9 20 | 9 20 | | | | | | | | | | | | | | | | | | | | | | | | | | | ᠬᠤᠷᠠᠯ ᠳᠤ᠂ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠬᠤ ᠶᠢ ᠰᠢᠮᠳᠠᠭᠤᠯᠤᠨ | ᠪᠠᠶᠢᠴᠠᠭᠠᠵᠤ ᠰᠤᠳᠤᠯᠤᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠠᠢ᠃ ᠬᠤᠷᠠᠯ ᠳᠡᠭᠡᠷ᠎ᠡ᠂ | ᠰᠢᠮᠳᠠᠭᠤᠯᠤᠨ ᠪᠠᠶᠢᠴᠠᠭᠠᠨ ᠰᠤᠳᠤᠯᠤᠯᠲᠠ ᠪᠠᠷ | ᠢᠯᠡᠷᠡᠭᠦᠯᠦᠭᠰᠡᠨ ᠠᠰᠠᠭᠤᠳᠠᠯ ᠤᠳ ᠢ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠢᠮᠠᠭᠲᠠ ᠠᠩᠬᠠᠷᠴᠤ᠂ ︽ᠠᠰᠠᠭᠤᠳᠠᠯ ᠤᠨ | ᠨᠠᠷᠢᠨ ᠳᠠᠩᠰᠠ︾ ᠶᠢ ︽ᠬᠠᠷᠢᠭᠤᠴᠠᠯᠭ᠎ᠠ ᠶᠢᠨ ᠨᠠᠷᠢᠨ | ᠳᠠᠩᠰᠠ︾ ᠪᠣᠯᠭᠠᠵᠤ᠂ ᠨᠢᠭᠡᠳ ᠨᠢᠭᠡ ᠪᠠᠷ ᠰᠠᠶᠢᠲᠤᠷ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠨᠢᠭᠡ ᠠᠴᠠ | ᠨᠥᠭᠦᠭᠡ ᠶᠢ ᠮᠡᠳᠡᠵᠦ ᠴᠡᠭᠴᠡᠯᠡᠨ ᠰᠠᠶᠢᠵᠢᠷᠠᠭᠤᠯᠤᠭᠰᠠᠨ | ᠦᠷ᠎ᠡ ᠪᠦᠲᠦᠭᠡᠯ ᠢ ᠥᠷᠭᠡᠳᠬᠡᠨ᠂ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠴᠠᠭ ᠢ ᠨᠢ | ᠲᠠᠭᠠᠷᠠᠭᠤᠯᠤᠨ ︽ᠳᠠᠬᠢᠨ ᠪᠠᠶᠢᠴᠠᠭᠠᠵᠤ︾᠂ ᠨᠡᠶᠢᠲᠡᠯᠡᠭᠰᠡᠨ | ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ | ᠬᠦᠴᠦᠯᠡᠨ ᠠᠬᠢᠭᠤᠯᠬᠤ ᠬᠡᠷᠡᠭᠲᠡᠢ᠃ ᠰᠢᠮᠳᠠᠭᠤᠯᠤᠨ | ᠪᠠᠶᠢᠴᠠᠭᠠᠨ ᠰᠤᠳᠤᠯᠤᠯᠲᠠ ᠪᠠᠷ ᠴᠤᠭᠯᠠᠭᠤᠯᠤᠭᠰᠠᠨ ᠰᠠᠨᠠᠯ | ᠰᠠᠨᠠᠭᠤᠯᠭ᠎ᠠ ᠨᠤᠭᠤᠳ ᠶᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ᠂ ᠢᠷᠡᠬᠦ ᠵᠢᠯ ᠤᠨ ᠠᠵᠤ ᠠᠬᠤᠢ ᠶᠢᠨ | ᠠᠵᠢᠯ ᠤᠨ ᠲᠥᠯᠥᠪᠯᠡᠭᠡ ᠲᠠᠢ ᠪᠠᠨ ᠤᠶᠠᠯᠳᠤᠭᠤᠯᠤᠨ | ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠭᠦᠨᠵᠡᠭᠡᠢ | ᠰᠤᠳᠤᠯᠵᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ | ᠨᠡᠶᠢᠲᠡᠯᠡᠬᠦ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠬᠠᠨᠳᠤᠰᠢ ᠶᠢ ᠤᠯᠠᠮ ᠪᠠᠬᠢᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | | | | | | | | | | |