ᠎ᠠ᠃ ᠣᠨᠴᠠᠯᠢᠭᠵᠢᠭᠤᠯᠬᠤ ᠂ ᠲᠤᠰᠬᠠᠶᠢᠵᠢᠭᠤᠯᠬᠤ᠂ ᠪᠦᠬᠦᠢ ᠠᠵᠤ ᠦᠢᠯᠡᠰ ᠢ ᠬᠡᠯᠬᠢᠶᠡᠵᠢᠭᠦᠯᠬᠦ ᠰᠡᠳᠬᠢᠴᠠ ᠶᠣᠰᠤᠭᠠᠷ᠂ ᠲᠤᠯᠤᠭᠠᠶᠢᠯᠠᠭᠴᠢ ᠠᠵᠤ ᠠᠬᠤᠶᠢᠯᠠᠯ ᠤᠨ ᠲᠠᠭᠠᠭᠤᠯᠬᠤ ᠲᠤᠯᠭᠠᠭᠤᠷᠢᠯᠠᠭᠤᠯᠬᠤ ᠦᠢᠯᠡᠳᠦᠯ ᠢ ᠪᠠᠳᠠᠷᠠᠭᠤᠯᠤᠨ᠂ ᠬᠦᠯᠦᠨ ᠪᠣᠶᠢᠷ ᠬᠤᠨᠢ᠂ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠦᠢᠯᠡᠰ ᠤᠨ ᠬᠡᠯᠬᠢᠶᠡᠵᠢᠯ ᠢ ᠭᠤᠣᠯᠳᠠᠯᠭ᠎ᠠ ᠲᠠᠢ ᠬᠦᠭᠵᠢᠭᠦᠯᠵᠤ᠂ ᠦᠢᠯᠡᠳᠪᠦᠷᠢᠯᠡᠯ ᠬᠠᠩᠭᠠᠯᠭ᠎ᠠ ᠪᠣᠷᠤᠯᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ ᠤᠯᠠᠮᠵᠢᠯᠠᠯᠲᠤ ᠠᠵᠤ ᠦᠢᠯᠡᠰ ᠤᠨ ᠪᠣᠬᠢᠷᠳᠤᠯ ᠦᠭᠡᠢ᠂ ᠣᠶᠤᠨᠴᠢᠯᠠᠬᠤ᠂ ᠥᠨᠳᠦᠷ ᠪᠠᠷᠢᠮᠵᠢᠶ᠎ᠠ ᠲᠡᠰᠢ ᠳᠡᠰ ᠳᠡᠪᠰᠢᠭᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶᠡᠵᠢᠯ ᠢ ᠦᠨᠳᠦᠰᠦᠨ ᠱᠠᠲᠤ ᠲᠡᠰᠢ ᠣᠷᠳᠤᠳᠬᠠᠨ᠂ ᠥᠷᠳᠡᠭ ᠤᠨ ᠬᠡᠯᠬᠢᠶᠡᠵᠢᠯ ᠢ ᠳᠤᠮᠳᠠ ᠥᠨᠳᠦᠷ ᠳᠡᠰ ᠳᠡᠰᠢ ᠬᠦᠭᠵᠢᠭᠦᠯᠵᠤ᠂ ᠪᠦᠰᠡ ᠨᠤᠲᠤᠭ ᠤᠨ ᠨᠦᠯᠦᠭᠡᠯᠡᠬᠦ ᠬᠦᠴᠦᠨ ᠲᠠᠢ ᠲᠠᠯ᠎ᠠ ᠨᠤᠲᠤᠭ ᠤᠨ ᠰᠦ ᠮᠢᠬᠠᠨ ᠤ ᠢᠳᠡᠭᠡᠨ ᠤ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠦᠨ᠂ ᠣᠳᠤᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ 1᠂ ᠤᠷᠤᠨ ᠪᠦᠰᠡᠴᠢᠯᠡᠭᠰᠡᠨ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠪᠦᠭᠡᠮ ᠢᠶᠠᠷ ᠪᠣᠷᠤᠯᠠᠭᠤᠯᠬᠤ ᠲᠤᠰᠬᠠᠢ ᠵᠠᠬ᠎ᠠ ᠳᠡᠯᠭᠡᠭᠦᠷ ᠢ 2 ᠬᠡᠰᠡᠭ ᠪᠠᠶᠢᠭᠤᠯᠵᠤ᠂ ᠰᠦᠨ ᠤ ᠦᠢᠯᠡᠰ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ 2025 ᠣᠨ ᠪᠣᠯᠬᠤ ᠳᠤ᠂ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠬᠤᠪᠢᠷᠠᠭᠤᠯᠤᠯᠲᠠ ᠶᠢᠨ ᠨᠤᠷᠮ᠎ᠠ ᠶᠢ 50%᠎ ᠠᠴᠠ ᠳᠡᠭᠡᠭᠰᠢ ᠳᠤ ᠬᠦᠷᠭᠡᠨ᠂ ᠪᠣᠬᠢᠷᠳᠤᠯ ᠦᠭᠡᠢ ᠤᠷᠭᠠᠨᠢᠭ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠶᠡᠷᠦᠩᠬᠡᠢ ᠭᠠᠷᠤᠯᠲᠠ ᠶᠢ 60%᠎ ᠠᠴᠠ ᠳᠡᠭᠡᠭᠰᠢ ᠳᠤ ᠬᠦᠷᠭᠡᠵᠤ᠂ ᠮᠠᠯ ᠤᠨ ᠡᠬᠢ ᠡᠭᠦᠰᠦᠯ ᠢ ᠣᠬᠤᠴᠢᠯᠠᠬᠤ ᠨᠤᠷᠮ᠎ᠠ ᠶᠢ 80%᠎ ᠠᠴᠠ ᠳᠡᠭᠡᠭᠰᠢ ᠳᠤ ᠬᠦᠷᠭᠡᠬᠦ ᠪᠠᠷ ᠬᠦᠴᠤᠯᠡᠨ ᠴᠢᠷᠮᠠᠶᠢᠨ᠎ᠠ᠃   — — ︽ᠬᠦᠯᠦᠨ ᠪᠣᠶᠢᠷ ᠤᠨ ᠮᠣᠩᠭᠤᠯ ᠲᠡᠰᠢ ᠴᠢᠯᠦᠭᠡᠲᠡᠢ ᠶᠠᠪᠤᠯᠴᠠᠬᠤ ᠬᠦᠬᠦᠷᠭᠡᠨ ᠪᠠᠬᠢᠯᠡᠯᠲᠡ︾᠎ ᠶᠢ ᠬᠦᠴᠦᠯᠡᠨ ᠬᠦᠭᠵᠢᠭᠦᠯᠦᠨ᠎ᠠ᠃ ︽ᠨᠢᠭᠡ ᠪᠦᠰᠡ ᠨᠢᠭᠡ ᠵᠠᠮ︾᠎ ᠤᠨ ᠤᠮᠠᠷᠠᠰᠢ ᠴᠢᠯᠦᠭᠡᠲᠠᠢ ᠶᠠᠪᠤᠯᠴᠠᠬᠤ ᠪᠠᠶᠢᠯᠳᠤᠬᠤ ᠪᠣᠳᠤᠯᠭ᠎ᠠ ᠳᠤ ᠭᠦᠨᠵᠡᠭᠡᠢ ᠠᠭᠤᠰᠤᠯᠴᠠᠨ᠂ ᠪᠣᠭᠤᠮᠳᠠ ᠪᠠ ᠠᠮᠤᠭᠤᠯᠠᠩ ᠪᠠᠯᠭᠠᠰᠤ ᠶᠢ ᠨᠢᠭᠡ ᠴᠤᠭᠴᠠᠵᠢᠭᠤᠯᠤᠨ ᠬᠤᠯᠪᠤᠭᠠᠯᠠᠨ ᠬᠦᠳᠡᠯᠦᠯᠴᠡᠬᠦ ᠬᠡᠯᠪᠡᠷᠢᠲᠤ ᠬᠦᠭᠵᠢᠯᠲᠡ ᠶᠢ ᠢᠳᠡᠪᠬᠢᠲᠡᠢ ᠠᠬᠢᠭᠤᠯᠵᠤ᠂ ᠪᠣᠭᠤᠮᠳᠠ ᠶᠢᠨ ᠠᠵᠤ ᠠᠬᠤᠢ ᠎ ᠶᠢᠨ ᠬᠦᠭᠵᠢᠯᠲᠡ ᠶᠢᠨ ᠰᠢᠨ᠎ᠠ ᠬᠡᠯᠪᠡᠷᠢ ᠶᠢ ᠬᠦᠴᠦᠲᠡᠢ ᠪᠣᠶᠢᠵᠢᠭᠤᠯᠤᠨ᠂ ᠭᠠᠳᠠᠭᠰᠢ ᠬᠠᠨᠳᠤᠭᠤᠯᠤᠭᠰᠠᠨ ᠬᠡᠯᠪᠡᠷᠢᠲᠤ ᠠᠵᠤ ᠠᠬᠤᠶᠢᠯᠠᠯ ᠤᠨ ᠪᠣᠭᠤᠮᠳᠠ ᠳᠤ ᠨᠤᠲᠤᠭᠰᠢᠬᠤ ᠶᠢ ᠲᠠᠳᠠᠵᠤ᠂ ᠨᠡᠭᠦᠷᠡᠰᠤ᠂ ᠲᠡᠮᠦᠷᠯᠢᠭ ᠠᠭᠤᠷᠬᠠᠢ ᠶᠢᠨ ᠭᠠᠷᠤᠯᠲᠠ᠂ ᠳᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ᠂ ᠠᠮᠤ ᠪᠣᠳᠠᠭ᠎ᠠ ᠲᠡᠵᠢᠭᠡᠯ ᠪᠣᠷᠳᠤᠭ᠎ᠠ ᠵᠡᠷᠭᠡ ᠬᠢᠯᠢ ᠪᠠᠷ ᠳᠠᠮᠵᠢᠬᠤ ᠡᠬᠢ ᠪᠠᠶᠠᠯᠢᠭ ᠢ ᠨᠤᠲᠤᠭᠰᠢᠭᠤᠯᠤᠨ ᠡᠳᠡᠰᠢᠬᠦᠯᠬᠦ ᠶᠢ ᠠᠵᠤ ᠦᠢᠯᠡᠰᠵᠢᠭᠦᠯᠬᠦ᠂ ᠰᠦᠷᠦᠭᠵᠢᠭᠦᠯᠬᠦ ᠬᠡᠯᠪᠡᠷᠢᠳᠤ ᠰᠢᠨ᠎ᠠ ᠬᠦᠭᠵᠢᠯᠲᠡ ᠶᠢᠨ ᠲᠦᠯᠦᠪᠰᠢᠷᠡᠯ ᠢ ᠪᠦᠷᠢᠯᠳᠦᠭᠦᠯᠦᠨ᠎ᠠ᠃ ᠤᠯᠤᠰ ᠤᠨ ᠲᠤᠳᠤᠭᠠᠳᠤ ᠭᠠᠳᠠᠭᠠᠳᠤ ᠶᠢᠨ ᠬᠤᠶᠠᠷ ᠵᠦᠢᠯ ᠤᠨ ᠡᠬᠢ ᠪᠠᠶᠠᠯᠢᠭ᠂ ᠬᠤᠶᠠᠷ ᠵᠠᠬ᠎ᠠ ᠳᠡᠯᠭᠡᠭᠦᠷ ᠢ ᠰᠠᠶᠢᠲᠤᠷ ᠠᠰᠢᠭᠯᠠᠨ᠂ ᠬᠤᠣᠰ ᠡᠷᠬᠢᠯᠲᠡᠳᠤ ᠪᠣᠭᠤᠮᠳᠠ ᠶᠢᠨ ︽ᠣᠷᠤᠨ ᠪᠦᠰᠡ ᠶᠢᠨ ᠬᠢᠵᠠᠭᠠᠷᠯᠠᠯ ᠦᠭᠡᠢ ᠠᠵᠤ ᠠᠬᠤᠢ︾᠎ ᠶᠢ ᠪᠣᠶᠢᠵᠢᠭᠤᠯᠵᠤ᠂ ᠣᠷᠤᠨ ᠨᠤᠲᠤᠭ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠦᠭᠵᠢᠯᠲᠡ ᠳᠤ ᠦᠢᠯᠡᠴᠢᠯᠡᠬᠦ ᠠᠷᠠᠯᠵᠢᠶᠠᠨ ᠤ ᠲᠣᠭᠤᠷᠢᠭ ᠢ ᠪᠣᠢ ᠪᠣᠯᠭᠠᠨ᠎ᠠ᠃ ᠨᠡᠭᠦᠷᠡᠰᠤᠨ ᠤ ᠬᠢᠨᠠᠨ ᠬᠠᠮᠢᠶᠠᠷᠤᠯᠲᠠ ᠶᠢᠨ ᠲᠣᠭᠤᠷᠢᠭ ᠂ ᠣᠯᠠᠨ ᠤᠯᠤᠰ ᠤᠨ ᠬᠦᠮᠦᠷᠭᠡᠯᠡᠯᠲᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠮᠤ ᠪᠣᠳᠠᠭ᠎ᠠ ᠣᠷᠤᠭᠤᠯᠬᠤ ᠬᠢᠨᠠᠨ ᠬᠠᠮᠢᠶᠠᠷᠤᠯᠲᠠ ᠶᠢᠨ ᠳᠠᠯᠠᠪᠤᠷ᠂ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠪᠤᠷᠢ ᠶᠢᠨ ᠲᠣᠭᠤᠷᠢᠭ᠂ ᠵᠠᠭᠠᠭ ᠭᠤᠣᠯ ᠤᠨ 2 ᠳ᠋ᠤᠭᠠᠷ ᠨᠤᠮᠧᠷᠲᠤ ᠬᠦᠭᠦᠷᠭᠡ᠂ ᠠᠷᠠᠯᠵᠢᠶᠠᠨ ᠤ ᠲᠣᠭᠤᠷᠢᠭ ᠵᠡᠷᠭᠡ ᠨᠢᠭᠡ ᠪᠦᠯᠦᠭ ᠬᠦᠨᠳᠤ ᠴᠢᠬᠤᠯᠠ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠭᠡᠨ᠎ᠠ᠃ 2025 ᠣᠨ ᠪᠣᠯᠬᠤ ᠳᠤ᠂ ᠪᠣᠭᠤᠮᠳᠠ ᠶᠢᠨ ᠵᠢᠯ ᠪᠦᠷᠢ ᠶᠢᠨ ᠲᠦᠭᠦᠭᠡᠢ ᠲᠤᠰᠤᠨ ᠤ ᠣᠷᠤᠭᠤᠯᠤᠯᠲᠠ ᠶᠢ ᠵᠢᠯ ᠳᠠᠷᠠᠭᠠᠯᠠᠨ ᠨᠡᠮᠡᠭᠳᠡᠭᠦᠯᠵᠤ᠂ ᠵᠢᠯ ᠤᠨ ᠪᠠᠷᠠᠭ᠎ᠠ ᠦᠩᠭᠡᠷᠡᠭᠦᠯᠬᠦ ᠶᠡᠷᠦᠩᠬᠡᠶᠢᠯᠡᠭᠰᠡᠨ ᠴᠢᠳᠠᠪᠤᠷᠢ ᠶᠢ 150 ᠲᠦᠮᠡᠨ ᠲᠣᠨ ᠠᠴᠠ ᠳᠡᠭᠡᠭᠰᠢ ᠳᠤ ᠬᠦᠷᠭᠡᠨ᠂ ᠡᠪᠦᠳᠦᠭ ᠪᠣᠭᠤᠮᠳᠠ ᠶᠢ ᠬᠦᠯᠦᠨ ᠪᠣᠶᠢᠷ ᠤᠨ ᠤᠮᠠᠷᠠᠰᠢ ᠴᠢᠯᠦᠭᠡᠲᠡᠢ ᠶᠠᠪᠤᠯᠴᠠᠬᠤ ᠣᠯᠠᠨ ᠤᠯᠤᠰ ᠤᠨ ᠴᠢᠬᠤᠯᠠ ᠪᠣᠭᠤᠮᠳᠠ ᠪᠣᠯᠭᠠᠨ ᠪᠦᠲᠦᠭᠡᠨ ᠪᠠᠶᠢᠭᠤᠯᠤᠨ᠎ᠠ᠃— — ᠨᠡᠶᠢᠭᠡᠮ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠪᠠᠷ ᠬᠦᠴᠦᠯᠡᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠬᠢᠨᠠᠮᠠᠭᠠᠢ ᠦᠢᠯᠡᠳᠦᠯᠭᠡᠵᠢᠭᠦᠯᠦᠨ᠂ ᠠᠷᠠᠳ ᠎ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠭᠡᠨ ᠰᠡᠳᠤᠵᠤ᠂ ᠠᠷᠠᠳ ᠤᠨ ᠠᠮᠢᠳᠤᠷᠠᠯ ᠤᠨ ᠵᠣᠪᠠᠨᠢᠯ ᠢ ᠢᠯᠡᠭᠦᠭᠡᠨ ᠰᠢᠢᠳᠪᠦᠷᠢᠯᠡᠵᠤ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠨ᠂ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠠᠷᠠᠳ ᠣᠯᠠᠨ ᠤ ᠬᠦᠷᠳᠡᠭᠡᠮᠵᠢᠲᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠎ ᠢ ᠪᠠᠲᠤᠳᠬᠠᠨ ᠦᠷᠭᠡᠳᠭᠡᠬᠦ ᠶᠢ ᠬᠦᠳᠡᠭᠡ ᠨᠤᠲᠤᠭ ᠢ ᠴᠡᠴᠡᠭᠯᠡᠭᠦᠯᠬᠦ ᠲᠠᠢ ᠤᠷᠭᠠᠨᠢᠭ ᠤᠶᠠᠯᠳᠤᠭᠤᠯᠤᠨ᠂ ᠠᠵᠢᠯ ᠣᠯᠭᠤᠯᠲᠠ ᠶᠢ ᠲᠡᠷᠢᠭᠦᠨ ᠳᠤ ᠬᠠᠷᠠᠭᠠᠯᠵᠠᠬᠤ ᠪᠠᠶᠢᠯᠳᠤᠬᠤ ᠪᠣᠳᠤᠯᠭ᠎ᠠ ᠪᠠ ᠢᠳᠡᠪᠬᠢᠲᠡᠢ ᠠᠵᠢᠯ ᠣᠯᠭᠤᠬᠤ ᠲᠦᠷᠦ ᠎ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ᠂ ᠡᠷᠡᠭᠦᠯ ᠬᠠᠮᠠᠭᠠᠯᠠᠯ᠂ ᠰᠣᠶᠤᠯ᠂ ᠪᠡᠶ᠎ᠡ ᠶᠢᠨ ᠳᠠᠮᠢᠷ᠂ ᠨᠠᠰᠤᠵᠢᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢ ᠲᠦᠷᠭᠡᠳᠭᠡᠨ᠂ ᠬᠠᠮᠤᠷᠬᠤ ᠬᠡᠪᠴᠢᠶ᠎ᠠ ᠦᠷᠭᠡᠨ᠂ ᠬᠤᠳᠠ ᠬᠦᠳᠡᠭᠡ ᠨᠢᠭᠡᠳᠦᠯᠲᠡᠢ᠂ ᠡᠷᠬᠡ ᠬᠠᠷᠢᠭᠤᠴᠠᠯᠭ᠎ᠠ ᠲᠤᠳᠤᠷᠬᠠᠢ᠂ ᠪᠠᠲᠤᠯᠠᠪᠤᠷᠢ ᠲᠣᠬᠢᠷᠠᠮᠵᠢᠲᠠᠢ᠂ ᠦᠷᠭᠦᠯᠵᠢᠯᠡᠩᠭᠦᠢ ᠣᠯᠠᠨ ᠳᠡᠰ ᠳᠠᠪᠬᠤᠷᠭ᠎ᠠ ᠪᠦᠬᠦᠢ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠪᠦᠬᠦ ᠳᠠᠯ᠎ᠠ ᠪᠠᠷ ᠪᠠᠶᠢᠭᠤᠯᠤᠨ᠎ᠠ᠃ ᠮᠣᠩᠭᠤᠯ ᠦᠨᠳᠦᠰᠦᠲᠡᠨ ᠤ ᠣᠷᠳᠤ ᠶᠢᠨ ᠳᠠᠭᠤᠨ ᠤ ᠰᠣᠶᠤᠯ ᠤᠨ ᠮᠦᠸᠢᠽᠢ᠂ ︽ᠵᠢᠵᠢᠭ ᠡᠮ ᠎ ᠤᠨ ᠬᠠᠶᠢᠷᠴᠠᠭ︾᠎ ᠤᠨ ᠰᠤᠷᠠᠭ ᠵᠠᠩᠭᠢᠴᠢᠯᠠᠯᠲᠠ ᠶᠢᠨ ᠳᠡᠭᠡᠭᠰᠢᠯᠡᠯᠲᠡ᠂ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠢ ᠦᠷᠭᠡᠳᠭᠡᠨ ᠪᠠᠶᠢᠭᠤᠯᠬᠤ ᠵᠡᠷᠭᠡ ᠨᠡᠶᠢᠭᠡᠮ ᠪᠠ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠰᠡᠳᠤᠨ᠂ 2024 ᠣᠨ ᠪᠣᠯᠬᠤ ᠳᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠲᠡ ᠶᠢᠨ ᠰᠢᠯᠢᠳᠡᠭ ᠴᠢᠨᠠᠷ ᠲᠠᠢ ᠲᠡᠩᠴᠡᠭᠦᠷᠢᠲᠡᠢ ᠰᠢᠶᠠᠨ ᠤ ᠬᠢᠨᠠᠨ ᠦᠨᠡᠯᠡᠯᠲᠡ ᠰᠢᠯᠭᠠᠨ ᠠᠪᠤᠯᠲᠠ ᠶᠢ ᠣᠷᠤᠭᠰᠢᠲᠠᠢ ᠦᠩᠭᠡᠷᠡᠭᠦᠯᠬᠦ ᠪᠠᠷ ᠬᠦᠴᠦᠯᠡᠨ ᠴᠢᠷᠮᠠᠶᠢᠨ᠎ᠠ᠃    — — ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠬᠠᠯᠬᠠᠪᠴᠢ ᠶᠢᠨ ᠠᠮᠤᠷ ᠲᠦᠪᠰᠢᠨ ᠪᠠ ᠠᠮᠤᠷ ᠲᠣᠭᠳᠠᠭᠤᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠦᠨ᠎ᠠ᠃ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠤᠯᠭ᠎ᠠ ᠶᠢᠨ ᠲᠣᠭᠳᠠᠴᠠ ᠶᠢ ᠪᠠᠲᠤᠯᠠᠨ᠂ ︽ᠭᠤᠷᠪᠠᠨ ᠲᠣᠭᠤᠷᠢᠭ ᠭᠤᠷᠪᠠᠨ ᠱᠤᠭᠤᠮ︾᠎ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠦᠷᠨᠢᠭᠦᠯᠤᠨ᠂ ︽ᠠᠷᠪᠠᠨ ᠳᠦᠷᠪᠡᠳᠦᠭᠡᠷ ᠳᠠᠪᠤᠨ ᠵᠢᠯ︾᠎ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠬᠦᠯᠦᠨ ᠨᠠᠭᠤᠷ ᠤᠨ ᠣᠷᠤᠰᠬᠠᠯ ᠣᠷᠤᠨ ᠤ ᠠᠮᠢ ᠠᠬᠤᠢ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ ᠴᠡᠭᠴᠡᠯᠡᠬᠦ ᠲᠦᠷᠦᠯ ᠵᠦᠢᠯ ᠢ ᠪᠦᠬᠦ ᠬᠦᠴᠦᠨ ᠢᠶᠠᠷ ᠠᠬᠢᠭᠤᠯᠵᠤ᠂ ᠮᠠᠯᠵᠢᠬᠤ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠵᠡᠷᠭᠡ ᠳᠦᠷᠢᠮ ᠎ ᠢ ᠴᠢᠩᠭ᠎ᠠ ᠬᠡᠷᠡᠭᠵᠢᠭᠦᠯᠦᠨ᠂ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯᠵᠢᠬᠤ ᠶᠢ ᠵᠣᠭᠰᠤᠭᠠᠨ ᠪᠡᠯᠴᠢᠭᠡᠷ ᠰᠡᠷᠭᠦᠭᠡᠬᠦ ᠂ ᠬᠠᠶᠠᠭᠳᠠᠮᠠᠯ ᠮᠠᠯᠳᠠᠭᠰᠠᠨ ᠨᠦᠭᠡ ᠶᠢ ᠵᠠᠰᠠᠬᠤ᠂ ᠲᠣᠰᠬᠤᠨ ᠪᠠᠯᠭᠠᠰᠤ ᠶᠢᠨ ᠬᠤᠭ ᠨᠤᠪᠰᠢ ᠶᠢ ᠲᠦᠷᠦᠯ ᠠᠩᠭᠢᠯᠠᠨ ᠬᠤᠷᠢᠶᠠᠵᠤ ᠴᠤᠭᠯᠠᠭᠤᠯᠤᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠤ᠂ ᠰᠢᠭᠤᠢ ᠶᠢᠨ ᠳᠠᠯᠠᠪᠠᠢ ᠶᠢᠨ ᠪᠠᠴᠢᠮ ᠢ ᠠᠷᠭᠠᠴᠠᠭᠠᠬᠤ ᠭᠠᠯ ᠢ ᠰᠡᠷᠭᠡᠶᠢᠯᠡᠬᠦ ᠵᠠᠰᠠᠮᠠᠯ ᠵᠠᠮ ᠢ 110.4 ᠺᠢᠯᠤᠮᠧᠲᠷ ᠪᠦᠲᠦᠭᠡᠨ ᠪᠠᠶᠢᠭᠤᠯᠤᠨ᠎ᠠ᠃ 2025 ᠣᠨ ᠪᠣᠯᠬᠤ ᠳᠤ᠂ ᠬᠦᠮᠦᠨ ᠤ ᠬᠦᠴᠦ ᠪᠠᠷ ᠣᠶᠢᠵᠢᠭᠤᠯᠬᠤ ᠳᠠᠯᠠᠪᠠᠢ ᠶᠢ ᠰᠢᠨ᠎ᠠ ᠪᠠᠷ 5 ᠲᠦᠮᠡᠨ ᠮᠤ᠋ ᠠᠴᠠ ᠳᠡᠭᠡᠭᠰᠢ ᠳᠤ ᠬᠦᠷᠭᠡᠨ᠂ ᠲᠠᠯ᠎ᠠ ᠨᠤᠲᠤᠭ ᠤᠨ ᠵᠠᠰᠠᠯᠲᠠ ᠶᠢᠨ ᠳᠠᠯᠠᠪᠠᠢ ᠶᠢ 100 ᠲᠦᠮᠡᠨ ᠮᠤ᠋ ᠠᠴᠠ ᠳᠡᠭᠡᠭᠰᠢ ᠳᠤ ᠬᠦᠷᠭᠡᠵᠤ᠂ ᠣᠢ ᠰᠢᠭᠤᠢ ᠶᠢᠨ ᠬᠠᠳᠠᠭᠠᠯᠠᠮᠵᠢ ᠎ ᠶᠢᠨ ᠬᠡᠮᠵᠢᠶ᠎ᠡ ᠶᠢ 250 ᠲᠦᠮᠡᠨ ᠪᠣᠰᠤᠭ᠎ᠠ ᠳᠦᠷᠪᠡᠯᠵᠢᠨ ᠮᠧᠲᠷ ᠲᠤ ᠬᠦᠷᠭᠡᠬᠦ ᠪᠠᠷ ᠬᠦᠴᠦᠯᠡᠨ ᠴᠢᠷᠮᠠᠶᠢᠨ᠎ᠠ᠃ ᠶᠡᠷᠦᠩᠬᠡᠢ ᠴᠤᠭᠴᠠᠲᠤ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ ᠰᠢᠨ᠎ᠠ ᠴᠠᠭ ᠦᠶ᠎ᠡ ᠶᠢᠨ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ︽ᠳᠠᠪᠤ ᠶᠢ ᠨᠢᠭᠡ ᠴᠤᠭᠴᠠᠵᠢᠭᠤᠯᠤᠭᠰᠠᠨ︾ ᠬᠠᠮᠳᠤᠷᠠᠯ ᠤᠨ ᠬᠦᠴᠦᠨ ᠎ ᠢᠶᠠᠷ ᠬᠢᠯᠢ ᠪᠠᠨ ᠬᠦᠴᠦᠷᠭᠡᠭᠵᠢᠭᠦᠯᠦᠨ ᠰᠡᠷᠭᠡᠶᠢᠯᠡᠯᠲᠡ ᠪᠠᠨ ᠪᠠᠲᠤᠳᠬᠠᠬᠤ ᠶᠢ ᠠᠬᠢᠭᠤᠯᠵᠤ᠂ ᠬᠠᠨᠳᠠᠭᠠᠢ ᠠᠮᠤᠷ ᠲᠦᠪᠰᠢᠨ ᠤ ᠪᠠᠶᠢᠴᠠᠭᠠᠯᠲᠠ ᠶᠢᠨ ᠥᠷᠳᠡᠭᠡ᠂ ᠨᠡᠶᠢᠭᠡᠮ ᠲᠣᠭᠤᠷᠢᠭ ᠤᠨ ᠡᠷᠡᠭᠦᠦ ᠰᠢᠢᠳᠭᠡᠯ ᠬᠦᠯᠢᠶᠡᠵᠤ ᠪᠠᠶᠢᠭ᠎ᠠ ᠬᠦᠮᠦᠰ ᠪᠠ ᠡᠷᠡᠭᠦᠦ ᠰᠢᠢᠳᠭᠡᠯ ᠳᠠᠭᠤᠰᠴᠤ ᠰᠤᠯᠠᠯᠠᠭᠳᠠᠭᠰᠠᠨ ᠬᠦᠮᠦᠰ ᠤᠨ ᠬᠠᠮᠢᠶᠠᠷᠤᠯᠲᠠ ᠦᠢᠯᠡᠴᠢᠯᠡᠭᠡᠨ ᠤ ᠲᠦᠪ ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ᠂ ᠪᠠᠴᠢᠮ ᠢ ᠠᠷᠭᠠᠴᠠᠭᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠰᠣᠷᠢᠯᠲᠠ ᠵᠢᠭᠠᠨ ᠰᠤᠷᠭᠠᠯᠲᠠ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠰᠡᠳᠦᠨ ᠪᠠᠶᠢᠭᠤᠯᠤᠨ᠎ᠠ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号