ᠠᠵᠠᠲᠠᠢ ᠬᠤᠳᠠᠯᠳᠤᠭᠠᠨ ᠤ ᠵᠣᠴᠢᠳ ᠤᠨ ᠪᠠᠭᠤᠳᠠᠯ
ᠨᠡᠶᠢᠲᠡᠯᠡᠭᠰᠡᠨ ᠴᠠᠭ᠄
2023/11/8
         ᠠᠵᠠᠲᠠᠢ ᠬᠤᠳᠠᠯᠳᠤᠭᠠᠨ ᠤ ᠵᠣᠴᠢᠳ ᠤᠨ ᠪᠠᠭᠤᠳᠠᠯ ᠨᠢ ᠰᠢᠨ᠎ᠡ ᠪᠠᠷᠭᠤ ᠵᠡᠭᠦᠨ ᠬᠤᠰᠢᠭᠤᠨ ᠤ ᠠᠮᠤᠭᠤᠯᠠᠩ ᠪᠠᠯᠭᠠᠰᠤᠨ ᠤ ᠵᠡᠭᠦᠨ ᠡᠮᠦᠨ᠎ᠡ ᠥᠨᠴᠥᠭ ᠲᠤ ᠪᠠᠶᠢᠷᠢᠯᠠᠳᠠᠭ᠂ ᠠᠵᠠᠲᠠᠢ ᠭᠡᠳᠡᠭ ᠦᠭᠡ ᠨᠢ ︽ᠠᠵᠠ ᠵᠠᠪᠰᠢᠶᠠᠨ ᠲᠠᠢ ᠬᠥᠮᠥᠨ︾ ᠭᠡᠰᠡᠨ ᠤᠳᠬ᠎ᠠ ᠲᠠᠢ ᠮᠣᠩᠭᠤᠯ ᠬᠡᠯᠡᠨ ᠠᠴᠠ ᠢᠷᠡᠯᠲᠡ ᠲᠠᠢ᠃         2023 ᠣᠨ ᠤ 7 ᠰᠠᠷ᠎ᠠ ᠳᠤ ᠪᠥᠬᠦ ᠤᠯᠤᠰ ᠤᠨ ᠬᠠᠮᠤᠭ ᠤᠨ ᠭᠤᠶᠣ ᠴᠡᠷᠢᠭ ᠠᠴᠠ ᠬᠠᠯᠠᠭᠳᠠᠭᠰᠠᠳ ᠮᠧᠩ ᠶᠢᠨ ᠰᠢᠶᠠ ᠵᠣᠴᠢᠳ ᠤᠨ ᠪᠠᠭᠤᠳᠠᠯ ᠢ ᠡᠭᠦᠳᠦᠨ ᠪᠠᠶᠢᠭᠤᠯᠪᠠ᠂ ᠲᠡᠭᠦᠨ ᠤ ᠭᠠᠵᠠᠷ ᠵᠦᠢ ᠶᠢᠨ ᠪᠠᠶᠢᠷᠢᠯᠠᠯ ᠨᠢ ᠳᠠᠪᠠᠭᠤᠯᠢᠭ ᠪᠠᠶᠢᠵᠤ᠂ ᠮᠠᠨᠵᠤᠤᠷ᠂ ᠷᠠᠰᠢᠶᠠᠨ ᠤ ᠰᠢᠵᠢᠷ ᠠᠯᠲᠠᠨ ᠵᠢᠭᠤᠯᠴᠢᠯᠠᠯ ᠤᠨ ᠦᠵᠡᠮᠵᠢᠲᠦ ᠣᠷᠣᠨ ᠤ ᠵᠠᠪᠠᠯ ᠥᠩᠭᠡᠷᠡᠬᠦ ᠵᠠᠮ ᠳᠡᠭᠡᠷ᠎ᠡ ᠪᠠᠶᠢᠳᠠᠭ᠃ ᠵᠣᠴᠢᠳ ᠤᠨ ᠪᠠᠭᠤᠳᠠᠯ ᠳᠤ ᠣᠲᠣ ᠪᠠᠷᠢᠮᠵᠢᠶᠠᠲᠤ ᠥᠷᠥᠭᠡ᠂ ᠲᠣᠮᠣ ᠣᠷᠣ ᠲᠠᠢ ᠥᠷᠥᠭᠡ᠂ ᠭᠡᠷ ᠪᠦᠯᠢ ᠶᠢᠨ ᠥᠷᠥᠭᠡ᠂ ᠲᠠᠩᠰᠤᠭ ᠲᠣᠮᠣ ᠢᠵᠢ ᠥᠷᠥᠭᠡ ᠵᠡᠷᠭᠡ ᠨᠡᠶᠢᠲᠡ 144 ᠥᠷᠥᠭᠡ ᠲᠠᠢ ᠪᠠᠶᠢᠵᠤ᠂ ᠬᠠᠮᠲᠤ ᠳᠤᠨᠢ 300 ᠬᠥᠮᠥᠨ ᠰᠠᠭᠤᠯᠭᠠᠵᠤ ᠪᠣᠯᠣᠨ᠎ᠠ᠃
微信图片_20231108161849.jpg
微信图片_20231108161856.jpg
         ᠵᠣᠴᠢᠳ ᠤᠨ ᠪᠠᠭᠤᠳᠠᠯ ᠨᠢ ᠢᠮᠠᠭᠲᠠ ︽ᠠᠷᠠᠳ ᠲᠦᠮᠡᠨ ᠳᠤ ᠦᠢᠯᠡᠴᠢᠯᠡᠵᠦ᠂ ᠭᠡᠷ ᠲᠡᠭᠡᠨ ᠢᠷᠡᠭᠰᠡᠨ ᠮᠡᠲᠦ ᠬᠠᠯᠠᠭᠤᠨ ᠳᠤᠯᠠᠭᠠᠨ︾ ᠭᠡᠬᠦ ᠡᠵᠡᠩᠨᠡᠯᠲᠡ ᠶᠢᠨ ᠤᠳᠤᠷᠢᠳᠬᠤ ᠵᠠᠷᠴᠢᠮ ᠢ ᠪᠠᠷᠢᠮᠲᠠᠯᠠᠵᠤ᠂ ᠦᠨᠳᠦᠰᠦᠲᠡᠨ ᠤ ᠨᠠᠷᠠᠲᠤ ᠲᠡᠮᠳᠡᠭᠲᠦ ᠶᠢ ᠪᠣᠶ ᠪᠣᠯᠭᠠᠬᠤ ᠪᠠᠷ ᠡᠭᠦᠷᠭᠡ ᠪᠠᠨ ᠪᠣᠯᠭᠠᠵᠤ᠂ ᠰᠢᠯᠢᠳᠡᠭ ᠦᠢᠯᠡᠴᠢᠯᠡᠭᠡ ᠬᠠᠩᠭᠠᠬᠤ ᠪᠠᠷ ᠵᠣᠷᠢᠯᠲᠠ ᠪᠣᠯᠭᠠᠵᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠮᠤᠭ ᠤᠨ ᠲᠣᠮᠣ᠂ ᠭᠠᠵᠠᠷ ᠵᠦᠢ ᠶᠢᠨ ᠪᠠᠶᠢᠷᠢᠰᠢᠯ ᠢᠶᠠᠷ ᠬᠠᠮᠤᠭ ᠤᠨ ᠰᠠᠶᠢᠨ᠂ ᠭᠥᠯᠢᠶᠡᠨ ᠠᠪᠬᠤ ᠴᠢᠳᠠᠪᠤᠷᠢ ᠪᠠᠷ ᠬᠠᠮᠤᠭ ᠤᠨ ᠴᠢᠩᠭ᠎ᠠ ᠬᠤᠳᠠᠯᠳᠤᠭᠠᠨ ᠤ ᠶᠠᠪᠤᠳᠠᠯ ᠤᠨ ᠪᠠᠭᠤᠳᠠᠯ ᠪᠣᠯᠣᠨ᠎ᠠ᠃
微信图片_20231108161932.jpg
微信图片_20231108161915.jpg
         ᠨᠡᠶᠢᠭᠡᠮ ᠳᠤ ᠠᠴᠢ ᠬᠠᠷᠢᠭᠤᠯᠬᠤ ᠶᠢᠨ ᠲᠥᠯᠥᠭᠡ᠂ ᠭᠠᠳᠠᠨ᠎ᠠ ᠲᠡᠨᠦᠭᠦᠴᠢᠯᠡᠵᠦ ᠪᠠᠶᠢᠭ᠎ᠠ ᠠᠯᠪᠠᠲᠠᠨ᠂ ᠣᠶᠤᠲᠠᠨ᠂ ᠴᠡᠷᠢᠭ ᠠᠴᠠ ᠬᠠᠯᠠᠭᠳᠠᠭᠰᠠᠳ ᠲᠤ ᠬᠠᠯᠠᠭᠤᠨ ᠳᠤᠯᠠᠭᠠᠨ ᠭᠡᠷ ᠪᠦᠯᠢ ᠲᠠᠢ ᠪᠣᠯᠭᠠᠬᠤ ᠶᠢᠨ ᠲᠥᠯᠥᠭᠡ᠂ ᠵᠣᠴᠢᠳ ᠤᠨ ᠪᠠᠭᠤᠳᠠᠯ ᠪᠠᠰᠠ ᠨᠡᠶᠢᠲᠡ ᠶᠢᠨ ᠪᠠᠶᠢᠷᠢ ᠲᠦᠷᠢᠶᠡᠰᠦᠯᠡᠬᠦ᠂ ᠬᠤᠭᠤᠯᠠ ᠤᠮᠳᠠᠭᠠᠨ ᠤ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠬᠠᠮᠲᠤ ᠳᠤᠨᠢ ᠬᠠᠩᠭᠠᠵᠤ ᠪᠠᠶᠢᠨ᠎ᠠ᠃
微信图片_20231108161923.jpg
ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠰᠢᠨ᠎ᠡ ᠪᠠᠷᠭᠤ ᠵᠡᠭᠦᠨ ᠬᠤᠰᠢᠭᠤ᠂ ᠲᠠᠯ᠎ᠠ ᠨᠤᠲᠤᠭ ᠤᠨ ᠬᠡᠷᠡᠯᠳᠦ ᠰᠤᠪᠤᠳ ᠠᠵᠠᠲᠠᠢ᠃ ᠲᠠᠨ ᠤ ᠎ ᠪᠠᠨ ᠬᠦᠷᠦᠯᠴᠡᠨ ᠢᠷᠡᠬᠦ ᠶᠢ ᠪᠠᠶᠠᠷᠯᠠᠨ ᠤᠭᠲᠤᠵᠤ ᠪᠠᠶᠢᠨ᠎ᠠ ︕ ᠠᠵᠠᠲᠠᠢ ᠵᠣᠴᠢᠳ ᠤᠨ ᠪᠠᠭᠤᠳᠠᠯ ᠤᠨ ᠭᠡᠷ ᠵᠠᠬᠢᠶᠠᠯᠠᠬᠤ ᠤᠲᠠᠰᠤ᠄0470 - 319898815149288677 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ