ᠪᠠᠷᠭᠤ ᠮᠣᠩᠭᠤᠯ ᠠᠶᠢᠮᠠᠭ ᠤᠨ ᠦᠵᠡᠮᠵᠢ ᠶᠢᠨ ᠣᠷᠣᠨ ᠪᠣᠯ ᠬᠥᠯᠥᠨ ᠪᠤᠶᠢᠷ ᠣᠷᠣᠨ ᠤ ᠴᠣᠷ ᠤᠨ ᠭᠠᠭᠴᠠ ᠪᠠᠯᠭᠤ ᠦᠨᠳᠦᠰᠦᠲᠡᠨ᠂ ᠠᠷᠠᠳ ᠤᠨ ᠵᠠᠩ | ᠰᠤᠷᠲᠠᠯ᠂ ᠠᠷᠠᠳ ᠤᠨ ᠵᠠᠩ ᠳᠠᠳᠬᠠᠯ ᠢ ᠳᠡᠯᠭᠡᠨ ᠦᠵᠡᠭᠦᠯᠬᠦ ᠪᠠᠷ ᠣᠨᠴᠠᠯᠢᠭ ᠢᠶᠠᠨ ᠪᠣᠯᠭᠠᠭᠰᠠᠨ ᠲᠣᠮᠣ ᠬᠡᠯᠪᠡᠷᠢ ᠶᠢᠨ ᠦᠨᠳᠦᠰᠦᠲᠡᠨ ᠤ ᠵᠠᠩ ᠦᠶᠯᠡ ᠶᠢᠨ | ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠣᠨ᠎ᠠ᠃ ᠤᠯᠤᠰ ᠤᠨ AAAA ᠲᠠᠰ ᠤᠨ ᠵᠢᠭᠤᠯᠴᠢᠯᠠᠯ ᠤᠨ ᠦᠵᠡᠮᠵᠢᠲᠦ ᠣᠷᠣᠨ ᠮᠥᠨ᠂ ︽ᠳᠤᠮᠳᠠᠳᠤ | ᠤᠯᠤᠰ ᠤᠨ ᠠᠩᠬᠠᠳᠠᠭᠴᠢ︾ ᠠᠷᠠᠳ ᠤᠨ ᠶᠡᠭᠡ ᠬᠤᠷᠠᠯ ᠤᠨ ᠲᠠᠩᠬᠢᠮ ᠳᠤ ᠣᠷᠣᠵᠤ ᠬᠥᠬᠢᠭᠦᠯᠦᠯ ᠭᠥᠷᠳᠡᠭᠰᠡᠨ ᠲᠠᠯ᠎ᠠ ᠨᠤᠲᠤᠭ ᠤᠨ ᠦᠵᠡᠮᠵᠢᠲᠦ ᠣᠷᠣᠨ ᠮᠥᠨ᠃ | ᠪᠠᠷᠭᠤ ᠮᠣᠩᠭᠤᠯ ᠠᠶᠢᠮᠠᠭ ᠤᠨ ᠦᠵᠡᠮᠵᠢ ᠶᠢᠨ ᠣᠷᠣᠨ ᠪᠠᠶᠢᠭᠤᠯᠤᠭᠳᠠᠭᠰᠠᠨ ᠠᠴᠠ ᠨᠠᠰᠢ ᠬᠥᠯᠥᠨ ᠪᠤᠶᠢᠷ ᠤᠨ ︽ᠠᠷᠪᠠᠨ ᠶᠡᠭᠡ ᠰᠢᠯᠢᠳᠡᠭ ᠦᠵᠡᠮᠵᠢ ᠶᠢᠨ ᠣᠷᠣᠨ︾ | ︽ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠯᠢᠳᠡᠭ ᠦᠨᠡᠨᠴᠢ ᠢᠲᠡᠭᠡᠮᠵᠢᠲᠡᠢ ᠦᠵᠡᠮᠵᠢ ᠶᠢᠨ ᠣᠷᠣᠨ︾ ᠵᠡᠷᠭᠡ ᠣᠯᠠᠨ ᠵᠦᠢᠯ ᠤᠨ ᠢᠷᠠᠭᠤ ᠠᠯᠳᠠᠷ ᠢ | ᠣᠯᠠᠨᠲᠠ ᠭᠥᠷᠳᠡᠭᠰᠡᠨ ᠶᠤᠮ᠃ | ᠦᠵᠡᠮᠵᠢ ᠶᠢᠨ ᠣᠷᠣᠨ ᠨᠢ ᠣᠯᠠᠨ ᠵᠢᠯ ᠤᠨ ᠪᠦᠲᠦᠭᠡᠨ ᠪᠠᠶᠢᠭᠤᠯᠤᠯᠲᠠ ᠪᠠᠷ ᠳᠡᠮᠵᠢᠨ᠂ ᠬᠠᠮᠲᠤ ᠳᠤᠨᠢ 2000 ᠬᠥᠮᠥᠨ ᠬᠤᠭᠤᠯᠠᠯᠠᠵᠤ᠂ 400 | ᠬᠥᠮᠥᠨ ᠬᠤᠨᠣᠭᠯᠠᠵᠤ᠂ ᠵᠢᠭᠤᠯᠴᠢᠯᠠᠭᠴᠢᠳ ᠲᠤ ︽ᠢᠳᠡᠬᠦ᠂ ᠰᠠᠭᠤᠬᠤ᠂ ᠶᠠᠪᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠨᠠᠭᠠᠳᠬᠤ︾ ᠪᠥᠬᠦ ᠲᠠᠯ᠎ᠠ ᠶᠢᠨ᠂ | ᠪᠣᠰᠤᠭ᠎ᠠ ᠴᠣᠭᠴᠠᠲᠤ ᠦᠢᠯᠡᠴᠢᠯᠡᠭᠡ ᠬᠠᠩᠭᠠᠵᠤ ᠪᠣᠯᠣᠨ᠎ᠠ᠃ | | | | | | | | | |