| | —— ︵2022 ᠣᠨ ᠤ 1 ᠰᠠᠷ᠎ᠠ ᠶᠢᠨ 13 ᠤ ᠡᠳᠦᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ︶ | ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠤᠰᠢᠭᠤᠨ ᠳᠠᠷᠤᠭ᠎ᠠ ᠪᠠᠢ ᡁᠢ ᠵᠢᠶᠦ᠋ᠨ | ᠲᠦᠯᠦᠭᠡᠯᠡᠭᠴᠢᠳ ᠡ᠄ | ᠣᠳᠤ ᠪᠢ ᠰᠢᠨ᠎ᠠ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ | ᠬᠢᠨᠠᠨ ᠵᠦᠪᠯᠡᠬᠦ ᠶᠢᠨ ᠬᠠᠮᠳᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠤᠯᠴᠠᠭᠰᠠᠨ ᠨᠥᠬᠦᠳ ᠨᠠᠷ ᠤᠨ ᠰᠠᠨᠠᠯ ᠵᠦᠪᠯᠡᠯᠭᠡ | ᠳᠤᠷᠠᠳᠬᠤ ᠶᠢ ᠬᠦᠰᠡᠵᠤ ᠪᠠᠶᠢᠨ᠎ᠠ᠃ | ᠨᠢᠭᠡ᠂ 2021 ᠣᠨ ᠤ ᠠᠵᠢᠯ ᠵᠢᠴᠢ ᠲᠤᠰ ᠬᠤᠭᠤᠴᠠᠭᠠᠨ ᠤ ᠵᠠᠰᠠᠭ ᠤᠨ ᠣᠷᠳᠤᠨ ᠤ ᠠᠵᠢᠯ ᠤᠨ ᠡᠷᠬᠢᠴᠡᠭᠦᠯᠦᠯ | 2021 ᠣᠨ ᠳᠤ ᠪᠣᠳᠤᠯᠢᠶᠠᠨ ᠲᠦᠭᠰᠢᠭᠦᠷᠢᠲᠡᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠬᠠᠨᠳᠤᠰᠢ ᠪᠠ | ᠬᠠᠳᠠᠭᠤ ᠪᠡᠷᠭᠡ ᠦᠭᠡᠷᠡᠴᠢᠯᠡᠯᠲᠡ ᠬᠦᠭᠵᠢᠯᠲᠡ ᠲᠣᠭᠳᠠᠭᠤᠨ ᠤ ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ | ᠠᠷᠠᠳ ᠤᠨ ᠵᠠᠰᠠᠭ ᠤᠨ ᠣᠷᠳᠤᠨ ᠪᠠ ᠬᠤᠰᠢᠭᠤᠨ ᠤ ᠨᠠᠮ ᠤᠨ ᠬᠤᠷᠢᠶᠡᠨ ᠤ ᠵᠦᠪ ᠣᠨᠤᠪᠴᠢᠲᠠᠢ ᠣᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠤᠨ ᠤ ᠬᠢᠨᠠᠯᠲᠠ ᠪᠠ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ | ᠳᠣᠣᠷ᠎ᠠ᠂ ᠠᠮᠢ ᠠᠬᠤᠢ ᠶᠢ ᠲᠡᠷᠢᠭᠦᠨ ᠳᠤ ᠬᠠᠷᠠᠭᠠᠯᠵᠠᠬᠤ᠂ ᠪᠣᠬᠢᠷᠳᠤᠯ ᠦᠭᠡᠢ ᠬᠦᠭᠵᠢᠯᠲᠡ ᠪᠠᠷ ᠵᠢᠯᠤᠭᠤᠳᠤᠭᠤᠯᠤᠭᠰᠠᠨ ᠥᠨᠳᠦᠷ ᠶᠠᠰᠤ ᠴᠢᠨᠠᠷᠲᠠᠢ ᠬᠦᠭᠵᠢᠯᠲᠡ | ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠵᠠᠮᠨᠠᠨ᠂ ︽ᠵᠢᠷᠭᠤᠭ᠎ᠠ ᠶᠢ ᠪᠠᠲᠤᠯᠠᠬᠤ︾ ᠶᠢ ᠪᠦᠬᠦ ᠬᠦᠴᠦᠨ ᠢᠶᠠᠷ ᠠᠳᠬᠤᠵᠤ᠂ ︽ᠵᠢᠷᠭᠤᠭ᠎ᠠ ᠶᠢ | ᠲᠣᠭᠳᠠᠪᠤᠷᠢᠵᠢᠭᠤᠯᠬᠤ︾ ᠶᠢ ᠠᠬᠢᠭᠤᠯᠤᠨ᠂ ᠪᠦᠬᠦ ᠬᠤᠰᠢᠭᠤᠨ ᠤ ᠡᠯ᠎ᠠ ᠦᠨᠳᠦᠰᠦᠲᠡᠨ ᠤ ᠺᠠᠳ᠋ᠷ ᠲᠦᠮᠡᠨ ᠢ ᠪᠦᠯᠭᠦᠮᠳᠡᠭᠦᠯᠦᠨ ᠳᠠᠭᠠᠭᠤᠯᠵᠤ᠂ ᠵᠢᠷᠭᠠᠯ ᠵᠣᠪᠠᠯᠠᠩ | ᠢᠶᠠᠨ ᠬᠠᠮᠳᠤᠳᠬᠠᠨ᠂ ᠬᠦᠴᠢᠷ ᠪᠡᠷᠭᠡ ᠶᠢ ᠬᠠᠮᠳᠤᠪᠠᠷ ᠳᠤᠭᠤᠯᠵᠤ᠂ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠳᠠᠪᠤᠳᠤᠭᠠᠷ | ᠤᠳᠠᠭᠠᠨ ᠤ ᠬᠤᠷᠠᠯᠳᠤᠭᠠᠨ ᠢᠶᠠᠷ ᠲᠣᠭᠳᠠᠭᠰᠠᠨ ᠬᠠᠷᠠᠯᠲᠠ ᠪᠠᠨ ᠠᠮᠵᠢᠯᠲᠠ ᠳᠦᠭᠦᠷᠡᠩ ᠪᠡᠶᠡᠯᠡᠭᠦᠯᠵᠤ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ | ᠲᠦᠯᠦᠪᠵᠢᠭᠦᠯᠭᠡ ᠪᠠᠨ ᠠᠮᠵᠢᠯᠲᠠᠲᠠᠢ ᠳᠠᠭᠤᠰᠬᠠᠨ᠂ ︽ᠠᠷᠪᠠᠨ ᠳᠥᠷᠪᠡᠳᠦᠭᠡᠷ ᠳᠠᠪᠤᠨ ᠵᠢᠯ︾ ᠤᠨ ᠴᠤ᠋ ᠰᠢᠨ᠎ᠠ ᠡᠬᠢᠯᠡᠯᠲᠡ ᠶᠢ ᠨᠡᠭᠡᠭᠡᠭᠰᠡᠨ ᠶᠤᠮ᠃ | ᠪᠦᠬᠦ ᠵᠢᠯ ᠳᠤ ᠵᠢᠱᠢᠯᠲᠠ ᠪᠠᠷ᠂ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 26 ᠳ᠋ᠦᠩᠰᠢᠭᠤᠷ ᠲᠦᠭᠦᠷᠢᠭ ᠪᠡᠶᠡᠯᠡᠭᠦᠯᠦᠨ᠂ | ᠬᠠᠷᠢᠴᠠᠭᠤᠯᠵᠤ ᠪᠣᠯᠬᠤᠶᠢᠴᠠ ᠬᠠᠩᠰᠢ ᠪᠠᠷ ᠨᠤᠭᠤᠯᠤᠨ ᠪᠣᠳᠤᠪᠠᠯ᠂ ᠠᠳᠠᠯᠢ ᠬᠤᠭᠤᠴᠠᠭᠠᠨ ᠤ ᠬᠢ ᠠᠴᠠ ᠪᠠᠨ 1.5% ᠪᠠᠷ ᠨᠡᠮᠡᠭᠳᠡᠪᠡ᠃ ᠡᠭᠦᠨ ᠳᠤ᠂ ᠨᠢᠭᠡᠳᠦᠭᠡᠷ | ᠠᠵᠤ ᠦᠢᠯᠡᠰ ᠤᠨ ᠨᠡᠮᠡᠯᠲᠡ ᠥᠷᠳᠡᠭ 11.3 ᠳ᠋ᠦᠩᠰᠢᠭᠤᠷ ᠲᠦᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 3.7 % ᠪᠠᠷ ᠨᠡᠮᠡᠭᠳᠡᠵᠤ᠂ | ᠬᠤᠶᠠᠳᠣᠭᠠᠷ ᠠᠵᠤ ᠦᠢᠯᠡᠰ ᠤᠨ ᠨᠡᠮᠡᠯᠳᠡ ᠦᠷᠳᠡᠭ 3.5 ᠳ᠋ᠦᠩᠰᠢᠭᠤᠷ ᠲᠦᠭᠦᠷᠢᠭ ᠲᠤ ᠬᠦᠷᠴᠦ᠂ ᠭᠤᠷᠪᠠᠳᠤᠭᠠᠷ ᠠᠵᠤ ᠦᠢᠯᠡᠰ ᠤᠨ ᠨᠡᠮᠡᠯᠲᠡ ᠥᠷᠳᠡᠭ 11. | 2 ᠳ᠋ᠦᠩᠰᠢᠭᠤᠷ ᠲᠦᠭᠦᠷᠢᠭ ᠲᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 4.7 % ᠪᠠᠷ ᠨᠡᠮᠡᠭᠳᠡᠵᠤ᠂ ᠵᠣᠷᠰᠢᠯᠲᠤ ᠣᠯᠠᠨ ᠨᠡᠶᠢᠲᠡ ᠶᠢᠨ ᠣᠷᠢᠳᠴᠢᠯᠠᠭᠰᠠᠨ | ᠲᠦᠰᠦᠪ ᠤᠨ ᠣᠷᠤᠯᠭ᠎ᠠ ᠶᠢ 1.2 ᠳ᠋ᠦᠩᠰᠢᠭᠤᠷ ᠲᠦᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 60.5 % ᠪᠠᠷ ᠨᠡᠮᠡᠭᠳᠡᠵᠤ᠂ ᠣᠷᠤᠨ ᠨᠤᠲᠤᠭ | ᠤᠨ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ 10.8 ᠳ᠋ᠦᠩᠰᠢᠭᠤᠷ ᠲᠦᠭᠦᠷᠢᠭ ᠲᠤ ᠬᠦᠷᠴᠤ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ | ᠪᠣᠷᠤᠯᠠᠭᠤᠯᠤᠭᠰᠠᠨ ᠶᠡᠷᠦᠩᠬᠡᠢ ᠥᠷᠳᠡᠭ 6.5 ᠳ᠋ᠦᠩᠰᠢᠭᠤᠷ ᠲᠦᠭᠦᠷᠢᠭ ᠲᠤ ᠬᠦᠷᠦᠨ᠂ ᠠᠳᠠᠯᠢ ᠬᠤᠭᠤᠴᠠᠭᠠᠨ ᠤ ᠬᠢ ᠠᠴᠠ 2 % ᠪᠠᠷ ᠨᠡᠮᠡᠭᠳᠡᠵᠤ᠂ ᠬᠤᠳᠠ | ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠤᠯᠭ᠎ᠠ 30739 ᠲᠦᠭᠦᠷᠢᠭ ᠲᠤ ᠬᠦᠷᠴᠤ᠂ ᠠᠳᠠᠯᠢ | ᠬᠤᠭᠤᠴᠠᠭᠠᠨ ᠤ ᠬᠢ ᠠᠴᠠ 6 % ᠪᠠᠷ ᠨᠡᠮᠡᠭᠳᠡᠨ᠂ ᠮᠠᠯᠵᠢᠬᠤ ᠣᠷᠤᠨ ᠤ ᠪᠠᠶᠢᠩᠭᠤ ᠰᠠᠭᠤᠭ᠎ᠠ ᠮᠠᠯᠴᠢᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ | ᠣᠷᠤᠯᠭ᠎ᠠ 27170 ᠲᠦᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 7 % ᠪᠠᠷ ᠨᠡᠮᠡᠭᠳᠡᠭᠰᠡᠨ ᠪᠠᠶᠢᠨ᠎ᠠ᠃ | — — ᠠᠵᠤ ᠦᠢᠯᠡᠰ ᠤᠨ ᠬᠦᠭᠵᠢᠯᠲᠡ ᠶᠢᠨ ᠰᠢᠨ᠎ᠠ ᠡᠬᠢᠯᠡᠯᠲᠡ ᠶᠢ ᠪᠡᠶᠡᠯᠡᠭᠦᠯᠪᠡ᠃ ᠠᠵᠤ ᠦᠢᠯᠡᠰ ᠤᠨ ᠬᠦᠭᠵᠢᠯᠲᠡ ᠶᠢᠨ ᠰᠢᠨ᠎ᠠ ᠠᠷᠭ᠎ᠠ ᠬᠡᠯᠪᠡᠷᠢ᠂ | ᠰᠢᠨ᠎ᠠ ᠪᠦᠲᠦᠴᠡ᠂ ᠰᠢᠨ᠎ᠠ ᠲᠦᠯᠦᠪᠰᠢᠷᠡᠯ᠂ ᠠᠮᠢ ᠠᠬᠤᠢ ᠶᠢ ᠲᠡᠷᠢᠭᠦᠨ ᠳᠤ ᠬᠠᠷᠠᠭᠠᠯᠵᠠᠬᠤ᠂ ᠪᠣᠬᠢᠷᠳᠤᠯ ᠦᠭᠡᠢ ᠬᠦᠭᠵᠢᠯᠲᠡ ᠶᠢᠨ ᠪᠠᠶᠢᠷᠢ ᠲᠣᠭᠳᠠᠭᠠᠯᠲᠠ ᠳᠤ | ᠨᠡᠩ ᠨᠡᠶᠢᠴᠡᠵᠡᠢ᠃ ᠪᠦᠬᠦ ᠵᠢᠯ ᠳᠤ 23 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠂ 2.88 ᠳ᠋ᠦᠩᠰᠢᠭᠤᠷ ᠲᠦᠭᠦᠷᠢᠭ ᠤᠨ ᠲᠣᠭᠳᠠᠮᠠᠯ ᠬᠦᠷᠦᠩᠭᠡ | ᠶᠢᠨ ᠪᠡᠯᠡ ᠣᠷᠤᠭᠤᠯᠤᠯᠲᠠ ᠶᠢ ᠪᠡᠶᠡᠯᠡᠭᠦᠯᠵᠤ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠡᠷᠦᠩᠬᠡᠢ | ᠥᠷᠳᠡᠭ 1.3 ᠳ᠋ᠦᠩᠰᠢᠭᠤᠷ ᠲᠦᠭᠦᠷᠢᠭ ᠲᠤ ᠬᠦᠷᠴᠤ᠂ ᠭᠠᠶᠢᠯᠢ ᠶᠢᠨ ᠣᠷᠤᠯᠭ᠎ᠠ ᠶᠢᠨ ᠬᠡᠮᠵᠢᠶ᠎ᠡ 12.5 % ᠪᠠᠷ ᠨᠡᠮᠡᠭᠳᠡᠭᠰᠡᠨ ᠪᠠᠶᠢᠨ᠎ᠠ᠃ ᠮᠠᠯ ᠠᠵᠤ ᠠᠬᠤᠢ | ᠶᠢᠨ ︽ᠬᠤᠨᠢ ᠶᠢ ᠲᠣᠭᠳᠠᠪᠤᠷᠢᠵᠢᠭᠤᠯᠤᠨ ᠦᠭᠡᠷ ᠨᠡᠮᠡᠭᠳᠡᠭᠦᠯᠬᠦ︾ ᠪᠦᠲᠦᠴᠡ ᠶᠢᠨ ᠴᠢᠨᠠᠷᠲᠠᠢ ᠲᠣᠬᠢᠷᠠᠭᠤᠯᠤᠯᠲᠠ ᠶᠢᠨ ᠦᠷ᠎ᠡ ᠠᠰᠢᠭ ᠢᠯᠡᠷᠭᠡᠢ ᠪᠣᠯᠵᠤ᠂ ᠮᠠᠯ ᠤᠨ | ᠲᠤᠭ᠎ᠠ ᠲᠤᠯᠤᠭᠠᠢ 126 ᠲᠦᠮᠡ ᠳᠤ ᠬᠦᠷᠴᠤ᠂ ᠪᠣᠭ ᠮᠠᠯ ᠢ 90 ᠲᠦᠮᠡᠨ ᠲᠤᠯᠤᠭᠠᠢ ᠪᠠᠷ ᠬᠢᠵᠠᠭᠠᠷᠯᠠᠨ᠂ ᠪᠣᠳᠠ ᠮᠠᠯ ᠢ ᠠᠳᠠᠯᠢ ᠬᠤᠭᠤᠴᠠᠭᠠᠨ ᠤ ᠬᠢ ᠠᠴᠠ 4. | 7 ᠲᠦᠮᠡᠨ ᠲᠤᠯᠤᠭᠠᠢ ᠨᠡᠮᠡᠭᠳᠡᠭᠦᠯᠵᠤ᠂ ᠮᠠᠯ ᠤᠨ ᠭᠠᠷᠭᠠᠯᠲᠠ ᠶᠢ 36.5 ᠲᠦᠮᠡᠨ ᠲᠤᠯᠤᠭᠠᠢ ᠳᠤ ᠬᠦᠷᠭᠡᠪᠡ᠃ ᠦᠨᠳᠦᠰᠦᠲᠡᠨ ᠤ ᠴᠠᠭᠠᠨ ᠢᠳᠡᠭᠡᠨ ᠤ | ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠦᠨᠳᠦᠰᠦᠲᠡᠨ ᠤ ᠠᠵᠤ ᠦᠢᠯᠡᠰ ᠤᠨ ᠦᠢᠯᠡᠰ ᠪᠦᠲᠦᠭᠡᠬᠦ ᠬᠦᠷᠢᠶᠡᠯᠡᠩ ᠢ ᠠᠰᠢᠭᠯᠠᠯᠲᠠ ᠳᠤ ᠣᠷᠤᠭᠤᠯᠤᠨ᠂ 15 | ᠲᠦᠷᠦᠯ ᠤᠨ ᠳᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠤ ᠭᠠᠵᠠᠷ ᠵᠦᠢ ᠶᠢᠨ ᠰᠢᠨᠵᠢ ᠲᠡᠮᠳᠡᠭᠲᠤ ᠲᠦᠷᠦᠯ ᠲᠡᠮᠳᠡᠭ ᠤᠨ ᠵᠦᠪᠳᠡᠯᠴᠡᠭᠡᠷ ᠲᠣᠭᠳᠠᠵᠤ᠂ | ᠰᠦ ᠮᠢᠬᠠᠨ ᠤ ᠭᠠᠷᠤᠯᠲᠠ ᠲᠣᠰᠪᠤᠷᠢ 10.3 ᠲᠦᠮᠡᠨ ᠲᠣᠨ ᠪᠠ 2.2 ᠲᠦᠮᠡᠨ ᠲᠣᠨ ᠳᠤ ᠬᠦᠷᠤᠨ᠂ ᠠᠮᠤ ᠪᠣᠳᠠᠭᠠᠨ ᠤ ᠭᠠᠷᠤᠯᠲᠠ 1 ᠳ᠋ᠦᠩᠰᠢᠭᠤᠷ ᠵᠢᠩ ᠢ | ᠳᠠᠪᠠᠵᠠᠢ᠃ ᠨᠤᠭᠤᠭᠠᠨᠨᠠᠭᠤᠷ ᠵᠢᠭᠤᠯᠴᠢᠯᠠᠯ ᠠᠮᠠᠷᠠᠯᠲᠠ ᠶᠢᠨ ᠣᠷᠤᠨ ᠤ ᠬᠤᠶᠠᠳᠤᠭᠠᠷ ᠬᠤᠭᠤᠴᠠᠭᠠᠨ ᠤ ᠪᠠᠭᠤᠳᠠᠯ ᠤᠨ ᠲᠦᠷᠦᠯ ᠵᠦᠢᠯ ᠤᠨ ᠭᠤᠣᠯ ᠴᠤᠭᠴᠠᠲᠤ | ᠪᠠᠷᠢᠯᠭ᠎ᠠ ᠳᠠᠭᠤᠰᠴᠤ᠂ ᠭᠤᠸᠠᠩ ᠴᠢ ᠮᠠᠰᠢᠨ ᠲᠡᠷᠭᠡᠨ ᠤ ᠬᠠᠬᠢᠷ ᠣᠷᠤᠨ ᠤ ᠲᠤᠷᠰᠢᠯᠲᠠ ᠶᠢᠨ ᠳᠠᠯᠠᠪᠤᠷ ᠪᠠᠷᠢᠯᠭ᠎ᠠ ᠳᠠᠭᠤᠰᠤᠨ ᠡᠵᠡᠩᠨᠡᠯᠲᠡ ᠡᠬᠢᠯᠡᠭᠦᠯᠵᠤ᠂ ᠲᠢᠺ | ᠲᠣᠺ᠂ ᠬᠦᠯᠦᠨ ᠪᠣᠶᠢᠷ ᠤᠨ ᠰᠦᠯᠵᠢᠶᠡᠨ ᠣᠳᠤᠳ ᠤᠨ ᠨᠠᠭᠠᠳᠤᠮ ᠢ ᠠᠮᠵᠢᠯᠲᠠᠲᠠᠢ ᠡᠷᠬᠢᠯᠡᠨ᠂ ᠦᠪᠤᠷ ᠮᠣᠩᠭᠤᠯ ᠤᠨ ᠠᠯᠳᠠᠨ ᠲᠣᠭᠤᠨᠤ ᠬᠤᠶᠠᠳᠤᠭᠠᠷ | ᠬᠤᠭᠤᠴᠠᠭᠠᠨ ᠤ ᠵᠢᠭᠤᠯᠴᠢᠯᠠᠯ ᠤᠨ ᠨᠠᠭᠠᠳᠤᠮ ᠵᠡᠷᠭᠡ ᠬᠦᠳᠡᠯᠭᠡᠭᠡᠨ ᠢ ᠡᠷᠬᠢᠯᠡᠵᠤ᠂ ᠮᠣᠩᠭᠤᠯ ᠮᠣᠷᠢᠨ ᠤ ᠮᠠᠭᠳᠠᠭᠤ ᠵᠡᠷᠭᠡ ᠲᠤᠮᠤ ᠬᠡᠯᠪᠡᠷᠢ ᠶᠢᠨ ᠰᠣᠶᠤᠯ ᠤᠨ | ᠪᠣᠳᠠᠲᠤ ᠦᠵᠡᠮᠵᠢ ᠶᠢᠨ ᠲᠣᠭᠯᠠᠯᠲᠠ ᠨᠢ ᠵᠠᠬ᠎ᠠ ᠳᠡᠯᠭᠡᠭᠦᠷ ᠤᠨ ᠳᠡᠭᠡᠳᠤ ᠬᠡᠮᠵᠢᠶᠡᠨ ᠤ ᠦᠨᠡᠯᠡᠯᠲᠡ ᠶᠢ ᠣᠯᠵᠤ᠂ 2 ᠮᠠᠯᠵᠢᠬᠤ ᠡᠷᠦᠬᠡ ᠪᠦᠬᠦ ᠣᠷᠤᠨ ᠤ | ᠠᠩᠬᠠᠳᠤᠭᠠᠷ ᠪᠦᠯᠦᠭ ᠬᠦᠳᠡᠭᠡ ᠲᠣᠰᠬᠤᠨ ᠮᠠᠯᠵᠢᠬᠤ ᠣᠷᠤᠨ ᠤ ᠰᠣᠶᠤᠯ ᠤᠨ ᠵᠢᠱᠢᠶ᠎ᠡ ᠦᠵᠡᠭᠦᠯᠬᠦ ᠡᠷᠦᠬᠡ ᠪᠠᠷ ᠵᠢᠭᠰᠠᠭᠠᠭᠳᠠᠭᠰᠠᠨ ᠪᠠᠶᠢᠨ᠎ᠠ᠃ | — — ᠬᠦᠳᠡᠭᠡ ᠨᠤᠲᠤᠭ ᠢ ᠴᠡᠴᠡᠭᠯᠡᠭᠦᠯᠬᠦ ᠪᠦᠲᠦᠭᠡᠨ ᠪᠠᠶᠢᠭᠤᠯᠤᠯᠲᠠ ᠰᠢᠨ᠎ᠠ ᠡᠬᠢᠯᠡᠯᠲᠡ ᠶᠢ ᠪᠡᠶᠡᠯᠡᠭᠦᠯᠪᠡ᠃ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠪᠦᠬᠦ ᠳᠠᠯ᠎ᠠ ᠪᠠᠷ ᠪᠠᠲᠤᠵᠢᠨ᠂ ᠠᠵᠤ ᠦᠢᠯᠡᠰ ᠤᠨ ᠰᠠᠭᠤᠷᠢ ᠲᠦᠭᠦᠬᠡᠷᠦᠮᠵᠢ᠂ ᠬᠤᠳᠠᠷᠭᠠᠯᠠᠬᠤ ᠪᠠᠲᠤᠯᠠᠪᠤᠷᠢ ᠶᠢᠨ ᠲᠦᠷᠦ ᠶᠢᠨ ᠪᠣᠳᠤᠯᠭ᠎ᠠ᠂ | ᠬᠦᠴᠢᠷᠳᠡᠢ ᠣᠯᠠᠨ ᠲᠦᠮᠡᠨ ᠤ ᠣᠷᠤᠯᠭ᠎ᠠ ᠪᠠᠨ ᠨᠡᠮᠡᠭᠳᠡᠭᠦᠯᠬᠦ ᠴᠢᠳᠠᠪᠤᠷᠢ ᠦᠷᠭᠦᠯᠵᠢᠯᠡᠩᠭᠦᠢ ᠴᠢᠩᠭᠠᠷᠠᠭᠰᠠᠨ ᠪᠠᠶᠢᠨ᠎ᠠ᠃ ᠨᠡᠶᠢᠲᠡ 3715 ᠲᠦᠮᠡᠨ ᠲᠦᠭᠦᠷᠢᠭ ᠤᠨ | ᠪᠡᠯᠡ ᠣᠷᠤᠭᠤᠯᠵᠤ᠂ 32 ᠬᠠᠪᠰᠤᠷᠤᠨ ᠲᠡᠳᠭᠦᠬᠦ ᠲᠦᠷᠦᠯ ᠵᠦᠢᠯ ᠢ ᠬᠡᠷᠡᠭᠵᠢᠭᠦᠯᠦᠨ᠂ ᠬᠦᠴᠢᠷᠳᠡᠢ ᠣᠯᠠᠨ ᠲᠦᠮᠡᠨ ᠳᠤ 85 ᠨᠡᠭᠦᠳᠡᠯ ᠬᠤᠨᠤᠭᠯᠠᠬᠤ ᠲᠡᠷᠭᠡ᠂ | 111 ᠢᠵᠢ ᠨᠡᠭᠦᠳᠡᠯ ᠫᠧᠩ ᠰᠠᠷᠠᠪᠴᠢ᠂ 35 ᠢᠵᠢ ᠭᠡᠷᠡᠯ ᠬᠦᠴᠦᠳᠡᠯ ᠢᠶᠠᠷ ᠴᠠᠬᠢᠯᠭᠠᠨ ᠭᠠᠷᠭᠠᠬᠤ ᠲᠦᠭᠦᠭᠡᠷᠤᠮᠵᠢ ᠳᠠᠷᠬᠠᠭᠠᠨ᠂ ᠰᠢᠨ᠎ᠠ ᠪᠠᠷ 34 ᠬᠤᠳᠳᠤᠭ᠂ | 50 ᠫᠧᠩ ᠰᠠᠷᠠᠪᠴᠢ ᠪᠠᠶᠢᠭᠤᠯᠤᠨ ᠥᠭᠴᠤ᠂ ᠰᠦ ᠮᠢᠬᠠᠨ ᠤ ᠦᠭᠡᠷ ᠢ 358 ᠲᠤᠯᠤᠭᠠᠢ ᠬᠤᠳᠠᠯᠳᠤᠨ ᠠᠪᠴᠤ ᠥᠭᠭᠦᠨ᠂ 5 ᠭᠠᠴᠠᠭᠠᠨ ᠤ ᠬᠠᠮᠳᠤ ᠨᠡᠶᠢᠲᠡ | ᠶᠢᠨ ᠠᠵᠤ ᠠᠬᠤᠢ ᠶᠢ ᠳᠡᠮᠵᠢᠵᠤ᠂ ᠶᠠᠳᠠᠭᠤ ᠠᠴᠠ ᠠᠩᠭᠢᠵᠢᠷᠠᠭᠤᠯᠬᠤ 1086 ᠬᠦᠮᠦᠨ ᠢ ᠬᠠᠮᠤᠷᠤᠨ ᠳᠠᠶᠢᠴᠢᠯᠠᠭᠰᠠᠨ ᠪᠠᠶᠢᠨ᠎ᠠ᠃ ᠮᠠᠯᠵᠢᠬᠤ ᠣᠷᠤᠨ ᠤ ᠡᠷᠡᠭᠦᠯ | ᠬᠠᠮᠠᠭᠠᠯᠠᠯ ᠤᠨ 320 ᠵᠣᠷᠯᠤᠩ ᠢ ᠳᠡᠰ ᠳᠡᠪᠰᠢᠭᠦᠯᠦᠨ ᠦᠭᠡᠷᠡᠴᠢᠯᠡᠵᠤ᠂ ᠲᠣᠰᠬᠤᠨ ᠳᠤ ᠨᠡᠪᠲᠡᠷᠡᠬᠦ ᠵᠠᠰᠠᠮᠠᠯ ᠵᠠᠮ ᠢ 511 ᠺᠢᠯᠤᠮᠧᠲᠷ ᠰᠡᠯᠪᠢᠨ ᠵᠠᠰᠠᠵᠠᠢ᠃ | ᠬᠦᠳᠡᠭᠡ ᠲᠣᠰᠬᠤᠨ ᠮᠠᠯᠵᠢᠬᠤ ᠣᠷᠤᠨ ᠤ ᠬᠦᠮᠦᠨ ᠠᠷᠠᠳ ᠤᠨ ᠰᠠᠭᠤᠬᠤ ᠣᠷᠴᠢᠨ ᠢ ᠵᠠᠰᠠᠨ ᠴᠡᠭᠴᠡᠯᠡᠬᠦ ᠠᠵᠢᠯ ᠢ ᠯᠠᠪᠳᠠᠭᠤᠨ ᠦᠷᠨᠢᠭᠦᠯᠵᠤ᠂ ᠦᠢᠯᠡᠳᠪᠦᠷᠢᠯᠡᠯ | ᠠᠮᠢᠳᠤᠷᠠᠯ ᠤᠨ ᠬᠤᠭ ᠨᠤᠪᠰᠢ ᠶᠢ 8000 ᠲᠣᠨ ᠪᠠᠶᠢᠩᠭᠤᠵᠢᠭᠤᠯᠤᠨ ᠴᠡᠪᠡᠷᠯᠡᠪᠡ᠃ ᠠᠵᠢᠯ ᠣᠯᠭᠤᠬᠤ ᠵᠢᠭᠡᠯᠡᠯᠭᠡ ᠪᠠ ᠠᠵᠢᠯ ᠤᠨ ᠪᠠᠶᠢᠷᠢ ᠲᠣᠭᠳᠠᠪᠤᠷᠢᠵᠢᠭᠤᠯᠬᠤ | ᠨᠥᠬᠦᠪᠦᠷᠢ 315.7 ᠲᠦᠮᠡᠨ ᠲᠦᠭᠦᠷᠢᠭ ᠳᠠᠷᠬᠠᠭᠠᠨ᠂ 211 ᠰᠠᠭᠤᠭᠠᠯᠢ ᠠᠷᠠᠳ ᠮᠠᠯᠴᠢᠳ ᠲᠤ ᠰᠢᠨ᠎ᠠ ᠪᠠᠷ ᠠᠵᠢᠯ ᠣᠯᠭᠤᠵᠤ᠂ 130 ᠮᠠᠯᠴᠢᠨ ᠳᠠᠷᠢᠶᠠᠴᠢᠨ | ᠢ ᠰᠢᠯᠵᠢᠭᠦᠯᠦᠨ ᠠᠵᠢᠯ ᠣᠯᠭᠤᠵᠠᠢ᠃ ᠬᠤᠳᠠ ᠬᠦᠳᠡᠭᠡ ᠶᠢᠨ ᠳᠣᠣᠷ᠎ᠠ ᠪᠠᠲᠤᠯᠠᠪᠤᠷᠢ ᠶᠢᠨ ᠪᠠᠷᠢᠮᠵᠢᠶ᠎ᠠ ᠶᠢ ᠲᠣᠰᠪᠤᠷᠢ 9.2 % ᠪᠠ 9.6 % ᠪᠠᠷ ᠨᠡᠮᠡᠭᠳᠡᠭᠦᠯᠪᠡ᠃ | ᠬᠤᠳᠠ ᠬᠦᠳᠡᠭᠡ ᠶᠢᠨ ᠳᠣᠣᠷ᠎ᠠ ᠪᠠᠲᠤᠯᠠᠪᠤᠷᠢ ᠶᠢᠨ ᠮᠦᠩᠭᠦ ᠶᠢ 1740.9 ᠲᠦᠮᠡᠨ ᠲᠦᠭᠦᠷᠢᠭ᠂ ᠲᠦᠷ ᠴᠠᠭ ᠤᠨ ᠠᠪᠤᠷᠠᠨ ᠲᠤᠰᠠᠯᠠᠮᠵᠢ ᠶᠢᠨ ᠮᠦᠩᠭᠦ ᠶᠢ | 134.5 ᠲᠦᠮᠡᠨ ᠲᠦᠭᠦᠷᠢᠭ᠂ ᠵᠡᠮᠳᠡᠭᠴᠤᠳ ᠤᠨ ᠬᠤᠶᠠᠷ ᠲᠦᠷᠦᠯ` ᠤᠨ ᠨᠥᠬᠦᠪᠦᠷᠢ ᠶᠢ 224.9 ᠲᠦᠮᠡᠨ ᠲᠦᠭᠦᠷᠢᠭ ᠳᠠᠷᠬᠠᠭᠠᠭᠰᠠᠨ ᠪᠠᠶᠢᠨ᠎ᠠ᠃ | — — ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠢᠨ᠎ᠠ ᠡᠬᠢᠯᠡᠯᠲᠡ ᠶᠢ ᠪᠡᠶᠡᠯᠡᠭᠦᠯᠪᠡ᠃ ᠬᠦᠭᠡ ᠣᠭᠳᠠᠷᠭᠤᠢ᠂ ᠨᠤᠮᠢᠨ ᠤᠰᠤ᠂ ᠠᠷᠢᠭᠤᠨ | ᠬᠦᠷᠦᠰᠤ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠢ ᠥᠨᠳᠦᠷ ᠪᠠᠷᠢᠮᠵᠢᠶ᠎ᠠ ᠪᠠᠷ ᠦᠷᠨᠢᠭᠦᠯᠦᠨ᠂ ︽ᠭᠤᠷᠪᠠᠨ ᠱᠤᠭᠤᠮ ᠨᠢᠭᠡ ᠬᠠᠭᠤᠳᠠᠰᠤ︾ ᠠᠮᠢ ᠠᠬᠤᠢ | ᠣᠷᠴᠢᠨ ᠲᠣᠭᠤᠷᠢᠨ ᠤ ᠲᠣᠭᠤᠷᠢᠭ ᠬᠤᠪᠢᠶᠠᠭᠰᠠᠨ ᠬᠠᠮᠢᠶᠠᠷᠤᠯᠲᠠ ᠡᠵᠡᠮᠰᠢᠯ ᠤᠨ ᠰᠢᠰᠲ᠋ᠧᠮ ᠪᠠᠶᠢᠭᠤᠯᠵᠤ᠂ ᠣᠷᠤᠨ ᠵᠠᠢ ᠶᠢᠨ ᠪᠠᠶᠢᠷᠢᠰᠢᠭᠤᠯᠤᠯᠲᠠ ᠶᠢ ᠬᠢᠵᠠᠭᠠᠷᠯᠠᠬᠤ | ᠂ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠠᠮᠢᠶᠠᠷᠤᠯᠲᠠ ᠡᠵᠡᠮᠰᠢᠯ ᠢ ᠪᠦᠬᠦ ᠳᠠᠯ᠎ᠠ ᠪᠠᠷ ᠴᠢᠩᠭᠠᠳᠬᠠᠨ᠂ ᠣᠷᠴᠢᠨ ᠲᠣᠭᠤᠷᠢᠨ ᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠪᠠ ᠡᠬᠢ ᠪᠠᠶᠠᠯᠢᠭ ᠤᠨ ᠠᠰᠢᠭᠯᠠᠮᠵᠢ ᠶᠢᠨ ᠨᠤᠷᠮ᠎ᠠ ᠶᠢ ᠢᠯᠡᠳᠳᠡ ᠳᠡᠭᠡᠭᠰᠢᠯᠡᠭᠦᠯᠵᠤ᠂ ᠣᠰᠤᠨ ᠤ ᠣᠷᠴᠢᠨ ᠲᠣᠭᠤᠷᠢᠨ ᠤ ᠶᠠᠰᠤ ᠴᠢᠨᠠᠷ | ᠦᠷᠭᠦᠯᠵᠢᠯᠡᠩᠭᠦᠢ ᠰᠠᠶᠢᠵᠢᠷᠠᠨ᠂ ᠠᠭᠠᠷ ᠮᠠᠨᠳᠠᠯ ᠤᠨ ᠶᠠᠰᠤ ᠴᠢᠨᠠᠷ ᠰᠢᠯᠢᠳᠡᠭ ᠡᠳᠦᠷ ᠤᠨ ᠲᠣᠭᠠᠨ ᠤ ᠬᠠᠷᠢᠴᠠᠯ 100 % ᠳᠤ ᠬᠦᠷᠴᠡᠢ᠃ ᠰᠢᠨ᠎ᠠ ᠨᠢᠭᠡ ᠡᠭᠡᠯᠵᠢ | ᠶᠢᠨ ᠲᠠᠯ᠎ᠠ ᠨᠤᠲᠤᠭ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠨ᠂ 0.9 ᠲᠦᠮᠡᠨ ᠮᠤ᠋ ᠡᠯᠡᠰᠤ ᠶᠢ ᠵᠠᠰᠠᠨ | ᠣᠶᠢᠵᠢᠭᠤᠯᠵᠤ᠂ 5 ᠲᠦᠮᠡᠨ ᠰᠠᠤᠷᠢ ᠠᠯᠪᠠᠨ ᠵᠢᠷᠤᠮ ᠤᠨ ᠮᠣᠳᠤ ᠵᠠᠶᠢᠯᠠᠨ᠂ 15.5 ᠲᠦᠮᠡᠨ ᠮᠤ᠋ ᠨᠤᠲᠤᠭ ᠲᠤ ᠮᠠᠯᠵᠢᠬᠤ ᠶᠢ ᠵᠣᠭᠰᠤᠭᠠᠨ ᠪᠡᠯᠴᠢᠭᠡᠷ ᠰᠡᠷᠭᠦᠭᠡᠬᠦ | ᠲᠦᠷᠦᠯ ᠵᠦᠢᠯ ᠬᠡᠷᠡᠭᠵᠢᠭᠦᠯᠵᠤ᠂ 931.7 ᠲᠦᠮᠡᠨ ᠮᠤ᠋ ᠨᠤᠲᠤᠭ ᠪᠡᠯᠴᠢᠭᠡᠷ ᠤᠨ ᠬᠤᠯᠤᠭᠠᠨ᠎ᠠ ᠶᠢᠨ ᠬᠤᠣᠷ ᠢ ᠰᠡᠷᠭᠡᠶᠢᠯᠡᠨ ᠵᠠᠰᠠᠪᠠ᠃ ᠠᠮᠢ ᠠᠬᠤᠢ ᠣᠷᠴᠢᠨ | ᠲᠣᠭᠤᠷᠢᠨ ᠢ ᠡᠪᠳᠡᠭᠰᠡᠨ ᠬᠠᠤᠯᠢ ᠪᠣᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠤ᠂ ᠳᠠᠯ᠎ᠠ ᠨᠤᠲᠤᠭ ᠣᠶᠢᠲᠤ ᠭᠠᠵᠠᠷ ᠢ ᠡᠪᠳᠡᠭᠰᠡᠨ ᠡᠷᠡᠭᠦᠦ ᠶᠢᠨ ᠬᠡᠷᠡᠭ ᠢ | 10 ᠤᠳᠠᠭ᠎ᠠ ᠡᠪᠳᠡᠨ᠂ ᠲᠡᠦᠬᠡ ᠶᠢᠨ ᠦᠯᠡᠳᠡᠭᠳᠡᠯ ᠢ ᠮᠠᠯᠳᠠᠭᠰᠠᠨ ᠨᠦᠭᠡ ᠶᠢ 170 ᠮᠤ᠋ ᠰᠡᠷᠭᠦᠭᠡᠨ ᠵᠠᠰᠠᠵᠤ᠂ ᠳᠠᠷᠢᠶᠠᠯᠠᠩ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠬᠠᠶᠠᠭᠳᠠᠮᠠᠯ ᠪᠣᠳᠠᠰ ᠢ 3760 ᠲᠣᠨ ᠬᠤᠣᠷ ᠦᠭᠡᠶᠢᠵᠢᠭᠦᠯᠦᠨ ᠰᠢᠢᠳᠪᠦᠷᠢᠯᠡᠭᠰᠡᠨ ᠪᠠᠶᠢᠨ᠎ᠠ᠃ | — — ᠬᠤᠳᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠰᠢᠨ᠎ᠠ ᠡᠬᠢᠯᠡᠯᠲᠡ ᠶᠢ ᠪᠡᠶᠡᠯᠡᠭᠦᠯᠪᠡ᠃ ᠠᠮᠤᠭᠤᠯᠠᠩ ᠪᠠᠯᠭᠠᠰᠤᠨ ᠤ ᠬᠤᠳᠠ ᠶᠢᠨ ᠶᠠᠪᠤᠳᠠᠯ ᠤᠨ | ᠰᠠᠭᠤᠷᠢ ᠲᠦᠭᠦᠬᠡᠷᠦᠮᠵᠢ ᠶᠢᠨ ᠪᠠᠶᠢᠭᠤᠯᠤᠯᠲᠠ ᠪᠦᠬᠦ ᠳᠠᠯ᠎ᠠ ᠪᠠᠷ ᠳᠡᠭᠡᠭᠰᠢᠯᠡᠨ᠂ ᠬᠤᠳᠠ ᠶᠢᠨ ᠶᠠᠪᠤᠳᠠᠯ ᠤᠨ ᠵᠠᠮ ᠢ 1.4 ᠺᠢᠯᠤᠮᠧᠲᠷ ᠰᠡᠯᠪᠢᠨ ᠵᠠᠰᠠᠵᠤ᠂ ᠶᠠᠪᠠᠭᠠᠨ | ᠵᠠᠮ ᠢ 3.5 ᠲᠦᠮᠡᠨ ᠬᠠᠪᠳᠠᠭᠠᠢ ᠳᠦᠷᠪᠡᠯᠵᠢᠨ ᠮᠧᠲᠷ ᠳᠡᠪᠢᠰᠦᠨ᠂ ᠪᠣᠷᠤᠭᠠᠨ ᠤ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ 5.8 ᠺᠢᠯᠤᠮᠧᠲᠷ ᠳᠡᠪᠢᠰᠴᠤ᠂ | ᠪᠣᠵᠠᠷ ᠤᠰᠤᠨ ᠤ ᠬᠤᠭᠤᠯᠠᠢ ᠲᠣᠣᠷ ᠢ 2.5 ᠺᠢᠯᠤᠮᠧᠲᠷ ᠦᠷᠭᠡᠳᠭᠡᠨ ᠪᠠᠶᠢᠭᠤᠯᠵᠤ᠂ 11 ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠪᠠᠶᠢᠭᠤᠯᠵᠤ᠂ | ᠠᠮᠤᠭᠤᠯᠠᠩ ᠪᠠᠯᠭᠠᠰᠤᠨ ᠤ ᠨᠤᠭᠤ ᠭᠠᠵᠠᠷ ᠤᠨ ᠴᠡᠴᠡᠷᠯᠢᠭ ᠪᠠ 2 ᠰᠠᠭᠤᠷᠢ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠦᠪ ᠢ ᠵᠢᠩᠬᠢᠨᠢ ᠪᠠᠷ | ᠠᠰᠢᠭᠯᠠᠯᠲᠠ ᠳᠤ ᠣᠷᠤᠭᠤᠯᠪᠠ᠃ ᠣᠷᠴᠢᠨ ᠲᠣᠭᠤᠷᠢᠨ ᠢ ᠵᠠᠰᠠᠨ ᠴᠡᠭᠴᠡᠯᠡᠬᠦ ︽ᠵᠠᠭᠤᠨ ᠡᠳᠦᠷ ᠤᠨ ᠰᠢᠪᠲᠤᠯᠤᠯᠲᠠ︾ ᠶᠢᠨ ᠬᠦᠳᠡᠯᠭᠡᠭᠡᠨ ᠢ ᠪᠦᠬᠦ ᠬᠦᠴᠦᠨ ᠢᠶᠠᠷ | ᠦᠷᠨᠢᠭᠦᠯᠵᠤ᠂ ᠨᠤᠭᠤᠭᠠᠷᠠᠭᠤᠯᠤᠯᠲᠠ ᠶᠢᠨ ᠳᠠᠯᠠᠪᠠᠢ ᠶᠢ ᠰᠢᠨ᠎ᠠ ᠪᠠᠷ 2 ᠲᠦᠮᠡᠨ ᠬᠠᠪᠳᠠᠭᠠᠢ ᠳᠦᠷᠪᠡᠯᠵᠢᠨ ᠮᠧᠲᠷ ᠨᠡᠮᠡᠭᠳᠡᠭᠦᠯᠵᠤ᠂ ᠪᠡᠶ᠎ᠡ ᠴᠢᠬᠢᠷᠠᠭᠵᠢᠭᠤᠯᠬᠤ | ᠰᠡᠯᠡᠭᠦᠴᠡᠯ ᠤᠨ ᠳᠠᠯᠠᠪᠠᠢ ᠶᠢ ᠰᠢᠨ᠎ᠠ ᠪᠠᠷ 1.5 ᠲᠦᠮᠡᠨ ᠬᠠᠪᠳᠠᠭᠠᠢ ᠳᠦᠷᠪᠡᠯᠵᠢᠨ ᠮᠧᠲᠷ ᠪᠠᠶᠢᠭᠤᠯᠤᠨ᠂ ᠲᠡᠷᠭᠡᠨ ᠵᠣᠭᠰᠤᠭᠠᠯ ᠢ ᠰᠢᠨ᠎ᠠ ᠪᠠᠷ 1.2 ᠲᠦᠮᠡᠨ | ᠬᠠᠪᠳᠠᠭᠠᠢ ᠳᠦᠷᠪᠡᠯᠵᠢᠨ ᠮᠧᠲᠷ ᠪᠠᠶᠢᠭᠤᠯᠵᠤ᠂ ᠵᠠᠮ ᠤᠨ ᠢᠯᠡᠷᠭᠡᠶᠢᠯᠡᠯ ᠲᠡᠮᠳᠡᠭ ᠱᠤᠭᠤᠮ ᠢ 900 ᠬᠠᠪᠳᠠᠭᠠᠢ ᠳᠦᠷᠪᠡᠯᠵᠢᠨ ᠮᠧᠲᠷ᠂ 300 ᠲᠡᠷᠭᠡᠨ ᠵᠣᠭᠰᠤᠭᠠᠯ | ᠤᠨ ᠣᠷᠤ᠂ ᠵᠠᠮ ᠬᠠᠷᠢᠯᠴᠠᠭᠠᠨ ᠤ ᠲᠣᠬᠢᠶ᠎ᠠ ᠲᠡᠮᠳᠡᠭ ᠤᠨ ᠳ᠋ᠧᠩ ᠢ 3 ᠬᠡᠰᠡᠭ ᠰᠢᠨ᠎ᠠ ᠪᠠᠷ ᠨᠡᠮᠡᠭᠳᠡᠭᠦᠯᠦᠨ᠂ ᠠᠷᠠᠳ ᠣᠯᠠᠨ ᠤ ᠡᠳᠦᠷ ᠲᠣᠳᠤᠮ ᠤᠨ ᠶᠠᠪᠤᠵᠤ | ᠰᠠᠭᠤᠬᠤ᠂ ᠰᠡᠯᠡᠭᠦᠴᠡᠯ ᠪᠡᠶ᠎ᠡ ᠴᠢᠬᠢᠷᠠᠭᠵᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠣᠷᠴᠢᠨ ᠶᠡᠬᠡᠪᠡᠷ ᠰᠠᠶᠢᠵᠢᠷᠠᠨ ᠦᠭᠡᠷᠡᠴᠢᠯᠡᠭᠳᠡᠭᠰᠡᠨ ᠪᠠᠶᠢᠨ᠎ᠠ᠃ | — — ᠭᠠᠳᠠᠭᠠᠳᠤ ᠲᠠᠢ ᠴᠢᠯᠦᠭᠡᠲᠠᠢ ᠶᠠᠪᠤᠯᠴᠠᠬᠤ ᠠᠵᠢᠯ ᠰᠢᠨ᠎ᠠ ᠡᠬᠢᠯᠡᠯᠲᠡ ᠶᠢ ᠪᠡᠶᠡᠯᠡᠭᠦᠯᠪᠡ᠃ ᠬᠢᠯᠢ ᠬᠢᠵᠠᠭᠠᠷ ᠤᠨ ᠬᠢᠵᠢᠭ ᠢ ᠰᠡᠷᠭᠡᠶᠢᠯᠡᠨ ᠡᠵᠡᠮᠳᠡᠬᠦ᠂ | ᠣᠯᠠᠨ ᠣᠯᠤᠰ ᠤᠨ ᠠᠷᠠᠯᠵᠢᠶ᠎ᠠ ᠶᠢᠨ ᠬᠠᠨᠳᠤᠰᠢ ᠪᠣᠳᠤᠯᠢᠶᠠᠲᠠᠢ ᠬᠤᠪᠢᠷᠠᠯᠲᠠ ᠶᠡᠬᠡᠲᠡᠢ ᠨᠠᠵᠭᠠᠢ ᠳᠠᠯ᠎ᠠ ᠶᠢᠨ ᠨᠦᠯᠦᠭᠡᠯᠡᠯ ᠢ ᠪᠦᠬᠦ ᠬᠦᠴᠦᠨ ᠢᠶᠠᠷ ᠳᠡᠪᠴᠢᠨ᠂ | ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠡᠯ᠎ᠠ ᠲᠦᠷᠦᠯ ᠤᠨ ᠵᠢᠭᠠᠯᠲᠠ ᠲᠤᠭ᠎ᠠ ᠲᠣᠭᠳᠠᠭᠤᠨ ᠤ ᠳᠤᠮᠳᠠ ᠳᠡᠭᠡᠭᠰᠢᠯᠡᠬᠦ ᠶᠢ | ᠪᠡᠶᠡᠯᠡᠭᠦᠯᠵᠡᠢ᠃ ᠪᠦᠬᠦ ᠣᠷᠤᠨ ᠳᠤ ᠬᠠᠮᠤᠭ ᠤᠨ ᠲᠦᠷᠦᠭᠦᠨ ᠳᠤ ︽ᠲᠦᠬᠦᠬᠡᠢ ᠲᠤᠰᠤᠨ ᠤ ᠪᠠᠷᠠᠭᠠᠨ ᠤ ᠲᠡᠷᠭᠡ ᠴᠢᠷᠦᠬᠦᠯ ᠲᠡᠭᠡᠭᠡᠪᠦᠷᠢᠲᠦ︾ ᠭᠦᠢᠯᠭᠡᠭᠡᠨ ᠤ | ᠬᠡᠯᠪᠡᠷᠢ ᠶᠢ ᠡᠭᠦᠳᠦᠨ᠂ ᠪᠣᠭᠤᠮᠳᠠ ᠶᠢᠨ ᠲᠦᠬᠦᠭᠡᠢ ᠲᠣᠰᠤᠨ ᠤ ᠵᠦᠭᠡᠭᠡᠪᠦᠷᠢ ᠶᠢᠨ ᠨᠡᠪᠲᠡᠷᠡᠯ ᠵᠠᠮ ᠢ ᠬᠠᠮᠤᠭ ᠤᠨ ᠲᠦᠷᠦᠬᠦᠨ ᠳᠤ ᠰᠡᠷᠭᠦᠭᠡᠵᠤ᠂ ᠪᠦᠬᠦ ᠵᠢᠯ ᠤᠨ | ᠲᠦᠭᠦᠭᠡᠢ ᠲᠤᠰᠤᠨ ᠤ ᠣᠷᠤᠭᠤᠯᠤᠯᠲᠠ 41 ᠲᠦᠮᠡᠨ ᠲᠣᠨ᠂ ᠭᠠᠳᠠᠭᠠᠳᠤ ᠠᠴᠠ ᠣᠷᠤᠭᠤᠯᠤᠨ ᠭᠠᠳᠠᠭᠠᠳᠤ ᠳᠤ ᠭᠠᠷᠭᠠᠬᠤ ᠪᠠᠷᠠᠭᠠᠨ ᠤ ᠬᠡᠮᠵᠢᠶ᠎ᠡ 41.8 ᠲᠦᠮᠡᠨ | ᠲᠣᠨ ᠳᠤ ᠬᠦᠷᠴᠤ᠂ ᠬᠤᠶᠠᠷ ᠲᠦᠷᠦᠯ ᠤᠨ ᠵᠢᠭᠠᠯᠲᠠ ᠲᠤᠭ᠎ᠠ ᠠᠳᠠᠯᠢ ᠬᠤᠭᠤᠴᠠᠭᠠᠨ ᠤ ᠬᠢ ᠠᠴᠠ ᠴᠦᠮ 47 % ᠪᠠᠷ ᠨᠡᠮᠡᠭᠳᠡᠪᠡ᠃ ︽ᠡᠪᠦᠳᠦᠭ ᠪᠣᠭᠤᠮᠳᠠ | ᠶᠢᠨ ᠬᠦᠭᠵᠢᠭᠦᠯᠦᠯᠲᠡ ᠶᠢᠨ ᠲᠦᠯᠦᠪᠵᠢᠭᠦᠯᠭᠡ ᠵᠢᠴᠢ ᠲᠤᠰᠬᠠᠢ ᠰᠡᠳᠤᠪᠲᠤ ᠰᠤᠳᠤᠯᠭᠠᠨ︾ ᠢ ᠨᠠᠶᠢᠷᠠᠭᠤᠯᠤᠨ ᠵᠤᠬᠢᠶᠠᠵᠤ ᠳᠠᠭᠤᠰᠬᠠᠨ᠂ ᠠᠮᠤ ᠪᠣᠳᠠᠭᠠᠨ ᠤ | ᠣᠷᠤᠭᠤᠯᠤᠯᠲᠠ ᠶᠢᠨ ᠵᠢᠭᠠᠨ ᠲᠣᠭᠳᠠᠭᠠᠭᠰᠠᠨ ᠪᠣᠭᠤᠮᠳᠠ ᠶᠢ ᠢᠳᠡᠪᠬᠢᠲᠡᠢ ᠭᠤᠶᠤᠴᠢᠯᠠᠨ ᠮᠡᠳᠡᠭᠦᠯᠵᠤ᠂ ᠢ ᠶᠦᠨ ᠪᠦᠯᠦᠭᠯᠡᠯ ᠮᠣᠩᠭᠤᠯ ᠤᠯᠤᠰ ᠤᠨ ᠠᠯᠲᠠᠢ | ᠪᠦᠯᠦᠭᠯᠡᠯ ᠯᠦᠭᠡ ᠨᠡᠭᠦᠷᠡᠰᠤᠨ ᠤ ᠣᠷᠤᠭᠤᠯᠤᠯᠲᠠ ᠶᠢᠨ ᠵᠦᠪᠳᠡᠯᠴᠡᠭᠡᠷ ᠲᠣᠭᠳᠠᠵᠤ᠂ ᠨᠡᠭᠦᠷᠡᠰᠤᠨ ᠤ ᠡᠬᠢ ᠪᠠᠶᠠᠯᠢᠭ ᠤᠨ ᠭᠠᠳᠠᠭᠠᠳᠤ ᠠᠴᠠ ᠣᠷᠤᠭᠤᠯᠬᠤ ᠨᠥᠬᠦᠴᠡᠯ | ᠢ ᠪᠦᠷᠢᠯᠳᠦᠭᠦᠯᠦᠭᠰᠡᠨ ᠪᠠᠶᠢᠨ᠎ᠠ᠃ | — — ᠠᠷᠠᠳ ᠤᠨ ᠠᠮᠢᠳᠤᠷᠠᠯ ᠤᠨ ᠠᠵᠢᠯ ᠦᠢᠯᠡᠰ ᠤᠨ ᠬᠦᠭᠵᠢᠯᠲᠡ ᠰᠢᠨ᠎ᠠ ᠡᠬᠢᠯᠡᠯᠲᠡ ᠶᠢ ᠪᠡᠶᠡᠯᠡᠭᠦᠯᠪᠡ᠃ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠪᠦᠬᠦ ᠳᠠᠯ᠎ᠠ ᠪᠠᠷ ᠳᠡᠯᠭᠡᠷᠡᠭᠦᠯᠦᠨ ᠬᠡᠷᠡᠭᠯᠡᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠠᠭᠤᠷᠢ ᠶᠢᠨ | ᠲᠡᠩᠴᠡᠭᠦᠷᠢᠲᠡᠢ ᠬᠦᠭᠵᠢᠯᠲᠡ ᠶᠢᠨ ᠵᠢᠱᠢᠨ ᠦᠨᠡᠯᠡᠯᠲᠡ ᠶᠢᠨ ᠳᠠᠪᠳᠠᠨ ᠪᠠᠶᠢᠴᠠᠭᠠᠯᠲᠠ ᠶᠢ ᠣᠷᠤᠭᠰᠢᠲᠠᠢ ᠦᠩᠭᠡᠷᠡᠭᠦᠯᠦᠨ᠂ ᠠᠯᠪᠠᠨ ᠵᠢᠷᠤᠮ ᠤᠨ ᠰᠤᠷᠭᠠᠨ ᠬᠦᠮᠦᠵᠢᠯ | ᠤᠨ ᠱᠠᠲᠤᠨ ᠳᠠᠬᠢ ᠳᠤᠮᠳᠠᠳᠤ ᠪᠠᠭ᠎ᠠ ᠰᠤᠷᠭᠠᠭᠤᠯᠢ ᠶᠢᠨ ᠶᠢᠰᠦᠨ ᠵᠢᠯ ᠤᠨ ᠰᠤᠷᠭᠠᠨ ᠬᠦᠮᠦᠵᠢᠯ ᠢ ᠪᠠᠲᠤᠳᠬᠠᠭᠰᠠᠨ ᠨᠤᠷᠮ᠎ᠠ 100 % ᠳᠤ ᠬᠦᠷᠴᠤ᠂ | ᠬᠤᠰᠢᠭᠤᠨ ᠤ ᠬᠡᠦᠬᠡᠳ ᠤᠨ ᠨᠢᠭᠡᠳᠦᠭᠡᠷ ᠴᠡᠴᠡᠷᠯᠢᠭ ᠨᠢ ᠥᠪᠡᠷᠲᠡᠭᠡᠨ ᠵᠠᠰᠠᠬᠤ ᠣᠷᠤᠨ ᠤ ᠵᠢᠱᠢᠶᠡᠴᠢ ᠴᠡᠴᠡᠷᠯᠢᠭ ᠤᠨ ᠪᠠᠷᠢᠮᠵᠢᠶᠠᠨ ᠳᠤ ᠬᠦᠷᠴᠡᠢ᠃ ︽ᠲᠣᠣᠷ | ᠰᠦᠯᠵᠢᠶ᠎ᠡ + ᠵᠢᠵᠢᠭ ᠡᠮ ᠤᠨ ᠬᠠᠶᠢᠷᠴᠠᠭ︾ ᠤᠨ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠢᠯᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ | ᠤᠨ ᠦᠢᠯᠡᠴᠢᠯᠡᠭᠡᠨ ᠤ ᠲᠦᠪ ᠢ ᠳᠡᠰ ᠳᠡᠪᠰᠢᠭᠦᠯᠦᠨ ᠦᠭᠡᠷᠡᠴᠢᠯᠡᠨ ᠪᠠᠶᠢᠭᠤᠯᠵᠤ᠂ ᠮᠣᠩᠭᠤᠯ ᠡᠮᠨᠡᠯᠭᠡ ᠶᠢᠨ ᠬᠤᠷᠢᠶ᠎ᠡ ᠶᠢᠨ ᠡᠮᠨᠡᠯᠭᠡ ᠳᠤ ᠰᠠᠭᠤᠬᠤ ᠬᠡᠯᠳᠡᠰ᠂ | ᠬᠤᠯᠤᠭᠠᠨ᠎ᠠ ᠶᠢᠨ ᠬᠢᠵᠢᠭ ᠤᠨ ᠭᠡᠭᠡᠷ᠎ᠡ ᠶᠢᠨ ᠰᠢᠯᠭᠠᠨ ᠪᠠᠶᠢᠴᠠᠭᠠᠯᠲᠠ ᠶᠢᠨ ᠥᠷᠳᠡᠭᠡ ᠶᠢᠨ ᠠᠵᠢᠯᠯᠠᠭᠠᠨ ᠢ ᠡᠬᠢᠯᠡᠭᠦᠯᠪᠡ᠃ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ 34825 ᠬᠦᠮᠦᠨ ᠣᠷᠤᠯᠴᠠᠵᠤ᠂ ᠳᠠᠭᠠᠳᠬᠠᠯ ᠳᠤ ᠣᠷᠤᠯᠴᠠᠭᠰᠠᠨ ᠨᠤᠷᠮ᠎ᠠ 94 % ᠳᠤ ᠬᠦᠷᠪᠡ᠃ ᠨᠠᠰᠤᠵᠢᠯ ᠤᠨ ᠳᠠᠭᠠᠳᠬᠠᠯ ᠳᠤ | 33321 ᠬᠦᠮᠦᠨ ᠣᠷᠤᠯᠴᠠᠵᠤ᠂ ᠳᠠᠭᠠᠳᠬᠠᠯ ᠳᠤ ᠣᠷᠤᠯᠴᠠᠭᠰᠠᠨ ᠨᠤᠷᠮ᠎ᠠ 103 % ᠳᠤ ᠬᠦᠷᠴᠡᠢ᠃ 1996 ᠣᠨ ᠠᠴᠠ 2006 ᠣᠨ ᠪᠣᠯᠳᠠᠯᠠᠬᠢ | ᠠᠵᠢᠯᠲᠠᠳ ᠤᠨ ᠣᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦᠨ ᠤ ᠪᠠᠶᠢᠭᠤᠯᠤᠯᠭ᠎ᠠ ᠶᠢᠨ ᠨᠥᠬᠦᠪᠦᠷᠢ ᠶᠢᠨ ᠬᠡᠰᠡᠭ ᠢ 1286 ᠲᠦᠮᠡᠨ | ᠲᠦᠭᠦᠷᠢᠭ ᠨᠥᠭᠦᠨ ᠲᠤᠰᠢᠶᠠᠪᠠ᠃ ᠴᠡᠷᠢᠭ ᠠᠴᠠ ᠬᠠᠯᠠᠭᠳᠠᠭᠰᠠᠳ ᠤᠨ ᠪᠠᠲᠤᠯᠠᠪᠤᠷᠢ ᠶᠢᠨ ᠮᠦᠩᠭᠦ ᠶᠢ 451 ᠲᠦᠮᠡᠨ ᠲᠦᠭᠦᠷᠢᠭ ᠳᠠᠷᠬᠠᠭᠠᠪᠠ᠃ ᠠᠷᠠᠳ ᠣᠯᠠᠨ | ᠤ ᠡᠪᠦᠯ ᠤᠨ ᠳᠤᠯᠠᠭᠠᠯᠠᠭ᠎ᠠ ᠶᠢᠨ ᠭᠤᠣᠯᠴᠢ ᠦᠨ᠎ᠠ ᠶᠢᠨ 8037 ᠲᠣᠨ ᠨᠡᠭᠦᠷᠡᠰᠤ ᠶᠢ ᠪᠠᠲᠤᠯᠠᠭᠰᠠᠨ ᠪᠠᠶᠢᠨ᠎ᠠ᠃ | — — ᠨᠡᠶᠢᠭᠡᠮ ᠤᠨ ᠡᠶ᠎ᠡ ᠨᠠᠶᠢᠷᠠᠮᠳᠠᠭᠤ ᠲᠣᠭᠳᠠᠭᠤᠨ ᠰᠢᠨ᠎ᠠ ᠡᠬᠢᠯᠡᠯᠲᠡ ᠶᠢ ᠪᠡᠶᠡᠯᠡᠭᠦᠯᠪᠡ᠃ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ᠂ | ᠨᠡᠶᠢᠲᠡ ᠪᠠᠷ ᠢᠶᠠᠨ ᠰᠡᠷᠭᠡᠶᠢᠯᠡᠨ ᠨᠡᠶᠢᠲᠡ ᠪᠠᠷ ᠢᠶᠠᠨ ᠡᠵᠡᠮᠳᠡᠬᠦ ︽ᠬᠢᠵᠢᠭ ᠲᠠᠢ ᠲᠡᠮᠡᠴᠡᠬᠦ︾ ᠰᠡᠷᠭᠡᠶᠢᠯᠡᠯᠲᠡ ᠶᠢᠨ ᠱᠤᠭᠤᠮ ᠢ ᠪᠦᠬᠦ ᠳᠠᠯ᠎ᠠ ᠪᠠᠷ ᠪᠠᠬᠢᠵᠢᠭᠦᠯᠦᠨ᠂ | ᠨᠡᠶᠢᠲᠡ 649 ᠲᠦᠮᠡᠨ ᠲᠦᠭᠦᠷᠢᠭ ᠤᠨ ᠪᠡᠯᠡ ᠣᠷᠤᠭᠤᠯᠵᠤ᠂ ᠬᠢᠵᠢᠭ ᠢ ᠰᠡᠷᠭᠡᠶᠢᠯᠡᠬᠦ ᠲᠦᠬᠦᠬᠡᠷᠦᠮᠵᠢ᠂ ᠡᠳ᠋ ᠪᠣᠳᠠᠰ ᠪᠠ ᠠᠵᠢᠯᠲᠠᠳ ᠤᠨ ᠵᠠᠷᠤᠳᠠᠯ ᠢ ᠲᠡᠷᠢᠭᠦᠨ | ᠳᠤ ᠬᠠᠷᠠᠭᠠᠯᠵᠠᠨ ᠪᠠᠲᠤᠯᠠᠵᠤ᠂ ᠪᠣᠭᠤᠮᠳᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠣᠨᠤᠪᠴᠢᠲᠠᠢ ᠨᠠᠶᠢᠳᠠᠪᠤᠷᠢᠵᠢᠭᠤᠯᠤᠨ᠂ ︽ᠭᠠᠳᠠᠨ᠎ᠠ ᠠᠴᠠ | ᠬᠠᠯᠳᠠᠪᠤᠷᠢᠯᠠᠬᠤ᠂ ᠲᠤᠳᠤᠭᠠᠳᠤ ᠳᠠᠭᠠᠨ ᠳᠠᠬᠢᠬᠤ ᠶᠢ ᠰᠡᠷᠭᠡᠶᠢᠯᠡᠬᠦ︾ ᠣᠯᠠᠨ ᠤᠳᠠᠭᠠᠨ ᠤ ᠪᠡᠷᠭᠡ ᠳᠠᠶᠢᠯᠠᠯᠳᠤᠭᠠᠨ ᠤ ᠢᠯᠠᠯᠲᠠ ᠶᠢ ᠣᠯᠤᠭᠰᠠᠨ ᠪᠠᠶᠢᠨ᠎ᠠ᠃ ᠬᠢᠯᠢ | ᠬᠢᠵᠠᠭᠠᠷ ᠣᠷᠤᠨ ᠤ ᠲᠣᠣᠷᠵᠢᠭᠤᠯᠤᠭᠰᠠᠨ ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠪᠦᠬᠦ ᠳᠠᠯ᠎ᠠ ᠪᠠᠷ ᠲᠡᠭᠦᠯᠳᠡᠷᠵᠢᠨ᠂ ᠴᠠᠬᠢᠯᠭᠠᠨ | ᠬᠤᠯᠪᠤᠭᠠᠨ ᠤ ᠮᠡᠭᠡᠯᠡᠯ ᠤᠨ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠶᠢ 15 ᠤᠳᠠᠭ᠎ᠠ ᠡᠪᠳᠡᠵᠤ᠂ 3 ᠤᠳᠠᠭᠠᠨ ᠤ ᠲᠦᠭᠦᠭᠡᠢ ᠲᠤᠰᠤ ᠬᠤᠯᠠᠭᠠᠶᠢᠯᠠᠭᠰᠠᠨ | ᠬᠡᠷᠡᠭ ᠢ ᠡᠪᠳᠡᠨ᠂ ᠫᠤᠤ ᠳᠠᠷᠢ ᠳᠤ ᠬᠤᠯᠪᠤᠭᠳᠠᠭᠰᠠᠨ 2 ᠤᠳᠠᠭᠠᠨ ᠤ ᠡᠷᠡᠭᠦᠦ ᠶᠢᠨ ᠬᠡᠷᠡᠭ ᠢ ᠰᠢᠯᠵᠢᠭᠦᠯᠦᠨ ᠬᠦᠷᠭᠡᠪᠡ᠃ ᠵᠠᠬᠢᠳᠠᠯ ᠰᠤᠷᠪᠤᠯᠵᠢᠯᠠᠭ᠎ᠠ ᠶᠢᠨ ᠬᠡᠷᠡᠭ | ᠶᠠᠪᠤᠳᠠᠯ ᠢ ᠴᠠᠭ ᠳᠠᠷᠤᠢ ᠬᠦᠯᠢᠶᠡᠨ ᠰᠢᠢᠳᠪᠦᠷᠢᠯᠡᠭᠰᠡᠨ ᠨᠤᠷᠮ᠎ᠠ᠂ ᠲᠣᠭᠳᠠᠭᠰᠠᠨ ᠬᠤᠭᠤᠴᠠᠭᠠᠨ ᠲᠤᠳᠤᠷ᠎ᠠ ᠰᠢᠢᠳᠪᠦᠷᠢᠯᠡᠭᠰᠡᠨ ᠨᠤᠷᠮ᠎ᠠ 100 % ᠳᠤ ᠬᠦᠷᠴᠡᠢ᠃ | ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | 582 ᠲᠦᠷᠦᠯ ᠤᠨ ᠠᠷᠬᠠᠭ ᠭᠡᠮ ᠢ ᠲᠤᠳᠤᠯᠠᠨ ᠪᠠᠶᠢᠴᠠᠭᠠᠵᠤ ᠴᠡᠭᠴᠡᠯᠡᠨ᠂ ᠡᠮᠲᠤ ᠪᠣᠳᠠᠰ ᠤᠨ ᠲᠤᠰᠬᠠᠢ ᠲᠦᠷᠦᠯ ᠤᠨ ᠪᠠᠶᠢᠴᠠᠭᠠᠯᠲᠠ ᠶᠢ 296 ᠪᠦᠯᠦᠭ | ᠤᠳᠠᠭ᠎ᠠ ᠦᠷᠨᠢᠭᠦᠯᠵᠤ᠂ ᠨᠡᠯᠢᠶᠡᠳ ᠲᠤᠮᠤ ᠵᠢᠴᠢ ᠲᠡᠭᠦᠨ ᠠᠴᠠ ᠳᠡᠭᠡᠭᠰᠢᠬᠢ ᠠᠶᠤᠯᠭᠦᠢ ᠦᠢᠯᠡᠳᠪᠦᠷᠢᠯᠡᠯ ᠤᠨ ᠠᠳᠡᠯ ᠦᠭᠡᠢ ᠪᠠᠶᠢᠬᠤ ᠶᠢ ᠪᠡᠶᠡᠯᠡᠭᠦᠯᠦᠨ᠂ ᠢᠳᠡᠭᠡᠨ | ᠤ ᠠᠮᠤᠷ ᠲᠦᠪᠰᠢᠨ ᠲᠦᠭᠰᠢᠭᠦᠷᠢ ᠦᠭᠡᠢ ᠪᠠᠶᠢᠬᠤ ᠶᠢ ᠪᠡᠶᠡᠯᠡᠭᠦᠯᠪᠡ᠃ | ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ ᠶᠢᠨ ᠬᠠᠮᠳᠤ ᠪᠢᠳᠡ ᠵᠠᠰᠠᠭ ᠤᠨ ᠣᠷᠳᠤᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ᠂ ᠨᠠᠮ ᠤᠨ ᠠᠷᠪᠠᠨ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ | ᠶᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶ᠎ᠡ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠡ ᠪᠠ ᠬᠤᠳᠠ ᠶᠢᠨ ᠨᠠᠮ ᠤᠨ ᠬᠤᠷᠢᠶ᠎ᠡ᠂ | ᠬᠤᠰᠢᠭᠤᠨ ᠤ ᠨᠠᠮ ᠤᠨ ᠬᠤᠷᠢᠶ᠎ᠡ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠤᠱᠯᠠᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠪᠠᠬᠢᠵᠢᠭᠦᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠦᠮᠦᠵᠢᠯ ᠢ ᠨᠢᠮᠪᠠᠢ ᠵᠣᠬᠢᠶᠠᠨ ᠪᠠᠶᠢᠭᠤᠯᠵᠤ | ᠂ ︽ᠣᠯᠠᠨ ᠲᠦᠮᠡᠨ ᠳᠤ ᠪᠣᠳᠠᠲᠤ ᠶᠠᠪᠤᠳᠠᠯ ᠬᠢᠵᠤ ᠥᠭᠭᠦ︾ ᠬᠦᠳᠡᠯᠭᠡᠭᠡᠨ ᠢ ᠯᠠᠪᠳᠠᠭᠤᠨ ᠦᠷᠨᠢᠭᠦᠯᠦᠨ᠂ ᠬᠠᠤᠯᠢ ᠪᠠᠷ ᠵᠠᠰᠠᠬᠤ ᠵᠠᠰᠠᠭ ᠤᠨ ᠣᠷᠳᠤᠨ ᠤ | ᠪᠠᠶᠢᠭᠤᠯᠤᠯᠲᠠ ᠶᠢ ᠭᠦᠨᠵᠡᠭᠡᠢ ᠠᠬᠢᠭᠤᠯᠤᠭᠰᠠᠨ ᠪᠠᠶᠢᠨ᠎ᠠ᠃ ᠦᠭᠡᠷᠡᠴᠢᠯᠡᠯᠲᠡ ᠶᠢᠨ ᠠᠬᠢᠭᠤᠯᠤᠯᠲᠠ ᠨᠡᠩ ᠴᠢᠩᠭᠠᠷᠠᠨ᠂ ᠠᠷᠠᠯᠵᠢᠶ᠎ᠠ ᠡᠷᠬᠢᠯᠡᠬᠦ ᠣᠷᠴᠢᠨ ᠦᠷᠭᠦᠯᠵᠢᠯᠡᠨ | ᠰᠢᠯᠢᠳᠡᠭᠵᠢᠵᠤ᠂ ︽ᠦᠪᠤᠷ ᠮᠣᠩᠭᠤᠯ ᠤᠨ ᠲᠦᠷᠭᠡᠨ ᠭᠠᠷᠳᠠᠮ᠂ ᠨᠢᠬᠡᠯᠡ ᠤᠳᠠᠭᠠᠨ ᠳᠤ ᠰᠢᠢᠳᠪᠦᠷᠢᠯᠡᠬᠦ᠂ ᠳᠠᠨ ᠢ ᠬᠠᠪᠰᠤᠷᠤᠨ ᠰᠢᠢᠳᠪᠦᠷᠢᠯᠡᠬᠦ᠂ ᠤᠳᠠᠰᠤᠨ | ᠳᠡᠭᠡᠷ᠎ᠡ ᠰᠢᠢᠳᠪᠦᠷᠢᠯᠡᠬᠦ᠂ ᠨᠢᠭᠡ ᠯᠠ ᠰᠦᠯᠵᠢᠶ᠎ᠡ ᠪᠠᠷ ᠰᠢᠢᠳᠪᠦᠷᠢᠯᠡᠬᠦ︾ ᠳᠦᠷᠪᠡᠨ ᠰᠢᠢᠳᠪᠦᠷᠢᠯᠡᠬᠦ ᠶᠢ ᠪᠦᠲᠦᠮᠵᠢᠲᠡᠢ ᠨᠠᠶᠢᠳᠠᠪᠤᠷᠢᠵᠢᠭᠤᠯᠪᠠ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ | ᠪᠠᠨ ᠬᠦᠯᠢᠶᠡᠨ᠂ ᠠᠷᠠᠳ ᠤᠨ ᠲᠦᠯᠦᠭᠡᠯᠡᠭᠴᠢᠳ ᠤᠨ 95 ᠬᠤᠪᠢ ᠰᠠᠨᠠᠯ ᠳᠤᠷᠠᠳᠤᠯᠭ᠎ᠠ᠂ ᠤᠯᠤᠰ ᠲᠦᠷᠦ ᠶᠢᠨ ᠵᠦᠪᠯᠡᠯᠭᠡᠨ ᠤ 76 ᠬᠤᠪᠢ ᠰᠠᠨᠠᠯ ᠵᠦᠪᠯᠡᠯᠭᠡ ᠶᠢ | ᠦᠨᠳᠦᠷ ᠶᠠᠰᠤ ᠴᠢᠨᠠᠷᠲᠠᠢ ᠰᠢᠢᠳᠪᠦᠷᠢᠯᠡᠵᠡᠢ᠃ ᠡᠭᠦᠨ ᠤ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠤ ᠬᠠᠮᠳᠤᠪᠠᠷ | ᠪᠠᠶᠢᠭᠤᠯᠬᠤ᠂ ᠣᠨᠴᠠᠭᠠᠢ ᠬᠠᠷᠠᠭᠠᠯᠵᠠᠨ ᠲᠦᠪᠬᠢᠨᠡᠭᠦᠯᠬᠦ᠂ ᠦᠨᠳᠦᠰᠦᠲᠡᠨ ᠱᠠᠰᠢᠨ ᠰᠤᠷᠳᠠᠬᠤᠨ᠂ ᠭᠠᠳᠠᠭᠠᠳᠤ ᠶᠠᠪᠤᠳᠠᠯ ᠳᠤᠮᠳᠠᠳᠤ ᠶᠢᠨ ᠬᠠᠷᠢᠶᠠᠳᠤ ᠶᠢᠨ ᠠᠵᠢᠯ᠂ | ᠳᠠᠩᠰᠠ ᠡᠪᠬᠡᠮᠡᠯ ᠲᠡᠦᠬᠡ ᠣᠶᠢᠯᠠᠯᠠᠭᠠ᠂ ᠠᠯᠪᠠᠨ ᠪᠠᠶᠢᠭᠤᠯᠤᠯᠭ᠎ᠠ ᠶᠢᠨ ᠠᠵᠢᠯ᠂ ᠰᠢᠤᠳᠠᠨ ᠴᠢᠮᠡᠭᠡ ᠨᠡᠪᠲᠡᠷᠡᠯᠭᠡ᠂ ᠬᠢᠨᠠᠨ ᠪᠣᠳᠤᠬᠤ᠂ ᠨᠢᠭᠤᠴᠠ ᠶᠢ ᠬᠠᠮᠠᠭᠠᠯᠠᠬᠤ᠂ | ᠬᠠᠩᠭᠠᠨ ᠪᠣᠷᠤᠯᠠᠭᠤᠯᠭ᠎ᠠ᠂ ᠴᠠᠭ ᠠᠭᠤᠷ ᠤᠨ ᠦᠢᠯᠡᠴᠢᠯᠡᠭᠡ ᠵᠡᠷᠭᠡ ᠡᠯ᠎ᠠ ᠳᠠᠯ᠎ᠠ ᠶᠢᠨ ᠠᠵᠢᠯ ᠰᠢᠨ᠎ᠠ ᠠᠮᠵᠢᠯᠲᠠ ᠣᠯᠵᠤ᠂ ᠠᠵᠢᠯᠴᠢᠨ ᠤ ᠡᠪᠯᠡᠯ᠂ ᠡᠪ ᠬᠠᠮᠲᠤ | ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠬᠡᠦᠬᠡᠳ᠂ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ᠂ ᠵᠡᠮᠳᠡᠭᠴᠤᠳ ᠤᠨ ᠬᠤᠯᠪᠤᠭᠠᠳᠤ ᠬᠤᠷᠠᠯ᠂ | ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠤᠯᠪᠤᠭᠠᠳᠤ ᠬᠤᠷᠠᠯ᠂ ᠵᠡᠮᠳᠡᠭᠴᠤᠳ ᠤᠨ ᠬᠤᠯᠪᠤᠭᠠᠳᠤ ᠬᠤᠷᠠᠯ᠂ ᠤᠯᠠᠭᠠᠨ ᠵᠠᠭᠠᠯᠮᠠᠶᠢᠲᠠᠨ ᠤ | ᠨᠡᠶᠢᠭᠡᠮᠯᠢᠭ ᠵᠡᠷᠭᠡ ᠣᠯᠠᠨ ᠲᠦᠮᠡᠨᠴᠢ ᠵᠣᠬᠢᠶᠠᠨ ᠪᠠᠶᠢᠭᠤᠯᠤᠯᠲᠠ ᠶᠢᠨ ᠬᠢᠨ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠳᠠᠯ᠎ᠠ ᠳᠤ ᠦᠢᠯᠡᠴᠢᠯᠡᠨ᠂ ᠪᠦᠬᠦ | ᠬᠤᠰᠢᠭᠤᠨ ᠤ ᠠᠵᠤ ᠠᠬᠤᠢ ᠨᠡᠶᠢᠭᠡᠮ ᠤᠨ ᠥᠨᠳᠦᠷ ᠶᠠᠰᠤ ᠴᠢᠨᠠᠷᠲᠠᠢ ᠬᠦᠭᠵᠢᠯᠲᠡ ᠶᠢ ᠠᠬᠢᠭᠤᠯᠬᠤ ᠳᠤ ᠰᠢᠨ᠎ᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ | ᠡᠷᠬᠢᠮ ᠲᠦᠯᠦᠭᠡᠯᠡᠭᠴᠢᠳ ᠡ᠂ ᠦᠩᠭᠡᠷᠡᠭᠰᠡᠨ ᠵᠢᠯ ᠳᠤ ᠪᠢᠳᠡ ︽ᠠᠷᠪᠠᠨ ᠳᠥᠷᠪᠡᠳᠦᠭᠡᠷ ᠳᠠᠪᠤᠨ ᠵᠢᠯ︾ ᠤᠨ ᠰᠢᠯᠢᠳᠡᠭ ᠰᠠᠶᠢᠨ ᠡᠬᠢᠯᠡᠯᠲᠡ ᠶᠢ | ᠨᠡᠭᠡᠭᠡᠵᠤ᠂ ᠲᠣᠰ ᠬᠤᠭᠤᠴᠠᠭᠠᠨ ᠤ ᠵᠠᠰᠠᠭ ᠤᠨ ᠣᠷᠳᠤᠨ ᠤ ᠳᠥᠷᠪᠡᠨ ᠵᠢᠯ ᠤᠨ ᠲᠤᠰᠢᠶᠠᠯ ᠤᠨ ᠬᠤᠭᠤᠴᠠᠭ᠎ᠠ ᠪᠠᠨ ᠠᠮᠵᠢᠯᠲᠠ ᠳᠦᠭᠦᠷᠡᠩ ᠲᠡᠭᠦᠰᠭᠡᠯᠠ᠃ | ᠳᠦᠷᠪᠡᠨ ᠵᠢᠯ ᠤᠨ ᠲᠤᠷᠰᠢ᠂ ᠪᠢᠳᠡ ᠪᠦᠬᠦ ᠬᠤᠰᠢᠭᠤᠨ ᠤ ᠡᠯ᠎ᠠ ᠦᠨᠳᠦᠰᠦᠲᠡᠨ ᠤ ᠠᠷᠠᠳ ᠲᠦᠮᠡᠨ ᠲᠠᠢ ᠨᠢᠭᠳᠠᠷᠠᠨ ᠪᠦᠯᠭᠦᠮᠳᠡᠵᠤ᠂ ᠨᠢᠭᠳᠠ ᠲᠦᠰᠢᠨ᠂ ᠶᠠᠳᠠᠭᠤ | ᠠᠴᠠ ᠠᠩᠭᠢᠵᠢᠷᠠᠭᠤᠯᠬᠤ ᠰᠢᠢᠳᠪᠦᠷᠢᠳᠤ ᠢᠯᠠᠯᠲᠠ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠰᠢᠢᠳᠪᠦᠷᠢᠳᠤ ᠢᠯᠠᠯᠲᠠ ᠶᠢ ᠲᠡᠮᠡᠴᠡᠨ | ᠣᠯᠵᠤ᠂ ᠪᠣᠳᠠᠲᠠᠢ ᠠᠵᠢᠯᠯᠠᠨ ᠡᠷᠡᠯᠭᠡᠭᠯᠡᠨ ᠲᠡᠮᠡᠴᠡᠵᠤ᠂ ᠵᠣᠷᠢᠭᠲᠠᠢ ᠬᠠᠷᠢᠭᠤᠴᠠᠨ᠂ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ ᠢᠶᠠᠷ ᠲᠣᠭᠳᠠᠭᠰᠠᠨ ᠬᠠᠷᠠᠯᠲᠠ ᠡᠭᠦᠷᠭᠡ ᠪᠠᠨ ᠠᠮᠵᠢᠯᠲᠠ ᠳᠦᠭᠦᠷᠡᠩ | ᠪᠡᠶᠡᠯᠡᠭᠦᠯᠵᠤ᠂ ᠰᠢᠨ᠎ᠠ ᠪᠠᠷᠭᠤ ᠵᠡᠭᠦᠨ ᠬᠤᠰᠢᠭᠤᠨ ᠤ ︽ᠠᠮᠢ ᠠᠬᠤᠢ ᠶᠢ ᠲᠡᠷᠢᠭᠦᠨ ᠳᠤ ᠬᠠᠷᠠᠭᠠᠯᠵᠠᠵᠤ᠂ ᠪᠣᠬᠢᠷᠳᠤᠯ ᠦᠭᠡᠢ ᠬᠦᠭᠵᠢᠭᠦᠯᠬᠦ︾ ᠴᠤ᠋ ᠰᠢᠨ᠎ᠠ | ᠬᠠᠭᠤᠳᠠᠰᠤ ᠶᠢ ᠪᠢᠴᠢᠭᠯᠡᠯᠠ᠃ | ᠡᠨᠡ ᠳᠥᠷᠪᠡᠨ ᠵᠢᠯ ᠳᠤ᠂ ᠪᠢᠳᠡ ︽ᠠᠵᠤ ᠦᠢᠯᠡᠰ ᠤᠨ ᠪᠤᠶᠢᠵᠢᠭᠤᠯᠤᠯ︾ ᠤᠨ ᠲᠣᠭᠤᠷᠢᠨ ᠳᠤ ᠲᠦᠪᠯᠡᠷᠡᠵᠤ᠂ ᠰᠢᠨᠡᠴᠢᠯᠡᠨ ᠬᠦᠭᠵᠢᠭᠦᠯᠬᠦ ᠶᠢ ᠨᠢᠭᠳᠠ | ᠡᠵᠡᠮᠳᠡᠨ᠂ ᠠᠵᠤ ᠠᠬᠤᠢ ᠶᠢᠨ ᠬᠦᠭᠵᠢᠯᠲᠡ ᠶᠢᠨ ᠬᠦᠳᠡᠯᠭᠡᠭᠴᠢ ᠬᠦᠴᠦᠨ ᠢ ᠦᠷᠭᠦᠯᠵᠢᠯᠡᠨ ᠪᠠᠳᠠᠷᠠᠭᠤᠯᠪᠠ᠃ ᠰᠢᠨ᠎ᠠ ᠬᠡᠯᠪᠡᠷᠢ ᠶᠢᠨ ᠠᠵᠤ | ᠦᠢᠯᠡᠳᠪᠦᠷᠢᠵᠢᠭᠦᠯᠦᠯᠲᠡ ᠶᠢᠨ ᠦᠷ᠎ᠡ ᠠᠰᠢᠭ ᠢᠯᠡᠷᠭᠡᠢ ᠪᠠᠶᠢᠵᠤ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠶᠡᠷᠦᠩᠬᠡᠢ ᠥᠷᠳᠡᠭ ᠢ ᠨᠡᠶᠢᠲᠡ 6.6 ᠳ᠋ᠦᠩᠰᠢᠭᠤᠷ ᠲᠦᠭᠦᠷᠢᠭ ᠪᠡᠶᠡᠯᠡᠭᠦᠯᠪᠡ᠃ ᠴᠡᠪᠡᠷ ᠡᠨᠧᠷᠬᠢ ᠶᠢᠨ ᠮᠠᠰᠢᠨ ᠴᠤᠭᠴᠠᠯᠠᠪᠤᠷᠢ ᠶᠢᠨ | ᠬᠡᠪᠴᠢᠶᠠᠵᠢᠯ 120 ᠰᠠᠶ᠎ᠠ ᠸᠠᠲ ᠲᠤ ᠬᠦᠷᠴᠤ᠂ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠭᠰᠠᠨ ᠬᠡᠮᠵᠢᠶ᠎ᠡ ᠪᠦᠬᠦ ᠬᠤᠳᠠ ᠶᠢᠨ ᠲᠡᠷᠢᠭᠦᠨ ᠳᠤ ᠵᠢᠭᠰᠠᠭᠠᠭᠳᠠᠪᠠ᠃ | ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠠᠯᠬᠤᠮ ᠲᠦᠷᠭᠡᠳᠴᠤ᠂ ᠮᠢᠬᠠᠨ ᠤ ᠦᠭᠡᠷ ᠤᠨ ᠲᠡᠵᠢᠭᠡᠪᠦᠷᠢ ᠶᠢᠨ ᠰᠠᠭᠤᠷᠢᠨ ᠭᠠᠵᠠᠷ ᠢ 4 | ᠬᠡᠰᠡᠭ᠂ ᠰᠦᠨ ᠤ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ 12 ᠬᠡᠰᠡᠭ ᠪᠦᠲᠦᠭᠡᠨ ᠪᠠᠶᠢᠭᠤᠯᠵᠤ ᠳᠠᠭᠤᠰᠬᠠᠨ᠂ ᠳᠠᠷᠢᠶᠠᠯᠠᠩ ᠮᠠᠯ ᠠᠵᠤ | ᠠᠬᠤᠢ ᠶᠢᠨ ᠡᠯ᠎ᠠ ᠲᠦᠷᠦᠯ ᠤᠨ ᠨᠥᠬᠦᠪᠦᠷᠢ ᠶᠢ 9.6 ᠳ᠋ᠦᠩᠰᠢᠭᠤᠷ ᠲᠦᠭᠦᠷᠢᠭ ᠳᠠᠷᠬᠠᠭᠠᠵᠤ᠂ ᠰᠦ᠂ ᠮᠢᠬ᠎ᠠ᠂ ᠠᠮᠤ ᠪᠣᠳᠠᠭᠠᠨ ᠤ ᠭᠠᠷᠤᠯᠲᠠ ᠲᠣᠰᠪᠤᠷᠢ ᠨᠡᠶᠢᠲᠡ | 39.4 ᠲᠦᠮᠡᠨ ᠲᠤᠨ᠂ 8.6 ᠲᠦᠮᠡᠨ ᠲᠤᠨ᠂ 3.8 ᠳ᠋ᠦᠩᠰᠢᠭᠤᠷ ᠵᠢᠩ ᠳᠤ ᠬᠦᠷᠴᠡᠢ᠃ ︽ᠭᠠᠯᠠᠭᠤᠳᠤ︾ ᠰᠦᠨ ᠤ ᠪᠦᠲᠦᠭᠡᠭᠳᠡᠭᠦᠨ ᠤ ᠲᠠᠸᠠᠷ ᠤᠨ ᠲᠡᠮᠳᠡᠭ | ᠥᠪᠡᠷᠲᠡᠭᠡᠨ ᠵᠠᠰᠠᠬᠤ ᠣᠷᠤᠨ ᠤ ᠨᠡᠷᠡᠳᠤ ᠲᠠᠸᠠᠷ ᠤᠨ ᠲᠡᠮᠳᠡᠭ ᠪᠣᠯᠤᠨ ᠳᠡᠰ ᠳᠡᠪᠰᠢᠵᠤ᠂ ᠦᠨᠳᠦᠰᠦᠲᠡᠨ ᠤ ᠤᠯᠠᠮᠵᠢᠯᠠᠯᠲᠤ ᠰᠦᠨ ᠤ ᠪᠦᠲᠦᠭᠡᠭᠳᠡᠭᠦᠨ ᠤ | ᠪᠣᠷᠤᠯᠠᠭᠤᠯᠭ᠎ᠠ 3000 ᠲᠦᠮᠡᠨ ᠲᠦᠭᠦᠷᠢᠭ ᠢ ᠳᠠᠪᠠᠭᠰᠠᠨ ᠪᠠᠶᠢᠨ᠎ᠠ᠃ ᠨᠤᠭᠤᠭᠠᠨᠨᠠᠭᠤᠷ ᠦᠵᠡᠮᠵᠢᠲᠤ ᠣᠷᠤᠨ ᠤᠯᠤᠰ ᠤᠨ 4A ᠳᠡᠰ ᠤᠨ ᠵᠢᠭᠤᠯᠴᠢᠯᠠᠯ ᠤᠨ | ᠦᠵᠡᠮᠵᠢᠲᠤ ᠣᠷᠤᠨ ᠪᠣᠯᠤᠨ ᠳᠡᠰ ᠳᠡᠪᠰᠢᠵᠤ᠂ ᠭᠠᠨᠵᠤᠤᠷ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠤᠰᠬᠤᠨ᠂ ᠭᠤᠸᠠᠩ ᠴᠢ ᠲᠡᠷᠭᠡᠨ ᠤ | ᠬᠠᠬᠢᠷ ᠣᠷᠤᠨ ᠤ ᠲᠤᠷᠰᠢᠯᠲᠠ ᠶᠢᠨ ᠲᠠᠯᠠᠪᠤᠷ᠂ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠨᠢᠭᠡ ᠪᠦᠯᠦᠭ ᠣᠨᠴᠠᠯᠢᠭᠲᠤ | ᠵᠢᠭᠤᠯᠴᠢᠯᠠᠯ ᠤᠨ ᠲᠦᠷᠦᠯ ᠵᠦᠢᠯ ᠵᠠᠯᠭᠠᠪᠠᠷ ᠨᠤᠲᠤᠭᠰᠢᠨ᠂ ᠵᠢᠭᠤᠯᠴᠢᠯᠠᠯ ᠤᠨ ᠠᠵᠤ ᠦᠢᠯᠡᠰ ᠤᠨ ᠳᠠᠶᠢᠴᠢᠯᠠᠨ ᠲᠤᠯᠭᠠᠭᠤᠷᠢᠯᠠᠬᠤ ᠦᠢᠯᠡᠳᠦᠯ ᠶᠠᠪᠤᠬᠤ ᠲᠤᠳᠤᠮ | ᠢᠯᠡᠷᠭᠡᠢ ᠪᠣᠯᠤᠭᠰᠠᠨ ᠪᠠᠶᠢᠨ᠎ᠠ᠃ | ᠡᠨᠡ ᠳᠦᠷᠪᠡᠨ ᠵᠢᠯ ᠳᠤ᠂ ᠪᠢᠳᠡ ︽ᠠᠮᠢ ᠠᠬᠤᠢ ᠶᠢ ᠲᠡᠷᠢᠭᠦᠨ ᠳᠤ ᠬᠠᠷᠠᠭᠠᠯᠵᠠᠬᠤ︾ ᠲᠣᠭᠤᠷᠢᠨ ᠳᠤ ᠲᠦᠪᠯᠡᠷᠡᠵᠤ᠂ ᠪᠣᠬᠢᠷᠳᠤᠯ ᠦᠭᠡᠢ ᠬᠦᠭᠵᠢᠯᠲᠡ ᠶᠢ | ᠨᠢᠭᠳᠠ ᠡᠵᠡᠮᠳᠡᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠪᠡ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠮ | ᠵᠠᠰᠠᠭ ᠤᠨ ᠭᠤᠣᠯ ᠴᠤᠭᠴᠠᠲᠤ ᠬᠠᠷᠢᠭᠤᠴᠠᠯᠭ᠎ᠠ ᠶᠢ ᠲᠦᠪ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠤᠨ ᠳᠠᠷᠤᠭ᠎ᠠ ᠶᠢᠨ ᠳᠦᠷᠢᠮ᠂ ᠣᠢ ᠰᠢᠭᠤᠢ ᠳᠠᠯ᠎ᠠ ᠨᠤᠲᠤᠭ | ᠤᠨ ᠳᠠᠷᠤᠭ᠎ᠠ ᠶᠢᠨ ᠳᠦᠷᠢᠮ ᠢ ᠪᠦᠬᠦ ᠳᠠᠯ᠎ᠠ ᠪᠠᠷ ᠳᠡᠯᠭᠡᠷᠡᠭᠦᠯᠵᠤ᠂ ᠬᠦᠯᠦᠨ ᠨᠠᠭᠤᠷ ᠤᠨ ᠣᠷᠤᠰᠬᠠᠯ ᠣᠷᠤᠨ ᠤ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ | ᠰᠠᠶᠢᠵᠢᠷᠠᠵᠤ᠂ ᠨᠡᠶᠢᠲᠡ 8.7 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠬᠦᠯᠦᠨ ᠨᠠᠭᠤᠷ ᠤᠨ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ | ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠪᠦᠬᠦ ᠳᠠᠯ᠎ᠠ ᠪᠠᠷ ᠳᠠᠭᠤᠰᠬᠠᠵᠤ ᠬᠦᠯᠦᠨ ᠨᠠᠭᠤᠷ ᠤᠨ ᠤᠰᠤᠨ ᠭᠠᠳᠠᠷᠭᠤ ᠶᠢᠨ ᠳᠠᠯᠠᠪᠠᠢ | ᠲᠣᠭᠳᠠᠭᠤᠨ ᠤ ᠳᠤᠮᠳᠠ ᠨᠡᠮᠡᠭᠳᠡᠨ᠂ ᠭᠠᠩᠳᠠᠵᠤ ᠬᠠᠳᠠᠭᠰᠠᠨ ᠰᠢᠨ᠎ᠠ ᠳᠠᠯᠠᠢ ᠳᠠᠬᠢᠨ ᠠᠮᠢᠵᠢᠷᠠᠯ ᠤᠨ ᠬᠦᠴᠦᠨ ᠢᠶᠠᠷ ᠪᠢᠯᠬᠠᠵᠠᠢ᠃ ᠨᠡᠶᠢᠲᠡ 2.4 ᠳ᠋ᠦᠩᠰᠢᠭᠤᠷ | ᠲᠦᠭᠦᠷᠢᠭ ᠤᠨ ᠪᠡᠯᠡ ᠣᠷᠤᠭᠤᠯᠤᠨ᠂ ᠣᠶᠢᠵᠢᠭᠤᠯᠤᠨ ᠡᠯᠡᠰᠤ ᠵᠠᠰᠠᠬᠤ ᠲᠦᠷᠦᠯ ᠵᠦᠢᠯ ᠢ 41.3 ᠲᠦᠮᠡᠨ ᠮᠤ᠋᠂ ᠮᠠᠯᠵᠢᠬᠤ ᠶᠢ ᠵᠣᠭᠰᠤᠭᠠᠨ ᠪᠡᠯᠴᠢᠭᠡᠷ ᠰᠡᠷᠭᠦᠭᠡᠬᠦ | ᠪᠠ ᠳᠠᠯ᠎ᠠ ᠨᠤᠲᠤᠭ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠢ 46.3 ᠲᠦᠮᠡᠨ ᠮᠤ᠋ ᠬᠡᠷᠡᠭᠵᠢᠭᠦᠯᠵᠤ᠂ ᠲᠠᠯ᠎ᠠ ᠨᠤᠲᠤᠭ ᠤᠨ ᠶᠡᠷᠦᠩᠬᠡᠶᠢᠯᠡᠭᠰᠡᠨ ᠤᠷᠭᠤᠮᠠᠯ | ᠤᠨ ᠬᠤᠴᠢᠯᠭ᠎ᠠ ᠲᠡᠭᠰᠢᠳᠭᠡᠭᠡᠳ 67.5 % ᠳᠤ ᠬᠦᠷᠴᠤ᠂ ᠣᠢ ᠮᠣᠳᠤᠨ ᠤ ᠬᠠᠳᠠᠭᠠᠯᠠᠮᠵᠢ ᠶᠢᠨ ᠬᠡᠮᠵᠢᠶ᠎ᠡ 226 ᠲᠦᠮᠡᠨ ᠪᠣᠰᠤᠭ᠎ᠠ ᠳᠦᠷᠪᠡᠯᠵᠢᠨ ᠮᠧᠲᠷ ᠲᠤ | ᠬᠦᠷᠴᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠡᠭᠦᠷᠭᠡ ᠪᠠᠨ ᠠᠮᠵᠢᠯᠲᠠ ᠳᠦᠭᠦᠷᠡᠩ ᠪᠡᠶᠡᠯᠡᠭᠦᠯᠵᠤ᠂ ᠠᠮᠢ ᠠᠬᠤᠢ ᠣᠷᠴᠢᠨ ᠲᠣᠭᠤᠷᠢᠨ ᠤ | ᠬᠦᠷᠢᠶ᠎ᠡ ᠴᠠᠷᠠᠭᠠᠨ ᠳᠠᠬᠢ ᠱᠠᠭᠠᠷᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢᠶᠠᠷ ᠨᠢ ᠵᠠᠰᠠᠨ ᠴᠡᠭᠴᠡᠯᠡᠵᠤ᠂ ᠨᠡᠭᠦᠷᠡᠰᠤ ᠰᠢᠳᠠᠭᠠᠬᠤ 102 | ᠳᠤᠯᠠᠭᠠᠯᠭ᠎ᠠ ᠶᠢᠨ ᠵᠤᠤᠬ᠎ᠠ ᠶᠢ ᠨᠤᠷᠠᠭᠠᠨ ᠦᠭᠡᠷᠡᠴᠢᠯᠡᠵᠤ᠂ ︽ᠵᠠᠳᠠᠭᠠᠢ ᠵᠠᠮᠪᠠᠷᠠᠭ᠎ᠠ ᠦᠭᠡᠢ ᠪᠣᠬᠢᠷᠳᠤᠯ ᠲᠠᠢ︾ 13 ᠠᠵᠤ ᠠᠬᠤᠶᠢᠯᠠᠯ ᠢ ᠵᠠᠰᠠᠨ ᠴᠡᠭᠴᠡᠯᠡᠵᠤ᠂ 3 | ᠬᠡᠰᠡᠭ ᠤᠰᠤᠨ ᠤ ᠰᠤᠷᠪᠤᠯᠵᠢ ᠣᠷᠤᠨ ᠤ ᠳᠦᠷᠢᠮᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢ ᠳᠠᠭᠤᠰᠬᠠᠪᠠ᠃ ᠭᠤᠣᠯ ᠴᠤᠭᠴᠠᠲᠤ ᠴᠢᠳᠠᠮᠵᠢ ᠶᠢᠨ ᠣᠷᠤᠨ ᠤ | ᠪᠠᠶᠢᠯᠳᠤᠬᠤ ᠪᠣᠳᠤᠯᠭ᠎ᠠ ᠶᠢ ᠭᠦᠨᠵᠡᠭᠡᠢ ᠬᠡᠷᠡᠭᠵᠢᠭᠦᠯᠦᠨ᠂ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭᠠᠳᠤ ᠱᠤᠭᠤᠮ ᠢ 13365.1 ᠬᠠᠪᠳᠠᠭᠠᠢ ᠳᠦᠷᠪᠡᠯᠵᠢᠨ | ᠬᠢᠯᠤᠮᠧᠲᠷ ᠬᠤᠪᠢᠶᠠᠷᠢᠯᠠᠨ ᠲᠣᠭᠳᠠᠭᠠᠭᠰᠠᠨ ᠪᠠᠶᠢᠨ᠎ᠠ᠃ | ᠡᠨᠡ ᠳᠦᠷᠪᠡᠨ ᠵᠢᠯ ᠳᠤ᠂ ᠪᠢᠳᠡ ︽ᠬᠦᠬᠦᠷᠭᠡᠨ ᠪᠠᠬᠢᠯᠡᠯᠲᠡ︾ ᠶᠢᠨ ᠲᠣᠭᠤᠷᠢᠨ ᠳᠤ ᠲᠦᠪᠯᠡᠷᠡᠵᠤ᠂ ᠨᠡᠭᠡᠭᠡᠯᠲᠡ ᠲᠠᠢ ᠬᠦᠭᠵᠢᠯᠲᠡ ᠶᠢ ᠨᠢᠭᠳᠠ ᠡᠵᠡᠮᠳᠡᠨ᠂ | ᠮᠣᠩᠭᠤᠯ ᠲᠡᠰᠢ ᠴᠢᠯᠦᠭᠡᠲᠡᠢ ᠶᠠᠪᠤᠯᠴᠠᠬᠤ ᠰᠢᠨ᠎ᠠ ᠠᠯᠬᠤᠮ ᠢ ᠠᠯᠬᠤᠪᠠ᠃ ᠡᠪᠦᠳᠦᠭ ᠪᠣᠭᠤᠮᠳᠠ ᠤᠯᠤᠰ ᠤᠨ ᠪᠠᠶᠢᠩᠭᠤ ᠨᠡᠭᠡᠭᠡᠯᠲᠡ ᠬᠢᠬᠦ ᠰᠢᠯᠭᠠᠨ ᠠᠪᠤᠯᠲᠠ ᠶᠢ | ᠣᠷᠤᠭᠰᠢᠲᠠᠢ ᠦᠩᠭᠡᠷᠡᠭᠦᠯᠦᠨ᠂ ᠬᠢᠯᠢ ᠪᠠᠷ ᠭᠠᠷᠬᠤ ᠭᠠᠶᠢᠯᠢ ᠬᠡᠯᠳᠦᠷᠢᠭᠦᠯᠬᠦ ᠳᠡᠯᠭᠡᠭᠦᠷ ᠤᠯᠤᠰ ᠤᠨ ᠪᠣᠭᠤᠮᠳᠠ ᠶᠢᠨ ᠶᠡᠷᠦᠩᠬᠡᠢ ᠵᠠᠬᠢᠷᠭ᠎ᠠ ᠶᠢᠨ ᠰᠢᠯᠭᠠᠨ ᠠᠪᠤᠯᠲᠠ | ᠶᠢ ᠣᠯᠵᠤ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ ᠥᠪᠡᠷᠲᠡᠭᠡᠨ ᠵᠠᠰᠠᠬᠤ ᠣᠷᠤᠨ ᠤ ᠰᠢᠯᠭᠠᠨ ᠠᠪᠤᠯᠲᠠ ᠶᠢ | ᠦᠩᠭᠡᠷᠡᠭᠦᠯᠦᠨ᠂ ᠡᠪᠦᠳᠦᠭ ᠪᠣᠭᠤᠮᠳᠠ ᠵᠢᠩᠬᠢᠨᠢ ᠪᠠᠷ ᠫᠠᠶᠢᠰᠠ ᠡᠯᠭᠦᠵᠤ᠂ ᠳᠤᠮᠳᠠᠳᠤ ᠮᠣᠩᠭᠤᠯ ᠤᠨ ᠡᠪᠦᠳᠦᠭ ᠬᠢᠯᠢ ᠰᠤᠨᠳᠠᠯᠠᠭᠰᠠᠨ ᠵᠢᠭᠤᠯᠴᠢᠯᠠᠯ ᠬᠦᠷᠦᠭᠰᠡᠨ | ᠸᠢᠰᠠ ᠶᠢ ᠪᠡᠶᠡᠯᠡᠬᠦᠯᠵᠡᠢ᠃ ᠨᠡᠶᠢᠲᠡ 1.02 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠪᠠᠷᠠᠭᠠᠨ ᠤ ᠬᠠᠮᠢᠶᠠᠷᠤᠯᠲᠠ ᠶᠢᠨ ᠲᠠᠯᠠᠪᠤᠷ᠂ ᠠᠮᠤ ᠪᠣᠳᠠᠭ᠎ᠠ | ᠲᠡᠵᠢᠭᠡᠯ ᠪᠣᠷᠳᠤᠭᠠᠨ ᠤ ᠰᠢᠯᠭᠠᠨ ᠪᠠᠶᠢᠴᠠᠭᠠᠯᠲᠠ ᠨᠦᠭᠡᠴᠡᠯᠡᠯᠲᠡ ᠵᠦᠭᠡᠭᠡᠪᠦᠷᠢᠯᠡᠯᠲᠡ ᠦᠢᠯᠡᠳᠪᠦᠷᠢᠯᠡᠯ ᠤᠨ ᠰᠠᠭᠤᠷᠢᠨ ᠭᠠᠵᠠᠷ᠂ ᠡᠯᠧᠺᠲᠷᠤᠨ ᠪᠣᠭᠤᠮᠳᠠ ᠶᠢᠨ | ᠰᠤᠷᠠᠭ ᠵᠠᠩᠭᠢᠴᠢᠯᠠᠯᠲᠠ ᠵᠡᠷᠭᠡ ᠨᠢᠭᠡ ᠪᠦᠯᠦᠭ ᠲᠤᠮᠤ ᠴᠢᠬᠤᠯᠠ ᠢᠨᠵᠧᠨᠧᠷᠢᠩ ᠢ ᠪᠠᠶᠢᠭᠤᠯᠵᠤ᠂ ᠭᠠᠶᠢᠯᠢ ᠬᠡᠯᠳᠦᠷᠢᠭᠦᠯᠦᠨ ᠪᠠᠷᠠᠭ᠎ᠠ ᠬᠤᠳᠠᠯᠳᠤᠨ ᠠᠪᠬᠤ ᠪᠡᠶᠡᠴᠢᠯᠡᠯ | ᠤᠨ ᠳᠡᠯᠭᠡᠭᠦᠷ᠂ ᠬᠠᠷᠢᠯᠴᠠᠨ ᠠᠷᠠᠯᠵᠢᠶᠠᠯᠠᠬᠤ ᠲᠣᠭᠤᠷᠢᠭ ᠠᠰᠢᠭᠯᠠᠯᠲᠠ ᠳᠤ ᠣᠷᠤᠵᠤ ᠡᠵᠡᠩᠨᠡᠯᠲᠡ ᠡᠬᠢᠯᠡᠭᠦᠯᠪᠡ᠃ ᠵᠠᠭᠠᠭ ᠭᠤᠣᠯ ᠤᠨ 2 ᠳ᠋ᠤᠭᠠᠷ ᠨᠤᠮᠧᠷᠲᠤ | ᠬᠦᠭᠦᠷᠭᠡ᠂ ᠬᠠᠮᠳᠤᠷᠠᠭᠰᠠᠨ ᠪᠠᠶᠢᠴᠠᠭᠠᠯᠲᠠ ᠶᠢᠨ ᠲᠤᠮᠤ ᠠᠰᠠᠷ᠂ ᠤᠯᠤᠰ ᠤᠨ ᠬᠠᠭᠠᠯᠭ᠎ᠠ ᠶᠢᠨ ᠦᠵᠡᠮᠵᠢᠲᠤ ᠣᠷᠤᠨ ᠵᠡᠷᠭᠡ ᠨᠢᠭᠡ ᠪᠦᠯᠦᠭ ᠲᠤᠮᠤ ᠴᠢᠬᠤᠯᠠ | ᠲᠦᠷᠦᠯ ᠵᠦᠢᠯ ᠢ ᠰᠡᠳᠦᠨ ᠠᠬᠢᠭᠤᠯᠪᠠ᠃ ᠪᠣᠭᠤᠮᠳᠠ ᠶᠢᠨ ᠪᠠᠷᠠᠭ᠎ᠠ ᠦᠩᠭᠡᠷᠡᠭᠦᠯᠬᠦ ᠬᠡᠮᠵᠢᠶ᠎ᠡ ᠨᠡᠶᠢᠲᠡ 174.2 ᠲᠦᠮᠡᠨ ᠲᠣᠨ ᠳᠤ ᠬᠦᠷᠴᠤ᠂ ᠪᠣᠭᠤᠮᠳᠠ ᠪᠠᠷ | ᠣᠷᠤᠭᠤᠯᠵᠤ ᠭᠠᠷᠭᠠᠬᠤ ᠠᠷᠠᠯᠵᠢᠶᠠᠨ ᠤ ᠥᠷᠳᠡᠭ 40 ᠳ᠋ᠦᠩᠰᠢᠭᠤᠷ ᠲᠦᠭᠦᠷᠢᠭ ᠢ ᠰᠢᠪᠲᠤᠯᠤᠨ᠂ ᠪᠦᠬᠦ ᠬᠤᠳᠠ ᠶᠢᠨ ᠬᠠᠭᠤᠷᠠᠢ ᠵᠠᠮ ᠤᠨ ᠪᠣᠭᠤᠮᠳᠠ ᠶᠢᠨ | ᠬᠤᠶᠠᠳᠤᠭᠠᠷ ᠲᠤ ᠵᠢᠭᠰᠠᠭᠠᠭᠳᠠᠭᠰᠠᠨ ᠪᠠᠶᠢᠨ᠎ᠠ᠃ | ᠡᠨᠡ ᠳᠦᠷᠪᠡᠨ ᠵᠢᠯ ᠳᠤ᠂ ᠪᠢᠳᠡ ︽ᠬᠦᠳᠡᠭᠡ ᠨᠤᠲᠤᠭ ᠢ ᠴᠡᠴᠡᠭᠯᠡᠭᠦᠯᠬᠦ︾ ᠲᠣᠭᠤᠷᠢᠨ ᠳᠤ ᠲᠦᠪᠯᠡᠷᠡᠵᠤ᠂ ᠵᠣᠬᠢᠴᠠᠩᠭᠤᠢ ᠬᠦᠭᠵᠢᠯᠲᠡ ᠶᠢ ᠨᠢᠭᠳᠠ | ᠡᠵᠡᠮᠳᠡᠨ᠂ ᠬᠤᠳᠠ ᠬᠦᠳᠡᠭᠡ ᠶᠢᠨ ᠬᠦᠭᠵᠢᠯᠲᠡ ᠰᠢᠨ᠎ᠠ ᠲᠦᠷᠰᠤ ᠪᠠᠶᠢᠳᠠᠯ ᠲᠠᠢ ᠪᠣᠯᠪᠠ᠃ ᠶᠠᠳᠠᠭᠤ ᠶᠢ ᠲᠡᠳᠭᠦᠬᠦ ᠪᠡᠯᠡ ᠮᠦᠩᠭᠦ ᠶᠢ ᠨᠡᠶᠢᠲᠡ 1.4 ᠳ᠋ᠦᠩᠰᠢᠭᠤᠷ | ᠲᠦᠭᠦᠷᠢᠭ ᠵᠠᠷᠤᠴᠠᠭᠤᠯᠤᠨ᠂ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠲᠦᠷᠦᠯ ᠵᠦᠢᠯ ᠢ 82 ᠪᠠᠶᠢᠭᠤᠯᠵᠤ᠂ ᠭᠠᠵᠠᠷ ᠰᠤᠯᠢᠨ ᠶᠠᠳᠠᠭᠤ ᠶᠢ ᠲᠡᠳᠭᠦᠬᠦ ᠲᠦᠷᠦᠯ | ᠵᠦᠢᠯ ᠢᠶᠠᠷ 161 ᠡᠷᠦᠬᠡ 414 ᠬᠦᠮᠦᠨ ᠢ ᠨᠡᠭᠦᠯᠭᠡᠨ᠂ 560 ᠡᠷᠦᠬᠡ 1561 ᠶᠠᠳᠠᠭᠤ ᠬᠦᠮᠦᠨ ᠠᠮᠠ ᠪᠦᠬᠦᠨ ᠢᠶᠠᠷ ᠢᠶᠠᠨ ᠶᠠᠳᠠᠭᠤ ᠠᠴᠠ ᠪᠠᠨ | ᠠᠩᠭᠢᠵᠢᠷᠠᠵᠤ᠂ 2019 ᠣᠨ ᠳᠤ ᠪᠦᠬᠦ ᠬᠤᠰᠢᠭᠤ ᠪᠠᠷ ᠢᠶᠠᠨ ᠶᠠᠳᠠᠭᠤ ᠮᠠᠯᠠᠭᠠᠢ ᠪᠠᠨ ᠳᠠᠶᠠᠭᠳᠠᠨ᠂ ᠵᠢᠪᠬᠤᠯᠠᠩᠳᠤ ᠰᠤᠮᠤ ᠥᠪᠡᠷᠲᠡᠭᠡᠨ ᠵᠠᠰᠠᠬᠤ ᠣᠷᠤᠨ ᠤ ᠳᠡᠰ | ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠡᠷᠢᠭᠦᠨ ᠤ ᠬᠠᠮᠳᠤ ᠨᠡᠶᠢᠲᠡ ᠪᠠᠷ ᠦᠨᠡᠯᠡᠭᠳᠡᠭᠰᠡᠨ ᠪᠠᠶᠢᠨ᠎ᠠ᠃ ᠬᠤᠳᠠ ᠬᠦᠳᠡᠭᠡ ᠶᠢᠨ ᠵᠣᠬᠢᠴᠠᠩᠭᠤᠢ | ᠬᠦᠭᠵᠢᠯᠲᠡ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠨᠡᠶᠢᠲᠡ 2.1 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠬᠤᠳᠠ ᠶᠢᠨ ᠶᠠᠪᠤᠳᠠᠯ ᠤᠨ | ᠵᠠᠮ ᠢ 22 ᠺᠢᠯᠤᠮᠧᠲᠷ ᠰᠢᠨ᠎ᠠ ᠪᠠᠷ ᠦᠭᠡᠷᠡᠴᠢᠯᠡᠨ ᠪᠠᠶᠢᠭᠤᠯᠵᠤ᠂ ᠲᠦᠪᠯᠡᠷᠡᠩᠭᠦᠢ ᠢᠯᠴᠢ ᠬᠠᠩᠭᠠᠯᠭ᠎ᠠ ᠶᠢᠨ ᠳᠠᠯᠠᠪᠠᠢ ᠶᠢ ᠰᠢᠨ᠎ᠠ ᠪᠠᠷ 45 ᠲᠦᠮᠡᠨ ᠬᠠᠪᠳᠠᠭᠠᠢ | ᠳᠦᠷᠪᠡᠯᠵᠢᠨ ᠮᠧᠲᠷ ᠨᠡᠮᠡᠭᠳᠡᠭᠦᠯᠦᠨ᠂ 1941 ᠡᠷᠦᠬᠡ ᠨᠥᠬᠦᠴᠡᠯ ᠪᠠᠷᠤᠭᠲᠠᠢ ᠣᠷᠤᠨ ᠰᠠᠭᠤᠴᠠ ᠶᠢᠨ ᠲᠣᠭᠤᠷᠢᠭ ᠢ ᠦᠭᠡᠷᠡᠴᠢᠯᠡᠨ ᠰᠠᠶᠢᠵᠢᠷᠠᠭᠤᠯᠵᠠᠢ᠃ ᠮᠠᠯᠵᠢᠬᠤ | ᠣᠷᠤᠨ ᠤ ᠬᠦᠮᠦᠨ ᠠᠷᠠᠳ ᠤᠨ ᠰᠠᠭᠤᠬᠤ ᠣᠷᠴᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠬᠦᠳᠡᠯᠭᠡᠭᠡᠨ ᠦᠷᠨᠢᠭᠦᠯᠦᠨ᠂ ᠬᠤᠭ ᠨᠤᠪᠰᠢ ᠶᠢ ᠬᠤᠣᠷ | ᠦᠭᠡᠶᠢᠵᠢᠭᠦᠯᠦᠨ ᠰᠢᠢᠳᠪᠦᠷᠢᠯᠡᠬᠦ ᠦᠢᠯᠡᠳᠪᠦᠷᠢ ᠶᠢ 8 ᠪᠠᠶᠢᠭᠤᠯᠵᠤ᠂ ᠮᠠᠯᠵᠢᠬᠤ ᠣᠷᠤᠨ ᠤ ᠡᠷᠡᠭᠦᠯ ᠬᠠᠮᠠᠭᠠᠯᠠᠯ ᠤᠨ ᠵᠣᠷᠯᠤᠩ ᠢ ᠰᠢᠨ᠎ᠠ ᠪᠠᠷ 1300 ᠪᠠᠶᠢᠭᠤᠯᠤᠨ | ᠂ ᠬᠦᠳᠡᠭᠡ ᠨᠤᠲᠤᠭ ᠤᠨ ᠵᠠᠰᠠᠮᠠᠯ ᠵᠠᠮ ᠢ 529 ᠺᠢᠯᠤᠮᠧᠲᠷ ᠰᠡᠯᠪᠢᠨ ᠵᠠᠰᠠᠵᠠᠢ᠃ ᠲᠦᠪᠯᠡᠷᠡᠩᠭᠦᠢ ᠤᠰᠤ ᠬᠠᠩᠭᠠᠬᠤ ᠴᠢᠭ᠋ ᠢ ᠰᠢᠨ᠎ᠠ ᠪᠠᠷ 7 ᠬᠡᠰᠡᠭ ᠪᠠᠶᠢᠭᠤᠯᠤᠨ᠂ | ᠤᠰᠤ ᠬᠠᠩᠭᠠᠬᠤ ᠦᠨᠳᠦᠰᠦᠨ ᠬᠤᠳᠳᠤᠭ ᠢ 247᠂ ᠭᠠᠩ ᠲᠠᠢ ᠲᠡᠮᠡᠴᠡᠬᠦ ᠤᠰᠤᠨ ᠤ ᠰᠤᠷᠪᠤᠯᠵᠢ ᠶᠢᠨ ᠬᠤᠳᠳᠤᠭ ᠢ 124 ᠮᠠᠯᠳᠠᠵᠤ᠂ ᠠᠶᠢᠯ ᠡᠷᠦᠬᠡ ᠶᠢᠨ | ᠤᠰᠤ ᠴᠡᠪᠡᠷᠰᠢᠬᠦᠯᠬᠦ ᠲᠦᠬᠦᠬᠡᠷᠦᠮᠵᠢ ᠶᠢ 3400 ᠢᠵᠢ ᠳᠠᠷᠬᠠᠭᠠᠨ᠂ ᠮᠠᠯᠵᠢᠬᠤ ᠣᠷᠤᠨ ᠤ ᠴᠠᠬᠢᠯᠭᠠᠨ ᠲᠣᠣᠷ ᠢ 149.5 ᠺᠢᠯᠤᠮᠧᠲᠷ ᠪᠠᠶᠢᠭᠤᠯᠤᠭᠰᠠᠨ ᠪᠠᠶᠢᠨ᠎ᠠ | ᠃ ᠣᠯᠠᠨ ᠨᠡᠶᠢᠲᠡ ᠶᠢᠨ ᠰᠣᠶᠤᠯ ᠪᠠ ᠰᠢᠨ᠎ᠠ ᠬᠡᠯᠪᠡᠷᠢ ᠶᠢᠨ ᠣᠶᠤᠨᠴᠢ ᠮᠠᠯᠵᠢᠬᠤ ᠣᠷᠤᠨ ᠤ ᠵᠢᠯᠤᠭᠤᠳᠬᠤ ᠲᠦᠪ ᠢ ᠪᠠᠶᠢᠭᠤᠯᠤᠨ᠂ ᠭᠡᠷᠡᠯᠯᠢᠭ ᠤᠳᠠᠰᠤ ᠦᠷᠭᠡᠨ | ᠪᠦᠰᠡ᠂ 4G ᠲᠣᠣᠷ ᠰᠦᠯᠵᠢᠶ᠎ᠡ ᠪᠦᠬᠦᠨ ᠢ ᠬᠠᠮᠤᠷᠤᠪᠠ᠃ ᠬᠠᠨᠳᠠᠭᠠᠢ ᠰᠤᠮᠤ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠳᠤ ︽ᠤᠯᠤᠰ ᠤᠨ | ᠳᠡᠰ ᠤᠨ ᠬᠦᠳᠡᠭᠡ ᠨᠤᠲᠤᠭ ᠢ ᠴᠡᠴᠡᠭᠯᠡᠭᠦᠯᠬᠦ ᠵᠢᠱᠢᠶᠡᠴᠢ ᠰᠤᠮᠤ︾ ᠪᠠᠷ ᠦᠨᠡᠯᠡᠭᠳᠡᠭᠰᠡᠨ ᠪᠠᠶᠢᠨ᠎ᠠ᠃ | ᠡᠨᠡ ᠳᠦᠷᠪᠡᠨ ᠵᠢᠯ ᠳᠤ᠂ ᠪᠢᠳᠡ ︽ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠰᠢᠢᠳᠪᠦᠷᠢᠳᠤ ᠢᠯᠡᠯᠲᠡ︾ ᠶᠢᠨ ᠲᠣᠭᠤᠷᠢᠨ ᠳᠤ ᠲᠦᠪᠯᠡᠷᠡᠵᠤ᠂ | ᠬᠠᠮᠳᠤᠪᠠᠷ ᠡᠳ᠋ᠯᠡᠬᠦ ᠬᠦᠭᠵᠢᠯᠲᠡ ᠶᠢ ᠨᠢᠭᠳᠠ ᠡᠵᠡᠮᠳᠡᠨ᠂ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠢᠯᠡᠳᠳᠡ ᠳᠡᠭᠡᠭᠰᠢᠯᠡᠪᠡ᠃ ᠠᠷᠠᠳ | ᠤᠨ ᠠᠮᠢᠳᠤᠷᠠᠯ ᠤᠨ ᠠᠵᠢᠯ ᠦᠢᠯᠡᠰ ᠲᠤ ᠨᠡᠶᠢᠲᠡ 36.9 ᠳ᠋ᠦᠩᠰᠢᠭᠤᠷ ᠲᠦᠭᠦᠷᠢᠭ ᠵᠠᠷᠤᠴᠠᠭᠤᠯᠤᠨ᠂ ᠬᠡᠦᠬᠡᠳ ᠤᠨ 3 ᠴᠡᠴᠡᠷᠯᠢᠭ ᠥᠪᠡᠷᠲᠡᠭᠡᠨ ᠵᠠᠰᠠᠬᠤ ᠣᠷᠤᠨ | ᠪᠠ ᠬᠤᠳᠠ ᠶᠢᠨ ᠳᠡᠰ ᠤᠨ ᠳᠠᠭᠤᠷᠢᠶᠠᠯ ᠴᠡᠴᠡᠷᠯᠢᠭ ᠪᠣᠯᠤᠨ ᠳᠡᠰ ᠳᠡᠪᠰᠢᠵᠤ᠂ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠬᠦᠯ ᠪᠦᠮᠪᠦᠭᠡ ᠶᠢᠨ | ᠣᠷᠳᠤᠨ᠂ ᠠᠮᠤᠭᠤᠯᠠᠩ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠤᠰᠠᠯᠠᠮᠵᠢ ᠬᠡᠷᠡᠭᠯᠡᠭᠡᠨ ᠤ ᠭᠡᠷ ᠵᠡᠷᠭᠡ ᠰᠤᠷᠭᠠᠨ ᠬᠦᠮᠦᠵᠢᠯ ᠤᠨ | ᠲᠦᠬᠦᠭᠡᠷᠦᠮᠵᠢ ᠳᠠᠯᠠᠪᠤᠷ ᠠᠰᠢᠭᠯᠠᠯᠲᠠ ᠳᠤ ᠣᠷᠤᠵᠤ᠂ ᠳᠤᠮᠳᠠᠳᠤ ᠪᠠᠭ᠎ᠠ ᠰᠤᠷᠭᠠᠭᠤᠯᠢ ᠪᠦᠬᠦᠨ ᠢᠶᠠᠷ ᠢᠶᠠᠨ ᠣᠳᠤᠬᠢᠴᠢᠯᠠᠭᠰᠠᠨ ᠪᠠᠷᠢᠮᠵᠢᠶᠠᠵᠢᠭᠤᠯᠤᠭᠰᠠᠨ | ᠰᠤᠷᠭᠠᠭᠤᠯᠢ ᠶᠢᠨ ᠬᠢᠷᠢ ᠭᠡᠮ ᠪᠦᠷᠢᠯᠳᠦᠭᠦᠯᠪᠡ᠃ ᠮᠣᠩᠭᠤᠯ ᠡᠮᠨᠡᠯᠭᠡ ᠶᠢᠨ ᠬᠤᠷᠢᠶ᠎ᠡ᠂ ᠬᠢᠵᠢᠭ ᠢ ᠰᠡᠷᠭᠡᠶᠢᠯᠡᠨ ᠡᠵᠡᠮᠳᠡᠬᠦ ᠲᠦᠪ᠂ ᠡᠬᠡ ᠨᠢᠯᠬᠠᠰ ᠤᠨ ᠡᠷᠡᠭᠦᠯ | ᠬᠠᠮᠠᠭᠠᠯᠠᠯ ᠲᠦᠯᠦᠪᠯᠡᠯᠭᠡᠲᠤ ᠦᠷᠡᠵᠢᠯ ᠤᠨ ᠦᠢᠯᠡᠴᠢᠯᠡᠭᠡᠨ ᠤ ᠲᠦᠪ ᠵᠡᠷᠭᠡ ᠡᠮᠴᠢᠯᠡᠭᠡᠨ ᠤ 16 ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠭᠡᠷᠡᠭᠯᠡᠭᠡᠨ ᠤ | ᠭᠡᠷ ᠢ ᠰᠢᠨ᠎ᠠ ᠪᠠᠷ ᠦᠭᠡᠷᠡᠴᠢᠯᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠤᠨ ᠤ ᠳᠡᠰ ᠤᠨ ᠠᠷᠢᠭᠤᠨ ᠴᠡᠪᠡᠷ ᠤᠨ ᠬᠤᠰᠢᠭᠤ ᠶᠢ ᠠᠮᠵᠢᠯᠲᠠᠲᠠᠢ ᠡᠭᠦᠳᠦᠨ | ᠪᠠᠶᠢᠭᠤᠯᠤᠭᠰᠠᠨ ᠪᠠᠶᠢᠨ᠎ᠠ᠃ ᠬᠤᠳᠠ ᠪᠠᠯᠭᠠᠰᠤᠨ ᠤ ᠠᠵᠢᠯ ᠣᠯᠤᠭᠰᠠᠨ ᠬᠦᠮᠦᠨ ᠰᠢᠨ᠎ᠠ ᠪᠠᠷ 1669 ᠨᠡᠮᠡᠭᠳᠡᠨ᠂ ᠴᠡᠷᠢᠭ ᠠᠴᠠ ᠰᠢᠯᠵᠢᠭᠰᠡᠨ ᠺᠠᠳ᠋ᠷ ᠪᠠ ᠴᠡᠷᠢᠭ | ᠠᠴᠠ ᠬᠠᠯᠠᠭᠳᠠᠭᠰᠠᠨ 106 ᠬᠦᠮᠦᠨ ᠢ ᠲᠦᠪᠬᠢᠨᠡᠭᠦᠯᠵᠤ᠂ ᠴᠡᠷᠢᠭ ᠠᠴᠠ ᠬᠠᠯᠠᠭᠳᠠᠭᠰᠠᠳ ᠤᠨ ᠡᠯ᠎ᠠ ᠲᠦᠷᠦᠯ ᠤᠨ ᠣᠨᠴᠠᠭᠠᠢ ᠬᠠᠷᠠᠭᠠᠯᠵᠠᠯ ᠤᠨ ᠪᠡᠯᠡ ᠮᠦᠩᠭᠦ ᠶᠢ | 1248 ᠲᠦᠮᠡᠨ ᠲᠦᠭᠦᠷᠢᠭ ᠳᠠᠷᠬᠠᠭᠠᠵᠠᠢ᠃ ᠰᠣᠶᠤᠯ ᠳᠠᠮᠢᠷ ᠤᠨ ᠠᠵᠢᠯ ᠦᠢᠯᠡᠰ ᠦᠷᠨᠢᠭᠦᠨ ᠬᠦᠭᠵᠢᠵᠤ᠂ ᠥᠪᠡᠷᠲᠡᠭᠡᠨ ᠵᠠᠰᠠᠬᠤ ᠣᠷᠤᠨ ᠤ ᠶᠢᠰᠦᠳᠦᠭᠡᠷ | ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠳᠠᠮᠢᠷ ᠤᠨ ᠬᠦᠳᠡᠯᠭᠡᠭᠡᠨ ᠳᠤ 17 ᠠᠯᠳᠠᠨ ᠮᠧᠳᠠᠯ ᠣᠯᠵᠤ᠂ ᠬᠠᠳᠠᠨᠪᠠᠭᠠᠳᠤᠷ ︽ᠬᠢᠲᠠᠳ | ᠪᠦᠭᠡ︾ ᠶᠢᠨ ᠳᠡᠯᠡᠭᠡᠢ ᠶᠢᠨ ᠮᠠᠩᠯᠠᠢ ᠪᠣᠯᠵᠠᠢ᠃ ᠥᠪᠡᠷᠲᠡᠭᠡᠨ ᠵᠠᠰᠠᠬᠤ ᠣᠷᠤᠨ ᠤ ᠠᠷᠠᠳ ᠤᠨ ᠰᠣᠶᠤᠯ ᠤᠷᠠᠯᠢᠭ ᠤᠨ ᠦᠯᠦᠭᠡᠢ ᠪᠠᠷ ᠰᠣᠩᠭᠤᠭᠳᠠᠨ᠂ ︽ | ᠪᠠᠷᠭᠤᠴᠤᠳ ᠤᠨ ᠢᠰᠡᠭᠡᠢ ᠦᠢᠯᠡᠳᠴᠤ ᠨᠤᠤᠰᠤᠨ ᠤᠳᠠᠰᠤ ᠡᠭᠡᠷᠡᠬᠦ ᠮᠡᠷᠭᠡᠵᠢᠯ︾ ᠨᠢ ᠥᠪᠡᠷᠲᠡᠭᠡᠨ ᠵᠠᠰᠠᠬᠤ ᠣᠷᠤᠨ ᠤ ᠤᠯᠠᠮᠵᠢᠯᠠᠯᠲᠤ ᠭᠠᠷ ᠤᠷᠠᠯᠠᠯ ᠢ | ᠴᠡᠴᠡᠭᠯᠡᠭᠦᠯᠬᠦ ᠲᠤᠷᠰᠢᠯᠲᠠ ᠶᠢᠨ ᠴᠢᠭ᠋ ᠪᠠᠷ ᠵᠢᠭᠰᠠᠭᠠᠭᠳᠠᠪᠠ᠃ ︽ᠳᠣᠯᠤᠳᠤᠭᠠᠷ ᠳᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠪᠠ ︽ᠬᠠᠷ᠎ᠠ ᠪᠦᠯᠦᠭᠳᠡᠨ | ᠬᠠᠷᠭᠢᠰ ᠬᠦᠴᠦᠨ ᠢ ᠠᠷᠢᠯᠭᠠᠬᠤ︾ ᠲᠤᠰᠬᠠᠢ ᠲᠡᠮᠡᠴᠡᠯ ᠢ ᠠᠮᠵᠢᠯᠲᠠᠲᠠᠢ ᠳᠠᠭᠤᠰᠬᠠᠨ 450 ᠡᠷᠦᠬᠡ ᠶᠢᠨ ᠠᠷᠠᠳ ᠤᠨ ᠬᠤᠭᠤᠷᠤᠨᠳᠤᠬᠢ ᠥᠨᠳᠦᠷ ᠬᠦᠦ ᠲᠠᠢ | ᠵᠢᠭᠡᠯᠡᠯᠭᠡ ᠶᠢ 4631 ᠲᠦᠮᠡᠨ ᠲᠦᠭᠦᠷᠢᠭ ᠰᠢᠢᠳᠪᠦᠷᠢᠯᠡᠵᠤ᠂ 2020 ᠣᠨ ᠳᠤ᠂ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠠᠴᠠ ︽ᠵᠠᠬᠢᠳᠠᠯ | ᠰᠤᠷᠪᠤᠯᠵᠢᠯᠠᠭ᠎ᠠ ᠶᠢᠨ ᠠᠵᠢᠯ ᠤᠨ ︿ᠭᠤᠷᠪᠠ ᠦᠭᠡᠢ﹀ ᠬᠤᠰᠢᠭᠤ ︵ᠬᠤᠳᠠ ᠲᠣᠭᠤᠷᠢᠭ︶︾ ᠤᠨ ᠢᠷᠠᠭᠤ ᠳᠠᠭᠤᠳᠠᠯᠭ᠎ᠠ ᠣᠯᠭᠤᠨ᠂ ᠬᠤᠰᠢᠭᠤᠨ ᠤ ᠰᠣᠶᠤᠯ ᠤᠨ | ᠣᠷᠳᠤᠨ ᠤᠯᠤᠰ ᠤᠨ ᠬᠤᠶᠠᠳᠤᠭᠠᠷ ᠳᠡᠰ ᠤᠨ ᠰᠣᠶᠤᠯ ᠤᠨ ᠣᠷᠳᠤᠨ ᠢᠶᠠᠷ ᠦᠨᠡᠯᠡᠭᠳᠡᠵᠤ᠂ ᠤᠯᠤᠰ ᠤᠨ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ | ᠵᠢᠱᠢᠶᠡᠴᠢ ᠬᠤᠰᠢᠭᠤ ᠶᠢ ᠠᠮᠵᠢᠯᠲᠠᠲᠠᠢ ᠡᠭᠦᠳᠦᠨ ᠪᠠᠶᠢᠭᠤᠯᠤᠭᠰᠠᠨ ᠪᠠᠶᠢᠨ᠎ᠠ᠃ | ᠡᠷᠬᠢᠮ ᠲᠦᠯᠦᠭᠡᠯᠡᠭᠴᠢᠳ ᠡ᠂ ᠳᠦᠷᠪᠡᠨ ᠵᠢᠯ ᠤᠨ ᠠᠶᠠᠨ ᠵᠠᠮ ᠬᠠᠳᠠᠭᠤ ᠳᠠᠪᠠᠭ᠎ᠠ ᠣᠯᠠᠨ ᠪᠣᠯᠬᠤᠷ᠂ ᠳᠦᠷᠪᠡᠨ ᠵᠢᠯ ᠤᠨ ᠠᠮᠵᠢᠯᠲᠠ ᠪᠦᠲᠦᠮᠵᠢ ᠬᠢᠯᠪᠠᠷ | ᠪᠣᠰᠤ ᠪᠠᠷ ᠢᠷᠡᠭᠰᠡᠨ ᠶᠤᠮ᠃ ᠡᠳᠡᠭᠡᠷ ᠠᠮᠵᠢᠯᠲᠠ ᠪᠦᠲᠦᠮᠵᠢ ᠪᠣᠯ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠪᠦᠲᠦᠭᠡᠯ ᠮᠥᠨ᠂ ᠬᠤᠰᠢᠭᠤᠨ ᠤ ᠨᠠᠮ ᠤᠨ ᠬᠤᠷᠢᠶ᠎ᠡ ᠶᠢᠨ ᠵᠦᠪ | ᠣᠨᠤᠪᠴᠢᠲᠠᠢ ᠣᠳᠤᠷᠢᠳᠤᠯᠭ᠎ᠠ ᠶᠢᠨ ᠦᠷ᠎ᠡ ᠪᠦᠲᠦᠭᠡᠯ ᠮᠥᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠦᠷᠦ | ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠶᠢᠨ ᠦᠷ᠎ᠡ ᠪᠦᠲᠦᠭᠡᠯ ᠮᠥᠨ᠂ ᠪᠦᠬᠦ ᠬᠤᠰᠢᠭᠤᠨ ᠤ ᠡᠯ᠎ᠠ ᠦᠨᠳᠦᠰᠦᠲᠡᠨ ᠤ ᠣᠯᠠᠨ ᠲᠦᠮᠡᠨ ᠤ ᠪᠦᠯᠭᠦᠮᠳᠡᠨ | ᠲᠡᠮᠡᠴᠡᠭᠰᠡᠨ ᠤ ᠦᠷ᠎ᠡ ᠪᠦᠲᠦᠭᠡᠯ ᠪᠣᠯᠬᠤ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ᠂ ᠪᠦᠬᠦ ᠬᠤᠰᠢᠭᠤᠨ ᠤ ᠦᠷᠭᠡᠨ | ᠣᠯᠠᠨ ᠺᠠᠳ᠋ᠷ ᠲᠦᠮᠡᠨ᠂ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ | ᠪᠣᠰᠤ ᠬᠦᠮᠦᠰ᠂ ᠠᠷᠠᠳ ᠤᠨ ᠡᠯ᠎ᠠ ᠪᠦᠯᠭᠦᠮ ᠨᠡᠶᠢᠲᠡ᠂ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠤᠨ ᠲᠡᠳᠭᠦᠪᠦᠷᠢ ᠳᠤ ᠭᠠᠷᠤᠭᠰᠠᠨ ᠠᠬᠠᠮᠠᠳ ᠨᠥᠬᠦᠳ᠂ | ᠬᠤᠰᠢᠭᠤᠨ ᠳᠤ ᠰᠠᠭᠤᠭ᠎ᠠ ᠴᠡᠷᠢᠭ ᠠᠩᠭᠢ᠂ ᠵᠡᠪᠰᠡᠭᠲᠤ ᠴᠠᠭᠳᠠᠭᠠᠨ ᠤ ᠳᠠᠷᠤᠭ᠎ᠠ ᠪᠠᠶᠢᠯᠳᠤᠭᠴᠢᠳ᠂ ᠬᠢᠯᠢ ᠶᠢᠨ ᠬᠠᠮᠠᠭᠠᠯᠠᠯᠲᠠ ᠶᠢᠨ ᠴᠠᠭᠳᠠᠭ᠎ᠠ᠂ ᠪᠣᠭᠤᠮᠳᠠ ᠬᠢᠯᠢ | ᠶᠢᠨ ᠪᠠᠶᠢᠴᠠᠭᠠᠯᠲᠠ ᠶᠢᠨ ᠠᠵᠢᠯᠳᠠᠨ᠂ ᠰᠢᠨ᠎ᠠ ᠪᠠᠷᠭᠤ ᠵᠡᠭᠦᠨ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠠ ᠡᠲᠡᠭᠡᠳ ᠤᠨ ᠬᠦᠮᠦᠰ | ᠲᠤ ᠡᠷᠬᠢᠮ ᠳᠡᠭᠡᠳᠤ ᠬᠦᠨᠳᠦᠳᠭᠡᠯ ᠪᠠ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠬᠦᠮᠦᠰ ᠢ ᠤᠷᠮᠠᠰᠢᠭᠤᠯᠵᠤ᠂ ᠲᠤᠷᠰᠢᠯᠭ᠎ᠠ ᠰᠤᠷᠭᠠᠮᠵᠢ ᠡᠷᠬᠢᠮ ᠨᠠᠨᠳᠢᠨ ᠪᠠᠶᠢᠳᠠᠭ ᠶᠤᠮ᠃ ᠳᠥᠷᠪᠡᠨ ᠵᠢᠯ ᠤᠨ ᠲᠤᠤᠱᠲᠠᠢ | ᠦᠢᠯᠡᠳᠦᠯᠭᠡ᠂ ᠲᠠ ᠪᠢᠳᠡᠨ ᠳᠤ ᠡᠶᠢᠮᠦᠷᠬᠦ ᠰᠡᠳᠬᠢᠭᠳᠡᠯ ᠣᠯᠭᠤᠯ᠎ᠠ᠄ ᠶᠠᠮᠠᠷᠪᠠ ᠴᠠᠭ ᠦᠶ᠎ᠡ ᠳᠤ ᠴᠦᠮ ᠡᠷᠬᠡᠪᠰᠢ ᠲᠤᠭ ᠳᠠᠯᠪᠠᠭ᠎ᠠ ᠰᠣᠷᠭᠤᠭ ᠲᠤᠳᠤᠷᠬᠠᠢ ᠪᠠᠷ | ᠤᠯᠤᠰ ᠲᠦᠷᠦ ᠶᠢ ᠡᠷᠬᠢᠮᠯᠡᠨ᠂ ︽ᠳᠥᠷᠪᠡᠨ ᠤᠬᠠᠮᠰᠠᠷ︾ ᠢᠶᠠᠨ ᠴᠢᠩᠭᠠᠷᠠᠭᠤᠯᠵᠤ᠂ ︽ᠳᠥᠷᠪᠡᠨ ᠢᠳᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠨ᠎ᠠ | ᠪᠠᠷᠭᠤ ᠵᠡᠭᠦᠨ ᠬᠤᠰᠢᠭᠤᠨ ᠤ ᠬᠦᠭᠵᠢᠯᠲᠡ ᠦᠢᠯᠡᠳᠦᠯᠭᠡ ᠶᠢ ᠵᠢᠯᠤᠭᠤᠳᠤᠭᠤᠯᠤᠨ᠂ ᠨᠠᠮ ᠤᠨ ᠲᠦᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶ᠎ᠡ ᠪᠠ | ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠡ ᠠᠷᠠᠳ ᠤᠨ ᠵᠠᠰᠠᠭ ᠤᠨ ᠣᠷᠳᠤᠨ᠂ ᠬᠤᠳᠠ ᠶᠢᠨ ᠨᠠᠮ ᠤᠨ ᠬᠤᠷᠢᠶ᠎ᠡ ᠠᠷᠠᠳ ᠤᠨ ᠵᠠᠰᠠᠭ ᠤᠨ ᠣᠷᠳᠤᠨ ᠤ | ᠰᠢᠢᠳᠪᠦᠷᠢ ᠪᠠᠶᠢᠷᠢᠯᠠᠭᠤᠯᠤᠯᠲᠠ ᠶᠢ ᠰᠢᠨ᠎ᠠ ᠪᠠᠷᠭᠤ ᠵᠡᠭᠦᠨ ᠬᠤᠰᠢᠭᠤᠨ ᠳᠤ ᠦᠨᠳᠦᠰᠦᠯᠡᠭᠦᠯᠬᠦ ᠬᠡᠷᠡᠭᠲᠡᠢ᠃ ᠶᠠᠮᠠᠷᠪᠠ ᠴᠠᠭ ᠦᠶ᠎ᠡ ᠳᠤ ᠴᠦᠮ ᠡᠷᠬᠡᠪᠰᠢ ᠰᠡᠳᠬᠢᠯ | ᠨᠢᠭᠡᠳᠭᠡᠨ ᠬᠦᠴᠦ ᠬᠠᠮᠳᠤᠳᠬᠠᠵᠤ ᠬᠦᠭᠵᠢᠯᠲᠡ ᠶᠢ ᠠᠳᠬᠤᠨ᠂ ᠰᠢᠨ᠎ᠠ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ | ᠬᠠᠷᠠᠭᠠᠯᠵᠠᠬᠤ᠂ ᠪᠣᠬᠢᠷᠳᠤᠯ ᠦᠭᠡᠢ ᠬᠦᠭᠵᠢᠯᠲᠡ ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠵᠠᠮᠨᠠᠨ᠂ ᠳᠠᠪᠠᠭᠤᠯᠢᠭ ᠢᠶᠠᠨ ᠬᠠᠮᠤᠭ ᠤᠨ ᠶᠡᠭᠡ ᠬᠡᠮᠵᠢᠶ᠎ᠡ ᠪᠠᠷ | ᠪᠠᠳᠠᠷᠠᠭᠤᠯᠵᠤ᠂ ᠲᠣᠳᠠᠭᠳᠠᠯ ᠢᠶᠠᠨ ᠨᠥᠬᠦᠪᠦᠷᠢᠯᠡᠨ᠂ ᠬᠦᠯᠢᠶᠡᠰᠦᠯᠡᠯ ᠢ ᠡᠪᠳᠡᠵᠤ᠂ ᠠᠵᠤ ᠠᠬᠤᠢ ᠨᠡᠶᠢᠭᠡᠮ ᠤᠨ ᠥᠨᠳᠦᠷ ᠶᠠᠰᠤ ᠴᠢᠨᠠᠷᠲᠠᠢ ᠬᠦᠭᠵᠢᠯᠲᠡ ᠶᠢ | ᠠᠬᠢᠭᠤᠯᠬᠤ ᠬᠡᠷᠡᠭᠲᠡᠢ᠃ ᠶᠠᠮᠠᠷᠪᠠ ᠴᠠᠭ ᠦᠶ᠎ᠡ ᠳᠤ ᠴᠦᠮ ᠡᠷᠬᠡᠪᠰᠢ ᠦᠨᠡᠨᠬᠦ ᠠᠳᠬᠤᠵᠤ ᠪᠣᠳᠠᠲᠠᠢ ᠠᠵᠢᠯᠯᠠᠨ ᠵᠣᠷᠢᠭᠲᠠᠢ ᠬᠠᠷᠢᠭᠤᠴᠠᠵᠤ᠂ ᠴᠢᠯᠠᠭᠤᠨ ᠳᠤ ᠮᠦᠷ | ᠳᠠᠮᠠᠭᠠᠯᠠᠵᠤ᠂ ᠲᠡᠮᠤᠷ ᠲᠤ ᠣᠷᠤᠮ ᠦᠯᠡᠳᠡᠭᠡᠬᠦ ᠣᠪᠤᠷ ᠰᠤᠷᠳᠠᠯ ᠪᠠ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ᠂ ᠵᠣᠷᠢᠭᠰᠠᠨ ᠠᠤᠭ᠎ᠠ ᠬᠠᠷᠠᠯᠲᠠ ᠪᠠᠷ ᠢᠶᠠᠨ | ᠡᠴᠦᠰ ᠲᠤ ᠨᠢ ᠲᠤᠯᠳᠠᠯ᠎ᠠ ᠲᠡᠮᠡᠴᠡᠨ᠂ ᠨᠠᠶᠢᠳᠠᠪᠤᠷᠢᠵᠢᠭᠤᠯᠤᠯᠲᠠ ᠶᠢ ᠲᠤᠤᠱᠲᠠᠢ ᠠᠳᠬᠤᠵᠤ᠂ ᠡᠯ᠎ᠠ ᠲᠦᠷᠦᠯ ᠤᠨ ᠠᠵᠢᠯ ᠤᠨ ᠪᠣᠳᠠᠲᠠᠶᠢᠵᠢᠬᠤ᠂ ᠡᠮᠦᠨᠡᠭᠦᠷ | ᠬᠤᠰᠢᠭᠤᠷᠠᠬᠤ ᠶᠢ ᠠᠬᠢᠭᠤᠯᠬᠤ ᠬᠡᠷᠡᠭᠲᠡᠢ᠃ ᠶᠠᠮᠠᠷᠪᠠ ᠴᠠᠭ ᠦᠶ᠎ᠡ ᠳᠤ ᠴᠦᠮ ᠡᠷᠬᠡᠪᠰᠢ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠪᠠᠬᠢᠵᠢᠭᠦᠯᠵᠤ᠂ ᠠᠷᠠᠳ ᠤᠨ ᠠᠮᠢᠳᠤᠷᠠᠯ ᠤᠨ ᠵᠣᠯ | ᠵᠢᠷᠭᠠᠯ ᠤᠨ ᠬᠡᠮᠵᠢᠶ᠎ᠡ ᠶᠢ ᠨᠡᠮᠡᠭᠳᠡᠭᠦᠯᠬᠦ ᠪᠠᠷ ᠠᠯᠢᠪᠠ ᠠᠵᠢᠯ ᠤᠨ ᠡᠭᠦᠰᠦᠴᠠ ᠪᠠ ᠵᠣᠭᠰᠤᠴᠠ ᠪᠣᠯᠭᠠᠨ᠂ ᠺᠠᠳ᠋ᠷᠴᠤᠳ ᠤᠨ ᠰᠢᠷᠭᠠᠭᠤ ᠬᠦᠳᠡᠯᠮᠦᠷᠢ ᠶᠢᠨ ᠵᠢᠭᠠᠯᠲᠠ | ᠲᠤᠭ᠎ᠠ ᠪᠠᠷ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠤᠯᠢᠨ ᠠᠪᠴᠢᠷᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠬᠦᠭᠡᠭᠡᠴᠡᠯᠳᠦᠯ ᠢ ᠲᠠᠰᠤᠷᠠᠯᠲᠠ ᠦᠭᠡᠢ ᠬᠠᠩᠭᠠᠬᠤ ᠬᠡᠷᠡᠭᠲᠡᠢ᠃ | ᠠᠮᠵᠢᠯᠲᠠ ᠪᠦᠲᠦᠮᠵᠢ ᠪᠠᠨ ᠣᠯᠵᠤ ᠬᠠᠷᠠᠬᠤ ᠶᠢᠨ ᠳᠠᠭᠠᠤ᠄ ᠪᠦᠬᠦ ᠬᠤᠰᠢᠭᠤᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠪᠦᠲᠦᠴᠡ | ᠰᠢᠯᠢᠳᠡᠭ ᠪᠣᠰᠤ᠂ ᠳᠡᠰ ᠳᠡᠪᠬᠤᠷᠭ᠎ᠠ ᠥᠨᠳᠦᠷ ᠪᠢᠰᠢ᠂ ᠠᠵᠤ ᠦᠢᠯᠡᠰ ᠤᠨ ᠰᠠᠭᠤᠷᠢ ᠪᠠᠭᠤᠷᠠᠢ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠡᠭᠦᠷᠭᠡ ᠬᠠᠳᠠᠭᠤ | ᠪᠡᠷᠭᠡ ᠪᠠᠶᠢᠭᠰᠠᠭᠠᠷ᠃ ᠬᠤᠳᠠ ᠪᠠᠯᠭᠠᠰᠤᠨ ᠤ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ᠂ ᠰᠤᠷᠭᠠᠨ ᠬᠦᠮᠦᠵᠢᠯ᠂ ᠡᠷᠡᠭᠦᠯ | ᠬᠠᠮᠠᠭᠠᠯᠠᠯ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭᠠᠨ ᠳᠠᠬᠢ ᠠᠵᠢᠯ ᠣᠯᠠᠨ ᠲᠦᠮᠡᠨ ᠤ ᠬᠦᠰᠡᠯ ᠪᠠᠷᠠᠯᠠᠯ ᠲᠠᠢ ᠮᠦᠨᠬᠦ ᠵᠦᠷᠢᠶ᠎ᠡ | ᠲᠠᠢ ᠪᠠᠶᠢᠨ᠎ᠠ᠃ ᠵᠠᠰᠠᠭ ᠤᠨ ᠣᠷᠳᠤᠨ ᠤ ᠦᠢᠯᠡᠴᠢᠯᠡᠭᠡᠨ ᠤ ᠴᠢᠳᠠᠮᠵᠢ ᠶᠢ ᠬᠠᠷᠠᠬᠠᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ᠠᠷᠠᠯᠵᠢᠶ᠎ᠠ ᠡᠷᠬᠢᠯᠡᠬᠦ ᠣᠷᠴᠢᠨ ᠢ | ᠠᠯᠬᠤᠮ ᠴᠢᠨᠠᠭᠰᠢᠳᠡ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ ᠭᠡᠳᠡᠭ ᠢᠶᠠᠨ ᠪᠢᠳᠡ ᠰᠡᠷᠭᠡᠭ ᠢᠶᠠᠷ ᠳᠠᠨᠢᠵᠤ ᠣᠯᠤᠯ᠎ᠠ᠃ ᠡᠭᠦᠨ ᠢ ᠪᠢᠳᠡ ᠳᠡᠭᠡᠳᠤ ᠬᠡᠮᠵᠢᠶ᠎ᠡ ᠪᠠᠷ | ᠴᠢᠬᠤᠯᠠᠴᠢᠯᠠᠨ᠂ ᠬᠦᠴᠦᠨ ᠪᠦᠬᠦᠢ ᠠᠷᠭ᠎ᠠ ᠠᠪᠴᠠᠯ ᠠᠪᠴᠤ᠂ ᠦᠨᠡᠨᠬᠦ ᠰᠢᠢᠳᠪᠦᠷᠢᠯᠡᠬᠦ ᠨᠢ ᠯᠠᠪᠳᠠᠢ ᠶᠤᠮ᠃ | ᠬᠤᠶᠠᠷ᠂ ᠢᠷᠡᠬᠦ ᠳᠠᠪᠤᠨ ᠵᠢᠯ ᠤᠨ ᠠᠵᠢᠯ ᠤᠨ ᠰᠡᠳᠬᠢᠴᠠ ᠪᠠ ᠬᠠᠷᠠᠯᠲᠠ | ᠢᠷᠡᠬᠦ ᠳᠠᠪᠤᠨ ᠵᠢᠯ ᠤᠨ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠰᠡᠳᠬᠢᠴᠠ ᠪᠣᠯ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠪᠦᠬᠦ ᠳᠠᠯ᠎ᠠ ᠶᠢᠨ ᠣᠳᠤᠷᠢᠳᠤᠯᠭ᠎ᠠ ᠶᠢ ᠪᠠᠷᠢᠮᠲᠠᠯᠠᠵᠤ᠂ | ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠰᠢᠨ᠎ᠠ ᠬᠦᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠤᠪᠴᠢᠲᠠᠢ ᠪᠦᠬᠦ ᠳᠠᠯ᠎ᠠ ᠪᠠᠷ | ᠲᠤᠤᠱᠯᠠᠭᠤᠯᠵᠤ᠂ ᠥᠨᠳᠦᠷ ᠶᠠᠰᠤ ᠴᠢᠨᠠᠷᠲᠠᠢ ᠬᠦᠭᠵᠢᠯᠲᠡ ᠶᠢ ᠠᠬᠢᠭᠤᠯᠬᠤ ᠪᠠᠷ ᠭᠤᠣᠯ ᠰᠡᠳᠤᠪ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠵᠤ᠂ ᠦᠭᠡᠷᠡᠴᠢᠯᠡᠯᠲᠡ ᠰᠢᠨᠡᠴᠢᠯᠡᠯᠲᠡ ᠪᠠᠷ ᠦᠨᠳᠦᠰᠦᠨ ᠬᠦᠳᠡᠯᠭᠡᠭᠦᠷ ᠪᠣᠯᠭᠠᠨ᠂ ᠨᠡᠮᠡᠭᠳᠡᠯ ᠢ | ᠲᠣᠭᠳᠠᠪᠤᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠲᠤ ᠠᠰᠢᠭ ᠬᠦᠷᠳᠡᠭᠡᠬᠦ᠂ ᠲᠦᠭᠰᠢᠭᠦᠷᠢ ᠶᠢ ᠰᠡᠷᠭᠡᠶᠢᠯᠡᠬᠦ | ᠡᠯ᠎ᠠ ᠲᠦᠷᠦᠯ ᠤᠨ ᠠᠵᠢᠯ ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ | ︾ ᠶᠢᠨ ᠪᠠᠶᠢᠯᠳᠤᠬᠤ ᠪᠣᠳᠤᠯᠭ᠎ᠠ ᠶᠢᠨ ᠪᠠᠶᠢᠷᠢ ᠲᠣᠭᠳᠠᠭᠠᠯᠲᠠ ᠳᠤ ᠰᠠᠭᠤᠷᠢᠯᠠᠵᠤ᠂ ︽ᠠᠵᠤ ᠠᠬᠤᠢ ᠶᠢ ᠠᠮᠢ ᠠᠬᠤᠶᠢᠴᠢᠯᠠᠬᠤ᠂ ᠵᠢᠭᠤᠯᠴᠢᠯᠠᠯ ᠢ ᠪᠦᠬᠦ ᠣᠷᠤᠨ | ᠲᠣᠭᠤᠷᠢᠭᠵᠢᠭᠤᠯᠬᠤ᠂ ᠬᠤᠳᠠ ᠪᠠᠯᠭᠠᠰᠤ ᠶᠢ ᠨᠠᠷᠢᠯᠢᠭᠵᠢᠭᠤᠯᠬᠤ᠂ ᠨᠡᠶᠢᠭᠡᠮ ᠤᠨ ᠵᠠᠰᠠᠯᠲᠠ ᠶᠢ ᠣᠳᠤᠬᠢᠴᠢᠯᠠᠬᠤ︾ ᠬᠦᠭᠵᠢᠯᠲᠡ ᠶᠢᠨ ᠲᠦᠯᠦᠪᠰᠢᠷᠡᠯ ᠢ | ᠪᠦᠷᠢᠯᠳᠦᠭᠦᠯᠦᠨ᠂ ᠬᠦᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠭᠦᠯᠵᠤ᠂ ᠪᠦᠬᠦ ᠬᠤᠰᠢᠭᠤᠨ ᠤ ᠡᠯ᠎ᠠ ᠦᠨᠳᠦᠰᠦᠲᠡᠨ ᠤ ᠠᠷᠠᠳ ᠲᠦᠮᠡᠨ ᠢ | ᠪᠦᠯᠭᠦᠮᠳᠡᠭᠦᠯᠦᠨ ᠳᠠᠭᠠᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠳᠤ ᠶᠢᠨ ᠴᠤᠭᠴᠠ ᠶᠢᠨ ᠤᠬᠠᠮᠰᠠᠷ ᠢᠶᠠᠨ ᠪᠠᠬᠢᠵᠢᠭᠦᠯᠦᠨ᠂ ᠠᠮᠢ ᠠᠬᠤᠢ ᠶᠢ ᠲᠡᠷᠢᠭᠦᠨ ᠳᠤ ᠬᠠᠷᠠᠭᠠᠯᠵᠠᠬᠤ᠂ ᠪᠣᠬᠢᠷᠳᠤᠯ ᠦᠭᠡᠢ ᠬᠦᠭᠵᠢᠯᠲᠡ ᠶᠢᠨ ᠵᠠᠮ ᠢᠶᠠᠷ | ᠭᠤᠶᠢᠪᠢᠰᠢ ᠦᠭᠡᠢ ᠵᠠᠮᠨᠠᠵᠤ᠂ ᠬᠠᠮᠳᠤᠪᠠᠷ ᠴᠢᠨᠡᠭᠡᠯᠢᠭᠵᠢᠬᠦ ᠬᠠᠷᠠᠯᠲᠠ ᠲᠡᠰᠢ ᠢᠳᠡᠷᠭᠦᠨ ᠠᠯᠬᠤᠯᠠᠨ᠂ ᠨᠡᠩ ᠦᠵᠡᠰᠭᠦᠯᠡᠩ ᠪᠠᠶᠠᠨ ᠬᠦᠴᠦᠷᠭᠡᠭ ᠡᠶ᠎ᠡ ᠨᠠᠶᠢᠷᠠᠮᠳᠠᠭᠤ | ᠵᠣᠯ ᠵᠢᠷᠭᠠᠯᠲᠤ ᠰᠢᠨ᠎ᠠ ᠪᠠᠷᠭᠤ ᠵᠡᠭᠦᠨ ᠬᠤᠰᠢᠭᠤ ᠶᠢ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠬᠦ ᠶᠠᠪᠤᠳᠠᠯ ᠪᠣᠯᠤᠨ᠎ᠠ᠃ | ᠢᠷᠡᠬᠦ ᠳᠠᠪᠤᠨ ᠵᠢᠯ ᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠣᠷᠢᠳᠴᠢᠯᠠᠭᠰᠠᠨ ᠬᠠᠷᠠᠯᠲᠠ ᠪᠣᠯ᠄ ᠬᠠᠷᠢᠴᠠᠭᠤᠯᠵᠤ ᠪᠤᠯᠠᠬᠤᠶᠢᠴᠠ ᠲᠤᠭ᠎ᠠ | ᠬᠡᠮᠵᠢᠭᠳᠡᠯ ᠢᠶᠠᠷ ᠨᠤᠭᠤᠯᠤᠨ ᠪᠣᠳᠤᠵᠤ᠂ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠵᠢᠯ ᠳᠤᠮᠳᠠᠴᠢ ᠶᠢᠨ ᠨᠡᠮᠡᠭᠳᠡᠯ ᠬᠤᠷᠳᠤᠴᠠ ᠶᠢ 1. | 5% ᠳᠤ ᠬᠦᠷᠭᠡᠨ᠂ ᠵᠣᠷᠰᠢᠯᠲᠤ ᠣᠯᠠᠨ ᠨᠡᠶᠢᠲᠡ ᠶᠢᠨ ᠤᠷᠢᠳᠴᠢᠯᠠᠭᠰᠠᠨ ᠲᠦᠰᠦᠪ ᠤᠨ ᠣᠷᠤᠯᠭ᠎ᠠ ᠶᠢᠨ ᠵᠢᠯ ᠳᠤᠮᠳᠠᠴᠢ ᠶᠢᠨ ᠨᠡᠮᠡᠭᠳᠡᠯ ᠬᠤᠷᠳᠤᠴᠠ ᠶᠢ 4% | ᠠᠴᠠ ᠳᠡᠭᠡᠭᠰᠢ ᠳᠤ ᠬᠦᠷᠭᠡᠵᠤ᠂ ᠬᠡᠮᠵᠢᠶᠡᠨ ᠤ ᠬᠢᠵᠠᠭᠠᠷᠯᠠᠯ ᠠᠴᠠ ᠳᠡᠭᠡᠭᠰᠢᠬᠢ ᠲᠣᠭᠳᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠪᠠ ᠨᠡᠶᠢᠭᠡᠮ ᠤᠨ ᠬᠡᠷᠡᠭᠯᠡᠭᠡᠨ ᠤ | ᠪᠣᠳᠠᠰ ᠤᠨ ᠵᠢᠵᠢᠭᠯᠡᠨ ᠪᠣᠷᠤᠯᠠᠭᠤᠯᠬᠤ ᠶᠡᠷᠦᠩᠬᠡᠢ ᠥᠷᠳᠡᠭ ᠤᠨ ᠵᠢᠯ ᠳᠠᠷᠠᠭᠠᠯᠠᠨ ᠨᠡᠮᠡᠭᠳᠡᠬᠦ ᠶᠢ ᠪᠠᠲᠤᠯᠠᠵᠤ᠂ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠤᠯᠭ᠎ᠠ ᠶᠢᠨ ᠨᠡᠮᠡᠭᠳᠡᠯ ᠬᠤᠷᠳᠤᠴᠠ ᠶᠢ ᠲᠣᠰᠪᠤᠷᠢ ᠪᠦᠬᠦ ᠬᠤᠳᠠ ᠶᠢᠨ ᠲᠡᠭᠰᠢᠳᠭᠡᠭᠰᠡᠨ ᠬᠢᠷᠢ | ᠲᠦᠪᠰᠢᠨ ᠳᠤ ᠬᠦᠷᠭᠡᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠪᠠᠷ᠂ ᠰᠢᠨ᠎ᠠ ᠨᠢᠭᠡ ᠬᠤᠭᠤᠴᠠᠭᠠᠨ ᠤ ᠵᠠᠰᠠᠭ ᠤᠨ ᠣᠷᠳᠤᠨ ᠳᠣᠣᠷᠠᠬᠢ ᠠᠵᠢᠯ ᠤᠳ ᠢ ᠯᠠᠪᠳᠠᠭᠤᠨ | ᠬᠢᠬᠦ ᠪᠣᠯᠤᠨ᠎ᠠ᠄ | — — ᠠᠵᠤ ᠠᠬᠤᠢ ᠶᠢᠨ ᠪᠣᠬᠢᠷᠳᠤᠯ ᠦᠭᠡᠢ ᠥᠨᠳᠦᠷ ᠶᠠᠰᠤ ᠴᠢᠨᠠᠷᠲᠠᠢ ᠬᠦᠭᠵᠢᠯᠲᠡ ᠶᠢ ᠬᠦᠴᠦᠯᠡᠨ ᠠᠬᠢᠭᠤᠯᠤᠨ᠎ᠠ᠃ ᠥᠨᠳᠦᠷ ᠦᠷ᠎ᠡ ᠠᠰᠢᠭ ᠲᠠᠢ | ᠣᠳᠤᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ ᠲᠠᠯ᠎ᠠ ᠨᠤᠲᠤᠭ ᠤᠨ ᠮᠢᠬᠠᠨ ᠤ ᠬᠤᠨᠢᠨ ᠤ ᠠᠵᠤ ᠦᠢᠯᠡᠰ ᠤᠨ | ᠰᠦᠷᠦᠭᠵᠢᠯ᠂ ᠮᠢᠬ᠎ᠠ ᠰᠠᠭᠠᠯᠢ ᠶᠢᠨ ᠦᠨᠢᠶᠡᠨ ᠤ ᠦᠭᠡᠷ ᠤᠨ ᠲᠡᠵᠢᠭᠡᠪᠦᠷᠢ ᠶᠢᠨ ᠰᠠᠭᠤᠷᠢᠨ ᠭᠠᠵᠠᠷ᠂ ᠠᠳᠤᠭᠤᠨ ᠤ ᠠᠵᠤ ᠦᠢᠯᠡᠰ ᠤᠨ ᠬᠦᠭᠵᠢᠯᠲᠡ ᠪᠠ | ᠨᠡᠭᠡᠭᠡᠯᠲᠡ ᠵᠡᠷᠭᠡ ᠲᠦᠷᠦᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠦᠨ᠎ᠠ᠃ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ | ᠨᠡᠩ ᠥᠨᠳᠦᠷ ᠶᠠᠰᠤ ᠴᠢᠨᠠᠷ ᠪᠦᠬᠦᠢ ᠦᠨᠳᠦᠰᠦᠲᠡᠨ ᠤ ᠤᠯᠠᠮᠵᠢᠯᠠᠯᠲᠤ ᠰᠦᠨ ᠤ ᠪᠦᠲᠦᠭᠡᠭᠳᠡᠭᠦᠨ ᠤ ᠠᠵᠤ ᠦᠢᠯᠡᠰ ᠤᠨ ᠰᠠᠭᠤᠷᠢᠨ ᠭᠠᠵᠠᠷ᠂ ᠦᠨᠳᠦᠰᠦᠲᠡᠨ ᠤ | ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ᠂ ᠠᠮᠢ ᠠᠬᠤᠶᠢᠴᠢ ᠠᠵᠤ ᠠᠬᠤᠢ ᠶᠢᠨ ᠣᠢ ᠮᠣᠳᠤᠨ ᠤ ᠳᠠᠷᠢᠮᠠᠯ ᠤᠨ ᠰᠠᠭᠤᠷᠢᠨ ᠭᠠᠵᠠᠷ᠂ ᠪᠣᠬᠢᠷᠳᠤᠯ ᠦᠭᠡᠢ | ᠨᠡᠭᠦᠷᠡᠰᠤᠨ ᠤ ᠪᠣᠰᠤ ᠠᠭᠤᠷᠬᠠᠢ ᠵᠡᠷᠭᠡ ᠰᠢᠨ᠎ᠠ ᠪᠠᠷ ᠬᠦᠭᠵᠢᠭᠰᠡᠨ ᠠᠵᠤ ᠦᠢᠯᠡᠰ ᠢ ᠬᠦᠭᠵᠢᠭᠦᠯᠦᠨ᠎ᠠ᠃ ᠣᠳᠤᠬᠢᠴᠢᠯᠠᠭᠰᠠᠨ ᠦᠢᠯᠡᠴᠢᠯᠡᠭᠡᠨ ᠤ ᠠᠵᠤ ᠦᠢᠯᠡᠰ ᠤᠨ | ᠰᠢᠰᠲ᠋ᠧᠮ ᠢ ᠪᠦᠷᠢᠯᠳᠦᠭᠦᠯᠦᠨ᠂ ᠠᠮᠤᠭᠤᠯᠠᠩ ᠪᠠᠯᠭᠠᠰᠤᠨ ᠤ ᠬᠦᠯᠳᠡᠭᠦᠦ ᠪᠠᠷᠠᠭᠠᠨ ᠤ ᠭᠦᠢᠯᠭᠡᠭᠡ ᠬᠦᠮᠦᠷᠭᠡᠯᠡᠯᠲᠡ ᠶᠢᠨ ᠲᠦᠪ᠂ ᠳᠠᠷᠢᠶᠠᠯᠠᠩ ᠤᠨ ᠠᠷᠠᠯᠵᠢᠶᠠᠨ ᠤ | ᠶᠡᠷᠦᠩᠬᠡᠶᠢᠯᠡᠭᠰᠡᠨ ᠠᠰᠠᠷ᠂ ᠵᠢᠩ ᠳ᠋ᠦᠩ ᠤᠨ ᠰᠢᠨ᠎ᠠ ᠪᠠᠷᠭᠤ ᠵᠡᠭᠦᠨ ᠬᠤᠰᠢᠭᠤᠨ ᠤ ᠣᠷᠳᠤᠨ ᠵᠡᠷᠭᠡ ᠨᠢᠭᠡ ᠪᠦᠯᠦᠭ ᠰᠢᠨ᠎ᠠ ᠡᠵᠡᠩᠨᠡᠯᠲᠡ ᠶᠢᠨ ᠬᠡᠯᠪᠡᠷᠢᠳᠤ ᠲᠦᠷᠦᠯ | ᠵᠦᠢᠯ ᠢ ᠪᠦᠲᠦᠭᠡᠨ ᠪᠠᠶᠢᠭᠤᠯᠵᠤ ᠡᠬᠢᠯᠡᠨ᠎ᠠ᠃ 500 ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠦᠷᠦᠯ ᠵᠦᠢᠯ ᠢ 128 ᠰᠡᠳᠦᠵᠤ ᠬᠦᠮᠦᠷᠭᠡᠯᠡᠨ | ᠂ 2025 ᠣᠨ ᠪᠣᠯᠬᠤ ᠳᠤ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠥᠷᠳᠡᠭ ᠢ 1.5 ᠳ᠋ᠦᠩᠰᠢᠭᠤᠷ ᠲᠦᠭᠦᠷᠢᠭ ᠲᠤ | ᠬᠦᠷᠭᠡᠨ᠂ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠶᠡᠷᠦᠩᠬᠡᠢ ᠥᠷᠳᠡᠭ ᠢ ᠵᠢᠯ ᠳᠤᠮᠳᠠᠴᠢ ᠪᠠᠷ 1.5 ᠳ᠋ᠦᠩᠰᠢᠭᠤᠷ ᠲᠦᠭᠦᠷᠢᠭ | ᠠᠴᠠ ᠳᠡᠭᠡᠭᠰᠢ ᠳᠤ ᠬᠦᠷᠭᠡᠵᠤ᠂ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠤᠯᠭ᠎ᠠ ᠶᠢ ᠵᠢᠯ ᠳᠤᠮᠳᠠᠴᠢ ᠪᠠᠷ 8% ᠣᠷᠴᠢᠮ ᠨᠡᠮᠡᠭᠳᠡᠭᠦᠯᠦᠨ᠂ ᠵᠢᠭᠤᠯᠴᠢᠯᠠᠯ ᠤᠨ | ᠬᠦᠯᠢᠶᠡᠨ ᠵᠣᠴᠢᠯᠠᠬᠤ ᠬᠦᠮᠦᠨ ᠤ ᠲᠤᠭ᠎ᠠ ᠶᠢ ᠵᠢᠯ ᠳᠤᠮᠳᠠᠴᠢ ᠪᠠᠷ 6% ᠣᠷᠴᠢᠮ ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ | — — ︽ᠲᠠᠯ᠎ᠠ ᠨᠤᠲᠤᠭ ᠤᠨ ᠪᠦᠬᠦ ᠣᠷᠤᠨ ᠲᠣᠭᠤᠷᠢᠭᠲᠤ ᠵᠢᠭᠤᠯᠴᠢᠯᠠᠯ ᠤᠨ ᠵᠢᠱᠢᠶᠡᠴᠢ ᠬᠤᠰᠢᠭᠤ︾ ᠶᠢ ᠬᠦᠴᠦᠯᠡᠨ ᠪᠠᠶᠢᠭᠤᠯᠤᠨ᠎ᠠ᠃ ᠪᠦᠬᠦ ᠣᠷᠤᠨ | ᠲᠣᠭᠤᠷᠢᠭᠲᠤ ᠵᠢᠭᠤᠯᠴᠢᠯᠠᠯ᠂ ᠪᠦᠬᠦ ᠵᠢᠯ ᠤᠨ ᠵᠢᠭᠤᠯᠴᠢᠯᠠᠯ ᠤᠨ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠲᠠᠯ᠎ᠠ ᠨᠤᠲᠤᠭ ᠤᠨ ᠠᠮᠢ ᠠᠬᠤᠢ ᠶᠢᠨ | ᠨᠡᠭᠦᠳᠡᠯ ᠰᠣᠶᠤᠯ ᠤᠨ ᠵᠢᠭᠤᠯᠴᠢᠯᠠᠯ ᠤᠨ ᠰᠢᠰᠲ᠋ᠧᠮ ᠢ ᠪᠦᠷᠢᠯᠳᠦᠭᠦᠯᠵᠤ᠂ ᠪᠠᠷᠭᠤ ᠮᠣᠩᠭᠤᠯ ᠤᠭᠰᠠᠭᠠᠳᠠᠨ᠂ ᠬᠠᠰᠠᠷ ᠨᠡᠭᠦᠳᠡᠯ ᠠᠶᠢᠮᠠᠭ᠂ ᠨᠤᠭᠤᠭᠠᠨᠨᠠᠭᠤᠷ | ᠵᠢᠭᠤᠯᠴᠢᠯᠠᠯ ᠤᠨ ᠠᠮᠠᠷᠠᠯᠲᠠ ᠶᠢᠨ ᠣᠷᠤᠨ᠂ ᠨᠤᠮᠤᠨ ᠬᠠᠨ ᠤ ᠳᠠᠶᠢᠨ ᠤ ᠪᠠᠭᠤᠷᠢ ᠶᠢᠨ ᠦᠵᠡᠭᠦᠯᠦᠯᠭᠡ ᠶᠢᠨ ᠣᠷᠳᠤᠨ᠂ ᠭᠠᠨᠵᠤᠤᠷ ᠦᠵᠡᠮᠵᠢᠲᠤ ᠣᠷᠤᠨ ᠢ | ᠭᠤᠣᠯᠳᠠᠯᠭ᠎ᠠ ᠲᠠᠢ ᠪᠠᠷ ᠳᠡᠰ ᠳᠡᠪᠰᠢᠭᠦᠯᠦᠨ᠎ᠠ᠃ ᠡᠷᠡᠭᠦᠯ ᠮᠡᠨᠳᠤ ᠰᠤᠪᠢᠯᠠᠯᠲᠠ ᠠᠮᠠᠷᠠᠯᠲᠠ ᠶᠢᠨ ᠵᠢᠭᠤᠯᠴᠢᠯᠠᠯ ᠤᠨ ᠰᠢᠰᠲ᠋ᠧᠮ ᠢ ᠪᠦᠷᠢᠯᠳᠦᠭᠦᠯᠦᠨ᠂ ᠠᠮᠤᠭᠤᠯᠠᠩ | ᠪᠠᠯᠭᠠᠰᠤᠨ ᠤ ᠮᠣᠩᠭᠤᠯ ᠡᠮᠨᠡᠯᠭᠡ ᠶᠢᠨ ᠡᠷᠡᠭᠦᠯᠵᠢᠯ ᠰᠤᠪᠢᠯᠠᠯᠲᠠ ᠠᠮᠠᠷᠠᠯᠲᠠ ᠶᠢᠨ ᠣᠷᠤᠨ᠂ ᠰᠦᠮ᠎ᠠ ᠶᠢᠨ ᠨᠠᠭᠤᠷ ᠬᠠᠯᠠᠭᠤᠨ ᠷᠠᠰᠢᠶᠠᠨ ᠤ ᠡᠮᠴᠢᠯᠡᠭᠡ ᠰᠤᠪᠢᠯᠠᠯᠲᠠ | ᠠᠮᠠᠷᠠᠯᠲᠠ ᠶᠢᠨ ᠣᠷᠤᠨ ᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠬᠦᠳᠡᠭᠡ ᠨᠤᠲᠤᠭ ᠤᠨ ᠣᠨᠴᠠᠯᠢᠭᠲᠤ ᠵᠢᠭᠤᠯᠴᠢᠯᠠᠯ ᠤᠨ ᠰᠢᠰᠲ᠋ᠧᠮ ᠢ ᠪᠦᠷᠢᠯᠳᠦᠭᠦᠯᠦᠨ | ᠂ ᠭᠠᠨᠵᠤᠤᠷ᠂ ᠬᠠᠨᠳᠠᠭᠠᠢ᠂ ᠶᠡᠬᠡᠨ᠋ᠠᠭᠤᠯᠠ᠂ ᠣᠯᠠᠠᠨᠠᠭᠤᠷ ᠤᠨ ᠣᠨᠴᠠᠯᠢᠭᠲᠤ ᠵᠢᠭᠤᠯᠴᠢᠯᠠᠯ ᠤᠨ ᠭᠠᠴᠠᠭ᠎ᠠ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠬᠢᠯᠢ | ᠰᠤᠨᠳᠠᠯᠠᠭᠰᠠᠨ ᠵᠢᠭᠤᠯᠴᠢᠯᠠᠯ ᠤᠨ ᠰᠢᠰᠲ᠋ᠧᠮ ᠢ ᠪᠦᠷᠢᠯᠳᠦᠭᠦᠯᠦᠨ᠂ ᠳᠤᠮᠳᠠᠳᠤ ᠮᠣᠩᠭᠤᠯ ᠤᠨ ᠡᠪᠦᠳᠦᠭ — ᠪᠠᠶᠠᠨᠬᠤᠰᠢᠭᠤ ᠤᠨ ᠪᠣᠶᠢᠷ ᠨᠠᠭᠤᠷ ᠢ ᠲᠣᠭᠤᠷᠢᠭᠰᠠᠨ 2 | ᠡᠳᠦᠷ ᠤᠨ ᠵᠢᠭᠤᠯᠴᠢᠯᠠᠯ᠂ ᠨᠤᠮᠤᠨ ᠬᠠᠨ ᠤ ᠳᠠᠶᠢᠨ ᠤ ᠪᠠᠭᠤᠷᠢ ᠶᠢᠨ ᠮᠦᠷᠳᠡᠨ ᠬᠠᠶᠢᠬᠤ ᠵᠢᠭᠤᠯᠴᠢᠯᠠᠯ ᠤᠨ ᠲᠤᠮᠤ ᠲᠣᠭᠤᠷᠢᠭ ᠱᠤᠭᠤᠮ ᠢ ᠭᠤᠣᠯᠳᠠᠯᠭ᠎ᠠ ᠲᠠᠢ | ᠬᠦᠭᠵᠢᠭᠦᠯᠦᠨ᠎ᠠ᠃ 2025 ᠣᠨ ᠪᠣᠯᠬᠤ ᠳᠤ᠂ 4A ᠳᠡᠰ ᠤᠨ ᠦᠵᠡᠮᠵᠢᠲᠤ ᠣᠷᠤᠨ ᠢ ᠰᠢᠨ᠎ᠠ ᠪᠠᠷ1 ᠨᠡᠮᠡᠭᠳᠡᠭᠦᠯᠵᠤ᠂ 3A ᠳᠡᠰ ᠤᠨ ᠦᠵᠡᠮᠵᠢᠲᠤ ᠣᠷᠤᠨ ᠢ | 5 ᠠᠴᠠ ᠳᠡᠭᠡᠭᠰᠢ ᠳᠤ ᠬᠦᠷᠭᠡᠨ᠂ ᠬᠦᠳᠡᠭᠡ ᠨᠤᠲᠤᠭ ᠤᠨ ᠵᠢᠭᠤᠯᠴᠢᠯᠠᠯ ᠤᠨ ᠣᠨᠴᠠᠯᠢᠭᠲᠤ ᠭᠠᠴᠠᠭ᠎ᠠ ᠶᠢ 2᠂ ᠬᠦᠳᠡᠭᠡ ᠨᠤᠲᠤᠭ ᠤᠨ ᠣᠨᠴᠠᠯᠢᠭᠲᠤ ᠠᠷᠠᠳ ᠤᠨ | ᠪᠠᠭᠤᠳᠠᠯ ᠢ 20 ᠨᠡᠮᠡᠭᠳᠡᠭᠦᠯᠬᠦ ᠪᠠᠷ ᠬᠦᠴᠦᠯᠡᠨ ᠴᠢᠷᠮᠠᠶᠢᠨ᠎ᠠ᠃ | — — ︽ᠪᠣᠬᠢᠷᠳᠤᠯ ᠦᠭᠡᠢ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠡᠳᠡᠰᠢᠬᠦᠯᠦᠯᠳᠡ ᠭᠠᠷᠭᠠᠯᠲᠠ ᠶᠢᠨ ᠰᠠᠭᠤᠷᠢᠨ ᠭᠠᠵᠠᠷ︾ | ᠢ ᠬᠦᠴᠦᠯᠡᠨ ᠪᠣᠵᠠᠭᠠᠶᠢᠷᠡᠭᠤᠯᠤᠨᠠ᠃ ᠣᠨᠴᠠᠯᠢᠭᠵᠢᠭᠤᠯᠬᠤ᠂ ᠲᠤᠰᠬᠠᠶᠢᠵᠢᠭᠤᠯᠬᠤ᠂ ᠪᠦᠬᠦᠢ ᠠᠵᠤ ᠦᠢᠯᠡᠰ ᠢ ᠬᠡᠯᠬᠢᠶᠡᠵᠢᠭᠦᠯᠬᠦ ᠰᠡᠳᠬᠢᠴᠠ ᠶᠣᠰᠤᠭᠠᠷ᠂ | ᠲᠤᠯᠤᠭᠠᠶᠢᠯᠠᠭᠴᠢ ᠠᠵᠤ ᠠᠬᠤᠶᠢᠯᠠᠯ ᠤᠨ ᠲᠠᠭᠠᠭᠤᠯᠬᠤ ᠲᠤᠯᠭᠠᠭᠤᠷᠢᠯᠠᠭᠤᠯᠬᠤ ᠦᠢᠯᠡᠳᠦᠯ ᠢ ᠪᠠᠳᠠᠷᠠᠭᠤᠯᠤᠨ᠂ ᠬᠦᠯᠦᠨ ᠪᠣᠶᠢᠷ ᠬᠤᠨᠢ᠂ ᠰᠢᠯᠢᠳᠡᠭ ᠡᠭᠦᠯᠳᠡᠷ ᠤᠨ | ᠮᠢᠬᠠᠨ ᠤ ᠦᠭᠡᠷ ᠤᠨ ᠠᠵᠤ ᠦᠢᠯᠡᠰ ᠤᠨ ᠬᠡᠯᠬᠢᠶᠡᠵᠢᠯ ᠢ ᠭᠤᠣᠯᠳᠠᠯᠭ᠎ᠠ ᠲᠠᠢ ᠬᠦᠭᠵᠢᠭᠦᠯᠵᠤ᠂ ᠦᠢᠯᠡᠳᠪᠦᠷᠢᠯᠡᠯ ᠬᠠᠩᠭᠠᠯᠭ᠎ᠠ ᠪᠣᠷᠤᠯᠠᠭᠤᠯᠭ᠎ᠠ ᠶᠢ ᠨᠢᠭᠡ | ᠴᠤᠭᠴᠠᠵᠢᠭᠤᠯᠤᠭᠰᠠᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠂ ᠤᠯᠠᠮᠵᠢᠯᠠᠯᠲᠤ ᠠᠵᠤ ᠦᠢᠯᠡᠰ ᠤᠨ ᠪᠣᠬᠢᠷᠳᠤᠯ ᠦᠭᠡᠢ᠂ ᠣᠶᠤᠨᠴᠢᠯᠠᠬᠤ᠂ ᠥᠨᠳᠦᠷ | ᠪᠠᠷᠢᠮᠵᠢᠶ᠎ᠠ ᠲᠡᠰᠢ ᠳᠡᠰ ᠳᠡᠪᠰᠢᠭᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶᠡᠵᠢᠯ ᠢ ᠦᠨᠳᠦᠰᠦᠨ ᠱᠠᠲᠤ ᠲᠡᠰᠢ ᠣᠷᠳᠤᠳᠬᠠᠨ᠂ ᠥᠷᠳᠡᠭ ᠤᠨ ᠬᠡᠯᠬᠢᠶᠡᠵᠢᠯ ᠢ | ᠳᠤᠮᠳᠠ ᠥᠨᠳᠦᠷ ᠳᠡᠰ ᠳᠡᠰᠢ ᠬᠦᠭᠵᠢᠭᠦᠯᠵᠤ᠂ ᠪᠦᠰᠡ ᠨᠤᠲᠤᠭ ᠤᠨ ᠨᠦᠯᠦᠭᠡᠯᠡᠬᠦ ᠬᠦᠴᠦᠨ ᠲᠠᠢ ᠲᠠᠯ᠎ᠠ ᠨᠤᠲᠤᠭ ᠤᠨ ᠰᠦ ᠮᠢᠬᠠᠨ ᠤ ᠢᠳᠡᠭᠡᠨ ᠤ ᠠᠵᠤ ᠦᠢᠯᠡᠰ | ᠤᠨ ᠰᠦᠷᠦᠭᠵᠢᠯ ᠢ ᠪᠦᠷᠢᠯᠳᠦᠭᠦᠯᠦᠨ᠂ ᠣᠳᠤᠬᠢᠴᠢᠯᠠᠭᠰᠠᠨ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ 1᠂ ᠤᠷᠤᠨ ᠪᠦᠰᠡᠴᠢᠯᠡᠭᠰᠡᠨ | ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠪᠦᠭᠡᠮ ᠢᠶᠠᠷ ᠪᠣᠷᠤᠯᠠᠭᠤᠯᠬᠤ ᠲᠤᠰᠬᠠᠢ ᠵᠠᠬ᠎ᠠ ᠳᠡᠯᠭᠡᠭᠦᠷ ᠢ 2 ᠬᠡᠰᠡᠭ ᠪᠠᠶᠢᠭᠤᠯᠵᠤ᠂ ᠰᠦᠨ ᠤ ᠦᠢᠯᠡᠰ ᠤᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ 2025 ᠣᠨ ᠪᠣᠯᠬᠤ ᠳᠤ᠂ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ | ᠦᠢᠯᠡᠳᠪᠦᠷᠢᠯᠡᠯ ᠤᠨ ᠬᠤᠪᠢᠷᠠᠭᠤᠯᠤᠯᠲᠠ ᠶᠢᠨ ᠨᠤᠷᠮ᠎ᠠ ᠶᠢ 50% ᠠᠴᠠ ᠳᠡᠭᠡᠭᠰᠢ ᠳᠤ ᠬᠦᠷᠭᠡᠨ᠂ ᠪᠣᠬᠢᠷᠳᠤᠯ ᠦᠭᠡᠢ ᠤᠷᠭᠠᠨᠢᠭ ᠮᠠᠯ ᠤᠨ ᠠᠰᠢᠭ ᠰᠢᠮ᠎ᠠ ᠶᠢᠨ | ᠪᠦᠲᠦᠭᠡᠭᠳᠡᠭᠦᠨ ᠤ ᠶᠡᠷᠦᠩᠬᠡᠢ ᠭᠠᠷᠤᠯᠲᠠ ᠶᠢ 60% ᠠᠴᠠ ᠳᠡᠭᠡᠭᠰᠢ ᠳᠤ ᠬᠦᠷᠭᠡᠵᠤ᠂ ᠮᠠᠯ ᠤᠨ ᠡᠬᠢ ᠡᠭᠦᠰᠦᠯ ᠢ ᠣᠬᠤᠴᠢᠯᠠᠬᠤ ᠨᠤᠷᠮ᠎ᠠ ᠶᠢ 80% ᠠᠴᠠ | ᠳᠡᠭᠡᠭᠰᠢ ᠳᠤ ᠬᠦᠷᠭᠡᠬᠦ ᠪᠠᠷ ᠬᠦᠴᠤᠯᠡᠨ ᠴᠢᠷᠮᠠᠶᠢᠨ᠎ᠠ᠃ | — — ︽ᠬᠦᠯᠦᠨ ᠪᠣᠶᠢᠷ ᠤᠨ ᠮᠣᠩᠭᠤᠯ ᠲᠡᠰᠢ ᠴᠢᠯᠦᠭᠡᠲᠡᠢ ᠶᠠᠪᠤᠯᠴᠠᠬᠤ ᠬᠦᠬᠦᠷᠭᠡᠨ ᠪᠠᠬᠢᠯᠡᠯᠲᠡ︾ ᠶᠢ ᠬᠦᠴᠦᠯᠡᠨ ᠬᠦᠭᠵᠢᠭᠦᠯᠦᠨ᠎ᠠ᠃ ︽ᠨᠢᠭᠡ ᠪᠦᠰᠡ | ᠨᠢᠭᠡ ᠵᠠᠮ︾ ᠤᠨ ᠤᠮᠠᠷᠠᠰᠢ ᠴᠢᠯᠦᠭᠡᠲᠠᠢ ᠶᠠᠪᠤᠯᠴᠠᠬᠤ ᠪᠠᠶᠢᠯᠳᠤᠬᠤ ᠪᠣᠳᠤᠯᠭ᠎ᠠ ᠳᠤ ᠭᠦᠨᠵᠡᠭᠡᠢ ᠠᠭᠤᠰᠤᠯᠴᠠᠨ᠂ ᠪᠣᠭᠤᠮᠳᠠ ᠪᠠ ᠠᠮᠤᠭᠤᠯᠠᠩ ᠪᠠᠯᠭᠠᠰᠤ ᠶᠢ ᠨᠢᠭᠡ | ᠴᠤᠭᠴᠠᠵᠢᠭᠤᠯᠤᠨ ᠬᠤᠯᠪᠤᠭᠠᠯᠠᠨ ᠬᠦᠳᠡᠯᠦᠯᠴᠡᠬᠦ ᠬᠡᠯᠪᠡᠷᠢᠲᠤ ᠬᠦᠭᠵᠢᠯᠲᠡ ᠶᠢ ᠢᠳᠡᠪᠬᠢᠲᠡᠢ ᠠᠬᠢᠭᠤᠯᠵᠤ᠂ ᠪᠣᠭᠤᠮᠳᠠ ᠶᠢᠨ ᠠᠵᠤ ᠠᠬᠤᠢ ᠶᠢᠨ ᠬᠦᠭᠵᠢᠯᠲᠡ ᠶᠢᠨ | ᠰᠢᠨ᠎ᠠ ᠬᠡᠯᠪᠡᠷᠢ ᠶᠢ ᠬᠦᠴᠦᠲᠡᠢ ᠪᠣᠶᠢᠵᠢᠭᠤᠯᠤᠨ᠂ ᠭᠠᠳᠠᠭᠰᠢ ᠬᠠᠨᠳᠤᠭᠤᠯᠤᠭᠰᠠᠨ ᠬᠡᠯᠪᠡᠷᠢᠲᠤ ᠠᠵᠤ ᠠᠬᠤᠶᠢᠯᠠᠯ ᠤᠨ ᠪᠣᠭᠤᠮᠳᠠ ᠳᠤ ᠨᠤᠲᠤᠭᠰᠢᠬᠤ ᠶᠢ ᠲᠠᠳᠠᠵᠤ᠂ | ᠨᠡᠭᠦᠷᠡᠰᠤ᠂ ᠲᠡᠮᠦᠷᠯᠢᠭ ᠠᠭᠤᠷᠬᠠᠢ ᠶᠢᠨ ᠭᠠᠷᠤᠯᠲᠠ᠂ ᠳᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ᠂ ᠠᠮᠤ ᠪᠣᠳᠠᠭ᠎ᠠ ᠲᠡᠵᠢᠭᠡᠯ ᠪᠣᠷᠳᠤᠭ᠎ᠠ ᠵᠡᠷᠭᠡ ᠬᠢᠯᠢ ᠪᠠᠷ | ᠳᠠᠮᠵᠢᠬᠤ ᠡᠬᠢ ᠪᠠᠶᠠᠯᠢᠭ ᠢ ᠨᠤᠲᠤᠭᠰᠢᠭᠤᠯᠤᠨ ᠡᠳᠡᠰᠢᠬᠦᠯᠬᠦ ᠶᠢ ᠠᠵᠤ ᠦᠢᠯᠡᠰᠵᠢᠭᠦᠯᠬᠦ᠂ ᠰᠦᠷᠦᠭᠵᠢᠭᠦᠯᠬᠦ ᠬᠡᠯᠪᠡᠷᠢᠳᠤ ᠰᠢᠨ᠎ᠠ ᠬᠦᠭᠵᠢᠯᠲᠡ ᠶᠢᠨ ᠲᠦᠯᠦᠪᠰᠢᠷᠡᠯ ᠢ | ᠪᠦᠷᠢᠯᠳᠦᠭᠦᠯᠦᠨ᠎ᠠ᠃ ᠤᠯᠤᠰ ᠤᠨ ᠲᠤᠳᠤᠭᠠᠳᠤ ᠭᠠᠳᠠᠭᠠᠳᠤ ᠶᠢᠨ ᠬᠤᠶᠠᠷ ᠵᠦᠢᠯ ᠤᠨ ᠡᠬᠢ ᠪᠠᠶᠠᠯᠢᠭ᠂ ᠬᠤᠶᠠᠷ ᠵᠠᠬ᠎ᠠ ᠳᠡᠯᠭᠡᠭᠦᠷ ᠢ ᠰᠠᠶᠢᠲᠤᠷ ᠠᠰᠢᠭᠯᠠᠨ᠂ ᠬᠤᠣᠰ | ᠡᠷᠬᠢᠯᠲᠡᠳᠤ ᠪᠣᠭᠤᠮᠳᠠ ᠶᠢᠨ ︽ᠣᠷᠤᠨ ᠪᠦᠰᠡ ᠶᠢᠨ ᠬᠢᠵᠠᠭᠠᠷᠯᠠᠯ ᠦᠭᠡᠢ ᠠᠵᠤ ᠠᠬᠤᠢ︾ ᠶᠢ ᠪᠣᠶᠢᠵᠢᠭᠤᠯᠵᠤ᠂ ᠣᠷᠤᠨ ᠨᠤᠲᠤᠭ ᠤᠨ ᠳᠠᠪᠠᠭᠤᠯᠢᠭ ᠣᠨᠴᠠᠯᠢᠭᠲᠤ | ᠠᠵᠤ ᠦᠢᠯᠡᠰ ᠤᠨ ᠬᠦᠭᠵᠢᠯᠲᠡ ᠳᠤ ᠦᠢᠯᠡᠴᠢᠯᠡᠬᠦ ᠠᠷᠠᠯᠵᠢᠶᠠᠨ ᠤ ᠲᠣᠭᠤᠷᠢᠭ ᠢ ᠪᠣᠢ ᠪᠣᠯᠭᠠᠨ᠎ᠠ᠃ ᠨᠡᠭᠦᠷᠡᠰᠤᠨ ᠤ ᠬᠢᠨᠠᠨ ᠬᠠᠮᠢᠶᠠᠷᠤᠯᠲᠠ ᠶᠢᠨ ᠲᠣᠭᠤᠷᠢᠭ᠂ | ᠣᠯᠠᠨ ᠤᠯᠤᠰ ᠤᠨ ᠬᠦᠮᠦᠷᠭᠡᠯᠡᠯᠲᠡ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠮᠤ ᠪᠣᠳᠠᠭ᠎ᠠ ᠣᠷᠤᠭᠤᠯᠬᠤ ᠬᠢᠨᠠᠨ ᠬᠠᠮᠢᠶᠠᠷᠤᠯᠲᠠ ᠶᠢᠨ ᠳᠠᠯᠠᠪᠤᠷ᠂ | ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠪᠤᠷᠢ ᠶᠢᠨ ᠲᠣᠭᠤᠷᠢᠭ᠂ ᠵᠠᠭᠠᠭ ᠭᠤᠣᠯ ᠤᠨ 2 ᠳ᠋ᠤᠭᠠᠷ ᠨᠤᠮᠧᠷᠲᠤ ᠬᠦᠭᠦᠷᠭᠡ᠂ ᠠᠷᠠᠯᠵᠢᠶᠠᠨ ᠤ ᠲᠣᠭᠤᠷᠢᠭ ᠵᠡᠷᠭᠡ ᠨᠢᠭᠡ | ᠪᠦᠯᠦᠭ ᠬᠦᠨᠳᠤ ᠴᠢᠬᠤᠯᠠ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠭᠡᠨ᠎ᠠ᠃ 2025 ᠣᠨ ᠪᠣᠯᠬᠤ ᠳᠤ᠂ ᠪᠣᠭᠤᠮᠳᠠ | ᠶᠢᠨ ᠵᠢᠯ ᠪᠦᠷᠢ ᠶᠢᠨ ᠲᠦᠭᠦᠭᠡᠢ ᠲᠤᠰᠤᠨ ᠤ ᠣᠷᠤᠭᠤᠯᠤᠯᠲᠠ ᠶᠢ ᠵᠢᠯ ᠳᠠᠷᠠᠭᠠᠯᠠᠨ ᠨᠡᠮᠡᠭᠳᠡᠭᠦᠯᠵᠤ᠂ ᠵᠢᠯ ᠤᠨ ᠪᠠᠷᠠᠭ᠎ᠠ ᠦᠩᠭᠡᠷᠡᠭᠦᠯᠬᠦ ᠶᠡᠷᠦᠩᠬᠡᠶᠢᠯᠡᠭᠰᠡᠨ ᠴᠢᠳᠠᠪᠤᠷᠢ | ᠶᠢ 150 ᠲᠦᠮᠡᠨ ᠲᠣᠨ ᠠᠴᠠ ᠳᠡᠭᠡᠭᠰᠢ ᠳᠤ ᠬᠦᠷᠭᠡᠨ᠂ ᠡᠪᠦᠳᠦᠭ ᠪᠣᠭᠤᠮᠳᠠ ᠶᠢ ᠬᠦᠯᠦᠨ ᠪᠣᠶᠢᠷ ᠤᠨ ᠤᠮᠠᠷᠠᠰᠢ ᠴᠢᠯᠦᠭᠡᠲᠡᠢ ᠶᠠᠪᠤᠯᠴᠠᠬᠤ ᠣᠯᠠᠨ ᠤᠯᠤᠰ ᠤᠨ | ᠴᠢᠬᠤᠯᠠ ᠪᠣᠭᠤᠮᠳᠠ ᠪᠣᠯᠭᠠᠨ ᠪᠦᠲᠦᠭᠡᠨ ᠪᠠᠶᠢᠭᠤᠯᠤᠨ᠎ᠠ᠃ | — — ᠨᠡᠶᠢᠭᠡᠮ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠠᠲᠤᠯᠠᠬᠤ ᠪᠠᠷ ᠬᠦᠴᠦᠯᠡᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ | ᠬᠦᠭᠵᠢᠯᠲᠡ ᠶᠢᠨ ᠦᠵᠡᠯ ᠰᠠᠨᠠᠭ᠎ᠠ ᠶᠢ ᠬᠢᠨᠠᠮᠠᠭᠠᠢ ᠦᠢᠯᠡᠳᠦᠯᠭᠡᠵᠢᠭᠦᠯᠦᠨ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠭᠡᠨ ᠰᠡᠳᠤᠵᠤ᠂ ᠠᠷᠠᠳ ᠤᠨ | ᠠᠮᠢᠳᠤᠷᠠᠯ ᠤᠨ ᠵᠣᠪᠠᠨᠢᠯ ᠢ ᠢᠯᠡᠭᠦᠭᠡᠨ ᠰᠢᠢᠳᠪᠦᠷᠢᠯᠡᠵᠤ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ | ᠱᠤᠭᠤᠮ ᠪᠣᠯᠭᠠᠨ᠂ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠠᠷᠠᠳ ᠣᠯᠠᠨ ᠤ ᠬᠦᠷᠳᠡᠭᠡᠮᠵᠢᠲᠤ | ᠰᠡᠳᠬᠢᠯᠭᠡ᠂ ᠵᠣᠯ ᠵᠢᠷᠭᠠᠯᠲᠤ ᠰᠡᠳᠬᠢᠯᠭᠡ᠂ ᠠᠮᠤᠷ ᠲᠦᠪᠰᠢᠨ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ | ᠦᠷ᠎ᠡ ᠪᠦᠲᠦᠭᠡᠯ ᠢ ᠪᠠᠲᠤᠳᠬᠠᠨ ᠦᠷᠭᠡᠳᠭᠡᠬᠦ ᠶᠢ ᠬᠦᠳᠡᠭᠡ ᠨᠤᠲᠤᠭ ᠢ ᠴᠡᠴᠡᠭᠯᠡᠭᠦᠯᠬᠦ ᠲᠠᠢ ᠤᠷᠭᠠᠨᠢᠭ ᠤᠶᠠᠯᠳᠤᠭᠤᠯᠤᠨ᠂ ᠠᠵᠢᠯ ᠣᠯᠭᠤᠯᠲᠠ ᠶᠢ ᠲᠡᠷᠢᠭᠦᠨ ᠳᠤ | ᠬᠠᠷᠠᠭᠠᠯᠵᠠᠬᠤ ᠪᠠᠶᠢᠯᠳᠤᠬᠤ ᠪᠣᠳᠤᠯᠭ᠎ᠠ ᠪᠠ ᠢᠳᠡᠪᠬᠢᠲᠡᠢ ᠠᠵᠢᠯ ᠣᠯᠭᠤᠬᠤ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ᠂ ᠡᠷᠡᠭᠦᠯ | ᠬᠠᠮᠠᠭᠠᠯᠠᠯ᠂ ᠰᠣᠶᠤᠯ᠂ ᠪᠡᠶ᠎ᠡ ᠶᠢᠨ ᠳᠠᠮᠢᠷ᠂ ᠨᠠᠰᠤᠵᠢᠯ ᠵᠡᠷᠭᠡ ᠨᠡᠶᠢᠭᠡᠮ ᠤᠨ ᠠᠵᠢᠯ ᠦᠢᠯᠡᠰ ᠤᠨ ᠬᠦᠭᠵᠢᠯᠲᠡ ᠶᠢ ᠲᠦᠷᠭᠡᠳᠭᠡᠨ᠂ ᠬᠠᠮᠤᠷᠬᠤ ᠬᠡᠪᠴᠢᠶ᠎ᠠ ᠦᠷᠭᠡᠨ᠂ | ᠬᠤᠳᠠ ᠬᠦᠳᠡᠭᠡ ᠨᠢᠭᠡᠳᠦᠯᠲᠡᠢ᠂ ᠡᠷᠬᠡ ᠬᠠᠷᠢᠭᠤᠴᠠᠯᠭ᠎ᠠ ᠲᠤᠳᠤᠷᠬᠠᠢ᠂ ᠪᠠᠲᠤᠯᠠᠪᠤᠷᠢ ᠲᠣᠬᠢᠷᠠᠮᠵᠢᠲᠠᠢ᠂ ᠦᠷᠭᠦᠯᠵᠢᠯᠡᠩᠭᠦᠢ ᠣᠯᠠᠨ ᠳᠡᠰ ᠳᠠᠪᠬᠤᠷᠭ᠎ᠠ ᠪᠦᠬᠦᠢ | ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠪᠦᠬᠦ ᠳᠠᠯ᠎ᠠ ᠪᠠᠷ ᠪᠠᠶᠢᠭᠤᠯᠤᠨ᠎ᠠ᠃ ᠮᠣᠩᠭᠤᠯ ᠦᠨᠳᠦᠰᠦᠲᠡᠨ ᠤ ᠣᠷᠳᠤ ᠶᠢᠨ ᠳᠠᠭᠤᠨ ᠤ ᠰᠣᠶᠤᠯ ᠤᠨ ᠮᠦᠸᠢᠽᠢ᠂ | ︽ᠵᠢᠵᠢᠭ ᠡᠮ ᠤᠨ ᠬᠠᠶᠢᠷᠴᠠᠭ︾ ᠤᠨ ᠰᠤᠷᠠᠭ ᠵᠠᠩᠭᠢᠴᠢᠯᠠᠯᠲᠠ ᠶᠢᠨ ᠳᠡᠭᠡᠭᠰᠢᠯᠡᠯᠲᠡ᠂ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ | ᠶᠢᠨ ᠠᠰᠠᠷ ᠢ ᠦᠷᠭᠡᠳᠭᠡᠨ ᠪᠠᠶᠢᠭᠤᠯᠬᠤ ᠵᠡᠷᠭᠡ ᠨᠡᠶᠢᠭᠡᠮ ᠪᠠ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠰᠡᠳᠤᠨ᠂ 2024 ᠣᠨ ᠪᠣᠯᠬᠤ ᠳᠤ᠂ ᠤᠯᠤᠰ ᠤᠨ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠦᠭᠵᠢᠯᠲᠡ ᠶᠢᠨ ᠰᠢᠯᠢᠳᠡᠭ ᠴᠢᠨᠠᠷ ᠲᠠᠢ ᠲᠡᠩᠴᠡᠭᠦᠷᠢᠲᠡᠢ ᠰᠢᠶᠠᠨ ᠤ ᠬᠢᠨᠠᠨ ᠦᠨᠡᠯᠡᠯᠲᠡ ᠰᠢᠯᠭᠠᠨ ᠠᠪᠤᠯᠲᠠ ᠶᠢ | ᠣᠷᠤᠭᠰᠢᠲᠠᠢ ᠦᠩᠭᠡᠷᠡᠭᠦᠯᠬᠦ ᠪᠠᠷ ᠬᠦᠴᠦᠯᠡᠨ ᠴᠢᠷᠮᠠᠶᠢᠨ᠎ᠠ᠃ | — — ᠡᠬᠡ ᠤᠯᠤᠰ ᠤᠨ ᠤᠮᠠᠷᠠᠲᠤ ᠬᠢᠯᠢ ᠶᠢᠨ ᠠᠮᠢ ᠠᠬᠤᠢ ᠶᠢᠨ ᠬᠠᠯᠬᠠᠪᠴᠢ ᠶᠢᠨ ᠠᠮᠤᠷ ᠲᠦᠪᠰᠢᠨ ᠪᠠ ᠠᠮᠤᠷ ᠲᠣᠭᠳᠠᠭᠤᠨ ᠤ ᠬᠠᠯᠬᠠᠪᠴᠢ ᠶᠢ | ᠬᠦᠴᠦᠯᠡᠨ ᠪᠠᠬᠢᠵᠢᠭᠦᠯᠦᠨ᠎ᠠ᠃ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠤᠯᠭ᠎ᠠ ᠶᠢᠨ ᠲᠣᠭᠳᠠᠴᠠ ᠶᠢ | ᠪᠠᠲᠤᠯᠠᠨ᠂ ︽ᠭᠤᠷᠪᠠᠨ ᠲᠣᠭᠤᠷᠢᠭ ᠭᠤᠷᠪᠠᠨ ᠱᠤᠭᠤᠮ︾ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠣᠬᠢᠷᠳᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠦᠷᠨᠢᠭᠦᠯᠤᠨ᠂ ︽ᠠᠷᠪᠠᠨ ᠳᠦᠷᠪᠡᠳᠦᠭᠡᠷ ᠳᠠᠪᠤᠨ ᠵᠢᠯ︾ ᠤᠨ ᠲᠦᠯᠦᠪᠵᠢᠭᠦᠯᠭᠡ ᠶᠢᠨ | ᠬᠤᠭᠤᠴᠠᠭᠠᠨ ᠳᠠᠬᠢ ᠬᠦᠯᠦᠨ ᠨᠠᠭᠤᠷ ᠤᠨ ᠣᠷᠤᠰᠬᠠᠯ ᠣᠷᠤᠨ ᠤ ᠠᠮᠢ ᠠᠬᠤᠢ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠵᠤ ᠴᠡᠭᠴᠡᠯᠡᠬᠦ ᠲᠦᠷᠦᠯ ᠵᠦᠢᠯ ᠢ | ᠪᠦᠬᠦ ᠬᠦᠴᠦᠨ ᠢᠶᠠᠷ ᠠᠬᠢᠭᠤᠯᠵᠤ᠂ ᠮᠠᠯᠵᠢᠬᠤ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠵᠡᠷᠭᠡ ᠳᠦᠷᠢᠮ ᠢ ᠴᠢᠩᠭ᠎ᠠ ᠬᠡᠷᠡᠭᠵᠢᠭᠦᠯᠦᠨ᠂ | ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯᠵᠢᠬᠤ ᠶᠢ ᠵᠣᠭᠰᠤᠭᠠᠨ ᠪᠡᠯᠴᠢᠭᠡᠷ ᠰᠡᠷᠭᠦᠭᠡᠬᠦ᠂ ᠬᠠᠶᠠᠭᠳᠠᠮᠠᠯ ᠮᠠᠯᠳᠠᠭᠰᠠᠨ ᠨᠦᠭᠡ ᠶᠢ ᠵᠠᠰᠠᠬᠤ᠂ ᠲᠣᠰᠬᠤᠨ ᠪᠠᠯᠭᠠᠰᠤ ᠶᠢᠨ | ᠬᠤᠭ ᠨᠤᠪᠰᠢ ᠶᠢ ᠲᠦᠷᠦᠯ ᠠᠩᠭᠢᠯᠠᠨ ᠬᠤᠷᠢᠶᠠᠵᠤ ᠴᠤᠭᠯᠠᠭᠤᠯᠤᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠵᠡᠷᠭᠡ ᠲᠦᠷᠦᠯ ᠵᠦᠢᠯ | ᠢ ᠬᠡᠷᠡᠭᠵᠢᠭᠦᠯᠵᠤ᠂ ᠰᠢᠭᠤᠢ ᠶᠢᠨ ᠳᠠᠯᠠᠪᠠᠢ ᠶᠢᠨ ᠪᠠᠴᠢᠮ ᠢ ᠠᠷᠭᠠᠴᠠᠭᠠᠬᠤ ᠭᠠᠯ ᠢ ᠰᠡᠷᠭᠡᠶᠢᠯᠡᠬᠦ ᠵᠠᠰᠠᠮᠠᠯ ᠵᠠᠮ ᠢ 110.4 ᠺᠢᠯᠤᠮᠧᠲᠷ ᠪᠦᠲᠦᠭᠡᠨ ᠪᠠᠶᠢᠭᠤᠯᠤᠨ᠎ᠠ᠃ | 2025 ᠣᠨ ᠪᠣᠯᠬᠤ ᠳᠤ᠂ ᠬᠦᠮᠦᠨ ᠤ ᠬᠦᠴᠦ ᠪᠠᠷ ᠣᠶᠢᠵᠢᠭᠤᠯᠬᠤ ᠳᠠᠯᠠᠪᠠᠢ ᠶᠢ ᠰᠢᠨ᠎ᠠ ᠪᠠᠷ 5 ᠲᠦᠮᠡᠨ ᠮᠤ᠋ ᠠᠴᠠ ᠳᠡᠭᠡᠭᠰᠢ ᠳᠤ ᠬᠦᠷᠭᠡᠨ᠂ ᠲᠠᠯ᠎ᠠ ᠨᠤᠲᠤᠭ | ᠤᠨ ᠵᠠᠰᠠᠯᠲᠠ ᠶᠢᠨ ᠳᠠᠯᠠᠪᠠᠢ ᠶᠢ 100 ᠲᠦᠮᠡᠨ ᠮᠤ᠋ ᠠᠴᠠ ᠳᠡᠭᠡᠭᠰᠢ ᠳᠤ ᠬᠦᠷᠭᠡᠵᠤ᠂ ᠣᠢ ᠰᠢᠭᠤᠢ ᠶᠢᠨ ᠬᠠᠳᠠᠭᠠᠯᠠᠮᠵᠢ ᠶᠢᠨ ᠬᠡᠮᠵᠢᠶ᠎ᠡ ᠶᠢ 250 ᠲᠦᠮᠡᠨ | ᠪᠣᠰᠤᠭ᠎ᠠ ᠳᠦᠷᠪᠡᠯᠵᠢᠨ ᠮᠧᠲᠷ ᠲᠤ ᠬᠦᠷᠭᠡᠬᠦ ᠪᠠᠷ ᠬᠦᠴᠦᠯᠡᠨ ᠴᠢᠷᠮᠠᠶᠢᠨ᠎ᠠ᠃ ᠶᠡᠷᠦᠩᠬᠡᠢ ᠴᠤᠭᠴᠠᠲᠤ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠨ᠂ | ᠰᠢᠨ᠎ᠠ ᠴᠠᠭ ᠦᠶ᠎ᠡ ᠶᠢᠨ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ︽ᠳᠠᠪᠤ ᠶᠢ ᠨᠢᠭᠡ ᠴᠤᠭᠴᠠᠵᠢᠭᠤᠯᠤᠭᠰᠠᠨ︾ ᠬᠠᠮᠳᠤᠷᠠᠯ ᠤᠨ ᠬᠦᠴᠦᠨ ᠢᠶᠠᠷ ᠬᠢᠯᠢ ᠪᠠᠨ | ᠬᠦᠴᠦᠷᠭᠡᠭᠵᠢᠭᠦᠯᠦᠨ ᠰᠡᠷᠭᠡᠶᠢᠯᠡᠯᠲᠡ ᠪᠠᠨ ᠪᠠᠲᠤᠳᠬᠠᠬᠤ ᠶᠢ ᠠᠬᠢᠭᠤᠯᠵᠤ᠂ ᠬᠠᠨᠳᠠᠭᠠᠢ ᠠᠮᠤᠷ ᠲᠦᠪᠰᠢᠨ ᠤ ᠪᠠᠶᠢᠴᠠᠭᠠᠯᠲᠠ ᠶᠢᠨ ᠥᠷᠳᠡᠭᠡ᠂ ᠨᠡᠶᠢᠭᠡᠮ ᠲᠣᠭᠤᠷᠢᠭ | ᠤᠨ ᠡᠷᠡᠭᠦᠦ ᠰᠢᠢᠳᠭᠡᠯ ᠬᠦᠯᠢᠶᠡᠵᠤ ᠪᠠᠶᠢᠭ᠎ᠠ ᠬᠦᠮᠦᠰ ᠪᠠ ᠡᠷᠡᠭᠦᠦ ᠰᠢᠢᠳᠭᠡᠯ ᠳᠠᠭᠤᠰᠴᠤ ᠰᠤᠯᠠᠯᠠᠭᠳᠠᠭᠰᠠᠨ ᠬᠦᠮᠦᠰ ᠤᠨ ᠬᠠᠮᠢᠶᠠᠷᠤᠯᠲᠠ ᠦᠢᠯᠡᠴᠢᠯᠡᠭᠡᠨ ᠤ ᠲᠦᠪ᠂ | ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪ᠂ ᠪᠠᠴᠢᠮ ᠢ ᠠᠷᠭᠠᠴᠠᠭᠠᠬᠤ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠰᠣᠷᠢᠯᠲᠠ ᠵᠢᠭᠠᠨ ᠰᠤᠷᠭᠠᠯᠲᠠ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠲᠦᠷᠦᠯ ᠵᠦᠢᠯ ᠢ ᠰᠡᠳᠦᠨ ᠪᠠᠶᠢᠭᠤᠯᠤᠨ᠎ᠠ᠃ | ᠭᠤᠷᠪᠠ᠂ 2022 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠤᠨ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠰᠡᠳᠬᠢᠴᠠ ᠪᠣᠯ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠠ ᠠᠷᠪᠠᠨ ᠶᠢᠰᠦᠳᠦᠭᠡᠷ | ᠬᠤᠭᠤᠴᠠᠭᠠᠨ ᠤ ᠤᠳᠠᠭ᠎ᠠ ᠳᠠᠷᠠᠭ᠎ᠠ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠣᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ | ᠦᠪᠤᠷ ᠮᠣᠩᠭᠤᠯ ᠳᠤ ᠬᠠᠨᠳᠤᠭᠤᠯᠤᠭᠰᠠᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠣᠭᠳᠠᠭᠤᠨ ᠤ ᠳᠤᠮᠳᠠ ᠣᠷᠤᠭᠰᠢᠯᠠᠬᠤ ᠠᠵᠢᠯ ᠤᠨ ᠶᠡᠷᠦᠩᠬᠡᠢ | ᠬᠦᠭ ᠠᠶᠢᠵᠠᠮ ᠢ ᠪᠠᠷᠢᠮᠲᠠᠯᠠᠵᠤ᠂ ᠰᠢᠨ᠎ᠠ ᠬᠦᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠤᠪᠴᠢᠲᠠᠢ᠂ ᠪᠦᠬᠦ ᠳᠠᠯ᠎ᠠ ᠪᠠᠷ ᠲᠤᠤᠱᠯᠠᠭᠤᠯᠤᠨ᠂ ᠰᠢᠨ᠎ᠠ | ᠬᠦᠭᠵᠢᠯᠲᠡ ᠶᠢᠨ ᠲᠦᠯᠦᠪᠰᠢᠷᠡᠯ ᠤᠨ ᠪᠦᠷᠢᠯᠳᠦᠯ ᠢ ᠲᠦᠷᠭᠡᠳᠭᠡᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ | ᠨᠢᠭᠡᠳᠦᠯᠲᠡᠢ ᠲᠦᠯᠦᠪᠵᠢᠭᠦᠯᠦᠨ᠂ ᠬᠦᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠭᠦᠯᠵᠤ᠂ ︽ᠠᠷᠠᠳ ᠲᠦᠮᠡᠨ ᠢᠶᠠᠷ ᠭᠤᠣᠯ ᠪᠣᠯᠭᠠᠬᠤ | ᠬᠦᠭᠵᠢᠯᠲᠡ ᠶᠢᠨ ᠦᠵᠡᠯ ᠰᠠᠨᠠᠭ᠎ᠠ ᠪᠠᠷ᠂ ᠦᠵᠡᠰᠭᠦᠯᠡᠩ ᠪᠠᠶᠠᠨ ᠬᠦᠴᠦᠷᠭᠡᠭ ᠡᠶ᠎ᠡ ᠨᠠᠶᠢᠷᠠᠮᠳᠠᠭᠤ ᠵᠣᠯ ᠵᠢᠷᠭᠠᠯᠲᠤ ᠰᠢᠨ᠎ᠠ ᠪᠠᠷᠭᠤ ᠵᠡᠭᠦᠨ ᠬᠤᠰᠢᠭᠤ ᠶᠢ ᠪᠦᠲᠦᠭᠡᠨ | ᠪᠠᠶᠢᠭᠤᠯᠬᠤ︾ ᠬᠦᠭᠵᠢᠯᠲᠡ ᠶᠢᠨ ᠪᠠᠶᠢᠷᠢ ᠲᠣᠭᠳᠠᠭᠠᠯᠲᠠ ᠶᠢ ᠪᠠᠷᠢᠮᠲᠠᠯᠠᠨ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢᠶᠠᠨ | ᠪᠠᠬᠢᠵᠢᠭᠦᠯᠵᠤ᠂ ᠠᠮᠢ ᠠᠬᠤᠢ ᠶᠢ ᠲᠡᠷᠢᠭᠦᠨ ᠳᠤ ᠬᠠᠷᠠᠭᠠᠯᠵᠠᠬᠤ᠂ ᠪᠣᠬᠢᠷᠳᠤᠯ ᠦᠭᠡᠢ ᠬᠦᠭᠵᠢᠯᠲᠡ ᠪᠠᠷ ᠵᠢᠯᠤᠭᠤᠳᠤᠮᠵᠢ ᠪᠣᠯᠭᠠᠭᠰᠠᠨ ᠥᠨᠳᠦᠷ ᠶᠠᠰᠤ ᠴᠢᠨᠠᠷᠲᠠᠢ | ᠬᠦᠭᠵᠢᠯᠲᠡ ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠵᠠᠮᠨᠠᠨ᠂ ᠠᠵᠤ ᠠᠬᠤᠢ ᠶᠢ ᠠᠮᠢ ᠠᠬᠤᠶᠢᠴᠢᠯᠠᠬᠤ᠂ ᠵᠢᠭᠤᠯᠴᠢᠯᠠᠯ ᠢ ᠣᠷᠤᠨ ᠪᠦᠰᠡᠴᠢᠯᠡᠬᠦ᠂ ᠬᠤᠳᠠ | ᠪᠠᠯᠭᠠᠰᠤ ᠶᠢ ᠨᠠᠷᠢᠯᠢᠭᠵᠢᠭᠤᠯᠬᠤ᠂ ᠨᠡᠶᠢᠭᠡᠮ ᠤᠨ ᠵᠠᠰᠠᠯᠲᠠ ᠶᠢ ᠣᠳᠤᠬᠢᠴᠢᠯᠠᠬᠤ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ︽ᠵᠢᠷᠭᠤᠭ᠎ᠠ ᠶᠢ | ᠲᠣᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠨᠡᠶᠢᠭᠡᠮ ᠤᠨ | ᠶᠡᠭᠡ ᠳᠠᠯ᠎ᠠ ᠶᠢᠨ ᠲᠣᠭᠳᠠᠭᠤᠨ ᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ | ᠪᠠᠶᠠᠷᠯᠠᠨ ᠤᠭᠲᠤᠨ᠎ᠠ᠃ | 2022 ᠣᠨ ᠤ ᠭᠤᠣᠯ ᠪᠣᠯᠬᠤ ᠣᠷᠢᠳᠴᠢᠯᠠᠭᠰᠠᠨ ᠬᠠᠷᠠᠯᠲᠠ ᠪᠣᠯ᠄ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 3% ᠣᠷᠴᠢᠮ | ᠨᠡᠮᠡᠭᠳᠡᠭᠦᠯᠦᠨ᠎ᠠ᠃ ᠲᠣᠭᠳᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 7% ᠣᠷᠴᠢᠮ ᠨᠡᠮᠡᠭᠳᠡᠭᠦᠯᠦᠨ᠎ᠠ᠃ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠤᠯᠭ᠎ᠠ ᠶᠢᠨ ᠨᠡᠮᠡᠭᠳᠡᠯ ᠬᠤᠷᠳᠤᠴᠠ ᠶᠢ ᠪᠦᠬᠦ ᠬᠤᠳᠠ ᠶᠢᠨ ᠲᠡᠭᠰᠢᠳᠭᠡᠭᠰᠡᠨ ᠬᠢᠷᠢ ᠲᠦᠪᠰᠢᠨ ᠳᠤ ᠬᠦᠷᠭᠡᠨ᠎ᠠ᠃ | ᠨᠢᠭᠡᠴᠢ ᠶᠢᠨ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠡᠨᠧᠷᠬᠢ ᠶᠢᠨ ᠬᠤᠷᠤᠭᠳᠠᠯ ᠢ 1% ᠪᠠᠷ ᠪᠠᠭᠤᠷᠠᠭᠤᠯᠤᠨ᠎ᠠ᠃ ᠪᠣᠬᠢᠷᠳᠤᠯ | ᠦᠭᠡᠢ ᠬᠦᠭᠵᠢᠯᠲᠡ ᠶᠢᠨ ᠵᠢᠭᠠᠯᠲᠠ ᠲᠣᠭᠠᠨ ᠤ ᠰᠢᠰᠲ᠋ᠧᠮ ᠢ ᠦᠷᠭᠦᠯᠵᠢᠯᠡᠨ ᠳᠡᠯᠭᠡᠷᠡᠭᠦᠯᠦᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠳᠣᠣᠷᠠᠬᠢ ᠵᠢᠷᠭᠤᠭᠠᠨ ᠳᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ | ᠄ | ︵ᠨᠢᠭᠡ︶ ︽ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠨ︾ ᠢᠶᠠᠷ ᠠᠳᠬᠤᠴᠠ ᠪᠣᠯᠭᠠᠨ᠂ ᠪᠦᠬᠦ ᠬᠤᠰᠢᠭᠤᠨ ᠤ ᠠᠵᠤ ᠠᠬᠤᠢ ᠶᠢᠨ | ᠥᠨᠳᠦᠷ ᠶᠠᠰᠤ ᠴᠢᠨᠠᠷᠲᠠᠢ ᠬᠦᠭᠵᠢᠯᠲᠡ ᠶᠢ ᠠᠬᠢᠭᠤᠯᠵᠤ᠂ ᠪᠦᠲᠦᠴᠡ ᠶᠢ ᠰᠢᠯᠢᠳᠡᠭᠵᠢᠭᠦᠯᠦᠨ ᠰᠢᠨ᠎ᠠ ᠲᠣᠬᠢᠶᠠᠯ ᠢ ᠵᠠᠪᠳᠤᠨ ᠠᠳᠬᠤᠨ᠎ᠠ᠃ ︽ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠣᠨ︾ ᠤ ᠠᠵᠢᠯᠯᠠᠭᠠᠨ ᠦᠷᠨᠢᠭᠦᠯᠵᠤ᠂ ᠪᠦᠬᠦ ᠣᠷᠤᠨ᠂ ᠪᠦᠬᠦ ᠬᠤᠳᠠ ᠶᠢᠨ ᠴᠢᠭᠯᠡᠯᠲᠤ ᠴᠢᠨᠠᠷᠲᠠᠢ ᠠᠵᠤ ᠦᠢᠯᠡᠰ ᠤᠨ ᠪᠦᠲᠦᠴᠡ | ᠶᠢᠨ ᠲᠣᠬᠢᠷᠡᠭᠤᠯᠤᠯᠲᠠ ᠳᠤᠮᠳᠠ ᠠᠴᠠ ᠪᠠᠶᠢᠷᠢ ᠲᠣᠭᠳᠠᠭᠠᠯᠲᠠ ᠶᠢ ᠣᠨᠤᠪᠴᠢᠲᠠᠢ ᠡᠷᠢᠨ᠂ ᠲᠦᠷᠦᠯ ᠵᠦᠢᠯ ᠢ ᠭᠠᠷᠳᠠᠵᠤ᠂ ᠣᠷᠢᠳᠴᠢᠯᠠᠨ ᠬᠦᠴᠦᠯᠡᠨ᠎ᠠ᠃ | ᠤᠯᠠᠮᠵᠢᠯᠠᠯᠲᠤ ᠮᠠᠯ ᠠᠵᠤ ᠠᠬᠤᠢ ᠶᠢᠨ ᠳᠠᠯ᠎ᠠ ᠪᠠᠷ ᠲᠡᠵᠢᠭᠡᠪᠦᠷᠢ ᠶᠢ ᠬᠡᠪᠴᠢᠶᠠᠵᠢᠭᠦᠯᠬᠦ᠂ ᠪᠠᠷᠢᠮᠵᠢᠶᠠᠵᠢᠭᠤᠯᠬᠤ ᠶᠢᠨ ᠬᠡᠯᠪᠡᠷᠢ ᠶᠢᠨ ᠬᠤᠪᠢᠷᠠᠭᠤᠯᠤᠯᠲᠠ ᠶᠢᠨ ᠲᠣᠬᠢᠶᠠᠯ | ᠤᠨ ᠬᠤᠭᠤᠴᠠᠭ᠎ᠠ ᠶᠢ ᠵᠠᠪᠳᠤᠨ᠂ ᠨᠢᠭᠡ ᠪᠦᠯᠦᠭ ᠣᠷᠢᠳᠠᠪᠠᠷ ᠪᠠᠶᠢᠭᠤᠯᠤᠨ ᠳᠠᠷᠠᠭ᠎ᠠ ᠨᠢ ᠨᠦᠬᠦᠪᠦᠷᠢᠯᠡᠬᠦ᠂ ᠨᠡᠶᠢᠭᠡᠮ ᠠᠴᠠ ᠪᠡᠯᠡ ᠤᠷᠤᠭᠤᠯᠬᠤ ᠵᠡᠷᠭᠡ | ᠣᠳᠤᠬᠢᠴᠢᠯᠠᠭᠰᠠᠨ ᠮᠠᠯ ᠠᠵᠤ ᠠᠬᠤᠢ ᠶᠢᠨ ᠲᠦᠷᠦᠯ ᠵᠦᠢᠯ ᠢ ᠭᠤᠶᠤᠴᠢᠯᠠᠨ᠎ᠠ᠃ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠭᠦᠯᠦᠯᠲᠡ ᠶᠢᠨ ᠳᠠᠯ᠎ᠠ ᠪᠠᠷ ︽ᠠᠮᠢ | ᠠᠬᠤᠢ ᠶᠢ ᠲᠡᠷᠢᠭᠦᠨ ᠳᠤ ᠬᠠᠷᠠᠭᠠᠯᠵᠠᠵᠤ ᠪᠣᠬᠢᠷᠳᠤᠯ ᠦᠭᠡᠢ ᠬᠦᠭᠵᠢᠭᠦᠯᠬᠦ︾ ᠰᠢᠨ᠎ᠠ ᠣᠶᠢᠯᠠᠭᠠᠭᠳᠠᠬᠤᠨ ᠢ ᠪᠠᠷᠢᠮᠲᠠᠯᠠᠨ᠂ ᠣᠢ ᠶᠢᠨ ᠵᠢᠮᠢᠰ ᠤᠨ ᠡᠳᠡᠰᠢᠬᠦᠯᠦᠯᠳᠡ᠂ | ᠳᠡᠵᠢᠭᠡᠯ ᠡᠪᠡᠰᠤᠨ ᠤ ᠡᠳᠡᠰᠢᠬᠦᠯᠦᠯᠳᠡ᠂ ᠨᠡᠭᠦᠷᠡᠰᠤᠨ ᠤ ᠠᠷᠠᠯᠵᠢᠶ᠎ᠠ ᠵᠡᠷᠭᠡ ᠨᠢᠭᠡ ᠪᠦᠯᠦᠭ ᠪᠣᠶᠢᠵᠢᠬᠤ ᠴᠢᠨᠠᠷ ᠪᠠᠷ ᠴᠢᠩᠭ᠎ᠠ ᠰᠢᠨ᠎ᠠ ᠡᠵᠡᠩᠨᠡᠯᠲᠡ ᠶᠢᠨ ᠲᠦᠷᠦᠯ | ᠵᠦᠢᠯ ᠢ ᠣᠷᠢᠳᠴᠢᠯᠠᠨ ᠪᠠᠶᠢᠷᠢᠰᠢᠭᠤᠯᠤᠨ᠎ᠠ᠃ ᠰᠣᠶᠤᠯ ᠵᠢᠭᠤᠯᠴᠢᠯᠠᠯ ᠤᠨ ᠠᠵᠤ ᠦᠢᠯᠡᠰ ᠤᠨ ᠳᠠᠯ᠎ᠠ ᠪᠠᠷ ᠬᠡᠷᠡᠭᠴᠡᠭᠡᠨ ᠤ ᠳᠠᠯ᠎ᠠ ᠶᠢᠨ ᠬᠡᠷᠡᠭᠯᠡᠭᠡᠨ ᠤ ᠲᠠᠨᠢᠯᠲᠠ ᠪᠠ | ᠠᠷᠭ᠎ᠠ ᠬᠡᠯᠪᠡᠷᠢ ᠶᠢᠨ ᠬᠠᠨᠳᠤᠰᠢ ᠶᠢᠨ ᠴᠢᠨᠠᠷᠲᠠᠢ ᠬᠤᠪᠢᠷᠠᠭᠤᠯᠤᠯᠲᠠ ᠶᠢ ᠣᠯᠵᠤ ᠬᠠᠷᠠᠨ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠨᠦᠯᠦᠭᠡᠯᠡᠯ ᠤᠨ | ᠨᠠᠮᠵᠢᠭᠤᠨ ᠬᠤᠭᠤᠴᠠᠭ᠎ᠠ ᠶᠢ ᠠᠳᠬᠤᠵᠤ᠂ ᠨᠢᠭᠡ ᠪᠦᠯᠦᠭ ᠪᠡᠶᠡᠴᠢ ᠤᠶᠢᠯᠠᠭᠠᠯᠳᠠ ᠶᠢ ᠣᠷᠢᠳᠠᠪᠠᠷ ᠪᠣᠳᠤᠯᠬᠢᠯᠠᠬᠤ ᠰᠣᠶᠤᠯ ᠵᠢᠭᠤᠯᠴᠢᠯᠠᠯ ᠤᠨ ᠲᠦᠷᠦᠯ ᠵᠦᠢᠯ ᠤᠨ | ᠪᠠᠶᠢᠭᠤᠯᠤᠯᠲᠠ ᠶᠢ ᠵᠢᠯᠤᠭᠤᠳᠤᠨ ᠲᠦᠷᠭᠡᠳᠭᠡᠵᠤ᠂ ᠳᠠᠷᠠᠭ᠎ᠠ ᠡᠭᠡᠯᠵᠢ ᠶᠢᠨ ᠦᠶᠡᠯᠡᠯᠲᠤ ᠬᠤᠭᠤᠴᠠᠭᠠᠨ ᠳᠤ ᠲᠦᠷᠦᠭᠦᠯᠡᠨ ᠪᠤᠶᠢᠵᠢᠭᠤᠯᠬᠤ ᠪᠠᠷ ᠴᠢᠷᠮᠠᠶᠢᠨ᠎ᠠ᠃ | ᠣᠳᠤᠬᠠᠨ ᠪᠣᠯᠳᠠᠯ᠎ᠠ᠂ 500 ᠲᠦᠮᠡᠨ ᠲᠦᠭᠦᠷᠢᠭ ᠠᠴᠠ ᠳᠡᠭᠡᠭᠰᠢᠬᠢ ᠪᠡᠯᠡ ᠣᠷᠤᠭᠤᠯᠤᠯᠲᠠ ᠲᠠᠢ ᠭᠤᠣᠯᠳᠠᠯᠭ᠎ᠠ ᠲᠠᠢ ᠲᠦᠷᠦᠯ ᠵᠦᠢᠯ ᠢ ᠨᠢᠭᠡᠨᠲᠡ 21 | ᠲᠣᠬᠢᠷᠠᠭᠤᠯᠤᠨ᠂ ᠶᠡᠷᠦᠩᠬᠡᠢ ᠪᠡᠯᠡ ᠣᠷᠤᠭᠤᠯᠤᠯᠲᠠ 4.7 ᠳ᠋ᠦᠩᠰᠢᠭᠤᠷ ᠲᠦᠭᠦᠷᠢᠭ ᠲᠤ ᠬᠦᠷᠴᠤ᠂ ᠬᠦᠮᠦᠷᠭᠡᠯᠡᠯᠲᠡ ᠳᠤ ᠣᠷᠤᠭᠰᠠᠨ ᠭᠤᠣᠯᠳᠠᠯᠭ᠎ᠠ ᠲᠠᠢ ᠲᠦᠷᠦᠯ | ᠵᠦᠢᠯ 135 ᠪᠣᠯᠵᠤ᠂ ᠶᠡᠷᠦᠩᠬᠡᠢ ᠪᠡᠯᠡ ᠣᠷᠤᠭᠤᠯᠤᠯᠲᠠ 23 ᠳ᠋ᠦᠩᠰᠢᠭᠤᠷ ᠲᠦᠭᠦᠷᠢᠭ ᠲᠤ ᠬᠦᠷᠦᠭᠰᠡᠨ ᠪᠠᠶᠢᠨ᠎ᠠ᠃ | ᠣᠨᠤᠪᠴᠢᠲᠠᠢ ᠪᠡᠯᠡ ᠣᠷᠤᠭᠤᠯᠤᠯᠲᠠ ᠳᠤ ᠰᠢᠨ᠎ᠠ ᠲᠠᠪᠴᠠᠩ ᠪᠦᠷᠢᠯᠳᠦᠭᠦᠯᠦᠨ᠎ᠠ᠃ ᠭᠤᠣᠯᠳᠠᠯᠭ᠎ᠠ ᠲᠠᠢ ᠠᠵᠤ ᠦᠢᠯᠡᠰ ᠲᠠᠬᠢ ᠳᠡᠭᠡᠳᠤ ᠳᠡᠰ ᠤᠨ | ᠲᠦᠰᠦᠪᠯᠡᠯ ᠪᠠ ᠵᠠᠬ᠎ᠠ ᠳᠡᠯᠭᠡᠭᠦᠷ ᠤᠨ ᠵᠢᠯᠤᠭᠤᠳᠤᠯᠭ᠎ᠠ ᠶᠢ ᠴᠢᠩᠭᠠᠳᠬᠠᠨ᠂ ᠵᠠᠰᠠᠭ ᠤᠨ ᠣᠷᠳᠤᠨ ᠤ ᠲᠦᠷᠦᠯ ᠵᠦᠢᠯ ᠪᠠ ᠠᠷᠠᠯᠵᠢᠶᠠᠴᠢᠨ ᠣᠷᠢᠵᠤ ᠪᠡᠯᠡ | ᠣᠷᠤᠭᠤᠯᠬᠤ ᠵᠢᠯᠤᠭᠤᠳᠤᠮᠵᠢ᠂ ᠬᠡᠪᠴᠢᠶᠠᠵᠢᠯ᠂ ᠣᠷᠢᠳᠴᠢᠯᠠᠭᠰᠠᠨ ᠬᠤᠭᠤᠴᠠᠭ᠎ᠠ ᠵᠡᠷᠭᠡ ᠰᠤᠷᠠᠭ ᠵᠠᠩᠭᠢ ᠶᠢ ᠨᠡᠶᠢᠭᠡᠮ ᠨᠡᠶᠢᠲᠡ ᠳᠤ ᠲᠣᠭᠳᠠᠭᠰᠠᠨ ᠬᠤᠭᠤᠴᠠᠭ᠎ᠠ | ᠲᠠᠢ ᠨᠡᠶᠢᠲᠡᠯᠡᠵᠤ᠂ ᠪᠦᠬᠦ ᠨᠡᠶᠢᠭᠡᠮ ᠳᠠᠶᠠᠭᠠᠷ ᠬᠠᠮᠳᠤᠪᠠᠷ ᠡᠳ᠋ᠯᠡᠬᠦ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠦᠨ᠎ᠡ ᠥᠷᠳᠡᠭ ᠤᠨ ᠬᠤᠯᠪᠤᠭᠠᠰᠤ ᠶᠢᠨ | ᠪᠦᠷᠢᠯᠳᠦᠯ ᠢ ᠠᠬᠢᠭᠤᠯᠤᠨ᠂ ᠪᠦᠬᠦ ᠨᠡᠶᠢᠭᠡᠮ ᠤᠨ ᠪᠡᠯᠡ ᠣᠷᠤᠭᠤᠯᠤᠯᠲᠠ ᠶᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠴᠢᠳᠠᠮᠵᠢ ᠶᠢ | ᠦᠷᠭᠡᠳᠭᠡᠨ ᠦᠭᠡᠷᠡᠴᠢᠯᠡᠬᠦ ᠵᠡᠷᠭᠡ ᠪᠠᠴᠢᠮ ᠱᠠᠭᠠᠷᠳᠠᠭᠳᠠᠬᠤ ᠬᠦᠷᠢᠶ᠎ᠡ ᠴᠠᠷᠠᠭᠠᠨ ᠳᠤ ᠲᠦᠪᠯᠡᠷᠡᠭᠦᠯᠦᠨ᠎ᠠ᠃ ᠵᠠᠰᠠᠭ ᠤᠨ ᠣᠷᠳᠤᠨ ᠤ ᠪᠡᠯᠡ ᠣᠷᠤᠭᠤᠯᠤᠯᠲᠠ ᠶᠢᠨ | ᠲᠦᠷᠦᠯ ᠵᠦᠢᠯ ᠳᠤ ᠲᠠᠪᠴᠠᠩ ᠤᠨ ᠠᠵᠤ ᠠᠬᠤᠢ ᠶᠢ ᠳᠡᠰ ᠳᠡᠪᠰᠢᠭᠦᠯᠬᠦ ᠶᠢ ᠴᠢᠬᠤᠯᠠᠴᠢᠯᠠᠨ᠂ ᠬᠦᠴᠦᠨ ᠢᠶᠠᠨ ᠲᠦᠪᠯᠡᠷᠡᠭᠦᠯᠵᠤ ᠦᠨᠳᠦᠰᠦᠲᠡᠨ ᠤ ᠠᠵᠤ ᠦᠢᠯᠡᠰ | ᠤᠨ ᠰᠠᠭᠤᠷᠢᠨ ᠭᠠᠵᠠᠷ᠂ ᠰᠣᠶᠤᠯ ᠵᠢᠭᠤᠯᠴᠢᠯᠠᠯ ᠤᠨ ᠠᠷᠠᠯᠵᠢᠶᠠᠨ ᠤ ᠲᠣᠭᠤᠷᠢᠭ᠂ ᠣᠳᠤᠬᠢᠴᠢᠯᠠᠭᠰᠠᠨ ᠲᠡᠵᠢᠭᠡᠪᠦᠷᠢ ᠶᠢᠨ ᠰᠠᠭᠤᠷᠢᠨ ᠭᠠᠵᠠᠷ ᠵᠡᠷᠭᠡ ᠨᠢᠭᠡ ᠪᠦᠯᠦᠭ | ᠳᠠᠭᠠᠭᠤᠯᠬᠤ ᠦᠢᠯᠡᠳᠦᠯ ᠴᠢᠩᠭ᠎ᠠ᠂ ᠪᠣᠶᠢᠵᠢᠯᠲᠠ ᠶᠢᠨ ᠣᠷᠤᠨ ᠵᠠᠢ ᠶᠡᠭᠡ ᠲᠠᠪᠴᠠᠩ ᠤᠨ ᠲᠦᠷᠦᠯ ᠵᠦᠢᠯ ᠢ ᠰᠢᠯᠢᠳᠡᠭᠵᠢᠭᠦᠯᠵᠤ᠂ ᠴᠢᠳᠠᠪᠤᠷᠢᠲᠡᠨ᠂ ᠪᠡᠯᠡ ᠮᠦᠩᠭᠦ᠂ | ᠡᠬᠢ ᠪᠠᠶᠠᠯᠢᠭ ᠵᠡᠷᠭᠡ ᠭᠤᠣᠯᠯᠠᠬᠤ ᠵᠠᠬ᠎ᠠ ᠳᠡᠯᠭᠡᠭᠦᠷ ᠤᠨ ᠡᠯᠧᠮᠧᠨ᠋ᠲ ᠲᠤ ᠨᠡᠩ ᠢᠯᠡᠭᠦᠦ ᠲᠦᠪᠯᠡᠷᠡᠭᠦᠯᠦᠨ᠎ᠠ᠃ ᠨᠢᠭᠡᠨᠳᠡ ᠲᠣᠭᠳᠠᠭᠰᠠᠨ ᠠᠵᠤ ᠦᠢᠯᠡᠰ ᠤᠨ ᠪᠡᠯᠡ | ᠣᠷᠤᠭᠤᠯᠤᠯᠲᠠ 6 ᠲᠦᠷᠦᠯ ᠪᠠᠶᠢᠵᠤ᠂ 1.97 ᠳ᠋ᠦᠩᠰᠢᠭᠤᠷ ᠲᠦᠭᠦᠷᠢᠭ ᠲᠤ ᠬᠦᠷᠴᠡᠢ᠃ ᠪᠢᠳᠡ ᠣᠳᠤᠬᠠᠨ ᠤ ᠬᠠᠮᠤᠭ ᠤᠨ ᠠᠰᠢᠭᠲᠠᠢ ᠲᠣᠬᠢᠶᠠᠯ ᠢ ᠵᠠᠪᠳᠤᠨ᠂ | ᠦᠷᠭᠦᠯᠵᠢᠯᠡᠨ ᠲᠦᠷᠦᠯ ᠵᠦᠢᠯ ᠭᠤᠶᠤᠴᠢᠯᠠᠵᠤ᠂ ᠪᠡᠯᠡ ᠣᠷᠤᠭᠤᠯᠤᠯᠲᠠ ᠶᠢ ᠵᠢᠯᠤᠭᠤᠳᠤᠨ᠂ ᠪᠡᠯᠡ ᠣᠷᠤᠭᠤᠯᠤᠯᠲᠠ ᠶᠢ 3 ᠳ᠋ᠦᠩᠰᠢᠭᠤᠷ ᠲᠦᠭᠦᠷᠢᠭ ᠲᠤ ᠬᠦᠷᠭᠡᠬᠦ | ᠪᠠᠷ ᠬᠦᠴᠦᠯᠡᠨ ᠴᠢᠷᠮᠠᠶᠢᠨ᠎ᠠ᠃ | ᠲᠣᠳᠠᠭᠳᠠᠯ ᠢᠶᠠᠨ ᠨᠥᠬᠦᠪᠦᠷᠢᠯᠡᠨ ᠰᠢᠨ᠎ᠠ ᠬᠦᠳᠡᠯᠭᠡᠭᠦᠷ ᠢ ᠠᠭᠤᠳᠠᠯᠯᠤᠨᠠ᠃ ᠠᠵᠤ ᠠᠬᠤᠢ ᠨᠡᠶᠢᠭᠡᠮ ᠤᠨ ᠬᠦᠭᠵᠢᠯᠲᠡ ᠳᠤᠮᠳᠠᠬᠢ ᠬᠠᠮᠤᠭ ᠤᠨ ᠣᠬᠤᠷ | ᠬᠠᠮᠤᠭ ᠤᠨ ᠲᠤᠮᠤ ᠬᠤᠳᠠ ᠪᠠᠯᠭᠠᠰᠤ ᠶᠢᠨ ᠪᠠᠶᠢᠭᠤᠯᠤᠯᠲᠠ ᠶᠢᠨ ᠲᠣᠳᠠᠭᠳᠠᠯ ᠠᠴᠠ ᠨᠥᠬᠦᠪᠦᠷᠢᠯᠡᠵᠤ ᠡᠬᠢᠯᠡᠨ᠂ ᠠᠮᠤᠭᠤᠯᠠᠩ ᠪᠠᠯᠭᠠᠰᠤ ᠶᠢ ᠪᠦᠬᠦ ᠬᠤᠳᠠ ᠶᠢᠨ | ᠬᠠᠮᠤᠭ ᠤᠨ ᠦᠵᠡᠰᠭᠦᠯᠡᠩ ᠪᠣᠭᠤᠮᠳᠠ ᠶᠢᠨ ᠬᠤᠳᠠ ᠪᠠᠯᠭᠠᠰᠤ ᠶᠢᠨ ᠨᠢᠭᠡ ᠪᠣᠯᠭᠠᠨ ᠪᠦᠲᠦᠭᠡᠨ ᠪᠠᠶᠢᠭᠤᠯᠵᠤ᠂ ᠪᠣᠭᠤᠮᠳᠠ ᠶᠢᠨ ᠠᠷᠠᠯᠵᠢᠶ᠎ᠠ᠂ ᠰᠣᠶᠤᠯ ᠵᠢᠭᠤᠯᠴᠢᠯᠠᠯ | ᠤᠨ ᠦᠢᠯᠡᠴᠢᠯᠡᠭᠡ ᠪᠠᠷ ᠭᠤᠣᠯ ᠠᠭᠤᠯᠭ᠎ᠠ ᠪᠣᠯᠭᠠᠭᠰᠠᠨ ᠰᠢᠨ᠎ᠠ ᠬᠡᠯᠪᠡᠷᠢ ᠶᠢᠨ ᠪᠡᠯᠡ ᠨᠡᠶᠢᠯᠡᠭᠦᠯᠬᠦ ᠪᠡᠯᠡ ᠣᠷᠤᠭᠤᠯᠬᠤ ᠲᠦᠷᠦᠯ ᠵᠦᠢᠯ ᠶᠢ ᠵᠢᠯᠤᠭᠤᠳᠤᠨ᠎ᠠ᠃ ᠠᠵᠤ | ᠠᠬᠤᠢ ᠨᠡᠶᠢᠭᠡᠮ ᠤᠨ ᠬᠦᠭᠵᠢᠯᠲᠡ ᠳᠤᠮᠳᠠᠬᠢ ᠲᠤᠳᠤᠭᠠᠳᠤ ᠪᠣᠳᠠᠲᠤ ᠬᠦᠴᠦᠨ ᠢᠶᠠᠷ ᠲᠤᠯᠭᠠᠭᠤᠷᠢ ᠪᠣᠯᠭᠠᠭᠰᠠᠨ ᠰᠤᠷᠭᠠᠨ ᠬᠦᠮᠦᠵᠢᠯ ᠡᠷᠡᠭᠦᠯ ᠬᠠᠮᠠᠭᠠᠯᠠᠯ ᠤᠨ | ᠲᠣᠳᠠᠭᠳᠠᠯ ᠠᠴᠠ ᠨᠥᠬᠦᠪᠦᠷᠢᠯᠡᠵᠤ ᠡᠬᠢᠯᠡᠨ᠂ ᠰᠠᠭᠤᠷᠢ ᠲᠦᠬᠦᠬᠡᠷᠦᠮᠵᠢ᠂ ᠡᠳᠦᠷ ᠲᠤᠳᠤᠮ ᠤᠨ ᠬᠠᠮᠢᠶᠠᠷᠤᠯᠲᠠ᠂ ᠴᠢᠳᠠᠪᠤᠷᠢᠲᠡᠨ ᠤ ᠬᠦᠮᠦᠵᠢᠭᠦᠯᠦᠯ ᠵᠡᠷᠭᠡ ᠭᠤᠷᠪᠠᠨ | ᠭᠤᠣᠯᠳᠠᠯᠭ᠎ᠠ ᠶᠢ ᠰᠠᠶᠢᠲᠤᠷ ᠠᠳᠬᠤᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠦᠬᠦ ᠬᠤᠳᠠ ᠶᠢᠨ ᠲᠡᠷᠢᠭᠦᠨ ᠤ ᠡᠩᠨᠡᠭᠡᠨ ᠳᠤ ᠵᠢᠭᠰᠠᠭᠠᠬᠤ ᠪᠠᠷ ᠴᠢᠷᠮᠠᠶᠢᠨ᠂ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ ᠬᠤᠳᠠ ᠶᠢᠨ ᠲᠡᠭᠰᠢᠳᠭᠡᠭᠰᠡᠨ ᠲᠦᠪᠰᠢᠨ ᠳᠤ ᠬᠦᠷᠭᠡᠵᠤ᠂ ᠠᠷᠠᠳ ᠣᠯᠠᠨ ᠤ ᠬᠠᠨᠢ | ᠪᠤᠯᠵᠤ ᠰᠤᠷᠤᠯᠴᠠᠬᠤ᠂ ᠡᠪᠡᠳᠴᠢᠳᠡᠨ ᠢ ᠠᠰᠠᠷᠠᠬᠤ ᠳᠠᠷᠤᠭᠠᠰᠤ ᠶᠢ ᠵᠢᠯ ᠳᠠᠷᠠᠭᠠᠯᠠᠨ ᠨᠠᠮᠳᠠᠭᠠᠵᠤ᠂ ᠬᠦᠮᠦᠨ ᠠᠮᠠ ᠶᠢᠨ ᠡᠬᠢ ᠪᠠᠶᠠᠯᠢᠭ ᠢ ᠠᠯᠬᠤᠮ ᠳᠠᠷᠭᠠᠯᠠᠨ | ᠲᠦᠪᠯᠡᠷᠡᠭᠦᠯᠦᠨ᠎ᠠ᠃ 2.3 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠬᠤ ᠪᠠᠷ ᠲᠦᠯᠦᠪᠯᠡᠵᠤ᠂ ᠬᠤᠳᠠ ᠪᠠᠯᠭᠠᠰᠤ ᠶᠢᠨ ᠰᠠᠭᠤᠷᠢ ᠲᠦᠬᠦᠬᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ 4281 ᠲᠦᠮᠡᠨ ᠲᠦᠭᠦᠷᠢᠭ ᠤᠨ ᠪᠡᠯᠡ ᠣᠷᠤᠭᠤᠯᠬᠤ ᠪᠠᠷ ᠲᠦᠯᠦᠪᠯᠡᠨ᠂ ᠰᠣᠶᠤᠯ ᠰᠤᠷᠭᠠᠨ ᠬᠦᠮᠦᠵᠢᠯ ᠡᠷᠡᠭᠦᠯ | ᠬᠠᠮᠠᠭᠠᠯᠠᠯ ᠨᠡᠶᠢᠭᠡᠮ ᠤᠨ ᠠᠵᠢᠯ ᠦᠢᠯᠡᠰ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠡᠭᠦᠨ ᠤ ᠬᠠᠮᠲᠤ ᠠᠮᠢ ᠠᠬᠤᠢ᠂ ᠵᠠᠮ ᠬᠠᠷᠢᠯᠴᠠᠭ᠎ᠠ᠂ ᠴᠠᠬᠢᠯᠭᠠᠨ ᠬᠦᠴᠦ᠂ | ᠠᠷᠠᠳ ᠤᠨ ᠠᠮᠢᠳᠤᠷᠠᠯ ᠵᠡᠷᠭᠡ ᠬᠦᠨᠳᠤ ᠴᠢᠬᠤᠯᠠ ᠰᠠᠭᠤᠷᠢ ᠲᠦᠬᠦᠬᠡᠷᠦᠮᠵᠢ ᠶᠢᠨ ᠢᠨᠵᠧᠨᠧᠷᠢᠩ ᠢ ᠰᠠᠶᠢᠲᠤᠷ ᠠᠳᠬᠤᠨ᠂ ᠪᠦᠬᠦ ᠵᠢᠯ ᠤᠨ ᠰᠠᠭᠤᠷᠢ ᠲᠦᠬᠦᠬᠡᠷᠦᠮᠵᠢ | ᠶᠢᠨ ᠪᠡᠯᠡ ᠣᠷᠤᠭᠤᠯᠤᠯᠲᠠ ᠶᠢ 3.5 ᠳ᠋ᠦᠩᠰᠢᠭᠤᠷ ᠲᠦᠭᠦᠷᠢᠭ ᠲᠤ ᠬᠦᠷᠭᠡᠬᠦ ᠪᠠᠷ ᠬᠦᠴᠦᠯᠡᠨ ᠴᠢᠷᠮᠠᠶᠢᠨ᠎ᠠ᠃ | ︵ᠬᠤᠶᠠᠷ︶ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠᠷ ᠭᠤᠣᠯ ᠱᠤᠭᠤᠮ ᠪᠣᠯᠭᠠᠨ᠂ ᠣᠳᠤᠬᠢᠴᠢᠯᠠᠭᠰᠠᠨ ᠮᠠᠯ ᠠᠵᠤ ᠠᠬᠤᠢ ᠶᠢᠨ ᠬᠦᠭᠵᠢᠯᠲᠡ | ᠶᠢᠨ ᠠᠯᠬᠤᠮ ᠢ ᠲᠦᠷᠭᠡᠳᠭᠡᠨ᠎ᠠ | ᠬᠡᠯᠪᠡᠷᠢ ᠶᠢᠨ ᠰᠢᠨᠡᠴᠢᠯᠡᠯᠲᠡ ᠶᠢᠨ ᠲᠣᠭᠤᠷᠢᠨ ᠳᠤ ᠣᠷᠤᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ︽ᠪᠣᠳᠠ ᠶᠢ ᠨᠡᠮᠡᠭᠳᠡᠭᠦᠯᠦᠨ ᠪᠣᠭ ᠢ ᠪᠠᠭᠠᠰᠬᠠᠬᠤ᠂ | ᠨᠠᠷᠢᠯᠢᠭ ᠲᠡᠵᠢᠭᠡᠵᠤ ᠵᠣᠶᠢᠲᠠᠢ ᠲᠡᠵᠢᠭᠡᠬᠦ︾ ᠣᠶᠢᠯᠠᠭᠠᠭᠳᠠᠬᠤᠨ ᠢ ᠳᠡᠯᠭᠡᠷᠡᠭᠦᠯᠦᠨ᠂ ᠣᠷᠢᠳᠠᠪᠠᠷ ᠪᠠᠶᠢᠭᠤᠯᠤᠨ ᠳᠠᠷᠠᠭ᠎ᠠ ᠨᠢ ᠨᠥᠬᠦᠪᠦᠷᠢᠯᠡᠬᠦ ᠪᠠ ᠳᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰᠵᠢᠭᠦᠯᠦᠯᠲᠡ ᠶᠢᠨ ᠲᠦᠷᠦᠯ ᠵᠦᠢᠯ ᠢᠶᠠᠷ ᠳᠠᠮᠵᠢᠭᠤᠯᠵᠤ᠂ ᠨᠢᠭᠡᠨ ᠢᠵᠢ ᠡᠷᠦᠬᠡ ᠶᠢᠨ ᠬᠤᠯᠪᠤᠭᠠᠯᠠᠯ ᠤᠨ ᠰᠢᠨ᠎ᠠ ᠲᠣᠭᠳᠠᠴᠠ ᠶᠢ | ᠡᠭᠦᠳᠦᠨ ᠪᠠᠶᠢᠭᠤᠯᠵᠤ ᠣᠷᠢᠳᠠᠪᠠᠷ ᠬᠡᠷᠡᠭᠵᠢᠭᠦᠯᠦᠨ ᠣᠷᠢᠳᠠᠪᠠᠷ ᠲᠤᠷᠰᠢᠵᠤ᠂ ᠮᠠᠯᠴᠢᠨ ᠲᠦᠮᠡᠨ ᠤ ᠡᠷᠦᠬᠡ ᠬᠤᠯᠪᠤᠭᠠᠯᠠᠨ ︽ᠮᠢᠩᠭᠠᠨ ᠦᠭᠡᠷ︾ ᠤᠨ | ᠣᠳᠤᠬᠢᠴᠢᠯᠠᠭᠰᠠᠨ ᠮᠠᠯᠵᠢᠯ ᠤᠨ ᠳᠠᠯᠠᠪᠠᠢ ᠶᠢ ᠬᠠᠮᠳᠤᠪᠠᠷ ᠪᠠᠶᠢᠭᠤᠯᠬᠤ ᠶᠢ ᠢᠳᠡᠪᠬᠢᠲᠡᠢ ᠵᠢᠯᠤᠭᠤᠳᠴᠤ᠂ ᠨᠤᠲᠤᠭ ᠪᠡᠯᠴᠢᠭᠡᠷ ᠢᠶᠠᠨ ᠡᠷᠦᠬᠡ ᠬᠤᠯᠪᠤᠭᠠᠯᠠᠨ | ᠡᠭᠡᠯᠵᠢᠯᠡᠨ ᠬᠡᠷᠡᠭᠯᠡᠬᠦ ᠶᠢ ᠪᠡᠶᠡᠯᠡᠭᠦᠯᠦᠨ᠂ ᠤᠯᠠᠮᠵᠢᠯᠠᠯᠲᠤ ᠪᠡᠯᠴᠢᠭᠡᠷᠯᠡᠭᠦᠯᠦᠨ ᠮᠠᠯᠵᠢᠬᠤ ᠠᠷᠭ᠎ᠠ ᠬᠡᠯᠪᠡᠷᠢ ᠶᠢ ᠰᠢᠯᠢᠳᠡᠭᠵᠢᠭᠦᠯᠵᠤ᠂ ᠡᠪᠣᠯ ᠤᠨ ᠤᠯᠠᠷᠢᠯ ᠳᠤᠯᠠᠭᠠᠨ | ᠫᠧᠩ ᠳᠤ ᠲᠦᠪᠯᠡᠷᠡᠭᠦᠯᠦᠨ ᠲᠡᠵᠢᠭᠡᠬᠦ ᠠᠷᠭ᠎ᠠ ᠬᠡᠯᠪᠡᠷᠢ ᠶᠢ ᠬᠡᠷᠡᠭᠯᠡᠨ᠎ᠠ᠃ ᠪᠠᠶᠠᠨᠳᠠᠯ᠎ᠠ ᠭᠠᠴᠠᠭᠠᠨ ᠤ ᠰᠦ ᠮᠢᠬᠠᠨ ᠤ ᠦᠭᠡᠷ ᠤᠨ ᠪᠠᠷᠢᠮᠵᠢᠶᠠᠵᠢᠭᠤᠯᠤᠨ ᠲᠡᠵᠢᠭᠡᠬᠦ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ 2300 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠣᠳᠤᠬᠢᠴᠢᠯᠠᠭᠰᠠᠨ ᠫᠧᠩ ᠰᠠᠷᠠᠪᠴᠢ ᠶᠢ ᠰᠢᠨ᠎ᠠ ᠪᠠᠷ | ᠪᠠᠶᠢᠭᠤᠯᠤᠨ᠂ 960 ᠬᠠᠪᠳᠠᠭᠠᠢ ᠳᠦᠷᠪᠡᠯᠵᠢᠨ ᠮᠧᠲᠷ ᠳᠠᠯᠠᠪᠠᠢ ᠲᠠᠢ ᠦᠨᠢᠶ᠎ᠡ ᠰᠠᠭᠠᠬᠤ ᠲᠢᠩᠬᠢᠮ ᠢ ᠢᠵᠢ ᠪᠦᠷᠢᠳᠦᠭᠦᠯᠦᠨ᠎ᠠ᠃ 2021 ᠣᠨ ᠤ ᠲᠦᠪ ᠤᠨ ᠡᠳ᠋ | ᠤᠨ ᠵᠠᠰᠠᠭ ᠤᠨ ᠳᠡᠮᠵᠢᠯᠭᠡ ᠲᠠᠢ ᠰᠠᠭᠠᠯᠢ ᠶᠢᠨ ᠦᠨᠢᠶ᠎ᠡ ᠲᠠᠢ ᠭᠡᠷ ᠪᠦᠯᠢ ᠶᠢᠨ ᠮᠠᠯᠵᠢᠯ ᠤᠨ ᠳᠠᠯᠠᠪᠠᠢ ᠪᠠ ᠰᠠᠭᠠᠯᠢ ᠶᠢᠨ ᠳᠠᠷᠢᠶᠠᠴᠢᠳ ᠤᠨ ᠬᠤᠷᠰᠢᠶᠠᠵᠢᠯ ᠤᠨ | ᠲᠦᠷᠦᠯ ᠵᠦᠢᠯ ᠢ ᠡᠬᠢᠯᠡᠭᠦᠯᠦᠨ᠂ 12 ᠡᠷᠦᠬᠡ ᠰᠠᠭᠠᠯᠢ ᠶᠢᠨ ᠲᠠᠷᠢᠶᠠᠴᠢᠨ ᠤ ᠣᠷᠢᠳᠠᠪᠠᠷ ᠪᠠᠶᠢᠭᠤᠯᠤᠨ ᠳᠠᠷᠠᠭ᠎ᠠ ᠨᠢ ᠨᠥᠬᠦᠪᠦᠷᠢᠯᠡᠬᠦ ᠶᠢ ᠳᠠᠮᠵᠢᠨ᠎ᠠ᠃ | ᠮᠡᠷᠭᠡᠵᠢᠯ ᠤᠨ ᠳᠡᠰ ᠳᠡᠪᠰᠢᠯᠲᠠ ᠶᠢᠨ ᠲᠣᠭᠤᠷᠢᠨ ᠳᠤ ᠥᠪᠡᠷ ᠤᠨ ᠥᠷᠳᠡᠭ ᠢ ᠪᠠᠭᠤᠷᠠᠭᠤᠯᠤᠨ᠎ᠠ᠃ ᠰᠢᠨ᠎ᠠ ᠬᠡᠯᠪᠡᠷᠢ ᠶᠢᠨ ᠣᠶᠤᠨᠴᠢ ᠮᠠᠯᠵᠢᠬᠤ ᠣᠷᠤᠨ ᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ | ᠠᠩᠭᠢ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ e ᠦᠷᠳᠡᠭᠡ ᠶᠢ ᠵᠣᠬᠢᠶᠠᠨ ᠪᠠᠶᠢᠭᠤᠯᠤᠨ᠂ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠰᠢᠨ᠎ᠠ ᠲᠠᠨᠢᠯᠲᠠ᠂ | ᠰᠢᠨ᠎ᠠ ᠮᠡᠷᠭᠡᠵᠢᠯ᠂ ᠰᠢᠨ᠎ᠠ ᠲᠦᠬᠦᠬᠡᠷᠦᠮᠵᠢ ᠶᠢ ᠬᠦᠴᠦᠲᠠᠢ ᠲᠦᠭᠡᠮᠡᠯᠵᠢᠭᠦᠯᠵᠤ᠂ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠭᠠᠴᠠᠭᠠᠨ ᠳᠤ ᠬᠦᠷᠴᠤ᠂ ᠡᠷᠦᠬᠡ ᠪᠠᠷ | ᠭᠦᠨᠵᠡᠭᠡᠶᠢᠷᠡᠨ᠂ ᠲᠡᠵᠢᠭᠡᠯ ᠪᠣᠷᠳᠤᠭ᠎ᠠ ᠶᠢ ᠬᠡᠮᠭᠡᠯᠡᠨ ᠨᠠᠶᠢᠷᠠᠭᠤᠯᠵᠤ ᠳᠠᠮᠵᠢᠭᠤᠯᠬᠤ ᠮᠠᠰᠢᠨ᠂ ᠬᠤᠳᠬᠤᠨ ᠪᠣᠷᠳᠤᠬᠤ ᠮᠠᠰᠢᠨ ᠵᠡᠷᠭᠡ ᠣᠶᠤᠨᠴᠢ ᠰᠢᠨ᠎ᠠ ᠲᠦᠬᠦᠬᠡᠷᠦᠮᠵᠢ | ᠶᠢ ᠳᠡᠯᠭᠡᠷᠡᠭᠦᠯᠦᠨ᠂ ᠰᠢᠨ᠎ᠠ ᠪᠠᠷ ᠨᠡᠮᠡᠭᠳᠡᠭᠦᠯᠬᠦ ᠮᠠᠯᠵᠢᠯ ᠤᠨ ᠮᠠᠰᠢᠨ ᠮᠧᠬᠠᠨᠢᠭ ᠢ 120 ᠰᠠᠤᠷᠢ ᠳᠤ ᠬᠦᠷᠭᠡᠨ᠎ᠠ᠃ ᠤᠷᠤᠨ ᠨᠤᠲᠤᠭ ᠤᠨ ᠰᠢᠯᠢᠳᠡᠭ ᠡᠭᠦᠯᠳᠡᠷ ᠢ | ᠦᠷᠡᠵᠢᠭᠦᠯᠬᠦ ᠰᠠᠭᠤᠷᠢᠨ ᠭᠠᠵᠠᠷ ᠢ ᠪᠣᠶᠢᠵᠢᠭᠤᠯᠵᠤ᠂ ᠬᠦᠯᠦᠨ ᠪᠣᠶᠢᠷ ᠬᠤᠨᠢ ᠦᠷᠡᠵᠢᠭᠦᠯᠬᠦ ᠳᠠᠯᠠᠪᠠᠢ᠂ ᠰᠢᠯᠢᠳᠡᠭ ᠡᠭᠦᠯᠳᠡᠷ ᠤᠨ ᠮᠠᠯ ᠤᠨ ᠢᠴᠡᠭᠡᠯ ᠦᠷ᠎ᠡ ᠶᠢᠨ | ᠬᠡᠭᠡᠯᠳᠦᠭᠦᠯᠦᠭᠡ ᠶᠢᠨ ᠴᠢᠭ᠋ ᠤᠨ ᠡᠳᠦᠷ ᠲᠣᠳᠤᠮ ᠤᠨ ᠬᠠᠮᠢᠶᠠᠷᠤᠯᠲᠠ ᠶᠢ ᠳᠦᠷᠢᠮᠵᠢᠭᠦᠯᠦᠨ᠂ ᠦᠪᠤᠷᠪᠤᠯᠠᠭ ᠰᠤᠮᠤᠨ ᠤ ᠪᠠᠷᠭᠤ ᠬᠤᠨᠢ ᠦᠷᠡᠵᠢᠭᠦᠯᠬᠦ ᠳᠠᠯᠠᠪᠠᠢ ᠵᠢᠴᠢ | ᠪᠠᠷᠢᠮᠵᠢᠶᠠᠵᠢᠭᠤᠯᠤᠭᠰᠠᠨ ᠲᠡᠵᠢᠭᠡᠪᠦᠷᠢ ᠶᠢᠨ 80 ᠡᠷᠦᠬᠡ ᠶᠢ ᠳᠡᠮᠵᠢᠨ᠎ᠠ᠃ | ᠦᠢᠯᠡᠴᠢᠯᠡᠭᠡᠨ ᠤ ᠳᠡᠰ ᠳᠡᠪᠰᠢᠯᠲᠠ ᠶᠢᠨ ᠲᠣᠭᠤᠷᠢᠨ ᠳᠤ ᠲᠦᠭᠰᠢᠭᠦᠷᠢ ᠶᠢ ᠰᠡᠷᠭᠡᠶᠢᠯᠡᠨ᠎ᠠ᠃ ᠪᠠᠶᠢᠭᠠᠯᠢ ᠶᠢᠨ ᠵᠣᠳ ᠭᠠᠮᠰᠢᠭ ᠢ ᠠᠷᠭᠠᠴᠠᠭᠠᠬᠤ ᠴᠢᠳᠠᠪᠤᠷᠢ | ᠪᠠᠨ ᠳᠡᠭᠡᠭᠰᠢᠯᠡᠭᠦᠯᠵᠤ᠂ ᠤᠯᠤᠰ ᠤᠨ ᠴᠠᠭ ᠠᠭᠤᠷ ᠤᠨ ᠦᠨᠳᠦᠰᠦᠨ ᠦᠷᠳᠡᠭᠡ ᠶᠢᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠤᠨ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ ᠡᠬᠢᠯᠡᠭᠦᠯᠵᠤ᠂ ᠰᠢᠨ᠎ᠠ ᠪᠠᠷ 1492 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠴᠠᠭ ᠠᠭᠤᠷ ᠤᠨ ᠦᠷᠳᠡᠭᠡ ᠶᠢᠨ | ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠪᠠᠶᠢᠭᠤᠯᠤᠨ᠎ᠠ᠃ ᠵᠠᠰᠠᠭ ᠤᠨ ᠣᠷᠳᠤᠨ ᠤ ᠵᠢᠯᠤᠭᠤᠳᠤᠯᠭ᠎ᠠ᠂ ᠣᠯᠠᠨ ᠲᠦᠮᠡᠨ ᠣᠷᠤᠯᠴᠠᠭᠰᠠᠨ ᠬᠤᠯᠪᠤᠭᠠᠯᠠᠨ | ᠬᠦᠳᠡᠯᠦᠯᠴᠡᠵᠤ ᠭᠠᠮᠰᠢᠭ ᠢ ᠪᠠᠭᠠᠰᠬᠠᠨ ᠭᠠᠮᠰᠢᠭ ᠲᠠᠢ ᠲᠡᠮᠡᠴᠡᠬᠦ ᠲᠣᠭᠳᠠᠴᠠ ᠶᠢ ᠦᠷᠭᠦᠯᠵᠢᠯᠡᠨ ᠴᠢᠩᠭᠠᠳᠬᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ | ᠭᠤᠷᠪᠠᠨ ᠱᠠᠲᠤᠨ ᠤ ᠲᠡᠵᠢᠭᠡᠯ ᠪᠣᠷᠳᠤᠭᠠᠨ ᠤ ᠬᠦᠮᠦᠷᠭᠡᠯᠡᠯᠲᠡ ᠶᠢᠨ ᠪᠠᠴᠢᠮ ᠢ ᠠᠷᠭᠠᠴᠠᠭᠠᠬᠤ ᠲᠣᠭᠳᠠᠴᠠ ᠶᠢ ᠲᠡᠭᠦᠯᠳᠡᠷᠵᠢᠭᠦᠯᠦᠨ᠂ ᠵᠠᠬ᠎ᠠ ᠳᠡᠯᠭᠡᠷᠵᠢᠭᠦᠯᠬᠦ ᠠᠷᠭ᠎ᠠ | ᠬᠡᠯᠪᠡᠷᠢ ᠪᠠᠷ ︽ᠲᠡᠵᠢᠭᠡᠯ ᠪᠣᠷᠳᠤᠭᠠᠨ ᠤ ᠵᠠᠬ᠎ᠠ ᠳᠡᠯᠭᠡᠭᠦᠷ︾ ᠪᠠᠶᠢᠭᠤᠯᠵᠤ᠂ ᠪᠠᠴᠢᠮ ᠢ ᠠᠷᠭᠠᠴᠠᠭᠠᠬᠤ ᠳᠡᠵᠢᠭᠡᠯ ᠪᠣᠷᠳᠤᠭᠠᠨ ᠤ ᠬᠦᠮᠦᠷᠭᠡᠯᠡᠯᠲᠡ ᠶᠢᠨ ᠴᠢᠳᠠᠪᠤᠷᠢ ᠶᠢ | 4 ᠲᠦᠮᠡᠨ ᠲᠣᠨ ᠠᠴᠠ ᠳᠡᠭᠡᠭᠰᠢ ᠪᠠᠶᠢᠬᠤ ᠶᠢ ᠪᠠᠲᠤᠯᠠᠨ᠂ 5000 ᠲᠣᠨ ᠠᠴᠠ ᠳᠡᠭᠡᠭᠰᠢᠬᠢ ᠳᠡᠵᠢᠭᠡᠯ ᠡᠪᠡᠰᠤᠨ ᠤ ᠮᠦᠬᠦᠯᠢᠭ ᠢ ᠦᠢᠯᠡᠳᠪᠦᠷᠢᠯᠡᠨᠠ᠃ ᠶᠠᠰᠤ | ᠴᠢᠨᠠᠷ ᠠᠮᠤᠷ ᠲᠦᠪᠰᠢᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠪᠦᠬᠦ ᠬᠤᠰᠢᠭᠤ ᠶᠢ ᠬᠠᠮᠤᠷᠤᠭᠰᠠᠨ ᠠᠮᠤᠷ ᠲᠦᠪᠰᠢᠨ ᠤ ᠡᠬᠢ ᠡᠭᠦᠰᠦᠯ ᠢ | ᠮᠦᠷᠳᠡᠬᠦ ᠳᠠᠪᠴᠠᠩ ᠪᠠᠶᠢᠭᠤᠯᠤᠨ᠂ ᠡᠯᠧᠺᠲᠷᠤᠨ ᠢᠮ ᠵᠡᠭᠦᠯᠭᠡᠭᠰᠡᠨ ᠲᠠᠸᠠᠷ ᠤᠨ ᠬᠤᠨᠢ ᠶᠢ 35 ᠲᠦᠮᠡᠨ ᠲᠤᠯᠤᠭᠠᠢ ᠠᠴᠠ ᠳᠡᠭᠡᠭᠰᠢ ᠳᠤ ᠬᠦᠷᠭᠡᠨ᠎ᠠ᠃ ᠬᠢᠵᠢᠭ | ᠡᠪᠡᠳᠴᠢᠨ ᠢ ᠰᠡᠷᠭᠡᠶᠢᠯᠡᠨ ᠡᠵᠡᠮᠳᠡᠬᠦ ᠲᠣᠭᠳᠠᠴᠠ ᠶᠢ ᠲᠡᠭᠦᠯᠳᠡᠷᠵᠢᠭᠦᠯᠵᠤ᠂ ᠳᠠᠷᠢᠶᠠᠯᠠᠩ ᠮᠠᠯᠵᠢᠯ ᠣᠢ ᠰᠢᠭᠤᠢ ᠶᠢᠨ ᠦᠨᠳᠦᠰᠦᠨ ᠦᠷᠳᠡᠭᠡ ᠰᠠᠯᠪᠤᠷᠢ ᠶᠢᠨ ᠡᠭᠦᠷᠭᠡ | ᠴᠢᠳᠠᠪᠬᠢ ᠶᠢ ᠡᠮᠬᠢᠯᠡᠨ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠬᠢᠵᠢᠭ ᠢ ᠰᠡᠷᠭᠡᠶᠢᠯᠡᠬᠦ ᠬᠦᠯᠳᠡᠭᠦᠦ ᠪᠦᠲᠦᠭᠡᠭᠳᠡᠭᠦᠨ ᠤ ᠰᠢᠰᠲ᠋ᠧᠮ ᠤᠨ ᠪᠠᠶᠢᠭᠤᠯᠤᠯᠲᠠ | ᠶᠢ ᠲᠦᠷᠭᠡᠳᠭᠡᠵᠤ᠂ ᠵᠠᠬ᠎ᠠ ᠳᠡᠯᠭᠡᠭᠦᠷᠴᠢᠯᠡᠭᠰᠡᠨ ᠮᠠᠯ ᠡᠮᠨᠡᠯᠭᠡ ᠶᠢᠨ ᠥᠷᠳᠡᠭᠡ᠂ ᠡᠭᠦᠯᠳᠡᠷ ᠰᠠᠶᠢᠵᠢᠷᠠᠭᠤᠯᠬᠤ ᠥᠷᠳᠡᠭᠡ᠂ ᠬᠢᠵᠢᠭ ᠢ ᠰᠡᠷᠭᠡᠶᠢᠯᠡᠬᠦ ᠰᠠᠯᠪᠤᠷᠢ ᠶᠢᠨ | ᠬᠦᠭᠵᠢᠯᠲᠡ ᠶᠢ ᠵᠣᠷᠢᠭᠵᠢᠭᠤᠯᠤᠨ᠎ᠠ᠃ | ᠲᠦᠷᠦᠯ ᠲᠡᠮᠳᠡᠭ ᠢ ᠳᠡᠰ ᠳᠡᠪᠰᠢᠭᠦᠯᠬᠦ ᠲᠣᠭᠤᠷᠢᠨ ᠳᠤ ᠦᠷ᠎ᠡ ᠠᠰᠢᠭ ᠢ ᠳᠡᠭᠡᠭᠰᠢᠯᠡᠭᠦᠯᠦᠨ᠎ᠠ᠃ ᠬᠢᠯᠢ ᠶᠢᠨ ᠲᠤᠳᠤᠨ᠎ᠠ ᠭᠠᠳᠠᠨᠠᠬᠢ ᠳᠡᠵᠢᠭᠡᠯ ᠪᠣᠷᠳᠤᠭᠠᠨ ᠤ | ᠡᠬᠢ ᠪᠠᠶᠠᠯᠢᠭ ᠢ ᠨᠢᠭᠡᠳᠦᠯᠲᠡᠢ ᠲᠦᠯᠦᠪᠵᠢᠭᠦᠯᠦᠨ᠂ ᠳᠡᠵᠢᠭᠡᠯ ᠡᠪᠡᠰᠤᠨ ᠤ ᠦᠢᠯᠡᠳᠪᠦᠷᠢᠯᠡᠯ᠂ ᠬᠦᠮᠦᠷᠭᠡᠯᠡᠯᠲᠡ᠂ ᠪᠣᠷᠤᠯᠠᠭᠤᠯᠭ᠎ᠠ ᠶᠢᠨ ᠬᠡᠯᠪᠡᠷᠢ ᠶᠢ ᠡᠭᠦᠳᠦᠨ | ᠰᠢᠨᠡᠴᠢᠯᠡᠵᠤ᠂ ᠤᠷᠭᠠᠨᠢᠭ ᠪᠠᠶᠢᠭᠠᠯᠢᠯᠢᠭ ᠨᠤᠲᠤᠭ ᠪᠡᠯᠴᠢᠭᠡᠷ ᠤᠨ ᠬᠢᠨᠠᠨ ᠲᠤᠳᠤᠯᠠᠬᠤ ᠳᠠᠯᠠᠪᠠᠢ ᠶᠢ ᠦᠷᠭᠡᠳᠭᠡᠨ᠂ ᠳᠡᠵᠢᠭᠡᠯ ᠪᠣᠷᠳᠤᠭᠠᠨ ᠤ ᠨᠠᠷᠢᠯᠢᠭ | ᠦᠢᠯᠡᠳᠪᠦᠷᠢᠯᠡᠯ ᠤᠨ ᠦᠢᠯᠡᠳᠪᠦᠷᠢ ᠪᠠᠶᠢᠭᠤᠯᠬᠤ ᠶᠢ ᠦᠷᠭᠦᠯᠵᠢᠯᠡᠨ ᠳᠡᠮᠵᠢᠵᠤ᠂ ᠠᠮᠢ ᠠᠬᠤᠶᠢᠴᠢ ᠡᠪᠡᠰᠤᠨ ᠤ ᠦᠢᠯᠡᠰ ᠤᠨ ᠭᠠᠵᠠᠷ ᠵᠦᠢ ᠶᠢᠨ ᠰᠢᠨᠵᠢ ᠲᠡᠮᠳᠡᠭ | ᠪᠦᠬᠦᠢ ᠲᠦᠷᠦᠯ ᠲᠡᠮᠳᠡᠭ ᠢ ᠡᠭᠦᠳᠦᠨ᠎ᠠ᠃ ᠲᠣᠣᠷ ᠰᠦᠯᠵᠢᠶ᠎ᠡ᠂ ᠠᠯᠪᠠᠨ ᠤ ᠵᠠᠭᠤᠴᠢᠯᠠᠭᠤᠷ ᠢᠶᠠᠷ ᠠᠴᠢᠶᠠᠯᠠᠪᠤᠷᠢ ᠪᠣᠯᠭᠠᠨ᠂ ᠠᠵᠤ ᠠᠬᠤᠶᠢᠯᠠᠯ ᠤᠨ ᠰᠢᠭᠤᠳ | ᠪᠣᠷᠤᠯᠠᠭᠤᠯᠭ᠎ᠠ ᠶᠢᠨ ᠬᠤᠯᠪᠤᠭᠠᠳᠤ ᠲᠣᠣᠷ ᠴᠢᠭ᠋ ᠲᠤ ᠲᠦᠰᠢᠭᠯᠡᠵᠤ᠂ ᠦᠨᠳᠦᠰᠦᠲᠡᠨ ᠤ ᠭᠠᠷ ᠤᠷᠠᠯᠠᠯ ᠤᠨ ᠦᠢᠯᠡᠰ ᠤᠨ ᠭᠠᠵᠠᠷ ᠵᠦᠢ ᠶᠢᠨ ᠰᠢᠨᠵᠢ ᠲᠡᠮᠳᠡᠭ | ᠪᠦᠬᠦᠢ ᠨᠡᠷᠡᠳᠤ ᠲᠡᠮᠳᠡᠭ ᠤᠨ ᠨᠡᠷ᠎ᠡ ᠨᠦᠯᠦᠭᠡ ᠶᠢ ᠦᠷᠭᠦᠯᠵᠢᠯᠡᠩᠭᠦᠢ ᠳᠡᠭᠡᠭᠰᠢᠯᠡᠭᠦᠯᠦᠨ᠂ ᠣᠷᠤᠨ ᠨᠤᠲᠤᠭ ᠤᠨ ᠣᠨᠴᠠᠯᠢᠭᠲᠤ ᠲᠠᠸᠠᠷ ᠤᠨ ᠰᠢᠯᠢᠳᠡᠭ ᠴᠢᠨᠠᠷ | ᠰᠢᠯᠢᠳᠡᠭ ᠬᠠᠩᠰᠢ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠣᠷᠤᠨ ᠨᠤᠲᠤᠭ ᠤᠨ ᠰᠦ ᠮᠢᠬᠠᠨ ᠤ ᠲᠠᠸᠠᠷ ᠤᠨ ᠲᠦᠷᠦᠯ ᠲᠡᠮᠳᠡᠭ ᠤᠨ ᠦᠨ᠎ᠠ ᠥᠷᠳᠡᠭ ᠢ | ᠦᠷᠭᠦᠯᠵᠢᠯᠡᠨ ᠳᠡᠭᠡᠭᠰᠢᠯᠡᠭᠦᠯᠵᠤ᠂ 3000 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠰᠠᠭᠤᠷᠢᠨ | ᠭᠠᠵᠠᠷ ︵ᠬᠤᠶᠠᠳᠤᠭᠠᠷ ᠬᠤᠭᠤᠴᠠᠭ᠎ᠠ︶ ᠤᠨ ᠪᠠᠶᠢᠭᠤᠯᠤᠯᠲᠠ ᠶᠢ ᠲᠦᠷᠭᠡᠳᠭᠡᠨ᠂ ᠨᠤᠲᠤᠭᠰᠢᠬᠤ ᠠᠵᠤ ᠠᠬᠤᠶᠢᠯᠠᠯ ᠪᠠ ᠰᠦ ᠮᠢᠬᠠᠨ ᠤ ᠦᠭᠡᠷ ᠤᠨ | ᠪᠠᠷᠢᠮᠵᠢᠶᠠᠵᠢᠭᠤᠯᠤᠭᠰᠠᠨ ᠳᠡᠵᠢᠭᠡᠪᠦᠷᠢ ᠶᠢᠨ ᠰᠠᠭᠤᠷᠢᠨ ᠭᠠᠵᠠᠷ ᠤᠨ ᠵᠣᠯᠭᠠᠭᠤᠯᠤᠯᠲᠠ ᠶᠢ ᠲᠡᠮᠵᠢᠵᠤ᠂ ᠨᠡᠶᠢᠭᠡᠮ ᠤᠨ ᠬᠠᠷᠢᠯᠴᠠᠭᠠᠨ ᠤ ᠡᠯᠧᠺᠲᠷᠤᠨ ᠬᠤᠳᠠᠯᠳᠤᠭ᠎ᠠ᠂ | ᠣᠬᠤᠷ ᠹᠢᠯᠢᠮ ᠵᠡᠷᠭᠡ ᠰᠢᠨ᠎ᠠ ᠬᠡᠯᠪᠡᠷᠢ ᠶᠢᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠡᠯᠪᠡᠷᠢ ᠪᠠᠷ ᠳᠠᠮᠵᠢᠭᠤᠯᠤᠨ᠂ ᠮᠠᠯᠴᠢᠳ ᠤᠨ ᠣᠷᠤᠯᠭ᠎ᠠ ᠪᠠᠨ | ᠨᠡᠮᠡᠭᠳᠡᠭᠦᠯᠵᠤ ᠴᠢᠨᠡᠭᠡᠯᠢᠭᠵᠢᠬᠦ ᠶᠢ ᠳᠠᠶᠢᠴᠢᠯᠠᠨ᠎ᠠ᠃ | ︵ᠭᠤᠷᠪᠠ︶ ᠡᠭᠦᠳᠦᠨ ᠰᠢᠨᠡᠴᠢᠯᠡᠵᠤ ᠬᠦᠭᠵᠢᠭᠦᠯᠬᠦ ᠪᠠᠷ ᠬᠦᠳᠡᠯᠭᠡᠭᠴᠢ ᠬᠦᠴᠦᠨ ᠪᠣᠯᠭᠠᠨ᠂ ᠪᠣᠭᠤᠮᠳᠠ ᠪᠠ ᠬᠤᠳᠠ ᠪᠠᠯᠭᠠᠰᠤ ᠬᠤᠯᠪᠤᠭᠠᠯᠠᠨ ᠬᠦᠳᠡᠯᠦᠯᠴᠡᠬᠦ | ᠬᠦᠭᠵᠢᠯᠲᠡ ᠶᠢ ᠠᠬᠢᠭᠤᠯᠤᠨ᠎ᠠ | ᠪᠦᠬᠦ ᠣᠷᠤᠨ ᠤ ᠭᠤᠤᠯᠳᠠᠯᠠᠭᠠᠲᠤ ᠪᠣᠭᠤᠮᠳᠠ ᠶᠢ ᠬᠦᠴᠦᠯᠡᠨ ᠪᠠᠶᠢᠭᠤᠯᠤᠨ᠎ᠠ᠃ ᠨᠡᠭᠦᠷᠡᠰᠤ᠂ ᠴᠢᠯᠠᠭᠤᠨ ᠲᠤᠰᠤ ︽ᠬᠤᠶᠠᠷ ᠴᠦᠮ᠎ᠡ︾ ᠬᠦᠳᠡᠯᠭᠡᠭᠦᠷ ᠤᠨ | ᠡᠬᠢ ᠪᠠᠶᠠᠯᠢᠭ ᠤᠨ ᠬᠡᠯᠪᠡᠷᠢᠲᠤ ᠪᠣᠭᠤᠮᠳᠠ ᠶᠢ ᠡᠭᠦᠳᠦᠨ ᠪᠠᠶᠢᠭᠤᠯᠵᠤ᠂ 4.5 ᠲᠦᠮᠡᠨ ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠭᠠᠳᠠᠭᠠᠳᠤ ᠠᠴᠠ | ᠣᠷᠤᠭᠤᠯᠬᠤ ᠠᠭᠤᠷᠬᠠᠢ ᠶᠢᠨ ᠡᠬᠢ ᠪᠠᠶᠠᠯᠢᠭ ᠤᠨ ᠬᠢᠨᠠᠨ ᠬᠠᠮᠢᠶᠠᠷᠤᠯᠲᠠ ᠶᠢᠨ ᠲᠣᠭᠤᠷᠢᠭ ᠢ ᠭᠤᠣᠯᠳᠠᠯᠭ᠎ᠠ ᠲᠠᠢ ᠳᠠᠭᠤᠰᠬᠠᠨ᠂ ᠳ᠋ᠠᠴᠢᠩ ᠤᠨ ᠲᠠᠮᠴᠤᠭ ᠤᠨ | ᠬᠢᠵᠠᠭᠠᠷᠳᠤ ᠺᠣᠮᠫᠠᠨᠢ ᠶᠢᠨ ᠪᠡᠯᠡ ᠣᠷᠤᠭᠤᠯᠤᠨ ᠪᠦᠲᠦᠭᠡᠨ ᠪᠠᠶᠢᠭᠤᠯᠬᠤ 5 ᠲᠦᠮᠡᠨ ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠪᠠᠷᠠᠭᠠᠨ ᠤ ᠭᠦᠢᠯᠭᠡᠭᠡᠨ ᠤ | ᠰᠠᠭᠤᠷᠢᠨ ᠭᠠᠵᠠᠷ ᠢ ᠳᠡᠮᠵᠢᠵᠤ᠂ ᠠᠮᠤ ᠪᠣᠳᠠᠭᠠᠨ ᠤ ᠬᠢᠨᠠᠨ ᠬᠠᠮᠢᠶᠠᠷᠤᠯᠲᠠ ᠶᠢᠨ ᠳᠠᠯᠠᠪᠤᠷ ᠤᠨ ᠲᠦᠷᠦᠯ ᠵᠦᠢᠯ ᠢ ᠢᠳᠡᠪᠬᠢᠲᠡᠢ ᠭᠤᠶᠤᠴᠢᠯᠠᠨ᠂ ︽ᠲᠦᠬᠦᠭᠡᠢ | ᠲᠤᠰᠤᠨ ᠤ ᠠᠴᠢᠶᠠᠨ ᠤ ᠲᠡᠷᠭᠡ ᠴᠢᠷᠦᠬᠦᠯ ᠲᠡᠭᠡᠭᠡᠪᠦᠷᠢᠲᠦ︾ ᠪᠣᠭᠤᠮᠳᠠ ᠨᠡᠪᠲᠡᠷᠡᠬᠦ ᠬᠡᠯᠪᠡᠷᠢ ᠶᠢ ᠦᠷᠭᠦᠯᠵᠢᠯᠡᠨ ᠳᠡᠯᠭᠡᠷᠡᠭᠦᠯᠵᠤ᠂ ᠰᠢᠯᠭᠠᠨ ᠪᠠᠶᠢᠴᠠᠭᠠᠬᠤ ᠬᠢᠵᠢᠭ ᠢ | ᠪᠠᠶᠢᠴᠠᠭᠠᠬᠤ ᠬᠢᠨᠠᠨ ᠬᠠᠮᠢᠶᠠᠷᠤᠯᠲᠠ ᠪᠠ ᠬᠢᠵᠢᠭ ᠢ ᠰᠡᠷᠭᠡᠶᠢᠯᠡᠨ ᠡᠵᠡᠮᠳᠡᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠦᠨ᠂ ᠮᠣᠩᠭᠤᠯ ᠤᠯᠤᠰ ᠠᠴᠠ ᠴᠢᠯᠠᠭᠤᠨ | ᠲᠤᠰᠤ ᠣᠷᠤᠭᠤᠯᠬᠤ ᠪᠠᠶᠢᠯᠳᠤᠬᠤ ᠪᠣᠳᠤᠯᠭ᠎ᠠ ᠶᠢᠨ ᠪᠠᠷᠠᠭᠠᠨ ᠤ ᠨᠡᠪᠲᠡᠷᠡᠯ ᠤᠨ ᠪᠠᠶᠢᠷᠢ ᠰᠠᠭᠤᠷᠢ ᠶᠢ ᠪᠠᠲᠤᠳᠬᠠᠵᠤ᠂ ᠴᠢᠯᠠᠭᠤᠨ ᠲᠤᠰᠤ ᠦᠩᠭᠡᠷᠡᠭᠦᠯᠬᠦ ᠬᠡᠮᠵᠢᠶ᠎ᠡ ᠶᠢ | 50 ᠲᠦᠮᠡᠨ ᠲᠣᠨ ᠢ ᠰᠢᠪᠲᠤᠯᠬᠤ ᠪᠠᠷ ᠴᠢᠷᠮᠠᠶᠢᠨ᠂ ᠨᠡᠭᠦᠷᠡᠰᠤᠨ ᠤ ᠡᠬᠢ ᠪᠠᠶᠠᠯᠢᠭ ᠣᠷᠤᠭᠤᠯᠬᠤ ᠬᠦᠴᠢᠷᠳᠡᠯ ᠢ ᠡᠪᠳᠡᠬᠦ ᠪᠠᠷ ᠴᠢᠷᠮᠠᠶᠢᠨ᠎ᠠ᠃ | ᠬᠠᠮᠤᠭ ᠤᠨ ᠭᠤᠶᠢᠳᠠ ᠪᠣᠭᠤᠮᠳᠠ ᠶᠢᠨ ᠲᠦᠪ ᠪᠠᠯᠭᠠᠰᠤ ᠶᠢ ᠪᠠᠶᠢᠭᠤᠯᠬᠤ ᠪᠠᠷ ᠴᠢᠷᠮᠠᠶᠢᠨ᠎ᠠ᠃ ᠬᠦᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ | ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠬᠤᠳᠠ ᠪᠠᠯᠭᠠᠰᠤ ᠶᠢᠨ ᠬᠠᠮᠢᠶᠠᠷᠤᠯᠲᠠ ᠶᠢ ᠴᠢᠩᠭᠠᠳᠬᠠᠨ᠂ ᠬᠤᠳᠠ ᠪᠠᠯᠭᠠᠰᠤ ᠶᠢᠨ ᠨᠢᠭᠤᠷ | ᠲᠦᠷᠰᠤ ᠶᠢ ᠰᠠᠶᠢᠵᠢᠷᠠᠭᠤᠯᠵᠤ᠂ ᠬᠤᠳᠠ ᠪᠠᠯᠭᠠᠰᠤ ᠶᠢᠨ ᠴᠢᠨᠠᠷ ᠢ ᠳᠡᠭᠡᠭᠰᠢᠯᠡᠭᠦᠯᠦᠨ᠂ ᠰᠠᠭᠤᠭᠠᠯᠢ ᠠᠷᠠᠳ ᠣᠯᠠᠨ ᠤ ᠠᠮᠢᠳᠤᠷᠠᠯ ᠢ ᠨᠡᠩ ᠳᠦᠭᠦᠮ᠂ ᠨᠡᠩ | ᠳᠠᠭᠠᠯᠠᠮᠵᠢᠲᠠᠢ᠂ ᠨᠡᠩ ᠵᠣᠯ ᠵᠢᠷᠭᠠᠯᠲᠠᠢ ᠪᠣᠯᠭᠠᠬᠤ ᠪᠠᠷ ᠴᠢᠷᠮᠠᠶᠢᠨ᠎ᠠ᠃ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠠᠬᠢᠴᠠ ᠶᠢ ᠲᠦᠷᠭᠡᠳᠭᠡᠨ᠂ ︽ᠰᠢᠨ᠎ᠠ | ᠪᠠᠷᠭᠤ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠤᠢ ᠶᠢᠨ ᠣᠷᠤᠨ ᠵᠠᠢ ᠶᠢᠨ ᠶᠡᠷᠦᠩᠬᠡᠢ ᠴᠣᠭᠴᠠᠲᠤ ᠲᠦᠯᠦᠪᠵᠢᠭᠦᠯᠭᠡ︾ ᠶᠢᠨ ᠦᠷ᠎ᠡ ᠪᠦᠲᠦᠭᠡᠯ ᠤᠨ | ᠬᠡᠷᠡᠭᠯᠡᠯᠲᠡ ᠶᠢ ᠲᠣᠪᠣᠶᠢᠯᠭᠠᠵᠤ᠂ ᠬᠤᠳᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠣᠷᠤᠨ ᠵᠠᠢ ᠶᠢᠨ ᠳᠠᠯ᠎ᠠ ᠪᠠᠷ ᠦᠢᠯᠡᠳᠪᠦᠷᠢᠯᠡᠯ ᠬᠤᠳᠠ ᠶᠢ ᠨᠢᠭᠡ | ᠴᠤᠭᠴᠠᠵᠢᠭᠤᠯᠬᠤ᠂ ᠡᠭᠦᠷᠭᠡ ᠴᠢᠳᠠᠪᠬᠢ ᠶᠢᠨ ᠳᠠᠯ᠎ᠠ ᠪᠠᠷ ᠣᠷᠤᠨ ᠲᠣᠭᠤᠷᠢᠭ ᠢ ᠵᠣᠬᠢᠰᠲᠠᠢ ᠬᠤᠪᠢᠶᠠᠷᠢᠯᠠᠬᠤ᠂ ᠠᠵᠤ ᠦᠢᠯᠡᠰ ᠤᠨ ᠳᠠᠯ᠎ᠠ ᠪᠠᠷ ᠤᠷᠭᠠᠨᠢᠭ | ᠠᠭᠤᠰᠤᠯᠴᠠᠭᠤᠯᠬᠤ ᠶᠢ ᠬᠦᠴᠦᠯᠡᠨ ᠠᠬᠢᠭᠤᠯᠵᠤ᠂ ᠠᠮᠤᠭᠤᠯᠠᠩ ᠪᠠᠯᠭᠠᠰᠤ ᠶᠢ ᠰᠠᠭᠤᠬᠤ ᠠᠵᠢᠯᠯᠠᠬᠤ ᠵᠣᠭᠠᠴᠠᠬᠤ ᠳᠤ ᠲᠣᠬᠢᠷᠠᠮᠵᠢᠲᠠᠢ ᠣᠳᠤᠬᠢᠴᠢᠯᠠᠭᠰᠠᠨ ᠪᠣᠭᠤᠮᠳᠠ | ᠶᠢᠨ ᠪᠠᠯᠭᠠᠰᠤ ᠪᠣᠯᠭᠠᠨ ᠪᠦᠲᠦᠭᠡᠨ ᠪᠠᠶᠢᠭᠤᠯᠤᠨ᠎ᠠ᠃ ᠬᠤᠳᠠ ᠶᠢᠨ ᠰᠢᠨᠡᠴᠢᠯᠡᠯᠲᠡ ᠶᠢᠨ ᠬᠦᠳᠡᠯᠭᠡᠭᠡᠨ ᠦᠷᠨᠢᠭᠦᠯᠦᠨ᠂ ᠠᠮᠤᠭᠤᠯᠠᠩ ᠵᠠᠮ᠂ ᠷᠠᠰᠢᠶᠠᠨ ᠵᠡᠭᠡᠯᠢ᠂ | ᠭᠠᠨᠵᠤᠤᠷ ᠵᠡᠭᠡᠯᠢ᠂ ᠰᠢᠭᠤᠶᠢᠲᠤ ᠵᠡᠭᠡᠯᠢ᠂ ᠪᠣᠯᠠᠭ ᠵᠡᠭᠡᠯᠢ ᠳᠤ ᠲᠤᠰᠤᠨ ᠵᠠᠮ ᠤᠨ ᠭᠠᠳᠠᠷᠭᠤ ᠶᠢ 9159 ᠮᠧᠲᠷ᠂ 10.3 ᠲᠦᠮᠡᠨ ᠬᠠᠪᠳᠠᠭᠠᠢ ᠳᠦᠷᠪᠡᠯᠵᠢᠨ | ᠮᠧᠲᠷ ᠴᠠᠷᠳᠠᠵᠤ᠂ 213 ᠵᠠᠮ ᠤᠨ ᠳ᠋ᠧᠩ ᠢ ᠢᠵᠢ ᠪᠦᠷᠢᠳᠦᠭᠦᠯᠦᠨ ᠨᠡᠮᠡᠨ᠎ᠠ᠃ ᠰᠢᠭᠤᠶᠢᠲᠤ ᠵᠡᠭᠡᠯᠢ᠂ ᠰᠢᠯᠢᠨ ᠵᠡᠭᠡᠯᠢ᠂ ᠷᠠᠰᠢᠶᠠᠨ ᠵᠡᠭᠡᠯᠢ᠂ ᠪᠣᠯᠠᠭ ᠵᠡᠭᠡᠯᠢ᠂ | ᠬᠦᠭᠵᠢᠯ ᠵᠡᠭᠡᠯᠢ ᠶᠢᠨ ᠶᠠᠪᠠᠭᠠᠨ ᠵᠠᠮ ᠢ 2.8 ᠲᠦᠮᠡᠨ ᠬᠠᠪᠳᠠᠭᠠᠢ ᠳᠦᠷᠪᠡᠯᠵᠢᠨ ᠮᠧᠲᠷ ᠦᠭᠡᠷᠡᠴᠢᠯᠡᠨ᠂ ᠪᠣᠷᠤᠭᠠᠨ ᠤ ᠤᠰᠤ ᠭᠠᠳᠠᠭᠰᠢᠯᠠᠭᠤᠯᠬᠤ ᠬᠤᠭᠤᠯᠠᠢ | ᠲᠣᠣᠷ ᠢ 4.7 ᠺᠢᠯᠤᠮᠧᠲᠷ ᠢᠵᠢ ᠪᠦᠷᠢᠳᠦᠭᠦᠯᠦᠨ ᠳᠡᠪᠢᠰᠦᠨᠠ᠃ ᠪᠠᠷᠭᠤ ᠵᠠᠮ ᠤᠨ ᠤᠰᠤ ᠬᠠᠩᠭᠠᠬᠤ ᠬᠤᠭᠤᠯᠠᠢ ᠲᠣᠣᠷ ᠢ 3.3 ᠺᠢᠯᠤᠮᠧᠲᠷ ᠦᠭᠡᠷᠡᠴᠢᠯᠡᠵᠤ᠂ | ᠪᠡᠯᠡᠳᠭᠡᠯ ᠬᠡᠷᠡᠭᠯᠡᠭᠡᠨ ᠤ ᠤᠰᠤᠨ ᠤ ᠰᠤᠷᠪᠤᠯᠵᠢ ᠶᠢᠨ ᠬᠤᠳᠳᠤᠭ ᠪᠠ ᠹᠯᠤᠷ ᠠᠷᠢᠯᠭᠠᠬᠤ ᠲᠦᠬᠦᠬᠡᠷᠦᠮᠵᠢ ᠶᠢ ᠢᠵᠢ ᠪᠦᠷᠢᠳᠦᠭᠦᠯᠦᠨ ᠨᠡᠮᠡᠨ᠎ᠠ᠃ ᠢᠯᠴᠢ ᠶᠢᠨ ᠡᠬᠢ | ᠶᠢᠨ ᠦᠢᠯᠡᠳᠪᠦᠷᠢ ᠶᠢᠨ ᠦᠷᠭᠡᠳᠭᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠦᠨ᠂ 65 ᠲᠣᠨ ᠰᠢᠳᠠᠭᠠᠯᠠᠭ᠎ᠠ ᠶᠢᠨ ᠨᠡᠭᠦᠷᠡᠰᠤᠨ ᠤ ᠵᠣᠤᠬ᠎ᠠ ᠶᠢ ᠬᠤᠶᠠᠷ ᠰᠠᠤᠷᠢ | ᠪᠠᠶᠢᠭᠤᠯᠤᠨ᠎ᠠ᠃ 6 ᠬᠠᠭᠤᠴᠢᠨ ᠰᠠᠭᠤᠭᠠᠯᠢ ᠲᠣᠭᠤᠷᠢᠭ ᠤᠨ ᠨᠡᠶᠢᠲᠡ 2.72 ᠲᠦᠮᠡᠨ ᠬᠠᠪᠳᠠᠭᠠᠢ ᠳᠦᠷᠪᠡᠯᠵᠢᠨ ᠮᠧᠲᠷ ᠳᠠᠯᠠᠪᠠᠢ ᠲᠠᠢ 7 ᠠᠰᠠᠷ ᠢ ᠦᠭᠡᠷᠡᠴᠢᠯᠡᠨ | ᠪᠠᠶᠢᠭᠤᠯᠵᠤ᠂ ᠰᠠᠭᠤᠭᠠᠯᠢ ᠲᠣᠭᠤᠷᠢᠭ ᠤᠨ ᠲᠤᠳᠤᠨ᠎ᠠ ᠭᠠᠳᠠᠨᠠᠬᠢ ᠬᠤᠭᠤᠯᠠᠢ ᠲᠣᠣᠷ᠂ ᠬᠤᠳᠠ ᠶᠢᠨ ᠶᠠᠪᠤᠳᠠᠯ ᠤᠨ ᠵᠠᠮ ᠢ ᠢᠵᠢ ᠪᠦᠷᠢᠳᠦᠭᠦᠯᠦᠨ ᠳᠡᠰ | ᠳᠡᠪᠰᠢᠭᠦᠯᠵᠤ᠂ ᠠᠮᠤᠭᠤᠯᠠᠩ ᠪᠠᠯᠭᠠᠰᠤᠨ ᠤ ᠬᠦᠯ ᠪᠦᠮᠪᠦᠭᠡᠨ ᠤ ᠳᠠᠯᠠᠪᠤᠷ ᠢ ᠰᠢᠨ᠎ᠠ ᠪᠠᠷ 1500 ᠬᠠᠪᠳᠠᠭᠠᠢ ᠳᠦᠷᠪᠡᠯᠵᠢᠨ ᠮᠧᠲᠷ ᠪᠠᠶᠢᠭᠤᠯᠤᠨ᠎ᠠ᠃ ᠬᠤᠳᠠ ᠶᠢᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠤ᠂ ᠬᠤᠭᠤᠯᠠ ᠤᠮᠳᠠᠭᠠᠨ ᠤ ᠲᠤᠰᠤ ᠣᠳᠤᠭ᠎ᠠ᠂ ᠵᠠᠮᠪᠠᠷᠠᠭ᠎ᠠ ᠦᠭᠡᠢ ᠲᠡᠷᠭᠡᠨ ᠵᠣᠭᠰᠤᠭᠠᠯ᠂ ᠳᠠᠭᠤ | ᠱᠤᠤᠬᠢᠶᠠᠨ ᠤ ᠪᠣᠬᠢᠷᠳᠤᠯ᠂ ᠪᠣᠯᠪᠠᠰᠤᠨ ᠪᠣᠰᠤ ᠪᠠᠷ ᠨᠤᠬᠠᠢ ᠲᠡᠵᠢᠬᠡᠬᠦ ᠶᠢ ᠬᠤᠷᠢᠭᠯᠠᠬᠤ ᠵᠡᠷᠭᠡ ᠬᠤᠳᠠ ᠶᠢᠨ ᠲᠦᠷᠬᠦ ᠣᠷᠴᠢᠨ ᠲᠣᠭᠤᠷᠢᠨ ᠤ ᠵᠠᠰᠠᠯᠲᠠ ᠶᠢᠨ | ᠬᠦᠳᠡᠯᠭᠡᠭᠡᠨ ᠦᠷᠨᠢᠭᠦᠯᠦᠨ᠎ᠠ᠃ ᠳᠤᠷ᠎ᠠ ᠪᠠᠷ ᠢᠶᠠᠨ ᠪᠠᠶᠢᠭᠤᠯᠬᠤ᠂ ᠳᠡᠯᠭᠡᠭᠦᠷ ᠤᠨ ᠭᠠᠳᠠᠨ᠎ᠠ ᠡᠵᠡᠩᠨᠡᠬᠦ ᠵᠡᠷᠭᠡ ᠦᠵᠡᠭᠳᠡᠯ ᠢ ᠵᠠᠰᠠᠨ ᠴᠡᠭᠴᠡᠯᠡᠬᠦ ᠬᠦᠴᠦᠯᠡᠴᠡ ᠪᠠᠨ | ᠦᠷᠭᠦᠯᠵᠢᠯᠡᠨ ᠨᠡᠮᠡᠭᠳᠡᠭᠦᠯᠦᠨ᠎ᠠ᠃ ᠬᠤᠳᠠ ᠶᠢᠨ ᠶᠠᠪᠤᠳᠠᠯ ᠤᠨ ᠴᠡᠴᠡᠷᠯᠢᠭ᠂ ᠪᠠᠷᠢᠯᠭ᠎ᠠ ᠶᠢᠨ ᠭᠠᠵᠠᠷ᠂ ᠭᠠᠵᠠᠷ ᠳᠣᠣᠷᠠᠬᠢ ᠬᠤᠭᠤᠯᠠᠢ ᠱᠤᠭᠤᠮ᠂ ᠭᠡᠷ ᠤᠨ ᠭᠠᠳᠠᠨᠠᠬᠢ | ᠵᠠᠷ ᠮᠡᠳᠡᠭᠡᠨ ᠤ ᠬᠠᠮᠢᠶᠠᠷᠤᠯᠲᠠ ᠶᠢ ᠴᠢᠩᠭᠠᠳᠬᠠᠨ᠎ᠠ᠃ ︽ᠡᠭᠦᠳᠡᠨ ᠡᠮᠦᠨᠡᠬᠢ ᠳᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠤᠨ᠂ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠣᠭᠤᠷᠢᠭ ᠤᠨ ᠡᠳᠦᠷ ᠲᠣᠳᠤᠮ ᠤᠨ ᠬᠠᠮᠢᠶᠠᠷᠤᠯᠲᠠ ᠪᠠ ᠠᠳᠠᠯ ᠠᠬᠤᠢ ᠶᠢᠨ ᠬᠠᠮᠢᠶᠠᠷᠤᠯᠲᠠ | ᠶᠢ ᠳᠦᠷᠢᠮᠵᠢᠭᠦᠯᠵᠤ᠂ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠲᠠᠢ ᠤᠶᠠᠯᠳᠤᠭᠤᠯᠤᠨ ᠤᠯᠤᠰ ᠢᠶᠠᠨ ᠬᠠᠶᠢᠷᠠᠯᠠᠬᠤ | ᠠᠷᠢᠭᠤᠨ ᠴᠡᠪᠡᠷ ᠤᠨ ᠬᠦᠳᠡᠯᠭᠡᠭᠡᠨ ᠢ ᠦᠷᠭᠦᠯᠵᠢᠯᠡᠩᠭᠦᠢ ᠦᠷᠨᠢᠭᠦᠯᠦᠨ᠂ ᠪᠠᠯᠭᠠᠰᠤᠨ ᠤ ᠲᠣᠭᠤᠷᠢᠭ ᠤᠨ ᠪᠦᠬᠦᠶᠢᠯᠡ ᠲᠦᠷᠢ ᠲᠦᠷᠬᠦ ᠶᠢ ᠪᠦᠬᠦ ᠳᠠᠯ᠎ᠠ ᠪᠠᠷ | ᠳᠡᠭᠡᠭᠰᠢᠯᠡᠭᠦᠯᠦᠨ᠎ᠠ᠃ | ᠪᠣᠶᠢᠵᠢᠯᠲᠠ ᠶᠢᠨ ᠬᠦᠴᠦᠨ ᠢᠶᠠᠷ ᠬᠠᠮᠤᠭ ᠤᠨ ᠴᠢᠩᠭ᠎ᠠ ᠣᠯᠠᠨ ᠤᠯᠤᠰ ᠤᠨ ᠠᠷᠠᠯᠵᠢᠶᠠᠨ ᠤ ᠬᠤᠳᠠ ᠪᠠᠯᠭᠠᠰᠤ ᠶᠢ ᠬᠦᠴᠦᠯᠡᠨ ᠪᠣᠶᠢᠵᠢᠭᠤᠯᠤᠨ᠎ᠠ᠃ | ᠠᠮᠤᠭᠤᠯᠠᠩ ᠪᠠᠯᠭᠠᠰᠤ ᠪᠣᠭᠤᠮᠳᠠ ᠶᠢᠨ ᠣᠯᠠᠨ ᠤᠯᠤᠰ ᠤᠨ ᠠᠷᠠᠯᠵᠢᠶᠠᠨ ᠤ ᠦᠢᠯᠡᠴᠢᠯᠡᠬᠡᠨ ᠳᠤ ᠰᠠᠭᠤᠷᠢᠯᠠᠨ᠂ ᠤᠯᠠᠨ ᠤᠯᠤᠰ ᠤᠨ ᠠᠷᠠᠯᠵᠢᠶ᠎ᠠ᠂ ᠪᠠᠷᠠᠭᠠᠨ ᠤ | ᠭᠦᠢᠯᠭᠡᠭᠡ᠂ ᠬᠤᠷᠠᠯ ᠴᠤᠭᠯᠠᠭᠠᠨ ᠳᠡᠯᠭᠡᠨ ᠦᠵᠡᠭᠦᠯᠦᠯᠭᠡ ᠵᠡᠷᠭᠡ ᠠᠯᠢ ᠣᠯᠠᠨ ᠬᠤᠳᠠᠯᠳᠤᠭᠠᠨ ᠤ ᠶᠠᠪᠤᠳᠠᠯ ᠤᠨ ᠰᠣᠯᠢᠯᠴᠠᠭ᠎ᠠ ᠶᠢ ᠢᠳᠡᠪᠬᠢᠲᠡᠢ ᠳᠠᠭᠠᠭᠠᠴᠢᠯᠠᠵᠤ᠂ | ᠨᠡᠭᠦᠷᠡᠰᠤ᠂ ᠳᠡᠵᠢᠭᠡᠯ ᠪᠣᠷᠳᠤᠭ᠎ᠠ᠂ ᠠᠮᠤ ᠪᠣᠳᠠᠭ᠎ᠠ ᠪᠠᠷ ᠭᠤᠣᠯᠳᠠᠯᠭ᠎ᠠ ᠪᠣᠯᠭᠠᠭᠰᠠᠨ ᠦᠢᠯᠡᠳᠪᠦᠷᠢᠯᠡᠯ᠂ ᠪᠠᠷᠠᠭᠠᠨ ᠤ ᠭᠦᠢᠯᠭᠡᠭᠡ᠂ ᠬᠤᠳᠠᠯᠳᠤᠭᠠᠨ ᠤ ᠦᠢᠯᠡᠴᠢᠯᠡᠭᠡ᠂ | ᠠᠷᠢᠬᠢᠨ ᠮᠤᠬᠤᠯᠠᠭ ᠵᠡᠷᠭᠡ ᠲᠤᠮᠤ ᠴᠢᠬᠤᠯᠠ ᠲᠦᠷᠦᠯ ᠵᠦᠢᠯ ᠢ ᠲᠦᠷᠭᠡᠳᠭᠡᠨ ᠰᠡᠳᠤᠵᠤ᠂ ︽ᠣᠯᠠᠨ ᠤᠯᠤᠰ ᠤᠨ ᠠᠷᠠᠯᠵᠢᠶ᠎ᠠ + ᠨᠤᠲᠤᠭᠰᠢᠬᠤ ᠦᠢᠯᠡᠳᠪᠦᠷᠢᠯᠡᠯ | + ᠠᠷᠠᠯᠵᠢᠶ᠎ᠠ ᠪᠠᠷᠠᠭᠠᠨ ᠤ ᠭᠦᠢᠯᠭᠡᠭᠡ︾ ᠶᠢᠨ ᠰᠢᠨ᠎ᠠ ᠬᠡᠯᠪᠡᠷᠢ ᠶᠢᠨ ︽ᠤᠭᠤᠷᠴᠠᠭ ᠬᠠᠷᠢᠶ᠎ᠠ ᠭᠠᠵᠠᠷ ᠤᠨ ᠠᠵᠤ ᠠᠬᠤᠢ︾ ᠶᠢᠨ ᠳᠠᠭᠤᠷᠢᠶᠠᠯᠠᠨ ᠳᠠᠶᠢᠴᠢᠯᠠᠬᠤ | ᠬᠡᠯᠪᠡᠷᠢ ᠶᠢ ᠪᠦᠷᠢᠯᠳᠦᠭᠦᠯᠦᠨ᠎ᠠ᠃ ᠣᠯᠠᠨ ᠣᠯᠤᠰ ᠤᠨ ᠰᠣᠶᠤᠯ ᠠᠵᠤ ᠠᠬᠤᠢ ᠠᠷᠠᠯᠵᠢᠶᠠᠨ ᠤ ᠬᠠᠮᠳᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠬᠤ ᠶᠢ | ᠴᠢᠬᠤᠯᠠᠴᠢᠯᠠᠨ᠂ ᠳᠡᠯᠡᠭᠡᠶᠢᠵᠢᠯᠲᠡ ᠪᠠᠷ ᠪᠠᠷᠢᠮᠵᠢᠶ᠎ᠠ ᠪᠣᠯᠭᠠᠨ᠂ ᠪᠣᠭᠤᠮᠳᠠ ᠶᠢᠨ ᠪᠠᠯᠭᠠᠰᠤ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠤ | ᠂ ︽ᠳᠤᠮᠳᠠᠳᠤ ᠣᠷᠤᠰ ᠮᠣᠩᠭᠤᠯ ᠤᠨ ᠪᠣᠭᠤᠮᠳᠠ ᠶᠢᠨ ᠠᠷᠠᠯᠵᠢᠶᠠᠨ ᠤ ᠳᠡᠯᠭᠡᠨ ᠦᠵᠡᠭᠦᠯᠦᠯᠭᠡ︾᠂ ᠶᠢᠰᠦᠳᠦᠭᠡᠷ ᠬᠤᠭᠤᠴᠠᠭᠠᠨ ᠤ ︽ᠪᠠᠽᠠᠷᠭᠠᠨᠳ᠋︾ | ᠬᠤᠨᠳᠠᠭᠠᠳᠤ ᠳᠤᠮᠳᠠᠳᠤ ᠣᠷᠤᠰ ᠮᠣᠩᠭᠤᠯ ᠤᠨ ᠵᠠᠯᠠᠭᠤ ᠪᠠᠭᠠᠴᠤᠳ ᠤᠨ ᠰᠣᠩᠭᠤᠳᠠᠭ ᠪᠦᠭᠡ ᠶᠢᠨ ᠣᠷᠢᠯᠭ᠎ᠠ ᠶᠢᠨ ᠣᠷᠤᠯᠳᠤᠭᠠᠨ ᠵᠡᠷᠭᠡ ᠣᠯᠠᠨ ᠤᠯᠤᠰ ᠤᠨ | ᠠᠷᠠᠯᠵᠢᠶ᠎ᠠ ᠰᠣᠶᠤᠯ ᠤᠨ ᠰᠢᠷᠢᠰ ᠬᠦᠳᠡᠯᠭᠡᠭᠡᠨ ᠢ ᠰᠠᠶᠢᠲᠤᠷ ᠡᠷᠬᠢᠯᠡᠨ᠎ᠠ᠃ | ︵ᠳᠦᠷᠪᠡ︶ ᠰᠣᠶᠤᠯ ᠵᠢᠭᠤᠯᠴᠢᠯᠠᠯ ᠤᠨ ᠠᠵᠤ ᠦᠢᠯᠡᠰ ᠢᠶᠠᠷ ᠵᠢᠯᠤᠭᠤᠳᠤᠭᠤᠯᠵᠤ᠂ ᠬᠦᠳᠡᠭᠡ ᠨᠤᠲᠤᠭ ᠤᠨ ᠴᠡᠴᠡᠭᠯᠡᠯᠲᠡ ᠶᠢ ᠲᠦᠷᠭᠡᠳᠭᠡᠨ᠎ᠠ | ᠬᠦᠳᠡᠭᠡ ᠨᠤᠲᠤᠭ ᠤᠨ ᠵᠢᠭᠤᠯᠴᠢᠯᠠᠯ ᠤᠨ ᠰᠢᠯᠢᠳᠡᠭ ᠰᠢᠨ᠎ᠠ ᠦᠵᠡᠮᠵᠢᠲᠤ ᠣᠷᠤᠨ ᠢ ᠪᠠᠶᠢᠭᠤᠯᠤᠨ᠎ᠠ᠃ ᠦᠵᠡᠮᠵᠢᠲᠤ ᠣᠷᠤᠨ ᠤ ᠲᠤᠰ ᠪᠡᠶ᠎ᠡ ᠶᠢᠨ ᠳᠠᠪᠠᠭᠤᠯᠢᠭ | ᠪᠠ ᠣᠨᠴᠠᠯᠢᠭ ᠲᠤ ᠰᠠᠭᠤᠷᠢᠯᠠᠨ᠂ ᠦᠵᠡᠮᠵᠢᠲᠤ ᠣᠷᠤᠨ ᠤ ᠲᠦᠷᠦᠯ ᠵᠦᠢᠯ ᠳᠤ ᠰᠢᠨ᠎ᠠ ᠠᠭᠤᠯᠬᠤᠨ᠂ ᠰᠢᠨ᠎ᠠ ᠲᠦᠷᠦᠯ ᠠᠩᠭᠢᠯᠠᠯ᠂ ᠰᠢᠨ᠎ᠠ ᠪᠡᠶᠡᠴᠢᠯᠡᠯ ᠢ | ᠲᠠᠰᠤᠷᠠᠯᠲᠠ ᠦᠭᠡᠢ ᠣᠯᠭᠤᠵᠤ᠂ ᠣᠨᠴᠠᠯᠢᠭ ᠰᠣᠷᠭᠤᠭ ᠲᠤᠳᠤᠷᠬᠠᠢ᠂ ᠬᠡᠯᠪᠡᠷᠢ ᠣᠯᠠᠨ ᠶᠠᠩᠵᠤᠴᠢᠯᠠᠭᠰᠠᠨ ᠦᠵᠡᠮᠵᠢᠲᠤ ᠣᠷᠤᠨ ᠢ ᠪᠣᠢ ᠪᠣᠯᠭᠠᠨ᠂ ᠦᠵᠡᠮᠵᠢᠲᠤ | ᠣᠷᠤᠨ ᠤ ᠵᠣᠭᠠᠴᠠᠭᠰᠠᠳ ᠤᠨ ᠲᠤᠭ᠎ᠠ ᠬᠡᠮᠵᠢᠶᠡᠨ ᠤ ᠨᠡᠮᠡᠭᠳᠡᠯ ᠢ ᠳᠠᠶᠢᠴᠢᠯᠠᠨ᠎ᠠ᠃ ︽ᠦᠪᠤᠷᠪᠤᠯᠠᠭ ᠠᠮᠤᠭᠤᠯᠠᠩ ᠬᠠᠶᠢᠯᠠᠷ ᠮᠠᠨᠵᠤᠤᠷ︾ ᠤᠨ ᠨᠢᠭᠡ | ᠴᠤᠭᠴᠠᠵᠢᠭᠤᠯᠤᠭᠰᠠᠨ ᠬᠦᠭᠵᠢᠯᠲᠡ ᠶᠢᠨ ᠵᠢᠷᠤᠭᠯᠠᠯ ᠳᠤ ᠠᠭᠤᠰᠬᠤ ᠶᠢ ᠲᠦᠷᠭᠡᠳᠭᠡᠨ᠎ᠠ᠃ ︽ᠰᠢᠨ᠎ᠠ ᠪᠠᠷᠭᠤ ᠵᠡᠭᠦᠨ ᠬᠤᠰᠢᠭᠤᠨ ᠤ ᠵᠢᠭᠤᠯᠴᠢᠯᠠᠯ ᠤᠨ ᠦᠢᠯᠡᠰ | ᠤᠨ ᠬᠦᠭᠵᠢᠭᠦᠯᠦᠯᠲᠡ ᠶᠢᠨ ᠶᠡᠷᠦᠩᠬᠡᠢ ᠲᠦᠯᠦᠪᠵᠢᠭᠦᠯᠭᠡ︾ ᠶᠢ ᠳᠠᠬᠢᠨ ᠵᠠᠰᠠᠪᠤᠷᠢᠯᠠᠨ ᠨᠠᠶᠢᠷᠠᠭᠤᠯᠵᠤ᠂ ᠨᠣᠭᠤᠭᠠᠨᠨᠨᠠᠭᠤᠷ ᠵᠢᠭᠤᠯᠴᠢᠯᠠᠯ ᠤᠨ ᠠᠮᠠᠷᠠᠯᠲᠠ ᠶᠢᠨ ᠣᠷᠤᠨ | ᠤ ᠬᠤᠶᠠᠳᠤᠭᠠᠷ ᠬᠤᠭᠤᠴᠠᠭᠠᠨ ᠤ ᠠᠷᠢᠬᠢᠨ ᠮᠤᠬᠤᠯᠠᠭ ᠤᠨ ᠪᠠᠷᠢᠯᠭ᠎ᠠ ᠶᠢ ᠳᠠᠭᠤᠰᠬᠠᠨ᠂ ᠬᠠᠰᠠᠷ ᠨᠡᠭᠦᠳᠡᠯ ᠠᠶᠢᠮᠠᠭ ᠪᠠ ᠴᠢ ᠼᠠᠢ ᠬᠤᠩ ᠴᠡᠩᠭᠡᠯ ᠤᠨ ᠬᠦᠷᠢᠶᠡᠯᠡᠩ | ᠤᠨ ᠳᠡᠰ ᠳᠡᠪᠰᠢᠯᠲᠠ ᠶᠢ ᠠᠬᠢᠭᠤᠯᠵᠤ᠂ 3A ᠳᠡᠰ ᠤᠨ ᠦᠵᠡᠮᠵᠢᠲᠤ ᠣᠷᠤᠨ ᠪᠣᠯᠭᠠᠨ ᠳᠡᠰ ᠳᠡᠪᠰᠢᠭᠦᠯᠬᠦ ᠪᠠᠷ ᠬᠦᠴᠦᠯᠡᠨ᠎ᠠ᠂ ᠨᠤᠮᠤᠨ ᠬᠠᠨ ᠤ ᠳᠠᠶᠢᠨ ᠤ | ᠪᠠᠭᠤᠷᠢ ᠶᠢᠨ ᠦᠵᠡᠭᠦᠯᠦᠯᠭᠡ ᠶᠢᠨ ᠣᠷᠳᠤᠨ ᠢ ᠵᠢᠩᠬᠢᠨᠢ ᠪᠠᠷ ᠨᠡᠭᠡᠭᠡᠯᠲᠡ ᠬᠢᠵᠤ᠂ ᠵᠣᠨ ᠤ ᠨᠠᠭᠠᠳᠤᠮ ᠪᠠ ᠡᠪᠦᠯ ᠤᠨ ︽ᠮᠦᠩᠭᠦᠨ ᠪᠠᠷᠭᠤ︾ ᠰᠣᠶᠤᠯ ᠵᠢᠭᠤᠯᠴᠢᠯᠠᠯ | ᠤᠨ ᠰᠢᠷᠢᠰ ᠬᠦᠳᠡᠯᠭᠡᠭᠡᠨ ᠢ ᠯᠠᠪᠳᠠᠭᠤᠨ ᠦᠷᠨᠢᠭᠦᠯᠦᠨ᠂ ᠭᠤᠸᠠᠩ ᠴᠢ ᠶᠢᠨ ︽ᠮᠠᠰᠢᠨ ᠲᠡᠷᠭᠡᠨ ᠤ ᠲᠤᠷᠰᠢᠯᠲᠠ ᠶᠢᠨ ᠮᠦᠰᠤ ᠴᠠᠰᠤᠨ ᠤ ᠰᠣᠨᠢᠷᠬᠠᠯ ᠤᠨ | ᠪᠡᠶᠡᠴᠢᠯᠡᠯ︾ ᠤᠨ ᠡᠪᠦᠯ ᠤᠨ ᠤᠯᠠᠷᠢᠯ ᠤᠨ ᠵᠢᠭᠤᠯᠴᠢᠯᠠᠯ ᠤᠨ ᠰᠢᠯᠢᠳᠡᠭ ᠲᠦᠷᠦᠯ ᠵᠦᠢᠯ ᠢ ᠡᠭᠦᠳᠦᠨ ᠪᠠᠶᠢᠭᠤᠯᠤᠨ᠎ᠠ᠃ | ᠬᠦᠳᠡᠭᠡ ᠨᠤᠲᠤᠭ ᠤᠨ ᠵᠢᠭᠤᠯᠴᠢᠯᠠᠯ ᠤᠨ ᠰᠢᠯᠢᠳᠡᠭ ᠰᠢᠨ᠎ᠠ ᠲᠦᠯᠦᠪᠰᠢᠷᠡᠯ ᠢ ᠪᠣᠢ ᠪᠣᠯᠭᠠᠨ᠎ᠠ᠃ ᠭᠠᠨᠵᠤᠤᠷ ᠵᠡᠷᠭᠡ ᠭᠠᠴᠠᠭᠠᠨ ᠤ ᠬᠦᠳᠡᠭᠡ ᠨᠤᠲᠤᠭ ᠤᠨ | ᠵᠢᠭᠤᠯᠴᠢᠯᠠᠯ ᠬᠦᠭᠵᠢᠭᠦᠯᠬᠦ ᠶᠢ ᠭᠤᠣᠯᠳᠠᠯᠭ᠎ᠠ ᠲᠠᠢ ᠳᠡᠮᠵᠢᠨ᠂ ᠭᠠᠴᠠᠭᠠᠨ ᠤ ᠡᠬᠢ ᠪᠠᠶᠠᠯᠢᠭ ᠤᠨ ᠳᠠᠪᠠᠭᠤᠯᠢᠭ ᠪᠠ ᠣᠯᠠᠨ ᠲᠦᠮᠡᠨ ᠤ ᠤᠷ᠎ᠠ ᠮᠡᠷᠭᠡᠵᠢᠯ ᠤᠨ | ᠣᠨᠴᠠᠯᠢᠭ ᠲᠤ ᠰᠠᠭᠤᠷᠢᠯᠠᠨ᠂ ᠬᠦᠳᠡᠭᠡ ᠨᠤᠲᠤᠭ ᠤᠨ ᠵᠢᠭᠤᠯᠴᠢᠯᠠᠯ ᠤᠨ ᠲᠤᠯᠭᠠᠭᠤᠷᠢ ᠠᠵᠤ ᠦᠢᠯᠡᠰ᠂ ᠲᠤᠯᠤᠭᠠᠶᠢᠯᠠᠭᠴᠢ ᠪᠦᠲᠦᠭᠡᠭᠳᠡᠭᠦᠨ ᠢ ᠲᠣᠭᠳᠠᠭᠠᠵᠤ᠂ ︽ | ᠨᠢᠭᠡ ᠭᠠᠴᠠᠭ᠎ᠠ ᠨᠢᠭᠡ ᠪᠦᠲᠦᠭᠡᠭᠳᠡᠭᠦᠨ ᠲᠠᠢ᠂ ᠨᠢᠭᠡ ᠪᠦᠲᠦᠭᠡᠭᠳᠡᠭᠦᠨ ᠣᠯᠠᠨ ᠬᠤᠪᠢᠷᠠᠯᠲᠠ ᠲᠠᠢ︾ ᠪᠠᠶᠢᠬᠤ ᠬᠦᠭᠵᠢᠯᠲᠡ ᠶᠢᠨ ᠰᠡᠳᠬᠢᠴᠠ ᠱᠤᠭᠤᠵᠤ᠂ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠦᠭᠵᠢᠯᠲᠡ ᠬᠤᠪᠢᠷᠠᠯᠲᠠ ᠶᠢᠨ ᠬᠠᠨᠳᠤᠰᠢ ᠶᠢ ᠦᠨᠳᠦᠰᠦᠯᠡᠨ᠂ ᠵᠢᠭᠤᠯᠴᠢᠯᠠᠯ ᠤᠨ ᠪᠦᠲᠦᠭᠡᠭᠳᠡᠭᠦᠨ ᠢ ᠲᠠᠰᠤᠷᠠᠯᠲᠠ ᠦᠭᠡᠢ | ᠰᠢᠯᠢᠳᠡᠭᠵᠢᠭᠦᠯᠵᠤ᠂ ᠣᠷᠳᠤᠳᠬᠠᠨ᠂ ᠡᠭᠦᠳᠦᠨ ᠰᠢᠨᠡᠴᠢᠯᠡᠵᠤ᠂ ᠵᠢᠭᠤᠯᠴᠢᠯᠠᠯ ᠤᠨ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠬᠡᠵᠢᠶᠡᠳᠡ ᠪᠠᠲᠤᠯᠠᠨ᠎ᠠ᠃ | ᠠᠳᠤᠭᠤᠨ ᠰᠣᠶᠤᠯ ᠤᠨ ᠮᠦᠸᠢᠽᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠳ᠋ᠢᠶᠠᠮᠧᠲᠷ ᠨᠢ 20 ᠮᠧᠲᠷ ᠲᠤ ᠬᠦᠷᠬᠦ ᠮᠣᠩᠭᠤᠯ | ᠭᠡᠷ ᠢ 2 ᠪᠠᠶᠢᠭᠤᠯᠵᠤ᠂ ᠦᠵᠡᠭᠦᠯᠦᠯᠭᠡ ᠶᠢᠨ ᠪᠣᠳᠠᠰ᠂ ᠦᠵᠡᠭᠦᠯᠦᠯᠭᠡ ᠶᠢᠨ ᠠᠪᠳᠠᠷ᠎ᠠ᠂ ᠮᠣᠩᠭᠤᠯ ᠠᠳᠤᠭᠤᠨ ᠤ ᠱᠤᠭᠤᠮᠠᠯ ᠵᠡᠷᠭᠡ ᠲᠦᠭᠦᠬᠡᠷᠦᠮᠵᠢ ᠶᠢ ᠢᠵᠢ | ᠪᠦᠷᠢᠳᠦᠭᠦᠯᠦᠨ᠎ᠠ᠃ ᠬᠦᠭᠡ ᠲᠠᠯᠠᠨ ᠬᠠᠯᠢᠰᠤ ᠵᠢᠮᠢᠰ ᠤᠨ ᠡᠳᠡᠰᠢᠬᠦᠯᠦᠯᠳᠡ ᠶᠢᠨ ᠦᠢᠯᠡᠳᠪᠦᠷᠢ ᠶᠢᠨ ᠭᠡᠷ᠂ ᠭᠦᠢᠲᠡᠨ ᠬᠦᠮᠦᠷᠭᠡ ᠵᠡᠷᠭᠡ ᠲᠦᠯᠦᠪᠵᠢᠭᠦᠯᠭᠡ | ᠲᠦᠰᠦᠪᠯᠡᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠂ ᠲᠣᠰ ᠵᠢᠯ ᠳᠡᠭᠡᠨ ᠪᠠᠷᠢᠯᠭ᠎ᠠ ᠳᠠᠭᠤᠰᠬᠠᠨ ᠰᠢᠯᠭᠠᠨ ᠠᠪᠤᠯᠲᠠ ᠬᠢᠵᠤ ᠠᠰᠢᠭᠯᠠᠯᠲᠠ ᠳᠤ | ᠣᠷᠤᠭᠤᠯᠬᠤ ᠪᠠᠷ ᠴᠢᠷᠮᠠᠶᠢᠨ᠎ᠠ᠃ ᠪᠦᠬᠦ ᠬᠤᠰᠢᠭᠤᠨ ᠤ ᠣᠳᠤᠬᠢᠴᠢᠯᠠᠭᠰᠠᠨ ᠬᠦᠯᠳᠡᠭᠦᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠤ᠂ | ᠰᠣᠶᠤᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠭᠤᠯᠤᠨ ᠳᠠᠶᠢᠴᠢᠯᠠᠬᠤ ᠳᠤ ᠲᠦᠰᠢᠭᠯᠡᠨ᠂ ᠭᠠᠴᠠᠭᠠᠨ ᠤ ᠪᠣᠬᠢᠷᠳᠤᠯ ᠦᠭᠡᠢ ᠳᠠᠷᠢᠶᠠᠯᠠᠩ ᠮᠠᠯ ᠠᠵᠤ | ᠠᠬᠤᠢ ᠶᠢᠨ ᠪᠦᠲᠦᠭᠡᠭᠳᠡᠭᠦᠨ ᠵᠡᠷᠭᠡ ᠣᠨᠴᠠᠯᠢᠭᠲᠤ ᠪᠦᠲᠦᠭᠡᠭᠳᠡᠭᠦᠨ ᠤ ᠦᠷᠳᠡᠭ ᠢ ᠦᠷᠭᠦᠯᠵᠢᠯᠡᠨ ᠳᠡᠭᠡᠭᠰᠢᠯᠡᠭᠦᠯᠦᠨ᠎ᠠ᠃ | ᠬᠦᠳᠡᠭᠡ ᠨᠤᠲᠤᠭ ᠤᠨ ᠨᠠᠷᠢᠯᠢᠭ ᠭᠤᠶᠢᠳᠠ ᠵᠢᠭᠤᠯᠴᠢᠯᠠᠯ ᠤᠨ ᠰᠢᠨ᠎ᠠ ᠰᠠᠭᠤᠷᠢ ᠶᠢ ᠪᠠᠬᠢᠵᠢᠭᠦᠯᠦᠨ᠎ᠠ᠃ ᠬᠦᠳᠡᠭᠡ ᠨᠤᠲᠤᠭ ᠤᠨ ᠵᠢᠭᠤᠯᠴᠢᠯᠠᠯ ᠤᠨ ᠭᠤᠸ᠎ᠠ | ᠰᠠᠶᠢᠬᠠᠨ ᠤ ᠰᠢᠨ᠎ᠠ ᠤᠬᠠᠮᠰᠠᠷ ᠢ ᠪᠣᠢ ᠪᠣᠯᠭᠠᠨ᠂ ᠭᠤᠸ᠎ᠠ ᠵᠦᠢ ᠶᠢᠨ ᠣᠶᠢᠯᠠᠭᠠᠭᠳᠠᠬᠤᠨ ᠢ ᠬᠦᠳᠡᠭᠡ ᠨᠤᠲᠤᠭ ᠤᠨ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠲᠠ | ᠳᠤ ᠠᠭᠤᠰᠬᠠᠵᠤ᠂ ᠨᠡᠩ ᠨᠠᠷᠢᠯᠢᠭ ᠨᠡᠩ ᠭᠤᠶᠢᠳᠠ ᠵᠢᠭᠤᠯᠴᠢᠯᠠᠯ ᠤᠨ ᠬᠦᠳᠡᠭᠡ ᠨᠤᠲᠤᠭ ᠢ ᠪᠠᠶᠢᠭᠤᠯᠤᠨ᠎ᠠ᠃ ᠠᠮᠤᠭᠤᠯᠠᠩ᠂ ᠭᠠᠨᠵᠤᠤᠷ ᠰᠤᠮᠤ᠂ ᠴᠠᠭᠠᠨ ᠪᠠᠯᠭᠠᠰᠤ | ᠵᠡᠷᠭᠡ ᠭᠤᠷᠪᠠᠨ ᠭᠠᠵᠠᠷ ᠤᠨ ᠵᠢᠭᠤᠯᠴᠢᠯᠠᠯ ᠤᠨ ᠬᠦᠭᠵᠢᠯᠲᠡ ᠶᠢᠨ ᠨᠡᠪᠲᠡᠷᠡᠯ ᠵᠠᠮ ᠤᠨ ︽ᠬᠠᠮᠤᠭ ᠤᠨ ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠵᠤ᠂ | ᠠᠮᠤᠭᠤᠯᠠᠩ ᠠᠴᠠ ᠭᠠᠨᠵᠤᠤᠷ ᠤᠨ ᠦᠵᠡᠮᠵᠢᠲᠤ ᠣᠷᠤᠨ ᠬᠦᠷᠬᠦ ᠭᠤᠷᠪᠠᠳᠤᠭᠠᠷ ᠳᠡᠰ ᠤᠨ 17 ᠺᠢᠯᠤᠮᠧᠲᠷ ᠴᠠᠷᠳᠠᠮᠠᠯ ᠵᠠᠮ᠂ ᠭᠠᠨᠵᠤᠤᠷ ᠤᠨ ᠦᠵᠡᠮᠵᠢᠲᠤ ᠣᠷᠤᠨ | ᠠᠴᠠ ᠳ᠋ᠠᠴᠢᠩ ᠤᠨ ᠰᠦᠮ᠎ᠠ ᠶᠢᠨ ᠨᠠᠭᠤᠷ ᠤᠨ ᠠᠵᠢᠯᠯᠠᠬᠤ ᠲᠣᠭᠤᠷᠢᠭ ᠬᠦᠷᠬᠦ ᠭᠤᠷᠪᠠᠳᠤᠭᠠᠷ ᠳᠡᠰ ᠤᠨ 30 ᠺᠢᠯᠤᠮᠧᠲᠷ ᠣᠷᠳᠤ ᠪᠧᠲ᠋ᠣᠨ ᠵᠠᠮ ᠢ ᠦᠷᠭᠡᠳᠭᠡᠨ | ᠪᠠᠶᠢᠭᠤᠯᠤᠨ᠎ᠠ᠃ ᠬᠤᠭ ᠨᠤᠪᠰᠢ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠳᠠᠯᠠᠪᠤᠷ ᠢ ᠰᠢᠨ᠎ᠠ ᠪᠠᠷ 7 ᠪᠠᠶᠢᠭᠤᠯᠵᠤ᠂ ᠠᠮᠢᠳᠤᠷᠠᠯ ᠤᠨ ᠪᠣᠵᠠᠷ ᠤᠰᠤ ᠶᠢ | ᠰᠢᠢᠳᠪᠦᠷᠢᠯᠡᠬᠦ ᠦᠢᠯᠡᠳᠪᠦᠷᠢ ᠶᠢ 2᠂ ᠮᠠᠯᠵᠢᠬᠤ ᠣᠷᠤᠨ ᠤ ᠡᠷᠡᠭᠦᠯ ᠬᠠᠮᠠᠭᠠᠯᠠᠯ ᠤᠨ ᠵᠣᠷᠯᠤᠩ ᠢ 50 ᠪᠠᠶᠢᠭᠤᠯᠤᠨ᠎ᠠ᠃ ᠭᠠᠩ ᠲᠠᠢ ᠲᠡᠮᠡᠴᠡᠬᠦ ᠬᠤᠳᠳᠤᠭ ᠢ 43 | ᠂ ᠲᠦᠪᠯᠡᠷᠡᠩᠭᠦᠢ ᠤᠰᠤ ᠬᠠᠩᠭᠠᠬᠤ ᠴᠢᠭ᠋ ᠢ 1᠂ ᠲᠦᠪᠯᠡᠷᠡᠩᠭᠦᠢ ᠤᠰᠤ ᠬᠠᠩᠭᠠᠬᠤ 1 ᠬᠤᠳᠳᠤᠭ ᠤᠨ ᠭᠡᠷ ᠢ ᠰᠡᠯᠪᠢᠨ ᠵᠠᠰᠠᠨ᠎ᠠ᠃ ᠵᠢᠭᠤᠯᠴᠢᠯᠠᠯ ᠤᠨ | ᠥᠪᠡᠷᠲᠡᠭᠡᠨ ᠲᠡᠷᠭᠡ ᠵᠢᠯᠤᠭᠤᠳᠤᠨ ᠬᠤᠨᠤᠭᠯᠠᠬᠤ ᠭᠠᠵᠠᠷ ᠢ 2 ᠪᠠᠶᠢᠭᠤᠯᠤᠨ᠂ ᠴᠠᠭᠠᠨ ᠪᠠᠯᠭᠠᠰᠤ ᠶᠢᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠣᠷᠳᠤᠨ ᠢ | ᠪᠠᠶᠢᠭᠤᠯᠵᠤ ᠳᠠᠭᠤᠰᠬᠠᠨ᠂ ᠮᠠᠯᠵᠢᠬᠤ ᠣᠷᠤᠨ ᠤ ᠰᠠᠭᠤᠬᠤ ᠣᠷᠴᠢᠨ ᠪᠠ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠠ᠃ | ᠬᠦᠳᠡᠭᠡ ᠨᠤᠲᠤᠭ ᠤᠨ ᠵᠢᠭᠤᠯᠴᠢᠯᠠᠯ ᠤᠨ ᠰᠢᠨ᠎ᠠ ᠲᠦᠷᠢ ᠲᠦᠷᠬᠦ ᠶᠢ ᠨᠠᠷᠢᠯᠢᠭᠵᠢᠭᠤᠯᠤᠨ᠎ᠠ᠃ ᠮᠠᠯᠵᠢᠬᠤ ᠣᠷᠤᠨ ᠤ ᠬᠠᠮᠳᠤ ᠨᠡᠶᠢᠲᠡ ᠶᠢᠨ ᠦᠮᠴᠢᠯᠡᠯ ᠤᠨ | ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠭᠠᠵᠠᠷ ᠰᠢᠷᠤᠢ ᠪᠠ ᠨᠤᠲᠤᠭ ᠪᠡᠯᠴᠢᠭᠡᠷ ᠤᠨ ᠦᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ | ᠡᠷᠬᠡ᠂ ᠡᠵᠡᠩᠨᠡᠯᠲᠡ ᠶᠢᠨ ᠡᠷᠬᠡ ᠶᠢ ᠬᠤᠪᠢᠶᠠᠷᠢᠯᠠᠬᠤ ᠳᠦᠷᠢᠮ ᠢ ᠬᠡᠷᠡᠭᠵᠢᠭᠦᠯᠦᠨ᠂ ᠭᠠᠵᠠᠷ ᠰᠢᠷᠤᠢ ᠪᠠ ᠨᠤᠲᠤᠭ ᠪᠡᠯᠴᠢᠭᠡᠷ ᠤᠨ ᠳᠠᠭᠠᠴᠢᠯᠠᠯᠲᠠ ᠡᠵᠡᠩᠨᠡᠯᠲᠡ ᠶᠢᠨ | ᠡᠷᠬᠡ ᠶᠢᠨ ᠳᠦᠷᠢᠮᠵᠢᠭᠦᠯᠦᠭᠰᠡᠨ ᠰᠢᠯᠵᠢᠭᠦᠯᠦᠯᠲᠡ ᠶᠢ ᠵᠢᠯᠤᠭᠤᠳᠴᠤ᠂ ᠲᠤᠰᠬᠠᠶᠢᠵᠢᠯ ᠤᠨ ᠲᠤᠮᠤ ᠡᠷᠦᠬᠡ᠂ ᠭᠡᠷ ᠪᠦᠯᠢ ᠶᠢᠨ ᠮᠠᠯᠵᠢᠯ ᠤᠨ ᠲᠠᠯᠠᠪᠠᠢ᠂ ᠲᠤᠰᠬᠠᠢ | ᠬᠤᠷᠰᠢᠶᠠᠵᠢᠯ ᠵᠡᠷᠭᠡ ᠰᠢᠨ᠎ᠠ ᠬᠡᠯᠪᠡᠷᠢ ᠶᠢᠨ ᠡᠵᠡᠩᠨᠡᠯᠲᠡ ᠶᠢᠨ ᠭᠤᠣᠯ ᠴᠤᠭᠴᠠ ᠶᠢ ᠬᠦᠴᠦᠯᠡᠨ ᠬᠦᠮᠦᠵᠢᠭᠦᠯᠦᠨ᠎ᠠ᠃ ᠬᠦᠳᠡᠭᠡ ᠨᠤᠲᠤᠭ ᠤᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠦᠷᠨᠢᠭᠦᠯᠵᠤ᠂ ᠭᠠᠴᠠᠭᠠᠨ ᠤ ᠦᠵᠡᠰᠭᠦᠯᠡᠩᠲᠤ ᠭᠡᠷ ᠣᠷᠤᠨ ᠢ ᠪᠦᠲᠦᠭᠡᠨ ᠪᠠᠶᠢᠭᠤᠯᠬᠤ ᠢᠳᠡᠪᠬᠢ ᠴᠢᠨᠠᠷ᠂ ᠬᠦᠳᠡᠯᠦᠩᠭᠦᠢ ᠴᠢᠨᠠᠷ | ᠢ ᠳᠠᠶᠢᠴᠢᠯᠠᠨ᠂ ᠣᠶᠢᠷ᠎ᠠ ᠬᠠᠪᠢ ᠶᠢᠨ ᠬᠦᠳᠡᠭᠡ ᠨᠤᠲᠤᠭ ᠤᠨ ᠵᠢᠭᠤᠯᠴᠢᠯᠠᠯ ᠤᠨ ᠬᠦᠭᠵᠢᠯᠲᠡ ᠶᠢᠨ ᠲᠡᠷᠢᠭᠦᠨ ᠤ ᠭᠠᠵᠠᠷ ᠣᠷᠤᠨ ᠲᠠᠢ ᠬᠠᠷᠢᠴᠠᠭᠤᠯᠵᠤ᠂ | ᠭᠤᠶᠤᠵᠢᠭᠤᠯᠤᠯᠲᠠ ᠨᠣᠭᠤᠭᠠᠷᠠᠭᠤᠯᠤᠯᠲᠠ ᠭᠡᠷᠡᠯᠳᠦᠭᠦᠯᠭᠡ ᠶᠢᠨ ᠠᠵᠢᠯ ᠢ ᠬᠦᠴᠦᠲᠠᠢ ᠦᠷᠨᠢᠭᠦᠯᠦᠨ᠂ ᠬᠦᠳᠡᠭᠡ ᠨᠤᠲᠤᠭ ᠤᠨ ᠲᠦᠷᠢ ᠲᠦᠷᠬᠦ ᠶᠢ ᠭᠤᠸᠠᠵᠢᠭᠤᠯᠬᠤ | ᠬᠦᠳᠡᠯᠭᠡᠭᠡᠨ ᠦᠷᠨᠢᠭᠦᠯᠵᠤ᠂ ᠣᠷᠴᠢᠨ ᠲᠣᠭᠤᠷᠢᠨ ᠤ ᠵᠠᠰᠠᠯᠲᠠ ᠶᠢᠨ ᠬᠡᠯᠪᠡᠷᠢ ᠪᠠ ᠣᠷᠳᠤ ᠬᠤᠭᠤᠴᠠᠭᠠᠨ ᠤ ᠪᠦᠲᠦᠮᠵᠢᠲᠤ ᠬᠠᠮᠢᠶᠠᠷᠤᠯᠲᠠ ᠬᠠᠮᠠᠭᠠᠯᠠᠯᠲᠠ ᠶᠢᠨ | ᠲᠣᠭᠳᠠᠴᠠ ᠶᠢ ᠪᠦᠷᠢᠨᠰᠢᠭᠦᠯᠦᠨ᠂ ᠰᠠᠭᠤᠬᠤ ᠠᠵᠢᠯᠯᠠᠬᠤ ᠵᠣᠭᠠᠴᠠᠬᠤ ᠳᠤ ᠳᠠᠭᠠᠯᠠᠮᠵᠢᠲᠠᠢ ᠣᠨᠴᠠᠯᠢᠭᠲᠤ ᠬᠦᠳᠡᠭᠡ ᠨᠤᠲᠤᠭ ᠢ ᠪᠦᠲᠦᠭᠡᠨ ᠪᠠᠶᠢᠭᠤᠯᠤᠨ᠎ᠠ᠃ ᠬᠠᠮᠳᠤ | ᠨᠡᠶᠢᠲᠡ ᠶᠢᠨ ᠠᠵᠤ ᠠᠬᠤᠢ ᠶᠢ ᠬᠦᠭᠵᠢᠭᠦᠯᠦᠨ ᠪᠣᠵᠠᠭᠠᠶᠢᠷᠠᠭᠤᠯᠵᠤ᠂ ᠲᠣᠬᠢᠷᠠᠮᠵᠢᠲᠠᠢ ᠭᠠᠵᠠᠷ ᠲᠤ ᠣᠨᠴᠠᠯᠢᠭᠲᠤ ᠳᠠᠷᠢᠮᠠᠯ ᠲᠡᠵᠢᠭᠡᠪᠦᠷᠢ᠂ ᠤᠯᠠᠮᠵᠢᠯᠠᠯᠲᠤ ᠭᠠᠷ | ᠤᠷᠠᠯᠠᠯ ᠦᠢᠯᠡᠳᠬᠦ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠬᠦᠷᠢᠶ᠎ᠡ ᠬᠠᠰᠢᠶ᠎ᠠ ᠶᠢᠨ ᠠᠵᠤ ᠠᠬᠤᠢ ᠵᠡᠷᠭᠡ ᠳᠠᠪᠠᠭᠤᠯᠢᠭ ᠠᠵᠤ ᠦᠢᠯᠡᠰ ᠢ ᠬᠦᠮᠦᠵᠢᠭᠦᠯᠦᠨ᠂ | ᠬᠦᠳᠡᠭᠡ ᠨᠤᠲᠤᠭ ᠤᠨ ᠵᠢᠭᠤᠯᠴᠢᠯᠠᠯ ᠤᠨ ᠬᠦᠭᠵᠢᠭᠦᠯᠦᠯᠲᠡ ᠶᠢᠨ ᠲᠦᠯᠦᠪᠰᠢᠷᠡᠯ ᠳᠤ ᠠᠭᠤᠰᠬᠤ ᠶᠢ ᠲᠦᠷᠭᠡᠳᠭᠡᠨ᠎ᠠ᠃ | ︵ᠲᠠᠪᠤ︶ ᠪᠣᠬᠢᠷᠳᠤᠯ ᠦᠭᠡᠢ ᠬᠦᠭᠵᠢᠯᠲᠡ ᠪᠠᠷ ᠦᠨᠳᠦᠰᠦᠨ ᠵᠣᠷᠢᠯᠲᠠ ᠪᠣᠯᠭᠠᠨ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠪᠦᠬᠦ | ᠳᠠᠯ᠎ᠠ ᠪᠠᠷ ᠴᠢᠩᠭᠠᠳᠬᠠᠨ᠎ᠠ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠦᠯᠦᠨ ᠨᠠᠭᠤᠷ ᠤᠨ ᠵᠠᠰᠠᠯᠲᠠ ᠶᠢᠨ ᠦᠷ᠎ᠡ ᠪᠦᠲᠦᠭᠡᠯ ᠢ ᠪᠦᠬᠦ ᠳᠠᠯ᠎ᠠ | ᠪᠠᠷ ᠪᠠᠲᠤᠳᠬᠠᠨ᠂ ᠰᠢᠨ᠎ᠠ ᠨᠢᠭᠡ ᠡᠭᠡᠯᠵᠢ ᠶᠢᠨ ᠲᠠᠯ᠎ᠠ ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠦᠷᠦ ᠶᠢᠨ ᠪᠣᠳᠤᠯᠭ᠎ᠠ ᠶᠢ | ᠨᠠᠶᠢᠳᠠᠪᠤᠷᠢᠵᠢᠭᠤᠯᠵᠤ᠂ 87.8 ᠲᠦᠮᠡᠨ ᠮᠤ᠋ ᠲᠠᠯ᠎ᠠ ᠨᠤᠲᠤᠭ ᠤᠨ ᠠᠮᠢ ᠠᠬᠤᠢ ᠶᠢᠨ ᠵᠠᠰᠠᠯᠲᠠ ᠰᠡᠷᠭᠦᠭᠡᠯᠲᠡ᠂ ᠮᠠᠯᠵᠢᠬᠤ ᠶᠢ ᠵᠣᠭᠰᠤᠭᠠᠨ ᠪᠡᠯᠴᠢᠭᠡᠷ ᠰᠡᠷᠭᠦᠭᠡᠬᠦ | ᠲᠦᠷᠦᠯ ᠵᠦᠢᠯ ᠢ ᠬᠡᠷᠡᠭᠵᠢᠭᠦᠯᠦᠨ᠂ 400 ᠲᠦᠮᠡᠨ ᠮᠤ᠋ ᠲᠠᠯ᠎ᠠ ᠨᠤᠲᠤᠭ ᠤᠨ ᠬᠤᠯᠤᠭᠠᠨ᠎ᠠ ᠶᠢᠨ ᠭᠠᠮᠰᠢᠭ ᠢ ᠰᠡᠷᠭᠡᠶᠢᠯᠡᠨ ᠵᠠᠰᠠᠵᠤ᠂ ᠤᠯᠤᠰ ᠤᠨ ᠨᠡᠶᠢᠲᠡ ᠶᠢᠨ | ᠠᠰᠢᠭᠲᠤ 88.6 ᠲᠦᠮᠡᠨ ᠮᠤ᠋ ᠣᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠨᠠᠶᠢᠳᠠᠪᠤᠷᠢᠵᠢᠭᠤᠯᠵᠤ᠂ 8300 ᠮᠤ᠋ ᠭᠠᠵᠠᠷ ᠲᠤ ᠬᠦᠮᠦᠨ ᠤ ᠬᠦᠴᠦ ᠪᠠᠷ | ᠣᠶᠢᠵᠢᠭᠤᠯᠬᠤ ᠵᠢᠴᠢ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠎ᠠ᠃ ᠠᠯᠳᠠᠨ ᠤᠰᠤᠨ ᠴᠦᠭᠦᠷᠦᠮ ᠤᠨ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ ᠤᠨ | ᠬᠡᠷᠡᠭᠵᠢᠭᠦᠯᠦᠯᠲᠡ ᠶᠢ ᠲᠦᠷᠭᠡᠳᠭᠡᠵᠤ᠂ ᠠᠭᠤᠷᠬᠠᠢ ᠶᠢᠨ ᠬᠠᠶᠠᠭᠳᠠᠮᠠᠯ ᠨᠦᠭᠡ᠂ ᠨᠤᠭᠤ ᠭᠠᠵᠠᠷ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠢᠳᠡᠪᠬᠢᠲᠡᠢ | ᠦᠷᠨᠢᠭᠦᠯᠦᠨ᠎ᠠ᠃ | ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠢ ᠦᠷᠭᠦᠯᠵᠢᠯᠡᠩᠭᠦᠢ ᠦᠷᠨᠢᠭᠦᠯᠦᠨ᠎ᠠ᠃ ᠤᠰᠤᠨ ᠤ ᠣᠷᠴᠢᠨ ᠲᠣᠭᠤᠷᠢᠨ ᠤ ᠰᠢᠯᠭᠠᠨ ᠪᠠᠶᠢᠴᠠᠭᠠᠯᠲᠠ ᠪᠠ | ᠬᠠᠮᠢᠶᠠᠷᠤᠯᠲᠠ ᠡᠵᠡᠮᠰᠢᠯ ᠤᠨ ᠬᠦᠴᠦᠯᠡᠴᠡ ᠪᠠᠨ ᠴᠢᠩᠭᠠᠳᠬᠠᠵᠤ᠂ ᠬᠦᠷᠦᠰᠤ ᠪᠠ ᠭᠠᠵᠠᠷ ᠳᠣᠣᠷᠠᠬᠢ ᠤᠰᠤᠨ ᠤ ᠪᠣᠬᠢᠷᠳᠤᠯ ᠤᠨ ᠠᠷᠬᠠᠭ ᠭᠡᠮ ᠢ ᠲᠤᠳᠤᠯᠠᠨ | ᠪᠠᠶᠢᠴᠠᠭᠠᠬᠤ ᠳᠦᠷᠢᠮ ᠪᠠᠶᠢᠭᠤᠯᠤᠨ᠂ ᠠᠶᠤᠯᠲᠠᠢ ᠬᠠᠶᠠᠭᠳᠠᠮᠠᠯ ᠪᠣᠳᠠᠰ ᠢ ᠬᠠᠤᠯᠢ ᠪᠣᠰᠤ ᠪᠠᠷ ᠬᠤᠷᠢᠶᠠᠨ ᠴᠤᠭᠯᠠᠭᠤᠯᠬᠤ᠂ ᠭᠠᠳᠠᠭᠰᠢᠯᠠᠭᠤᠯᠬᠤ᠂ ᠴᠢᠳᠬᠤᠬᠤ᠂ | ᠰᠢᠢᠳᠪᠦᠷᠢᠯᠡᠬᠦ ᠵᠡᠷᠭᠡ ᠣᠷᠴᠢᠨ ᠲᠣᠭᠤᠷᠢᠨ ᠤ ᠬᠠᠤᠯᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠤ᠂ ᠪᠣᠬᠢᠷᠳᠤᠯ ᠢ ᠰᠡᠷᠭᠡᠶᠢᠯᠡᠨ ᠵᠠᠰᠠᠬᠤ | ᠲᠣᠭᠤᠷᠢᠭ ᠬᠤᠪᠢᠶᠠᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ︽ᠰᠤᠯᠠ ᠵᠠᠳᠠᠭᠠᠢ ᠵᠠᠮᠪᠠᠷᠠᠭ᠎ᠠ ᠦᠭᠡᠢ ᠪᠣᠬᠢᠷᠳᠤᠯ ᠲᠠᠢ︾ ᠠᠵᠤ ᠠᠬᠤᠶᠢᠯᠠᠯ ᠵᠡᠷᠭᠡ ᠠᠭᠠᠷ | ᠮᠠᠨᠳᠠᠯ ᠤᠨ ᠪᠣᠬᠢᠷᠳᠤᠯ ᠤᠨ ᠲᠤᠰᠬᠠᠢ ᠲᠦᠷᠦᠯ ᠤᠨ ᠵᠠᠰᠠᠨ ᠴᠡᠭᠴᠡᠯᠡᠯᠲᠡ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠠᠮᠤᠭᠤᠯᠠᠩ ᠪᠠᠯᠭᠠᠰᠤᠨ ᠤ ᠬᠤᠭ | ᠨᠤᠪᠰᠢ ᠰᠢᠢᠳᠪᠦᠷᠢᠯᠡᠬᠦ ᠦᠢᠯᠡᠳᠪᠦᠷᠢ ᠶᠢᠨ ᠰᠢᠭᠠᠷᠤ ᠰᠢᠩᠭᠡᠨ ᠢ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠦᠨ᠂ ᠮᠠᠯ ᠵᠢᠭᠦᠷᠳᠡᠨ ᠤ ᠢᠯᠭᠠᠳᠠᠰᠤᠨ ᠤ ᠪᠣᠬᠢᠷᠳᠤᠯ | ᠢ ᠡᠬᠢ ᠪᠠᠶᠠᠯᠢᠭᠵᠢᠭᠤᠯᠤᠨ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠡᠬᠢᠯᠡᠭᠦᠯᠵᠤ᠂ 6000 ᠬᠠᠪᠳᠠᠭᠠᠢ ᠳᠦᠷᠪᠡᠯᠵᠢᠨ ᠮᠧᠲᠷ ᠳᠠᠯᠠᠪᠠᠢ ᠲᠠᠢ ᠤᠷᠭᠠᠨᠢᠭ | ᠪᠣᠷᠳᠤᠭᠤᠷ ᠤᠨ ᠦᠢᠯᠡᠳᠪᠦᠷᠢ ᠶᠢᠨ ᠭᠡᠷ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ | ᠠᠮᠢ ᠠᠬᠤᠢ ᠶᠢᠨ ᠪᠣᠯᠪᠠᠰᠤᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ︽ᠭᠤᠷᠪᠠᠨ ᠲᠣᠭᠤᠷᠢᠭ ᠭᠤᠷᠪᠠᠨ ᠱᠤᠭᠤᠮ︾ ᠤᠨ ᠬᠠᠮᠢᠶᠠᠷᠤᠯᠲᠠ | ᠡᠵᠡᠮᠰᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠭᠤᠣᠯ ᠴᠤᠭᠴᠠᠲᠤ ᠴᠢᠳᠠᠮᠵᠢᠳᠤ ᠲᠣᠭᠤᠷᠢᠭ ᠤᠨ ᠲᠦᠯᠦᠪᠵᠢᠭᠦᠯᠭᠡ ᠳᠤ ᠨᠡᠶᠢᠴᠡᠬᠦ ᠦᠭᠡᠢ | ᠲᠦᠷᠦᠯ ᠵᠦᠢᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠯᠭ᠎ᠠ ᠪᠠ ᠡᠨᠧᠷᠬᠢ ᠶᠢᠨ ᠬᠤᠷᠤᠭᠳᠠᠯ ᠤᠨ ᠬᠤᠣᠰ ᠬᠢᠵᠠᠭᠠᠷᠯᠠᠯ ᠳᠤ ᠨᠡᠶᠢᠴᠡᠬᠦ ᠦᠭᠡᠢ | ᠲᠦᠷᠦᠯ ᠵᠦᠢᠯ ᠢ ᠬᠡᠷᠡᠭᠵᠢᠭᠦᠯᠬᠦ ᠦᠭᠡᠢ ᠪᠠᠶᠢᠬᠤ ᠶᠢ ᠡᠷᠡᠰ ᠪᠡᠶᠡᠯᠡᠭᠦᠯᠦᠨ᠎ᠠ᠃ ᠣᠢ ᠰᠢᠭᠤᠢ ᠳᠠᠯ᠎ᠠ ᠨᠤᠲᠤᠭ ᠤᠨ ᠳᠠᠷᠤᠭ᠎ᠠ᠂ ᠭᠤᠣᠯ ᠨᠠᠭᠤᠷ ᠤᠨ ᠳᠠᠷᠤᠭ᠎ᠠ ᠶᠢᠨ | ᠳᠦᠷᠢᠮ ᠢ ᠯᠠᠪᠳᠠᠭᠤᠨ ᠠᠬᠢᠭᠤᠯᠵᠤ᠂ ᠬᠠᠮᠤᠭ ᠤᠨ ᠴᠢᠩᠭ᠎ᠠ ᠲᠠᠯ᠎ᠠ ᠨᠤᠲᠤᠭ ᠤᠨ ᠠᠮᠢ ᠠᠬᠤᠢ ᠶᠢᠨ ᠬᠢᠨᠠᠯᠲᠠ ᠲᠣᠭᠤᠷᠢᠨ ᠪᠠᠶᠢᠴᠠᠭᠠᠯᠲᠠ᠂ ᠬᠠᠮᠤᠭ ᠤᠨ ᠴᠢᠩᠭ᠎ᠠ | ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠂ ᠮᠠᠯᠵᠢᠬᠤ ᠶᠢ ᠵᠣᠭᠰᠤᠭᠠᠬᠤ᠂ ᠮᠠᠯ ᠪᠡᠯᠴᠢᠭᠡᠷ ᠢ ᠲᠡᠩᠴᠡᠭᠦᠷᠢᠰᠢᠭᠦᠯᠬᠦ | ᠬᠠᠷᠢᠭᠤᠴᠠᠯᠭ᠎ᠠ ᠭᠦᠢᠴᠡᠳᠭᠡᠬᠦ ᠲᠠᠢ ᠬᠤᠯᠪᠤᠭᠳᠠᠭᠤᠯᠬᠤ ᠲᠣᠭᠳᠠᠴᠠ ᠶᠢ ᠴᠢᠩᠭ᠎ᠠ ᠬᠡᠷᠡᠭᠵᠢᠭᠦᠯᠦᠨ᠎ᠠ᠃ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠠᠷᠭ᠎ᠠ ᠠᠪᠴᠠᠯ | ᠬᠡᠷᠡᠭᠵᠢᠭᠦᠯᠦᠨ᠂ ᠣᠯᠠᠨ ᠰᠠᠯᠠᠭ᠎ᠠ ᠮᠦᠴᠢᠷ ᠬᠠᠮᠳᠤᠷᠠᠨ ᠳᠠᠷᠢᠶᠠᠨ ᠭᠠᠵᠠᠷ᠂ ᠠᠳᠠᠷᠰᠢᠭᠤᠯᠤᠨ ᠣᠢ ᠮᠣᠳᠤ ᠡᠪᠡᠰᠤ ᠪᠡᠯᠴᠢᠭᠡᠷ ᠰᠡᠷᠭᠦᠭᠡᠬᠦ ᠲᠦᠷᠦᠯ ᠵᠦᠢᠯ ᠤᠨ | ᠣᠷᠤᠨ᠂ ᠰᠢᠭᠤᠢ ᠶᠢᠨ ᠦᠢᠯᠡᠰ ᠤᠨ ᠠᠵᠢᠯᠯᠠᠬᠤ ᠲᠣᠭᠤᠷᠢᠭ ᠢ ᠬᠢᠨᠠᠨ ᠬᠠᠮᠢᠶᠠᠷᠴᠤ᠂ ᠬᠠᠤᠯᠢ ᠪᠣᠰᠤ ᠪᠠᠷ ᠰᠢᠭᠤᠶᠢᠲᠤ ᠭᠠᠵᠠᠷ᠂ ᠨᠤᠲᠤᠭ ᠪᠡᠯᠴᠢᠭᠡᠷ ᠡᠵᠡᠯᠡᠬᠦ᠂ | ᠭᠡᠭᠡᠷ᠎ᠡ ᠶᠢᠨ ᠠᠮᠢᠳᠠᠨ ᠢ ᠳᠤᠷ᠎ᠠ ᠪᠠᠷ ᠪᠠᠨ ᠠᠩᠨᠠᠬᠤ᠂ ᠭᠡᠭᠡᠷ᠎ᠡ ᠶᠢᠨ ᠡᠮᠳᠤ ᠣᠷᠭᠤᠮᠠᠯ ᠮᠠᠯᠳᠠᠬᠤ᠂ ᠬᠠᠤᠯᠢ ᠪᠣᠰᠤ ᠪᠠᠷ ᠬᠠᠶᠢᠷ ᠴᠢᠯᠠᠭᠤ ᠡᠯᠡᠰᠤ ᠮᠠᠯᠳᠠᠬᠤ ᠵᠡᠷᠭᠡ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠬᠠᠤᠯᠢ ᠳᠦᠷᠢᠮ ᠵᠦᠷᠢᠴᠡᠭᠰᠡᠨ ᠠᠵᠢᠯᠯᠠᠭ᠎ᠠ ᠳᠤ ᠡᠷᠡᠰ ᠴᠣᠬᠢᠯᠲᠠ ᠥᠭᠭᠦᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠡᠶ᠎ᠡ ᠨᠠᠶᠢᠷᠠᠮᠳᠠᠭᠤ ᠨᠡᠶᠢᠭᠡᠮ ᠢ ᠪᠠᠶᠢᠭᠤᠯᠬᠤ ᠪᠠᠷ ᠴᠢᠷᠮᠠᠶᠢᠨ᠎ᠠ | ᠨᠡᠶᠢᠭᠡᠮ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠨᠠᠭᠠᠳᠤ ᠵᠠᠬ᠎ᠠ ᠶᠢᠨ ᠪᠠᠲᠤᠯᠠᠪᠤᠷᠢ᠂ ᠣᠨᠴᠠ | ᠬᠦᠴᠢᠷᠳᠡᠢ᠂ ᠵᠡᠮᠳᠡᠭ ᠵᠡᠷᠭᠡ ᠣᠯᠠᠨ ᠲᠦᠮᠡᠨ ᠤ ᠠᠪᠤᠷᠠᠨ ᠲᠤᠰᠠᠯᠠᠮᠵᠢ ᠶᠢᠨ ᠲᠦᠷᠦ ᠶᠢᠨ ᠪᠣᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠨᠡᠶᠢᠭᠡᠮ ᠤᠨ ᠠᠪᠤᠷᠠᠨ | ᠲᠤᠰᠠᠯᠠᠮᠵᠢ ᠶᠢᠨ ᠦᠢᠯᠡᠴᠢᠯᠡᠭᠡᠨ ᠢ ᠣᠨᠤᠪᠴᠢᠲᠠᠢ ᠬᠡᠷᠡᠭᠵᠢᠭᠦᠯᠦᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠦᠯᠦᠪᠯᠡᠯᠭᠡ ᠶᠢ ᠦᠷᠭᠦᠯᠵᠢᠯᠡᠨ | ᠬᠡᠷᠡᠭᠵᠢᠭᠦᠯᠵᠤ᠂ ᠨᠠᠰᠤᠵᠢᠯ ᠤᠨ ᠳᠠᠭᠠᠳᠬᠠᠯ ᠤᠨ ᠬᠠᠤᠯᠢ ᠪᠠᠷ ᠲᠣᠭᠳᠠᠭᠰᠠᠨ ᠬᠦᠮᠦᠰ ᠤᠨ ᠪᠠᠲᠤᠯᠠᠬᠤ ᠶᠣᠰᠤᠲᠠᠢ ᠶᠢ ᠪᠦᠬᠦᠨ ᠢ ᠪᠠᠲᠤᠯᠠᠵᠤ᠂ ᠲᠣᠰ ᠵᠢᠯ ᠳᠡᠭᠡᠨ | ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢ 95% ᠠᠴᠠ ᠳᠡᠭᠡᠭᠰᠢ ᠳᠤ ᠬᠦᠷᠭᠡᠨ᠂ ᠳᠠᠭᠠᠳᠬᠠᠯ ᠤᠨ ᠰᠠᠭᠤᠷᠢ | ᠮᠦᠩᠭᠦᠨ ᠤ ᠬᠠᠮᠢᠶᠠᠷᠤᠯᠲᠠ ᠶᠢᠨ ᠳᠦᠷᠢᠮᠵᠢᠯ ᠪᠠ ᠠᠵᠢᠯᠯᠠᠭᠠᠨ ᠤ ᠠᠮᠤᠷ ᠲᠦᠪᠰᠢᠨ ᠵᠡᠷᠭᠡ ᠠᠵᠢᠯ ᠢ ᠬᠦᠴᠦᠲᠠᠢ ᠠᠳᠬᠤᠨ᠎ᠠ᠃ ᠦᠢᠯᠡᠰ ᠪᠦᠲᠦᠭᠡᠬᠦ ᠠᠵᠢᠯ | ᠣᠯᠭᠤᠬᠤ ᠢᠨᠵᠧᠨᠧᠷᠢᠩ ᠢ ᠠᠬᠢᠭᠤᠯᠤᠨ᠂ ᠣᠯᠠᠨ ᠠᠷᠭ᠎ᠠ ᠵᠠᠮ ᠢᠶᠠᠷ ᠠᠵᠢᠯ ᠣᠯᠭᠤᠬᠤ ᠠᠵᠢᠯ ᠤᠨ ᠪᠠᠶᠢᠷᠢ ᠨᠡᠭᠡᠭᠡᠵᠤ᠂ ᠶᠡᠭᠡ ᠳᠡᠭᠡᠳᠤ ᠰᠤᠷᠭᠠᠭᠤᠯᠢ | ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠤ᠂ ᠲᠤᠰ ᠵᠢᠯ ᠳᠡᠭᠡᠨ 210 | ᠬᠦᠮᠦᠨ ᠳᠤ ᠠᠵᠢᠯ ᠣᠯᠭᠤᠨ᠎ᠠ᠃ ᠨᠠᠰᠤᠲᠠᠶᠢᠴᠤᠳ ᠤᠨ ᠣᠯᠠᠨ ᠳᠡᠰ ᠳᠡᠪᠬᠤᠷᠭ᠎ᠠ ᠣᠯᠠᠨ ᠶᠠᠩᠵᠤᠴᠢᠯᠠᠭᠰᠠᠨ ᠨᠠᠰᠤᠵᠢᠯ ᠤᠨ ᠱᠠᠭᠠᠷᠳᠠᠯᠭ᠎ᠠ ᠶᠢ ᠬᠦᠴᠦᠯᠡᠨ | ᠬᠠᠩᠭᠠᠵᠤ᠂ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ ᠤᠨ ᠦᠢᠯᠡᠴᠢᠯᠡᠭᠡᠨ ᠤ ᠲᠦᠬᠦᠬᠡᠷᠦᠮᠵᠢ ᠶᠢ ᠦᠭᠡᠷᠡᠴᠢᠯᠡᠨ ᠪᠠᠶᠢᠭᠤᠯᠵᠤ ᠳᠡᠰ ᠳᠡᠪᠰᠢᠭᠦᠯᠬᠦ ᠲᠦᠷᠦᠯ ᠵᠦᠢᠯ | ᠢ ᠢᠳᠡᠪᠬᠢᠲᠡᠢ ᠭᠤᠶᠤᠴᠢᠯᠠᠨ᠂ ᠠᠮᠤᠭᠤᠯᠠᠩ ᠪᠠᠯᠭᠠᠰᠤᠨ ᠤ ᠲᠤᠷᠰᠢᠯᠲᠠ ᠶᠢᠨ ᠴᠢᠭ᠋ ᠲᠤ ᠨᠡᠶᠢᠭᠡᠮ ᠲᠣᠭᠤᠷᠢᠭ ᠤᠨ ᠭᠡᠷ ᠲᠤ ᠨᠢ ᠠᠰᠠᠷᠠᠬᠤ ᠦᠢᠯᠡᠴᠢᠯᠡᠭᠡ | ᠦᠷᠨᠢᠭᠦᠯᠦᠨ᠎ᠠ᠃ ᠣᠷᠤᠰᠢᠭᠤᠯᠭ᠎ᠠ ᠶᠢᠨ ᠬᠦᠷᠢᠶᠡᠨ ᠤ ᠦᠭᠡᠷᠡᠴᠢᠯᠡᠯᠲᠡ ᠶᠢᠨ ᠠᠵᠢᠯ ᠢ ᠢᠳᠡᠪᠬᠢᠲᠡᠢ ᠠᠬᠢᠭᠤᠯᠵᠤ᠂ ᠣᠷᠤᠰᠢᠭᠤᠯᠭ᠎ᠠ ᠶᠢᠨ ᠶᠣᠰᠤᠯᠠᠯ ᠤᠨ ᠣᠷᠳᠤᠨ | ᠢ ᠳᠡᠰ ᠳᠡᠪᠰᠢᠭᠦᠯᠦᠨ ᠦᠭᠡᠷᠡᠴᠢᠯᠡᠨ ᠪᠠᠶᠢᠭᠤᠯᠬᠤ ᠪᠠ ᠨᠡᠶᠢᠲᠡ ᠶᠢᠨ ᠠᠰᠢᠭᠲᠤ ᠴᠢᠨᠠᠷᠲᠠᠢ ᠤᠩᠭᠤᠨ ᠤ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ | ᠢ ᠬᠡᠷᠡᠭᠵᠢᠭᠦᠯᠦᠨ᠎ᠠ᠃ ᠤᠯᠠᠭᠠᠠᠮᠦ᠋ᠴᠢᠷ ᠤᠨ ︽ᠭᠤᠷᠪᠠᠨ ᠲᠦᠷᠦᠯ ᠤᠨ ᠳᠦᠷᠢᠮ︾ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠴᠠᠭ᠎ᠠ ᠨᠡᠶᠢᠭᠡᠮ ᠲᠣᠭᠤᠷᠢᠭ | ᠂ ᠦᠨᠳᠦᠰᠦᠨ ᠱᠠᠲᠤᠨ ᠳᠤ ᠲᠣᠭᠯᠠᠯᠲᠠ ᠭᠠᠷᠭᠠᠵᠤ ᠠᠷᠠᠳ ᠲᠤ ᠠᠰᠢᠭ ᠬᠦᠷᠳᠡᠭᠡᠬᠦ ᠬᠦᠳᠡᠯᠭᠡᠭᠡᠨ ᠢ ᠭᠦᠨᠵᠡᠭᠡᠢ ᠦᠷᠨᠢᠭᠦᠯᠵᠤ᠂ 2280 ᠬᠠᠪᠳᠠᠭᠠᠢ ᠳᠦᠷᠪᠡᠯᠵᠢᠨ | ᠮᠧᠲᠷ ᠲᠠᠯᠠᠪᠠᠢ ᠲᠠᠢ ᠤᠯᠠᠭᠠᠠᠮᠦ᠋ᠴᠢᠷ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠰᠢᠨ᠎ᠠ ᠪᠠᠷ ᠪᠠᠶᠢᠭᠤᠯᠤᠨ᠂ ᠨᠡᠭᠦᠳᠡᠯ ᠬᠤᠯᠪᠤᠭᠠᠨ ᠤ ᠲᠣᠬᠢᠶᠠᠨ ᠤ | 15 ᠰᠠᠭᠤᠷᠢ ᠦᠷᠳᠡᠭᠡ ᠶᠢ ᠪᠦᠲᠦᠭᠡᠨ ᠪᠠᠶᠢᠭᠤᠯᠬᠤ ᠪᠠᠷ ᠭᠤᠶᠤᠴᠢᠯᠠᠵᠤ᠂ ᠷᠠᠳᠢᠤ᠋ ᠲᠧᠯᠸᠢᠰ ᠤᠨ ᠰᠦᠯᠵᠢᠶ᠎ᠡ ᠶᠢᠨ ᠣᠯᠠᠨ ᠨᠡᠶᠢᠲᠡ ᠶᠢᠨ ᠰᠣᠶᠤᠯ ᠤᠨ | ᠦᠢᠯᠡᠴᠢᠯᠡᠭᠡᠨ ᠤ ᠰᠢᠰᠲ᠋ᠧᠮ ᠤᠨ ᠪᠦᠷᠭᠦᠴᠡ ᠶᠢ ᠦᠷᠭᠡᠳᠭᠡᠨ᠎ᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠲᠤᠳᠬᠠᠨ ᠦᠷᠭᠡᠳᠭᠡᠵᠤ᠂ ︽ | ᠳᠦᠷᠪᠡ ᠶᠢ ᠳᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠦᠩᠭᠦᠢ ᠰᠢᠯᠭᠠᠨ | ᠪᠠᠶᠢᠴᠠᠭᠠᠯᠲᠠ ᠪᠠ ᠬᠠᠪᠰᠤᠷᠤᠨ ᠲᠡᠳᠭᠦᠬᠦ ᠲᠣᠭᠳᠠᠴᠠ ᠶᠢ ᠪᠦᠷᠢᠨᠰᠢᠭᠦᠯᠵᠤ᠂ ᠬᠠᠪᠰᠤᠷᠤᠨ ᠲᠡᠳᠭᠦᠬᠦ ᠲᠦᠷᠦᠯ ᠵᠤᠶᠢᠯ ᠤᠨ ᠰᠢᠯᠢᠳᠡᠭ ᠴᠢᠨᠠᠷᠲᠠᠢ ᠤᠷᠴᠢᠯ᠂ | ᠲᠣᠭᠳᠠᠭᠤᠨ ᠤᠷᠴᠢᠯ ᠢ ᠪᠠᠲᠤᠯᠠᠨ᠂ ᠬᠡᠪᠴᠢᠶᠠᠵᠢᠯ ᠤᠨ ᠴᠢᠨᠠᠷᠲᠠᠢ ᠳᠠᠬᠢᠨ ᠶᠠᠳᠠᠭᠤᠷᠠᠬᠤ ᠬᠤᠷᠢᠭᠠᠳᠤ ᠱᠤᠭᠤᠮ ᠢ ᠡᠷᠡᠰ ᠰᠠᠬᠢᠨ᠎ᠠ᠃ | ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠠ᠃ ᠠᠷᠠᠳ ᠤᠨ ᠡᠮᠨᠡᠯᠭᠡ ᠶᠢᠨ ᠬᠤᠷᠢᠶ᠎ᠡ ᠨᠢ ᠠᠷᠠᠳ ᠲᠦᠮᠡᠨ ᠤ | ᠲᠦᠯᠦᠭᠡ ᠪᠠᠶᠢᠬᠤ ᠦᠨᠳᠦᠰᠦᠨ ᠵᠣᠷᠢᠯᠲᠠ ᠶᠢᠨ ᠦᠵᠡᠯ ᠰᠠᠨᠠᠭ᠎ᠠ ᠶᠢ ᠱᠤᠭᠤᠵᠤ᠂ ︽ᠬᠤᠷᠢᠶᠠᠨ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠬᠠᠷᠢᠭᠤᠴᠠᠯᠭ᠎ᠠ | ᠶᠢ ᠪᠣᠳᠠᠳᠠᠶᠢᠵᠢᠭᠤᠯᠤᠨ᠂ ᠡᠮᠴᠢᠯᠡᠭᠡᠨ ᠤ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠰᠢᠨᠡᠴᠢᠯᠡᠨ ᠳᠡᠭᠡᠭᠰᠢᠯᠡᠭᠦᠯᠵᠤ᠂ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶᠡᠨ ᠤ 3200 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠪᠠᠴᠢᠮ ᠡᠮᠴᠢᠯᠡᠭᠡ ᠪᠠᠴᠢᠮ ᠠᠪᠤᠷᠠᠯᠲᠠ ᠬᠡᠦᠬᠡᠳ ᠤᠨ ᠰᠠᠯᠠᠭᠠᠨ ᠤ | ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠤ᠂ 2400 ᠬᠠᠪᠳᠠᠭᠠᠢ ᠳᠦᠷᠪᠡᠯᠵᠢᠨ ᠮᠧᠲᠷ ᠲᠠᠯᠠᠪᠠᠢ ᠲᠠᠢ ᠬᠠᠯᠳᠠᠪᠤᠷᠢᠳᠤ ᠡᠪᠡᠳᠴᠢᠨ | ᠤ ᠲᠣᠭᠤᠷᠢᠭ ᠤᠨ ᠲᠤᠬᠠᠶᠢᠯᠠᠭᠰᠠᠨ ᠠᠵᠢᠯ ᠤᠨ ᠬᠡᠷᠡᠭᠯᠡᠭᠡᠨ ᠤ ᠭᠡᠷ ᠢ ᠪᠠᠶᠢᠭᠤᠯᠤᠨ᠂ ︽ᠲᠣᠣᠷ ᠰᠦᠯᠵᠢᠶ᠎ᠡ + ᠵᠢᠵᠢᠭ ᠡᠮ ᠤᠨ ᠬᠠᠶᠢᠷᠴᠠᠭ + ᠵᠢᠵᠢᠭ ᠡᠮ ᠤᠨ | ᠰᠠᠪᠠ︾ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠵᠠᠯᠭᠠᠮᠵᠢᠯᠠᠯ ᠰᠢᠨᠡᠴᠢᠯᠡᠯ ᠢ ᠠᠬᠢᠭᠤᠯᠤᠨ᠂ ᠣᠷᠢᠳᠴᠢᠯᠠᠨ | ᠰᠡᠷᠭᠡᠶᠢᠯᠡᠬᠦ᠂ ᠡᠷᠡᠭᠦᠯ ᠮᠡᠨᠳᠤ᠂ ᠡᠷᠡᠭᠦᠯᠵᠢᠯ ᠢ ᠨᠢᠭᠡ ᠴᠤᠭᠴᠠᠵᠢᠭᠤᠯᠤᠭᠰᠠᠨ ᠮᠣᠩᠭᠤᠯ ᠬᠢᠲᠠᠳ ᠡᠮᠨᠡᠯᠭᠡ ᠶᠢᠨ ᠡᠷᠡᠭᠦᠯ ᠮᠡᠨᠳᠤ ᠶᠢᠨ ᠬᠠᠮᠠᠭᠠᠯᠠᠯ ᠤᠨ ᠦᠢᠯᠡᠴᠢᠯᠡᠭᠡᠨ | ᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠤ᠂ ᠬᠢᠲᠠᠳ ᠮᠣᠩᠭᠤᠯ ᠡᠮ ᠤᠨ ︽ᠪᠠᠢ ᠼᠣᠣ ᠶᠤᠸᠠᠨ︾ ᠲᠤᠷᠰᠢᠯᠲᠠ ᠶᠢᠨ ᠴᠢᠭ᠋ ᠤᠨ ᠲᠦᠷᠦᠯ ᠵᠦᠢᠯ ᠢ | ᠪᠦᠲᠦᠭᠡᠨ ᠪᠠᠶᠢᠭᠤᠯᠤᠨ᠎ᠠ᠃ | ᠠᠷᠠᠳ ᠲᠦᠮᠡᠨ ᠤ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠠ᠃ ᠰᠢᠨ᠎ᠠ ᠴᠠᠭ ᠦᠶ᠎ᠡ ᠶᠢᠨ ᠨᠠᠮ ᠤᠨ ᠰᠤᠷᠭᠠᠨ ᠬᠦᠮᠦᠵᠢᠯ` ᠤᠨ ᠴᠢᠭᠯᠡᠯᠲᠡ | ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠢ ᠳᠡᠯᠭᠡᠷᠡᠭᠦᠯᠦᠨ ᠬᠡᠷᠡᠭᠯᠡᠵᠤ᠂ ᠤᠯᠤᠰ ᠤᠨ | ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠢ ᠪᠦᠬᠦ ᠳᠠᠯ᠎ᠠ ᠪᠠᠷ ᠳᠡᠯᠭᠡᠷᠡᠭᠦᠯᠦᠨ ᠲᠦᠭᠡᠮᠯᠡᠵᠢᠭᠦᠯᠦᠨᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠬᠦᠭᠵᠢᠯᠲᠡ ᠶᠢᠨ ᠰᠢᠯᠢᠳᠡᠭ ᠴᠢᠨᠠᠷᠲᠠᠢ ᠲᠡᠩᠴᠡᠭᠦᠷᠢᠲᠡᠢ ᠬᠤᠰᠢᠭᠤ ᠶᠢ ᠢᠳᠡᠪᠬᠢᠲᠡᠢ ᠴᠤᠭᠴᠠᠯᠠᠨ᠂ ᠰᠤᠷᠭᠠᠭᠤᠯᠢ ᠡᠷᠬᠢᠯᠡᠬᠦ ᠨᠥᠬᠦᠴᠡᠯ ᠢ ᠬᠦᠴᠦᠯᠡᠨ | ᠰᠠᠶᠢᠵᠢᠷᠠᠭᠤᠯᠵᠤ᠂ ᠠᠮᠤᠭᠤᠯᠠᠩ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠵᠢᠴᠢ ᠲᠤᠰᠠᠯᠠᠬᠤ ᠬᠡᠷᠡᠭᠯᠡᠭᠡᠨ ᠤ ᠭᠡᠷ ᠪᠠ ᠭᠠᠯᠪᠠᠷ ᠰᠤᠷᠭᠠᠭᠤᠯᠢ | ᠶᠢᠨ ᠪᠡᠶ᠎ᠡ ᠶᠢᠨ ᠳᠠᠮᠢᠷ ᠤᠨ ᠳᠠᠯᠠᠪᠠᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠰᠢᠨ᠎ᠠ ᠪᠠᠷ ᠪᠠᠶᠢᠭᠤᠯᠤᠨ᠂ ᠰᠤᠷᠭᠠᠭᠤᠯᠢ ᠶᠢᠨ ᠬᠦᠷᠢᠶᠡᠨ ᠤ | ᠲᠣᠭᠠᠴᠢᠯᠠᠭᠰᠠᠨ ᠳᠤᠷᠠᠨᠳᠠᠭᠤᠷ ᠲᠦᠬᠦᠬᠡᠷᠦᠮᠵᠢ ᠶᠢ ᠲᠡᠭᠦᠯᠳᠡᠷᠵᠢᠭᠦᠯᠵᠤ᠂ ᠵᠢᠭᠠᠨ ᠰᠤᠷᠭᠠᠯᠲᠠ ᠶᠢᠨ ᠬᠠᠷᠠᠭᠠᠨ ᠳᠠᠪᠳᠠᠮᠵᠢᠳᠤ ᠲᠠᠪᠴᠠᠩ ᠤᠨ ᠪᠠᠶᠢᠭᠤᠯᠤᠯᠲᠠ ᠶᠢ | ᠳᠠᠭᠤᠰᠬᠠᠨ᠎ᠠ᠃ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠰᠤᠷᠭᠠᠭᠤᠯᠢ ᠶᠢᠨ ᠳᠠᠷᠤᠭ᠎ᠠ ᠶᠢᠨ ᠳᠦᠷᠢᠮ︾ ᠤᠨ | ᠬᠠᠮᠢᠶᠠᠷᠤᠯᠲᠠ ᠬᠠᠷᠢᠭᠤᠴᠠᠯᠭ᠎ᠠ ᠶᠢ ᠪᠣᠳᠠᠳᠠᠶᠢᠵᠢᠭᠤᠯᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ︽ᠬᠤᠶᠠᠷ ᠳᠠᠷᠤᠭᠠᠰᠤ ᠶᠢ ᠬᠦᠩᠭᠡᠷᠡᠭᠦᠯᠬᠦ︾ | ᠲᠦᠷᠦ ᠶᠢᠨ ᠪᠣᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠳᠠᠪᠤᠨ ᠲᠦᠷᠦᠯ ᠤᠨ ᠬᠠᠮᠢᠶᠠᠷᠤᠯᠲᠠ︾ ᠶᠢ ᠬᠡᠷᠡᠭᠵᠢᠭᠦᠯᠦᠨ᠂ ᠪᠦᠬᠦ ᠬᠤᠳᠠ ᠶᠢᠨ ᠲᠡᠷᠢᠭᠦᠨ ᠤ | ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠡᠭᠦᠳᠦᠨ᠎ᠠ᠃ | ᠨᠡᠶᠢᠭᠡᠮ ᠤᠨ ᠡᠶ᠎ᠡ ᠨᠠᠶᠢᠷᠠᠮᠳᠠᠭᠤ ᠲᠣᠭᠳᠠᠭᠤᠨ ᠢ ᠪᠠᠲᠤᠯᠠᠨ᠎ᠠ᠃ ᠣᠢ ᠰᠢᠭᠤᠢ ᠳᠠᠯ᠎ᠠ ᠨᠤᠲᠤᠭ ᠤᠨ ᠭᠠᠯ ᠤᠨ ᠰᠡᠷᠭᠡᠶᠢᠯᠡᠯᠲᠡ ᠶᠢᠨ ᠪᠠᠴᠢᠮ ᠢ ᠠᠷᠭᠠᠴᠠᠭᠠᠬᠤ | ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠦᠷᠦᠯ ᠤᠨ ᠵᠠᠰᠠᠨ ᠴᠡᠭᠴᠡᠯᠡᠯᠲᠡ ᠶᠢᠨ ᠭᠤᠷᠪᠠᠨ ᠵᠢᠯ ᠤᠨ | ᠬᠦᠳᠡᠯᠭᠡᠭᠡᠨ ᠤ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠬᠦᠨᠳᠤ ᠣᠨᠴᠠ ᠲᠤᠮᠤ ᠠᠳᠡᠯ ᠡᠭᠦᠰᠬᠦ ᠶᠢ ᠡᠷᠡᠰ ᠬᠤᠷᠢᠭᠯᠠᠨ᠎ᠠ᠃ ᠪᠣᠰᠤᠭ᠎ᠠ ᠴᠤᠭᠴᠠᠲᠤ | ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠂ ᠡᠯ᠎ᠠ ᠲᠦᠷᠦᠯ ᠤᠨ ᠬᠠᠤᠯᠢ ᠪᠣᠰᠤ ᠶᠠᠯᠠᠳᠤ ᠬᠦᠳᠡᠯᠭᠡᠭᠡᠨ ᠳᠤ ᠬᠠᠤᠯᠢ | ᠶᠣᠰᠤᠭᠠᠷ ᠴᠢᠩᠭ᠎ᠠ ᠴᠣᠬᠢᠯᠲᠠ ᠥᠭᠴᠤ᠂ ᠰᠢᠯᠢᠳᠡᠭ ᠰᠠᠶᠢᠨ ᠨᠡᠶᠢᠭᠡᠮ ᠤᠨ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠨ᠎ᠠ᠃ ᠰᠢᠨ᠎ᠠ ᠴᠠᠭ ᠦᠶ᠎ᠡ ᠶᠢᠨ ︽ | ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠦᠭᠵᠢᠭᠦᠯᠵᠤ᠂ ᠵᠦᠷᠢᠴᠡᠯ ᠵᠢᠭᠤᠷᠠᠭᠠᠨ ᠢ ᠲᠤᠳᠤᠯᠠᠨ ᠪᠠᠶᠢᠴᠠᠭᠠᠵᠤ ᠰᠢᠢᠳᠪᠦᠷᠢᠯᠡᠬᠦ ᠲᠣᠭᠳᠠᠴᠠ ᠶᠢ | ᠨᠠᠷᠢᠯᠢᠭᠵᠢᠭᠤᠯᠤᠨ᠂ ᠠᠷᠠᠳ ᠣᠯᠠᠨ ᠤ ᠲᠤᠰᠬᠠᠭᠰᠠᠨ ᠲᠣᠪᠣᠶᠢᠮ᠎ᠠ ᠠᠰᠠᠭᠤᠳᠠᠯ ᠢ ᠵᠣᠬᠢᠰᠲᠠᠢ ᠰᠢᠢᠳᠪᠦᠷᠢᠯᠡᠨ᠎ᠠ᠃ ︽ᠨᠠᠢᠮᠠᠳᠤᠭᠠᠷ ᠳᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠢᠳᠡᠪᠬᠢᠲᠡᠢ ᠦᠷᠨᠢᠭᠦᠯᠦᠨ᠎ᠠ᠃ ᠬᠤᠶᠠᠷ ᠢ ᠬᠦᠷᠢᠶᠡᠯᠡᠵᠤ ᠬᠠᠮᠳᠤᠪᠠᠷ ᠪᠠᠶᠢᠭᠤᠯᠬᠤ ᠶᠢ ᠴᠢᠩᠭᠠᠳᠬᠠᠨ᠂ ᠴᠡᠷᠢᠭ ᠵᠠᠰᠠᠭ ᠴᠡᠷᠢᠭ ᠠᠷᠠᠳ | ᠤᠨ ᠬᠠᠷᠢᠴᠠᠭ᠎ᠠ ᠶᠢ ᠪᠠᠲᠤᠳᠬᠠᠵᠤ᠂ ᠰᠤᠷᠠᠭ ᠵᠠᠩᠭᠢᠴᠢᠯᠠᠭᠰᠠᠨ ᠬᠢᠯᠢ ᠶᠢᠨ ᠬᠠᠮᠢᠶᠠᠷᠤᠯᠲᠠ ᠬᠢᠯᠢ ᠶᠢᠨ ᠡᠵᠡᠮᠰᠢᠯ ᠢ ᠳᠡᠯᠭᠡᠷᠡᠭᠦᠯᠦᠨ᠂ ᠬᠢᠯᠢ ᠬᠢᠵᠠᠭᠠᠷ ᠤᠨ | ᠶᠡᠷᠦᠩᠬᠡᠶᠢᠯᠡᠭᠰᠡᠨ ᠰᠡᠷᠭᠡᠶᠢᠯᠡᠯᠲᠡ ᠬᠠᠮᠠᠭᠠᠯᠠᠯᠲᠠ ᠬᠠᠮᠢᠶᠠᠷᠤᠯᠲᠠ ᠡᠵᠡᠮᠰᠢᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠠ᠃ | ᠳᠦᠷᠪᠡ᠂ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠲᠤᠭ ᠳᠠᠯᠪᠠᠭ᠎ᠠ ᠰᠣᠷᠭᠤᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠨ᠎ᠠ᠃ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠨ᠂ ︽ᠳᠦᠷᠪᠡᠨ ᠤᠬᠠᠮᠰᠠᠷ︾ ᠢᠶᠠᠨ ᠴᠢᠩᠭᠠᠷᠡᠭᠤᠯᠵᠤ᠂ ︽ | ᠳᠦᠷᠪᠡᠨ ᠢᠳᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠬᠠᠬᠤ ᠴᠢᠳᠠᠪᠤᠷᠢ | ᠂ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠠ᠃ ᠨᠠᠮ ᠤᠨ ᠲᠦᠪ ᠬᠤᠷᠢᠶ᠎ᠡ ᠶᠢᠨ ᠰᠢᠢᠳᠪᠦᠷᠢ ᠪᠠᠶᠢᠷᠢᠯᠠᠭᠤᠯᠤᠯᠲᠠ ᠪᠠ ᠥᠪᠡᠷᠲᠡᠭᠡᠨ | ᠵᠠᠰᠠᠬᠤ ᠣᠷᠤᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ᠂ ᠬᠤᠰᠢᠭᠤᠨ ᠤ ᠨᠠᠮ ᠤᠨ ᠬᠤᠷᠢᠶᠡᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠲᠠᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠷᠯᠢᠭ ᠴᠠᠭᠠᠵᠠ ᠲᠤᠤᠱᠲᠠᠢ᠂ ᠵᠠᠰᠠᠭ ᠤᠨ ᠵᠠᠷᠯᠢᠭ ᠰᠠᠭᠠᠳ ᠦᠭᠡᠢ ᠬᠡᠷᠡᠭᠵᠢᠭᠦᠯᠦᠭᠳᠡᠬᠦ ᠶᠢ ᠪᠡᠶᠡᠯᠡᠭᠦᠯᠦᠨ᠂ ᠨᠠᠮ ᠳᠠᠭᠠᠨ | ᠬᠠᠷᠢᠴᠠᠯᠠᠰᠢᠭᠦᠢ ᠰᠢᠳᠤᠷᠭᠤ ᠪᠠᠶᠢᠬᠤ ᠶᠢ ᠪᠣᠳᠠᠳᠤ ᠠᠵᠢᠯᠯᠠᠭᠠᠨ ᠳᠠᠭᠠᠨ ᠨᠠᠶᠢᠳᠠᠪᠤᠷᠢᠵᠢᠭᠤᠯᠤᠨ᠎ᠠ᠃ | ᠬᠠᠷᠢᠭᠤᠴᠠᠯᠭ᠎ᠠ ᠲᠠᠢ ᠠᠵᠢᠯᠯᠠᠭᠠᠨ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠪᠣᠳᠠᠲᠠᠢ ᠪᠠᠶᠢᠬᠤ ᠶᠢ ᠲᠡᠷᠢᠭᠦᠨ ᠳᠤ ᠲᠠᠯᠪᠢᠬᠤ᠂ ᠠᠵᠢᠯᠯᠠᠭᠠᠨ ᠢᠶᠠᠷ | ᠲᠦᠷᠦᠭᠦᠯᠡᠭᠦᠯᠬᠦ ᠶᠢ ᠪᠠᠷᠢᠮᠲᠠᠯᠠᠨ᠂ ᠭᠤᠣᠯᠳᠠᠯᠭ᠎ᠠ ᠲᠠᠢ ᠲᠦᠷᠦᠯ ᠵᠦᠢᠯ᠂ ᠲᠤᠮᠤ ᠴᠢᠬᠤᠯᠠ ᠬᠡᠷᠡᠭ ᠶᠠᠪᠤᠳᠠᠯ᠂ ᠴᠢᠬᠤᠯᠠ ᠠᠵᠢᠯ ᠤᠨ ᠱᠠᠭᠠᠷᠳᠠᠨ ᠪᠠᠶᠢᠴᠠᠭᠠᠯᠲᠠ ᠶᠢᠨ | ᠬᠦᠴᠦᠯᠡᠴᠡ ᠪᠠᠨ ᠴᠢᠩᠭᠠᠳᠬᠠᠵᠤ᠂ ᠶᠠᠪᠤᠳᠠᠯ ᠪᠣᠯᠭᠠᠨ ᠰᠢᠢᠳᠪᠦᠷᠢ ᠲᠠᠢ᠂ ᠠᠰᠠᠭᠤᠯᠲᠠ ᠪᠣᠯᠭᠠᠨ ᠬᠠᠷᠢᠭᠤᠯᠲᠠ ᠲᠠᠢ ᠪᠠᠶᠢᠬᠤ ᠶᠢ ᠪᠡᠶᠡᠯᠡᠭᠦᠯᠦᠨ᠎ᠠ᠃ ᠲᠡᠷᠢᠭᠦᠨ ᠤ | ᠬᠢ ᠶᠢ ᠲᠡᠮᠡᠴᠡᠨ ᠰᠢᠯᠢᠳᠡᠭ ᠢ ᠡᠭᠦᠳᠬᠦ᠂ ᠨᠡᠷ᠎ᠡ ᠪᠠᠨ ᠪᠠᠳᠠᠷᠠᠭᠤᠯᠤᠨ ᠪᠠᠶᠢᠷᠢ ᠳᠡᠭᠡᠭᠰᠢᠯᠡᠭᠦᠯᠬᠦ ᠪᠠᠷ ᠲᠡᠮᠡᠴᠡᠬᠦ ᠤᠪᠤᠷ ᠲᠦᠷᠢ ᠪᠠᠷ᠂ ᠵᠠᠰᠠᠭ ᠤᠨ ᠣᠷᠳᠤᠨ ᠤ ᠡᠯ᠎ᠠ | ᠲᠠᠯ᠎ᠠ ᠶᠢᠨ ᠠᠵᠢᠯ ᠢ ᠯᠠᠪᠳᠠᠭᠤᠨ ᠦᠷᠨᠢᠭᠦᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ ᠬᠦᠨᠲᠤ ᠲᠤᠮᠤ ᠦᠷᠢᠰᠦᠯᠳᠦᠭᠡᠨ ᠢ | ᠵᠣᠷᠢᠭᠲᠠᠢ ᠤᠭᠳᠤᠵᠤ᠂ ᠬᠦᠨᠳᠤ ᠲᠤᠮᠤ ᠲᠦᠭᠰᠢᠭᠦᠷᠢ ᠶᠢ ᠬᠤᠷᠢᠭᠯᠠᠨ᠂ ᠬᠦᠨᠳᠤ ᠲᠤᠮᠤ ᠬᠠᠷᠰᠢ ᠰᠠᠭᠠᠳ ᠢ ᠳᠡᠪᠴᠢᠵᠤ᠂ ᠬᠦᠨᠳᠤ ᠲᠤᠮᠤ ᠵᠦᠷᠢᠴᠡᠯ ᠢ | ᠰᠢᠢᠳᠪᠦᠷᠢᠯᠡᠨ᠎ᠠ᠃ | ᠴᠢᠳᠠᠮᠵᠢ ᠪᠠᠨ ᠳᠡᠭᠡᠭᠰᠢᠯᠡᠭᠦᠯᠦᠨ ᠴᠢᠳᠠᠮᠠᠭᠠᠢ ᠵᠠᠰᠠᠭ ᠪᠠᠷᠢᠬᠤ ᠴᠢᠳᠠᠪᠤᠷᠢ ᠪᠠᠨ ᠴᠢᠩᠭᠠᠳᠬᠠᠨ᠎ᠠ᠃ ᠰᠤᠷᠤᠯᠴᠠᠯᠭ᠎ᠠ ᠶᠢᠨ ᠬᠡᠯᠪᠡᠷᠢᠲᠤ ᠵᠠᠰᠠᠭ ᠤᠨ ᠣᠷᠳᠤᠨ ᠤ | ᠪᠠᠶᠢᠭᠤᠯᠤᠯᠲᠠ ᠶᠢ ᠬᠦᠴᠦᠲᠠᠢ ᠦᠷᠨᠢᠭᠦᠯᠦᠨ᠂ ᠠᠵᠢᠯ ᠤᠨ ᠳᠤᠮᠳᠠ ᠰᠤᠷᠤᠯᠴᠠᠬᠤ᠂ ᠰᠤᠷᠤᠯᠴᠠᠯᠭ᠎ᠠ ᠶᠢᠨ ᠳᠤᠮᠳᠠ ᠠᠵᠢᠯᠯᠠᠬᠤ ᠶᠢ ᠪᠠᠷᠢᠮᠲᠠᠯᠠᠵᠤ᠂ ᠠᠰᠠᠭᠤᠳᠠᠯ ᠤᠨ | ᠵᠢᠯᠤᠭᠤᠳᠤᠮᠵᠢ ᠶᠢ ᠲᠣᠪᠣᠶᠢᠯᠭᠠᠨ᠂ ᠠᠰᠠᠭᠤᠳᠠᠯ ᠢ ᠢᠯᠡᠷᠡᠭᠦᠯᠬᠦ ᠬᠤᠷᠴᠠ ᠰᠡᠷᠭᠡᠭ ᠮᠡᠳᠡᠷᠡᠮᠵᠢ᠂ ᠠᠰᠠᠭᠤᠳᠠᠯ ᠳᠤ ᠵᠦᠪ ᠢᠶᠠᠷ ᠬᠠᠨᠳᠤᠬᠤ ᠰᠡᠷᠭᠡᠭ ᠴᠢᠨᠠᠷ᠂ | ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠴᠢᠩᠭᠠᠷᠠᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠬᠦᠴᠢᠷᠳᠡᠯ᠂ ᠣᠯᠠᠨ ᠲᠦᠮᠡᠨ ᠤ ᠲᠤᠰᠬᠠᠭᠰᠠᠨ | ᠲᠦᠪᠡᠭᠲᠡᠢ ᠠᠰᠠᠭᠤᠳᠠᠯ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠦᠯᠦᠭᠡᠯᠡᠬᠦ ᠲᠦᠭᠵᠢᠷᠡᠯ ᠢ ᠬᠦᠴᠦᠯᠡᠨ ᠡᠪᠳᠡᠵᠤ᠂ ᠪᠣᠳᠤᠯᠢᠶᠠᠲᠠᠢ ᠬᠠᠨᠳᠤᠰᠢ ᠶᠢ | ᠠᠷᠭᠠᠴᠠᠭᠠᠬᠤ ᠪᠠ ᠵᠠᠬ᠎ᠠ ᠳᠡᠯᠭᠡᠭᠦᠷ ᠤᠨ ᠠᠵᠤ ᠠᠬᠤᠢ ᠶᠢ ᠡᠵᠡᠮᠳᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠥᠨᠳᠦᠷ ᠶᠠᠰᠤ ᠴᠢᠨᠠᠷᠲᠠᠢ ᠠᠵᠢᠯ | ᠢᠶᠠᠷ ᠥᠨᠳᠦᠷ ᠶᠠᠰᠤ ᠴᠢᠨᠠᠷᠲᠠᠢ ᠬᠦᠭᠵᠢᠯᠲᠡ ᠶᠢ ᠠᠬᠢᠭᠤᠯᠤᠨ᠎ᠠ᠃ | ᠬᠠᠤᠯᠢ ᠳᠦᠷᠢᠮ ᠶᠣᠰᠤᠭᠠᠷ ᠡᠭᠦᠷᠭᠡ ᠴᠢᠳᠠᠪᠬᠢ ᠪᠠᠨ ᠭᠦᠢᠴᠡᠳᠭᠡᠨ᠎ᠠ᠃ ᠵᠠᠰᠠᠭ ᠤᠨ ᠣᠷᠳᠤᠨ ᠤ ᠬᠠᠤᠯᠢ ᠪᠠᠷ ᠵᠠᠰᠠᠬᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠲᠤᠮᠤ ᠶᠡᠭᠡ ᠵᠠᠰᠠᠭ ᠵᠠᠬᠢᠷᠭᠠᠨ ᠤ ᠰᠢᠢᠳᠪᠦᠷᠢ ᠪᠣᠳᠤᠯᠭ᠎ᠠ᠂ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠡᠯ ᠤᠨ ᠬᠠᠤᠯᠢ ᠶᠣᠰᠤᠨ ᠤ ᠴᠢᠨᠠᠷ ᠢ | ᠬᠢᠨᠠᠨ ᠪᠠᠶᠢᠴᠠᠭᠠᠬᠤ ᠠᠵᠢᠯ ᠢ ᠴᠢᠩᠭᠠᠳᠬᠠᠨ᠂ ᠵᠠᠰᠠᠭ ᠤᠨ ᠣᠷᠳᠤᠨ ᠤ ᠰᠢᠢᠳᠪᠦᠷᠢ ᠪᠣᠳᠤᠯᠭ᠎ᠠ ᠶᠢᠨ ᠰᠢᠨᠵᠢᠯᠡᠬᠦ ᠤᠬᠠᠭᠠᠨᠵᠢᠬᠤ᠂ ᠠᠷᠠᠳᠴᠢᠯᠠᠬᠤ᠂ ᠬᠠᠤᠯᠢᠵᠢᠵᠦ | ᠲᠦᠷᠢᠮᠵᠢᠬᠦ ᠲᠦᠪᠰᠢᠨ ᠢ ᠳᠡᠭᠡᠭᠰᠢᠯᠡᠭᠦᠯᠦᠨ᠎ᠠ᠃ ᠵᠠᠰᠠᠭ ᠤᠨ ᠠᠵᠢᠯ ᠤᠨ ᠢᠯᠡᠴᠡ ᠶᠢᠨ ᠬᠡᠮᠵᠢᠶ᠎ᠡ ᠶᠢ ᠨᠡᠮᠡᠭᠳᠡᠭᠦᠯᠵᠤ᠂ ᠵᠠᠰᠠᠭ ᠵᠠᠬᠢᠷᠭᠠᠨ ᠤ ᠠᠵᠢᠯᠯᠠᠭᠠᠨ ᠢ ᠦᠨᠡᠨᠬᠦ | ᠳᠦᠷᠢᠮᠵᠢᠭᠦᠯᠦᠨᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠡ ᠶᠢᠨ ᠬᠢᠨᠠᠯᠲᠠ ᠶᠢ ᠬᠠᠤᠯᠢ | ᠶᠣᠰᠤᠭᠠᠷ ᠬᠦᠯᠢᠶᠡᠨ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠤ᠂ ᠨᠡᠶᠢᠭᠡᠮ ᠪᠠ | ᠶᠠᠷᠢᠶ᠎ᠡ ᠭᠡᠯᠡᠯᠴᠡᠭᠡᠨ ᠤ ᠬᠢᠨᠠᠯᠲᠠ ᠶᠢ ᠬᠦᠳᠡᠯᠦᠩᠭᠦᠢ ᠪᠠᠷ ᠬᠦᠯᠢᠶᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠵᠦᠪᠯᠡᠯᠭᠡ᠂ ᠲᠦᠯᠦᠭᠡᠯᠡᠭᠴᠢᠳ | ᠤᠨ ᠰᠠᠨᠠᠯ ᠳᠤᠷᠠᠳᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢ ᠥᠨᠳᠦᠷ ᠶᠠᠰᠤ ᠴᠢᠨᠠᠷᠲᠠᠢ ᠰᠢᠢᠳᠪᠦᠷᠢᠯᠡᠨ᠎ᠠ᠃ | ᠠᠷᠢᠭᠤᠨ ᠴᠢᠭᠡᠴᠢ ᠪᠠᠷ ᠳᠠᠭᠤᠷᠢᠶᠠᠯ ᠦᠵᠡᠭᠦᠯᠦᠨ᠎ᠠ᠃ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠤᠨ ᠤ ᠠᠵᠢᠯ ᠪᠠ | ᠲᠤᠰ ᠪᠡᠶ᠎ᠡ ᠶᠢᠨ ᠪᠠᠶᠢᠭᠤᠯᠤᠯᠲᠠ ᠶᠢᠨ ᠡᠯ᠎ᠠ ᠳᠠᠯ᠎ᠠ ᠳᠤ ᠲᠤᠤᠱᠯᠠᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠤ | ᠳᠦᠷᠢᠮ ᠢ ᠴᠢᠩᠭ᠎ᠠ ᠰᠠᠬᠢᠨ᠂ ᠨᠠᠮ ᠤᠨ ᠲᠦᠪ ᠬᠤᠷᠢᠶ᠎ᠡ ᠶᠢᠨ ᠨᠠᠢᠮᠠᠨ ᠵᠣᠷᠪᠤᠰ ᠲᠣᠭᠳᠠᠭᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠤᠨ ᠤ ᠢᠵᠢ | ᠪᠦᠷᠢᠳᠦᠭᠦᠯᠦᠭᠰᠡᠨ ᠲᠣᠭᠳᠠᠭᠠᠯ ᠢ ᠪᠠᠶᠢᠩᠭᠤ ᠨᠠᠶᠢᠳᠠᠪᠤᠷᠢᠵᠢᠭᠤᠯᠵᠤ᠂ ︽ᠳᠦᠷᠪᠡᠨ ᠰᠤᠷᠳᠠᠯ︾ ᠤᠨ ᠠᠰᠠᠭᠤᠳᠠᠯ ᠢ ᠦᠷᠭᠦᠯᠵᠢᠯᠡᠩᠭᠦᠢ ᠴᠡᠭᠴᠡᠯᠡᠨ᠎ᠠ᠃ ᠠᠷᠪᠢᠳᠠᠢ | ᠠᠯᠪᠠᠯᠠᠬᠤ ᠶᠢ ᠪᠠᠷᠢᠮᠲᠠᠯᠠᠨ᠂ ︽ᠠᠯᠪᠠᠨ ᠤ ᠭᠤᠷᠪᠠᠨ ᠵᠠᠷᠤᠳᠠᠯ︾ ᠪᠠ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠭᠤᠣᠯᠳᠠᠯᠭ᠎ᠠ ᠲᠠᠢ ᠬᠦᠷᠢᠶ᠎ᠡ | ᠴᠠᠷ᠎ᠠ ᠪᠠ ᠵᠠᠩᠭᠢᠯᠠᠭ᠎ᠠ ᠶᠢᠨ ᠭᠤᠭᠴᠤᠭᠠᠨ ᠳᠠᠬᠢ ᠴᠢᠭᠡᠴᠢ ᠵᠠᠰᠠᠭ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠨ᠂ ᠣᠯᠠᠨ ᠲᠦᠮᠡᠨ ᠤ ᠳᠡᠷᠭᠡᠳᠡᠬᠢ ᠢᠯᠵᠠᠷᠠᠯ ᠪᠠ | ᠲᠦᠪ ᠪᠣᠰᠤ ᠰᠤᠷᠳᠠᠯ ᠢ ᠦᠷᠭᠦᠯᠵᠢᠯᠡᠨ ᠴᠡᠭᠴᠡᠯᠡᠵᠤ᠂ ᠰᠤᠷᠳᠠᠯ ᠲᠦᠪ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦᠨ ᠢᠶᠠᠷ ᠬᠠᠮᠠᠭᠠᠯᠠᠨ᠎ᠠ᠃ | ᠡᠷᠬᠢᠮ ᠲᠦᠯᠦᠭᠡᠯᠡᠭᠴᠢᠳ ᠡ᠂ ᠠᠷᠠᠳ ᠤᠨ ᠬᠦᠰᠡᠯ ᠪᠠᠷᠠᠯᠠᠯ ᠪᠣᠯ ᠵᠠᠰᠠᠭ ᠤᠨ ᠲᠡᠮᠦᠯᠠᠯ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠦᠪ ᠬᠤᠷᠢᠶ᠎ᠡ ᠶᠢᠨ ᠲᠣᠭᠤᠷᠢᠨ ᠳᠤ ᠨᠢᠭᠳᠠᠷᠠᠨ ᠪᠦᠯᠭᠦᠮᠳᠡᠵᠤ᠂ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠣᠷᠳᠤᠨ ᠪᠤᠯᠤᠨ | ᠬᠤᠰᠢᠭᠤᠨ ᠤ ᠨᠠᠮ ᠤᠨ ᠬᠤᠷᠢᠶ᠎ᠡ ᠶᠢᠨ ᠪᠠᠲᠤ ᠴᠢᠩᠭ᠎ᠠ ᠣᠳᠤᠷᠢᠳᠤᠯᠭ᠎ᠠ ᠳᠣᠣᠷ᠎ᠠ᠂ ᠨᠡᠩ ᠦᠷᠭᠡᠨ ᠬᠠᠷᠠᠭᠠᠰᠤ᠂ ᠨᠡᠩ ᠶᠡᠷᠦ ᠪᠤᠰᠤ ᠵᠣᠷᠢᠭ ᠰᠦᠰᠦ ᠪᠠᠷ᠂ ᠨᠡᠩ | ᠪᠠᠳᠠᠷᠠᠩᠭᠤᠢ ᠤᠮᠤᠭ ᠵᠣᠷᠢᠭ ᠢᠶᠠᠷ᠂ ᠣᠷᠬᠢᠯᠤᠮ᠎ᠠ ᠰᠡᠳᠬᠢᠯᠭᠡ ᠬᠠᠷᠢᠭᠤᠴᠠᠯᠭ᠎ᠠ ᠡᠭᠦᠷᠭᠡᠯᠡᠯ ᠲᠠᠢ ᠦᠢᠯᠡᠰ ᠪᠦᠲᠦᠭᠡᠨ᠂ ᠲᠡᠷᠢᠭᠦᠨ ᠤ ᠬᠢ ᠶᠢ ᠲᠡᠮᠡᠴᠡᠨ ᠭᠠᠪᠢᠶ᠎ᠠ | ᠪᠠᠶᠢᠭᠤᠯᠵᠤ᠂ ᠨᠡᠶᠢᠭᠡᠮ ᠵᠢᠷᠤᠮᠲᠤ ᠣᠳᠤᠬᠢᠴᠢᠯᠠᠭᠰᠠᠨ ᠬᠦᠴᠦᠷᠭᠡᠭ ᠬᠤᠰᠢᠭᠤ ᠪᠠᠨ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠶᠢᠨ ᠲᠦᠯᠦᠭᠡ ᠴᠢᠷᠮᠠᠶᠢᠨ ᠲᠡᠮᠡᠴᠡᠵᠤ᠂ | ᠰᠢᠯᠢᠳᠡᠭ ᠠᠮᠵᠢᠯᠲᠠ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠳᠤᠶ᠎ᠠ︕ |