ᠵᠠᠰᠠᠭ ᠤᠨ ᠣᠷᠳᠤᠨ ᠤ ᠠᠵᠢᠯ ᠤᠨ ᠢᠯᠡᠳᠬᠡᠯ | —— 2023 ᠣᠨ ᠤ 2 ᠰᠠᠷ᠎ᠠ ᠶᠢᠨ 28 ᠤ ᠡᠳᠦᠷ ᠰᠢᠨ᠎ᠠ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠰᠢᠨ᠎ᠠ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠰᠢᠭᠤᠨ ᠳᠠᠷᠤᠭ᠎ᠠ ᠡᠦ ᠰᠢᠤᠸᠠᠢ ᠶᠦᠩ | | ᠲᠦᠯᠦᠭᠡᠯᠡᠭᠴᠢᠳ ᠡ᠄ | ᠣᠳᠤ ᠪᠢ ᠰᠢᠨ᠎ᠠ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ | ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠳᠤᠷᠠᠳᠬᠤ ᠪᠣᠯᠪᠠᠤ᠃ | | ᠨᠢᠭᠡ᠂ 2022 ᠣᠨ ᠤ ᠠᠵᠢᠯ ᠤᠨ ᠡᠷᠬᠢᠴᠡᠭᠦᠯᠦᠯ | ᠦᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠠᠬᠢ ᠬᠦᠰᠢᠶ᠎ᠡ ᠳᠤᠷᠠᠰᠬᠠᠯ ᠤᠨ ᠠᠴᠢ ᠬᠤᠯᠪᠤᠭᠳᠠᠯ ᠲᠠᠢ ᠨᠢᠭᠡ ᠵᠢᠯ ᠪᠣᠯᠣᠨ᠎ᠠ᠂ ᠪᠠᠰᠠ | ᠴᠤ ᠰᠢᠨ᠎ᠠ ᠪᠠᠷᠭᠤ ᠵᠡᠭᠦᠨ ᠬᠤᠰᠢᠭᠤᠨ ᠤ ᠬᠦᠭᠵᠢᠯᠲᠡ ᠶᠢᠨ ᠲᠡᠦᠬᠡᠨ ᠳᠠᠬᠢ ᠭᠡᠷᠡᠯ ᠭᠢᠯᠪᠠᠭ᠎ᠠ ᠲᠠᠢ᠂ ᠦᠷ᠎ᠡ ᠪᠦᠲᠦᠮᠵᠢ ᠢᠯᠡᠷᠭᠡᠢ ᠨᠢᠭᠡ ᠵᠢᠯ ᠪᠣᠯᠤᠨ᠎ᠠ᠃ ᠨᠢᠭᠡ | ᠵᠢᠯ ᠤᠨ ᠲᠤᠷᠰᠢ᠂ ᠪᠢᠳᠡ ᠨᠠᠮ ᠤᠨ ᠲᠦᠪ ᠬᠤᠷᠢᠶ᠎ᠡ ᠶᠢᠨ ︽ᠬᠢᠵᠢᠭ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠠᠮᠤᠷ ᠲᠦᠪᠰᠢᠨ ᠬᠦᠭᠵᠢᠭᠦᠯᠬᠦ | ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠡ ᠶᠢᠨ ᠳᠠᠭᠠᠭᠤᠯᠤᠭ᠎ᠠ ᠳᠣᠣᠷ᠎ᠠ᠂ ᠬᠦᠴᠢᠷ ᠢ ᠳᠣᠭᠤᠯᠤᠨ᠂ | ᠪᠦᠯᠭᠦᠮᠳᠡᠨ ᠲᠡᠮᠡᠴᠡᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠠᠮᠵᠢᠯᠲᠠᠲᠠᠢ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠦᠭᠵᠢᠯᠲᠡ ᠰᠢᠪᠲᠤᠯᠤᠯᠲᠠ ᠶᠢᠨ | ᠴᠢᠨᠠᠷᠲᠠᠢ ᠦᠷ᠎ᠡ ᠪᠦᠲᠦᠮᠵᠢ ᠣᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠴᠢᠨᠠᠷ ᠰᠠᠶᠢᠲᠠᠢ ᠬᠦᠭᠵᠢᠯᠲᠡ ᠲᠡᠦᠬᠡᠴᠢ ᠴᠢᠨᠠᠷᠲᠠᠢ ᠦᠷ᠎ᠡ ᠪᠦᠲᠦᠮᠵᠢ ᠣᠯᠪᠠ᠃ | ᠨᠢᠭᠡ ᠵᠢᠯ ᠤᠨ ᠲᠤᠷᠰᠢ᠂ ᠪᠢᠳᠡ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠳᠡᠭᠡᠭᠰᠢᠯᠡᠭᠦᠯᠬᠦ ᠪᠠᠷ ᠬᠦᠴᠦᠯᠡᠨ᠂ ᠠᠵᠤ ᠠᠬᠤᠢ ᠶᠢᠨ ᠪᠠᠶᠢᠭᠤᠯᠤᠯᠲᠠ ᠶᠢᠨ | ᠬᠤᠷᠳᠤᠴᠠ ᠨᠡᠮᠡᠭᠳᠡᠪᠡ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ ᠪᠠ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ ᠶᠢ | ᠰᠠᠨᠠᠭᠠᠴᠢᠯᠠᠭ᠎ᠠ ᠲᠠᠢ ᠠᠷᠭᠠᠴᠠᠭᠠᠨ᠂ ᠪᠦᠬᠦ ᠵᠢᠯ ᠳᠤ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ 29.54 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠦ᠂ ᠯᠠᠪᠳᠠᠭᠤᠨ ᠲᠣᠭᠲᠠᠭᠤᠨ ᠢᠶᠠᠷ ᠰᠢᠪᠲᠤᠯᠤᠯᠲᠠ ᠬᠢᠵᠦ᠂ ᠡᠰᠡᠷᠭᠦ ᠴᠢᠭᠯᠡᠯ ᠢᠶᠠᠷ | ᠨᠡᠮᠡᠭᠳᠡᠭᠦᠯᠬᠦ ᠶᠢ ᠪᠡᠶᠡᠯᠡᠭᠦᠯᠵᠤ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠵᠢᠷᠭᠤᠳᠤᠭᠠᠷ ᠲᠤ ᠵᠢᠭᠰᠠᠭᠠᠭᠳᠠᠪᠠ᠃ ᠲᠣᠭᠳᠠᠮᠠᠯ ᠬᠦᠷᠦᠩᠭᠡ ᠶᠢᠨ ᠪᠡᠯᠡ | ᠣᠷᠤᠭᠤᠯᠤᠯᠲᠠ 4.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.7 % ᠪᠠᠷ ᠨᠡᠮᠡᠭᠳᠡᠵᠤ᠂ ᠨᠡᠮᠡᠭᠳᠡᠯ ᠤᠨ ᠬᠤᠷᠳᠤᠴᠠ | ᠪᠦᠬᠦ ᠬᠤᠳᠠ ᠶᠢᠨ ᠭᠤᠷᠪᠠᠳᠤᠭᠠᠷ ᠲᠤ ᠵᠢᠭᠰᠠᠭᠠᠭᠳᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠯᠲᠡ ᠥᠷᠲᠡᠭ 12% ᠢᠶᠠᠷ ᠨᠡᠮᠡᠭᠳᠡᠵᠦ | ᠂ ᠪᠦᠬᠦ ᠬᠤᠲᠠ ᠶᠢᠨ ᠲᠠᠪᠤᠳᠤᠭᠠᠷ ᠲᠤ ᠵᠢᠭᠰᠠᠭᠠᠭᠳᠠᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠤᠯᠭ᠎ᠠ 1.38 ᠳ᠋ᠦᠩᠰᠢᠭᠤᠷ ᠲᠦᠭᠦᠷᠢᠭ ᠲᠤ | ᠬᠦᠷᠴᠤ᠂ ᠠᠳᠠᠯᠢ ᠬᠤᠭᠤᠴᠠᠭᠠᠨ ᠤ ᠬᠢ ᠠᠴᠠ 14.2 % ᠪᠠᠷ ᠨᠡᠮᠡᠭᠳᠡᠵᠦ᠂ ᠲᠦᠰᠦᠪᠯᠡᠭᠰᠡᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠤ᠂ ᠨᠡᠮᠡᠭᠳᠡᠯ ᠤᠨ | ᠬᠤᠷᠳᠤᠴᠠ ᠪᠦᠬᠦ ᠬᠤᠳᠠ ᠶᠢᠨ ᠳᠣᠯᠣᠳᠤᠭᠠᠷ ᠲᠤ ᠵᠢᠭᠰᠠᠭᠠᠭᠳᠠᠪᠠ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠥᠷᠳᠡᠭ | 6.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ | ᠳᠦᠷᠪᠡᠳᠦᠭᠡᠷ ᠲᠤ ᠵᠢᠭᠰᠠᠭᠠᠭᠳᠠᠪᠠ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠤᠯᠭ᠎ᠠ | ᠲᠣᠰᠪᠤᠷᠢ 32766 ᠲᠦᠭᠦᠷᠢᠭ᠂ 29290 ᠲᠦᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 5.5% ᠪᠠ 7.6% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠲᠣᠰᠪᠤᠷᠢ ᠪᠦᠬᠦ ᠬᠤᠳᠠ ᠶᠢᠨ ᠨᠢᠭᠡᠳᠦᠭᠡᠷ ᠪᠠ ᠬᠤᠶᠠᠳᠤᠭᠠᠷ ᠲᠤ ᠵᠢᠭᠰᠠᠭᠠᠭᠳᠠᠪᠠ᠃ ᠣᠯᠠᠨ ᠲᠦᠷᠦᠯ ᠤᠨ ᠠᠵᠤ ᠠᠬᠤᠢ ᠶᠢᠨ ᠵᠢᠭᠠᠯᠲᠠ | ᠲᠤᠭᠠᠨ ᠤ ᠨᠡᠮᠡᠭᠳᠡᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠥᠯᠥᠪᠯᠡᠭᠡ ᠠᠴᠠ ᠨᠠᠰᠢ᠂ ᠠᠩᠬᠠᠳᠤᠭᠠᠷ ᠤᠳᠠᠭ᠎ᠠ ᠪᠦᠬᠦ ᠬᠤᠳᠠ ᠶᠢᠨ ᠳᠤᠮᠳᠠᠴᠢ ᠬᠢᠷᠢ | ᠲᠦᠪᠰᠢᠨ ᠠᠴᠠ ᠳᠠᠪᠠᠵᠤ᠂ ᠪᠦᠬᠦ ᠬᠤᠳᠠ ᠶᠢᠨ ᠡᠮᠦᠨᠡᠭᠦᠷ ᠵᠢᠭᠰᠠᠭᠠᠭᠳᠠᠵᠤ᠂ ᠠᠵᠤ ᠠᠬᠤᠢ ᠶᠢᠨ ᠬᠦᠭᠵᠢᠯᠲᠡ ᠲᠦᠷᠭᠡᠨ ᠮᠦᠷᠳᠡᠭᠡᠨ ᠯᠠᠪᠳᠠᠭᠤᠨ ᠴᠤ᠋ ᠰᠢᠨ᠎ᠠ | ᠪᠠᠶᠢᠳᠠᠯ ᠢᠯᠡᠷᠡᠪᠡ᠃ | ᠨᠢᠭᠡ ᠵᠢᠯ ᠤᠨ ᠲᠤᠷᠰᠢ᠂ ᠪᠢᠳᠡ ᠪᠦᠲᠦᠮᠵᠢᠲᠡᠢ ᠪᠡᠯᠡ ᠣᠷᠤᠭᠤᠯᠤᠯᠲᠠ ᠶᠢ ᠦᠷᠭᠡᠳᠭᠡᠬᠦ ᠪᠠᠷ ᠬᠦᠴᠦᠯᠡᠨ᠂ ᠲᠦᠷᠦᠯ ᠵᠦᠢᠯ ᠤᠨ ᠪᠠᠶᠢᠭᠤᠯᠤᠯᠲᠠ ᠡᠷᠴᠢᠮᠲᠠᠢ | ᠣᠷᠤᠭᠰᠢᠯᠠᠪᠠ᠃ ᠭᠤᠣᠯᠳᠠᠯᠭ᠎ᠠ ᠲᠠᠢ ᠲᠦᠷᠦᠯ ᠵᠦᠢᠯ ᠢ ᠲᠦᠪᠯᠡᠷᠡᠭᠦᠯᠦᠨ ᠰᠢᠪᠲᠤᠯᠬᠤ ᠣᠨ ᠢ ᠡᠬᠢᠯᠡᠭᠦᠯᠦᠨ᠂ ︽ᠵᠢᠷᠤᠭ ᠡᠯᠭᠦᠨ ᠪᠠᠶᠢᠯᠳᠤᠬᠤ︾᠂ ︽ᠲᠦᠷᠦᠯ | ᠵᠦᠢᠯ ᠤᠨ ᠬᠠᠮᠢᠶᠠᠷᠤᠭᠴᠢ︾ ᠵᠡᠷᠭᠡ ᠠᠵᠢᠯ ᠤᠨ ᠲᠣᠭᠳᠠᠴᠠ ᠶᠢ ᠳᠡᠯᠭᠡᠷᠡᠭᠦᠯᠦᠨ᠂ ᠪᠦᠬᠦ ᠵᠢᠯ ᠳᠤ᠂ ᠲᠦᠭᠦᠬᠡᠢ ᠲᠤᠰᠤᠨ ᠤ ᠵᠦᠭᠡᠭᠡᠪᠦᠷᠢ ᠶᠢᠨ ᠰᠠᠭᠤᠷᠢᠨ ᠭᠠᠵᠠᠷ᠂ | ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠭᠡᠷᠡᠴᠢᠯᠡᠨ ᠪᠠᠶᠢᠭᠤᠯᠬᠤ᠂ ᠠᠮᠤᠭᠤᠯᠠᠩ ᠪᠠᠯᠭᠠᠰᠤᠨ ᠤ ᠳᠤᠯᠠᠭᠠᠯᠠᠯᠭ᠎ᠠ ᠶᠢᠨ ᠦᠢᠯᠡᠳᠪᠦᠷᠢ ᠶᠢ ᠦᠷᠭᠡᠳᠭᠡᠨ | ᠪᠠᠶᠢᠭᠤᠯᠬᠤ ᠵᠡᠷᠭᠡ 21 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠤ᠂ 3.42 ᠳ᠋ᠦᠩᠰᠢᠭᠤᠷ ᠲᠦᠭᠦᠷᠢᠭ ᠪᠡᠯᠡ ᠣᠷᠣᠭᠤᠯᠵᠤ᠂ ᠲᠦᠷᠦᠯ ᠵᠦᠢᠯ ᠤᠨ | ᠲᠤᠭ᠎ᠠ᠂ ᠪᠠᠷᠢᠯᠭ᠎ᠠ ᠡᠬᠢᠯᠡᠭᠦᠯᠵᠤ ᠰᠡᠷᠭᠦᠭᠡᠭᠰᠡᠨ ᠨᠤᠷᠮ᠎ᠠ ᠪᠠ ᠪᠡᠯᠡ ᠣᠷᠤᠭᠤᠯᠤᠯᠲᠠ ᠶᠢᠨ ᠬᠡᠮᠵᠢᠶ᠎ᠡ ᠴᠦᠮ ᠲᠡᠦᠬᠡ ᠶᠢᠨ ᠰᠢᠨ᠎ᠠ ᠶᠢ ᠡᠭᠦᠳᠪᠡ᠃ ᠠᠷᠠᠯᠵᠢᠶᠠᠴᠢᠨ | ᠣᠷᠢᠬᠤ᠂ ᠠᠮᠤᠷ ᠲᠦᠪᠰᠢᠨ ᠠᠷᠠᠯᠵᠢᠶ᠎ᠠ ᠡᠷᠬᠢᠯᠡᠬᠦ᠂ ᠠᠷᠠᠯᠵᠢᠶᠠᠴᠢᠨ ᠲᠣᠭᠳᠠᠪᠤᠷᠢᠵᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠳ᠋ᠠᠴᠢᠩ ᠤᠨ ᠴᠢᠯᠠᠭᠤᠨ | ᠲᠤᠰᠤᠨ ᠤ ᠬᠢᠵᠠᠭᠠᠷᠲᠤ ᠺᠣᠮᠫᠠᠨᠢ᠂ ᠭᠤᠸᠠᠩ ᠴᠢ ᠪᠦᠯᠦᠭᠯᠡᠯ᠂ ᠢ ᠶᠦᠨ ᠪᠦᠯᠦᠭᠯᠡᠯ ᠲᠠᠢ ᠪᠣᠳᠠᠲᠠᠢ ᠠᠵᠢᠯ ᠤᠨ ᠬᠠᠮᠳᠤᠷᠠᠯᠴᠠᠭ᠎ᠠ ᠪᠠᠶᠢᠭᠤᠯᠵᠤ᠂ ᠨᠡᠶᠢᠲᠡ 1.17 | ᠳ᠋ᠦᠩᠰᠢᠭᠤᠷ ᠲᠦᠭᠦᠷᠢᠭ ᠪᠡᠯᠡ ᠲᠠᠲᠠᠪᠠ᠃ ᠲᠦᠷᠦᠯ ᠵᠦᠢᠯ ᠤᠨ ᠬᠦᠮᠦᠷᠭᠡ ᠪᠠᠶᠢᠭᠤᠯᠤᠨ ᠲᠡᠭᠦᠯᠳᠡᠷᠵᠢᠭᠦᠯᠵᠤ᠂ 135 ᠭᠤᠣᠯᠳᠠᠯᠭ᠎ᠠ ᠲᠠᠢ ᠲᠦᠷᠦᠯ ᠵᠦᠢᠯ ᠢ | ᠴᠢᠨᠠᠷ ᠰᠠᠶᠢᠲᠠᠢ ᠲᠥᠯᠥᠪᠯᠡᠨ ᠨᠥᠭᠡᠴᠡᠯᠡᠵᠦ᠂ ᠶᠡᠷᠦᠩᠬᠡᠢ ᠪᠡᠯᠡ ᠣᠷᠤᠭᠤᠯᠤᠯᠲᠠ 20 ᠳ᠋ᠦᠩᠰᠢᠭᠤᠷ ᠲᠦᠭᠦᠷᠢᠭ ᠳᠠᠪᠠᠵᠤ᠂ ᠠᠷᠠᠯᠵᠢᠶᠠᠴᠢᠨ ᠤᠷᠢᠬᠤ ᠶᠢ | ᠴᠢᠩᠭᠠᠳᠬᠠᠵᠤ᠂ ᠪᠡᠯᠡ ᠣᠷᠤᠭᠤᠯᠤᠯᠲᠠ ᠶᠢ ᠦᠷᠭᠡᠳᠭᠡᠨ᠂ ᠨᠡᠮᠡᠭᠳᠡᠯ ᠢ ᠲᠣᠭᠳᠠᠪᠤᠷᠢᠵᠢᠭᠤᠯᠬᠤ ᠳᠤ ᠬᠦᠴᠦᠲᠠᠢ ᠲᠤᠯᠭᠠᠭᠤᠷᠢ ᠬᠠᠩᠭᠠᠪᠠ᠃ | ᠨᠢᠭᠡ ᠵᠢᠯ ᠤᠨ ᠲᠤᠷᠰᠢ᠂ ᠪᠢᠳᠡ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠᠨ ᠬᠦᠴᠦᠷᠭᠡᠭᠵᠢᠭᠦᠯᠬᠦ ᠳᠤ ᠬᠦᠴᠦᠯᠡᠨ᠂ ᠪᠣᠭᠤᠮᠳᠠ ᠶᠢᠨ ᠪᠦᠲᠦᠭᠡᠨ ᠪᠠᠶᠢᠭᠤᠯᠤᠯᠲᠠ | ᠶᠢᠨ ᠬᠦᠳᠡᠯᠭᠡᠭᠴᠢ ᠬᠦᠴᠦᠨ ᠢ ᠳᠠᠶᠢᠴᠢᠯᠠᠪᠠ᠃ ᠬᠢᠵᠢᠭ ᠢ ᠰᠡᠷᠭᠡᠶᠢᠯᠡᠬᠦ ᠪᠠ ᠪᠣᠭᠤᠮᠳᠠ ᠶᠢᠨ ᠠᠵᠢᠯᠯᠠᠭᠠᠨ ᠤ ᠬᠦᠭᠵᠢᠯᠲᠡ ᠶᠢ ᠨᠢᠭᠡᠳᠦᠯᠲᠡᠢ ᠲᠦᠯᠦᠪᠵᠢᠭᠦᠯᠦᠨ᠂ | ᠳ᠋ᠦᠩᠰᠢᠭᠤᠷ ᠰᠢᠬᠠᠮ ᠲᠦᠭᠦᠷᠢᠭ ᠤᠨ ᠪᠡᠯᠡ ᠣᠷᠤᠭᠤᠯᠵᠤ᠂ ︽ᠪᠣᠭᠤᠮᠳᠠ ᠬᠤᠳᠠ ᠶᠢᠨ ᠭᠤᠷᠪᠠᠨ ᠳᠠᠪᠬᠤᠷ ᠰᠡᠷᠭᠡᠶᠢᠯᠡᠯᠲᠡ ᠶᠢᠨ ᠱᠤᠭᠤᠮ︾ ᠪᠠᠶᠢᠭᠤᠯᠤᠨ᠂ ᠪᠦᠬᠦ | ᠬᠦᠴᠦᠨ ᠢᠶᠠᠷ ᠰᠡᠷᠭᠡᠶᠢᠯᠡᠯᠲᠡ᠂ ᠠᠵᠢᠯᠯᠠᠭ᠎ᠠ᠂ ᠪᠠᠲᠤᠯᠠᠭ᠎ᠠ ᠶᠢ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠣᠭᠤᠮᠳᠠ ᠨᠡᠪᠲᠡᠷᠡᠬᠦ ᠠᠵᠢᠯᠯᠠᠭᠠᠨ ᠢ ᠰᠡᠷᠭᠦᠭᠡᠵᠦ᠂ | 6 ᠰᠠᠷ᠎ᠠ ᠠᠴᠠ ᠨᠠᠰᠢ ᠨᠡᠶᠢᠲᠡ 34 ᠲᠦᠮᠡᠨ ᠲᠣᠨ ᠲᠦᠭᠦᠭᠡᠢ ᠲᠣᠰᠤ ᠣᠷᠤᠭᠤᠯᠤᠨ᠂ 3 ᠲᠦᠮᠡᠨ ᠲᠣᠨ ᠪᠠᠷᠠᠭ᠎ᠠ ᠭᠠᠷᠭᠠᠵᠤ᠂ ᠪᠣᠭᠤᠮᠳᠠ ᠪᠠᠷ ᠣᠷᠤᠭᠤᠯᠵᠤ | ᠭᠠᠷᠭᠠᠭᠰᠠᠨ ᠠᠷᠠᠯᠵᠢᠶᠠᠨ ᠤ ᠥᠷᠳᠡᠭ 16.8 ᠳ᠋ᠦᠩᠰᠢᠭᠤᠷ ᠲᠦᠭᠦᠷᠢᠭ ᠲᠤ ᠬᠦᠷᠴᠤ᠂ ᠪᠦᠬᠦ ᠬᠤᠳᠠ ᠶᠢᠨ ᠬᠤᠶᠠᠳᠤᠭᠠᠷ ᠲᠤᠮᠤ ᠬᠠᠭᠤᠷᠠᠢ ᠵᠠᠮ ᠤᠨ | ᠪᠣᠭᠤᠮᠳᠠ ᠶᠢᠨ ᠪᠠᠶᠢᠷᠢ ᠰᠠᠭᠤᠷᠢ ᠪᠠᠨ ᠪᠠᠲᠤᠯᠠᠪᠠ᠃ ᠲᠤᠰ ᠵᠢᠯ ᠳᠤ᠂ 6500 ᠲᠦᠮᠡᠨ ᠲᠦᠭᠦᠷᠢᠭ ᠪᠡᠯᠡ ᠣᠷᠤᠭᠤᠯᠵᠤ᠂ ᠭᠠᠳᠠᠭᠠᠳᠦ ᠠᠴᠠ ᠣᠷᠣᠭᠤᠯᠤᠭᠰᠠᠨ | ᠨᠡᠭᠦᠷᠡᠰᠦ ᠶᠢ ᠬᠢᠨᠠᠨ ᠬᠠᠮᠢᠶᠠᠷᠬᠤ ᠣᠷᠤᠨ ᠪᠠᠶᠢᠭᠤᠯᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠮᠥᠷᠳᠡᠨ ᠦᠢᠯᠡᠴᠢᠯᠡᠬᠦ᠂ ᠲᠣᠭᠳᠠᠴᠠ ᠶᠢ ᠪᠦᠷᠢᠨᠰᠢᠭᠦᠯᠬᠦ | ᠲᠠᠯ᠎ᠠ ᠪᠠᠷ ᠦᠷᠭᠦᠯᠵᠢᠯᠡᠨ ᠬᠦᠴᠦᠯᠡᠵᠤ᠂ ᠦᠪᠤᠷ ᠮᠣᠩᠭᠤᠯ ᠤᠨ ᠵᠡᠭᠦᠨ ᠬᠡᠰᠡᠭ ᠤᠨ ᠪᠣᠭᠤᠮᠳᠠ ᠪᠠᠷ ᠮᠣᠩᠭᠤᠯ ᠤᠯᠤᠰ ᠤᠨ ᠨᠡᠭᠦᠷᠡᠰᠤᠨ ᠤ ᠡᠬᠢ ᠪᠠᠶᠠᠯᠢᠭ ᠢ | ᠣᠷᠤᠭᠤᠯᠬᠤ ᠶᠢ ᠬᠠᠮᠤᠭ ᠤᠨ ᠲᠡᠷᠢᠭᠦᠨ ᠳᠤ ᠪᠡᠶᠡᠯᠡᠭᠦᠯᠵᠦ᠂ ᠪᠣᠭᠤᠮᠳᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠣᠷᠣᠭᠤᠯᠬᠤ ᠪᠠᠶᠢᠯᠳᠤᠬᠤ | ᠪᠣᠳᠤᠯᠭ᠎ᠠ ᠶᠢᠨ ᠨᠡᠪᠲᠡᠷᠡᠬᠦ ᠵᠠᠮ ᠤᠨ ᠪᠠᠶᠢᠷᠢ ᠰᠠᠭᠤᠷᠢ ᠢᠯᠡᠳᠲᠡ ᠴᠢᠩᠭᠠᠷᠠᠵᠤ᠂ ᠪᠣᠭᠤᠮᠳᠠ ᠶᠢᠨ ᠠᠵᠤ ᠠᠬᠤᠢ ᠣᠳᠣ ᠶᠠᠭ ᠪᠦᠬᠦ ᠬᠤᠰᠢᠭᠤᠨ ᠤ ᠠᠵᠤ ᠠᠬᠤᠢ | ᠶᠢᠨ ᠬᠦᠭᠵᠢᠯᠲᠡ ᠶᠢᠨ ᠰᠢᠨ᠎ᠠ ᠨᠡᠮᠡᠭᠳᠡᠯ ᠤᠨ ᠴᠡᠭ ᠪᠣᠯᠪᠠ᠃ | ᠨᠢᠭᠡ ᠵᠢᠯ ᠤᠨ ᠲᠤᠷᠰᠢ᠂ ᠪᠢᠳᠡ ᠰᠣᠶᠤᠯ ᠵᠢᠭᠤᠯᠴᠢᠯᠠᠯ ᠠᠭᠤᠰᠤᠯᠴᠠᠭᠰᠠᠨ ᠬᠦᠭᠵᠢᠯᠲᠡ ᠳᠤ ᠬᠦᠴᠦᠯᠡᠨ᠂ ᠰᠣᠶᠤᠯ ᠤᠨ ᠪᠠᠶᠢᠭᠤᠯᠤᠯᠲᠠ ᠲᠦᠷᠭᠡᠨ | ᠬᠦᠭᠵᠢᠯᠲᠡ ᠳᠤ ᠣᠷᠤᠪᠠ᠃ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠨ᠂ ᠰᠣᠶᠤᠯ | ᠤᠨ ᠦᠢᠯᠡᠰ ᠪᠠ ᠰᠣᠶᠤᠯ ᠤᠨ ᠠᠵᠤ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠵᠤ᠂ ᠦᠨᠳᠦᠰᠦᠲᠡᠨ ᠤ ᠪᠦᠯᠭᠦᠮᠳᠡᠯ ᠤᠨ ᠭᠤᠣᠯ ᠰᠡᠳᠤᠪᠲᠤ ᠠᠭᠤᠳᠠᠮ | ᠳᠠᠯᠠᠪᠠᠢ ᠪᠠ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢᠨ ᠭᠤᠣᠯ ᠰᠡᠳᠤᠪᠲᠤ ᠠᠭᠤᠳᠠᠮ ᠳᠠᠯᠠᠪᠠᠢ ᠶᠢ ᠳᠡᠰ ᠳᠡᠪᠰᠢᠭᠦᠯᠦᠨ ᠦᠭᠡᠷᠡᠴᠢᠯᠡᠨ | ᠪᠠᠶᠢᠭᠤᠯᠵᠤ᠂ ᠤᠯᠠᠭᠠᠠᠮᠦ᠋ᠴᠢᠷ ᠤᠨ ᠲᠤᠬᠠᠶᠢᠯᠠᠭᠰᠨ ᠠᠵᠢᠯ ᠤᠨ ᠬᠡᠷᠡᠭᠯᠡᠭᠡᠨ ᠤ ᠭᠡᠷ ᠤᠨ ᠭᠤᠣᠯ ᠴᠤᠭᠴᠠᠲᠤ ᠪᠠᠷᠢᠯᠭ᠎ᠠ ᠶᠢ ᠳᠠᠭᠤᠰᠬᠠᠨ᠂ ︽ᠤᠯᠠᠭᠠᠨ ᠡᠮᠡᠭᠡᠯ︾ | ᠰᠢᠷᠢᠰ ᠰᠣᠶᠤᠯ ᠤᠨ ᠡᠭᠦᠳᠦᠯᠲᠡ ᠶᠢᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠣᠷᠣᠭᠤᠯᠵᠤ᠂ ᠪᠣᠳᠠᠰ ᠤᠨ ᠪᠣᠰᠤ ᠰᠣᠶᠤᠯ ᠤᠨ ᠦᠪ ᠤᠨ ᠰᠠᠷ᠎ᠠ ᠰᠢᠨ᠎ᠠ ᠶᠢᠨ | ᠪᠠᠷᠠᠭᠠᠨ ᠤ ᠦᠵᠡᠭᠦᠯᠦᠯᠭᠡ᠂ ᠤᠯᠠᠭᠠᠠᠮᠦ᠋ᠴᠢᠷ ᠤᠨ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠣᠨᠴᠠᠯᠢᠭᠲᠤ ᠬᠦᠳᠡᠯᠭᠡᠭᠡᠨ ᠢ ᠵᠠᠯᠭᠠᠪᠠᠷ ᠡᠷᠬᠢᠯᠡᠵᠦ᠂ ᠰᠣᠶᠤᠯ ᠢᠶᠠᠷ | ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠣᠳᠤᠯᠭ᠎ᠠ ᠶᠢ ᠦᠷᠭᠦᠯᠵᠢᠯᠡᠨ ᠮᠠᠯᠵᠢᠬᠤ ᠣᠷᠤᠨ ᠳᠤ ᠭᠦᠨᠵᠡᠭᠡᠶᠢᠷᠡᠭᠦᠯᠪᠡ᠃ ᠰᠣᠶᠤᠯ ᠢᠶᠠᠷ ᠬᠤᠰᠢᠭᠤ ᠪᠠᠨ | ᠮᠠᠨᠳᠤᠭᠤᠯᠬᠤ᠂ ᠵᠢᠭᠤᠯᠴᠢᠯᠠᠯ ᠢᠶᠠᠷ ᠬᠤᠰᠢᠭᠤ ᠪᠠᠨ ᠬᠦᠭᠵᠢᠭᠦᠯᠬᠦ ᠪᠠᠶᠢᠯᠳᠤᠬᠤ ᠪᠣᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠵᠣᠨ ᠤ ︽ᠲᠠᠯ᠎ᠠ ᠨᠤᠲᠤᠭ ᠤᠨ | ᠨᠠᠭᠠᠳᠤᠮ︾᠂ ᠡᠪᠦᠯ ᠤᠨ ︽ᠮᠦᠩᠭᠦᠨ ᠪᠠᠷᠭᠤ︾ ᠵᠡᠷᠭᠡ ᠰᠣᠶᠤᠯ ᠵᠢᠭᠤᠯᠴᠢᠯᠠᠯ ᠲᠠᠮᠢᠷ ᠤᠨ ᠰᠢᠷᠢᠰ ᠪᠠᠶᠠᠷ ᠨᠠᠶᠢᠷ ᠤᠨ ᠬᠦᠳᠡᠯᠭᠡᠭᠡᠨ ᠢ ᠠᠮᠵᠢᠯᠲᠠᠲᠠᠢ ᠡᠷᠬᠢᠯᠡᠵᠤ᠂ | ᠪᠠᠷᠭᠤ ᠮᠣᠩᠭᠤᠯ ᠠᠶᠢᠮᠠᠭ ᠤᠨ ᠦᠵᠡᠮᠵᠢᠲᠤ ᠣᠷᠤᠨ ᠤ ︽ᠮᠣᠷᠢᠨ ᠪᠦᠵᠢᠭ︾ ᠨᠢ ︽ᠨᠡᠷᠡᠲᠦ ᠲᠡᠮᠳᠡᠭ ᠤᠨ ᠰᠢᠨ᠎ᠠ ᠬᠦᠴᠦᠨ︾ ᠤ 2022 ᠣᠨ ᠤ ᠳᠤᠮᠳᠠᠳᠤ | ᠤᠯᠤᠰ ᠤᠨ ᠵᠢᠭᠤᠯᠴᠢᠯᠠᠯ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠦᠭᠰᠡᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠨ᠂ ᠶᠡᠬᠡᠨᠭᠤᠯᠠ ᠮᠣᠩᠭᠤᠯ ᠠᠷᠠᠳ ᠤᠨ | ᠬᠤᠨᠤᠭ ᠪᠠᠶᠢᠷᠢ ᠪᠦᠬᠦ ᠣᠷᠤᠨ ᠤ ᠠᠩᠬᠠᠳᠠᠭᠴᠢ ᠪᠦᠯᠦᠭ ᠤᠯᠠᠭᠠᠨ ᠳᠡᠰ ᠤᠨ ᠵᠢᠭᠤᠯᠴᠢᠯᠠᠯ ᠤᠨ ᠠᠷᠠᠳ ᠤᠨ ᠬᠤᠨᠤᠭ ᠪᠠᠶᠢᠷᠢ ᠪᠠᠷ ᠦᠨᠡᠯᠡᠭᠳᠡᠵᠤ᠂ ᠨᠤᠮᠤᠨ ᠬᠠᠨ | ᠤ ᠳᠠᠶᠢᠨ ᠤ ᠦᠯᠡᠳᠡᠭᠳᠡᠯ ᠪᠠᠭᠤᠷᠢ ᠶᠢᠨ ᠦᠵᠡᠭᠦᠯᠦᠯᠭᠡ ᠶᠢᠨ ᠣᠷᠳᠤᠨ ᠡᠵᠡᠩᠨᠡᠯᠲᠡ ᠪᠠᠨ ᠰᠡᠷᠭᠦᠭᠡᠨ᠂ ᠭᠤᠸᠠᠩ ᠴᠢ ᠶᠢᠨ ᠬᠦᠢᠲᠡᠨ ᠣᠷᠣᠨ ᠳᠠᠬᠢ ᠲᠤᠷᠰᠢᠯᠲᠠ | ᠶᠢᠨ ᠳᠠᠯᠠᠪᠠᠢ ᠶᠢ ᠠᠰᠢᠭᠯᠠᠯᠲᠠ ᠳᠤ ᠣᠷᠣᠵᠤ᠂ AAA ᠳᠡᠰ ᠠᠴᠠ ᠳᠡᠭᠡᠭᠰᠢᠬᠢ ᠦᠵᠡᠮᠵᠢᠲᠤ ᠣᠷᠤᠨ ᠤ ᠵᠣᠭᠠᠴᠠᠭᠰᠠᠳ ᠢ ᠬᠦᠯᠢᠶᠡᠨ ᠠᠪᠤᠭᠰᠠᠨ ᠬᠡᠮᠵᠢᠶ᠎ᠡ 4 | ᠲᠦᠮᠡᠨ ᠬᠥᠮᠥᠨ ᠤᠳᠠᠭ᠎ᠠ ᠶᠢ ᠳᠠᠪᠠᠵᠤ᠂ ᠲᠡᠦᠬᠡ ᠶᠢᠨ ᠰᠢᠨ᠎ᠠ ᠲᠡᠮᠳᠡᠭᠯᠡᠯ ᠢ ᠳᠠᠬᠢᠨᠲᠠ ᠡᠭᠦᠳᠪᠡ᠃ | ᠨᠢᠭᠡ ᠵᠢᠯ ᠤᠨ ᠲᠤᠷᠰᠢ᠂ ᠪᠢᠳᠡ ᠨᠤᠮᠢᠨ ᠤᠰᠤ ᠬᠦᠭᠡᠮᠳᠦᠭ ᠠᠭᠤᠯᠠ ᠪᠠᠨ ᠰᠠᠬᠢᠨ ᠬᠠᠮᠠᠭᠠᠯᠠᠬᠤ ᠳᠤ ᠬᠦᠴᠦᠯᠡᠨ᠂ ᠠᠮᠢ ᠠᠬᠤᠢ ᠣᠷᠴᠢᠨ ᠲᠣᠭᠤᠷᠢᠨ ᠨᠢ | ᠭᠤᠶᠢᠳᠠ ᠰᠠᠶᠢᠬᠠᠨ ᠭᠠᠵᠠᠷ ᠣᠷᠤᠨ ᠤ ᠲᠡᠮᠳᠡᠭ ᠪᠣᠯᠪᠠ᠃ ᠴᠡᠯᠮᠡᠭ ᠲᠡᠭᠷᠢ᠂ ᠨᠤᠮᠢᠨ ᠤᠰᠤ᠂ ᠠᠷᠢᠭᠤᠨ ᠬᠦᠷᠦᠰᠦ ᠪᠠᠨ ᠬᠠᠮᠠᠭᠠᠯᠠᠬᠤ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠵᠤ᠂ ᠪᠦᠬᠦ ᠬᠤᠰᠢᠭᠤᠨ ᠤ ᠠᠭᠠᠷ ᠮᠠᠨᠳᠠᠯ ᠤᠨ ᠰᠢᠯᠢᠳᠡᠭ ᠨᠤᠷᠮ᠎ᠠ 99.4% ᠳᠤ ᠬᠥᠷᠪᠡ᠃ ᠬᠤᠳᠠ ᠪᠠᠯᠭᠠᠰᠤ ᠶᠢᠨ ᠪᠣᠬᠢᠷ ᠤᠰᠤ | ᠶᠢ ᠰᠢᠢᠳᠪᠦᠷᠢᠯᠡᠬᠦ ᠪᠠᠷᠢᠮᠵᠢᠶ᠎ᠠ ᠳᠤ ᠬᠦᠷᠦᠭᠰᠡᠨ ᠨᠤᠷᠮ᠎ᠠ 100% ᠳᠤ ᠬᠦᠷᠴᠦ᠂ ᠬᠦᠷᠤᠰᠤ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠦᠬᠦᠯᠢ | ᠴᠤᠭᠴᠠ ᠪᠠᠷ ᠰᠠᠶᠢᠨ ᠪᠠᠶᠢᠨ᠎ᠠ᠃ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠴᠡᠭᠴᠡᠯᠡᠯᠲᠡ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠠᠬᠢᠭᠤᠯᠵᠤ᠂ | ᠲᠦᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠰᠠᠯᠠᠭ᠎ᠠ ᠮᠦᠴᠢᠷ ᠤᠨ ᠰᠢᠢᠳᠪᠦᠷᠢᠯᠡᠬᠦᠯᠬᠦ ᠪᠠᠷ ᠰᠢᠯᠵᠢᠭᠦᠯᠦᠭᠰᠡᠨ 13 | ᠬᠡᠷᠡᠭ ᠢ ᠰᠢᠢᠳᠪᠦᠷᠢᠯᠡᠵᠤ᠂ ᠵᠠᠳᠠᠭᠠᠢ ᠬᠠᠶᠠᠭᠳᠠᠮᠠᠯ 5 ᠨᠦᠭᠡ ᠶᠢ ᠴᠡᠭᠴᠡᠯᠡᠵᠤ᠂ ᠲᠠᠯ᠎ᠠ ᠨᠤᠲᠤᠭ ᠣᠢ ᠰᠢᠭᠤᠢ ᠶᠢ ᠡᠪᠳᠡᠭᠰᠡᠨ 9 ᠬᠡᠷᠡᠭ ᠢ ᠪᠠᠶᠢᠴᠠᠭᠠᠨ | ᠰᠢᠢᠳᠪᠦᠷᠢᠯᠡᠪᠡ᠃ 1745 ᠲᠦᠮᠡᠨ ᠲᠦᠭᠦᠷᠢᠭ ᠪᠡᠯᠡ ᠣᠷᠣᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢ ᠰᠡᠯᠪᠢᠨ ᠵᠠᠰᠠᠵᠤ᠂ ᠣᠢ ᠰᠢᠭᠤᠢ ᠶᠢᠨ ᠣᠷᠭᠤᠮᠠᠯ | ᠤᠨ ᠬᠤᠴᠢᠯᠭ᠎ᠠ ᠶᠢ 7.4 ᠲᠦᠮᠡᠨ ᠮᠤ᠋ ᠰᠡᠷᠭᠦᠭᠡᠨ᠂ ᠪᠦᠬᠦ ᠬᠤᠰᠢᠭᠤᠨ ᠤ ᠣᠷᠭᠤᠮᠠᠯ ᠤᠨ ᠬᠤᠴᠢᠯᠭ᠎ᠠ ᠶᠢᠨ ᠪᠦᠷᠭᠦᠴᠡ ᠶᠢᠨ ᠨᠤᠷᠮ᠎ᠠ 80.6% ᠳᠤ ᠬᠦᠷᠴᠤ᠂ | ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠃ ᠬᠦᠯᠦᠨ ᠨᠠᠭᠤᠷ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ | ᠨᠠᠭᠤᠷ ᠤᠨ ᠤᠰᠤᠨ ᠤ ᠲᠦᠪᠰᠢᠨ ᠢ ᠲᠡᠦᠬᠡ ᠶᠢᠨ ᠬᠠᠮᠤᠭ ᠤᠨ ᠥᠨᠳᠦᠷ ᠬᠡᠮᠵᠢᠶ᠎ᠡ ᠳᠤ ᠣᠶᠢᠷᠠᠲᠤᠭᠤᠯᠵᠤ᠂ ᠭᠤᠣᠯ ᠤᠨ ᠲᠠᠩ ᠢ ᠨᠡᠪᠲᠡᠷᠡᠭᠦᠯᠦᠭᠰᠡᠨ ᠤ ᠳᠠᠷᠠᠭ᠎ᠠ᠂ | ᠰᠢᠨ᠎ᠡ ᠬᠦᠯᠦᠨ ᠨᠠᠭᠤᠷ ᠤᠨ ᠭᠠᠳᠠᠷᠭᠤ ᠶᠢᠨ ᠳᠠᠯᠠᠪᠠᠢ 164 ᠲᠡᠭᠰᠢ ᠳᠦᠷᠪᠡᠯᠵᠢᠨ ᠺᠢᠯᠤᠮᠧᠲᠷ ᠲᠤ ᠬᠦᠷᠴᠤ᠂ ᠰᠠᠪᠠ ᠭᠠᠵᠠᠷ ᠵᠢᠴᠢ ᠡᠷᠭᠢᠨ ᠲᠣᠭᠤᠷᠢᠨ ᠤ ᠠᠮᠢ | ᠠᠬᠤᠢ ᠶᠢ ᠦᠷᠭᠦᠯᠵᠢᠯᠡᠨ ᠰᠢᠯᠢᠳᠡᠭᠵᠢᠭᠦᠯᠪᠡ᠃ | ᠨᠢᠭᠡ ᠵᠢᠯ ᠤᠨ ᠲᠤᠷᠰᠢ᠂ ᠪᠢᠳᠡ ᠪᠣᠳᠠᠳᠠᠶᠢᠵᠢᠭᠤᠯᠤᠨ ᠵᠣᠯᠭᠠᠭᠤᠯᠬᠤ ᠳᠤ ᠬᠦᠴᠦᠯᠡᠨ᠂ ᠮᠠᠯᠵᠢᠬᠤ ᠣᠷᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠠ | ᠬᠠᠭᠤᠳᠠᠰᠤ ᠶᠢ ᠪᠢᠴᠢᠭᠯᠡᠪᠡ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠦᠷᠨᠢᠩᠭᠦᠢ ᠬᠦᠭᠵᠢᠵᠤ᠂ ᠮᠠᠯ ᠠᠵᠤ ᠠᠬᠤᠢ ᠶᠢᠨ ᠤᠨ ᠤ ᠮᠠᠯ ᠤᠨ ᠲᠤᠭ᠎ᠠ ᠲᠤᠯᠤᠭᠠᠢ 119 ᠲᠦᠮᠡ ᠳᠤ ᠬᠦᠷᠴᠤ᠂ ᠮᠠᠯ | ᠤᠨ ᠭᠠᠷᠭᠠᠯᠲᠠ ᠶᠢᠨ ᠬᠡᠮᠵᠢᠶ᠎ᠡ 39.3 ᠲᠦᠮᠡ ᠳᠤ ᠬᠦᠷᠴᠦ᠂ ᠰᠦ ᠮᠢᠬᠠᠨ ᠤ ᠭᠠᠷᠤᠯᠲᠠ ᠲᠣᠰᠪᠤᠷᠢ 7.1 ᠲᠦᠮᠡᠨ ᠲᠣᠨ ᠪᠠ 2.7 ᠲᠦᠮᠡᠨ ᠲᠣᠨ ᠳᠤ | ᠬᠦᠷᠴᠤ᠂ ᠠᠮᠤ ᠪᠣᠳᠠᠭᠠᠨ ᠤ ᠤᠨᠠᠯᠲᠠ ᠦᠷᠭᠦᠯᠵᠢᠯᠡᠨ ᠳ᠋ᠦᠩᠰᠢᠭᠤᠷ ᠵᠢᠩ ᠳᠤ ᠲᠣᠭᠲᠠᠪᠤᠷᠢᠵᠢᠪᠠ᠃ ᠮᠠᠯᠵᠢᠬᠤ ᠣᠷᠤᠨ ᠤ ᠣᠯᠠᠨ ᠲᠦᠮᠡᠨ ᠤ ᠪᠠᠴᠢᠮ ᠵᠣᠪᠠᠵᠤ | ᠪᠠᠶᠢᠭ᠎ᠠ ᠠᠰᠠᠭᠤᠳᠠᠯ ᠳᠤ ᠬᠠᠨᠳᠤᠭᠤᠯᠤᠨ᠂ ᠭᠠᠴᠠᠭᠠᠨ ᠳᠤ 48.3 ᠺᠢᠯᠤᠮᠧᠲᠷ ᠴᠠᠬᠢᠯᠭᠠᠨ ᠨᠡᠪᠲᠡᠷᠡᠭᠦᠯᠵᠦ᠂ ᠲᠣᠰᠬᠤᠨ ᠳᠤ 16 ᠺᠢᠯᠤᠮᠧᠲᠷ ᠵᠠᠰᠠᠮᠠᠯ ᠵᠠᠮ | ᠳᠡᠪᠢᠰᠴᠦ᠂ ᠮᠠᠯ ᠪᠠ ᠵᠢᠭᠦᠷᠳᠡᠨ ᠤ ᠢᠯᠭᠠᠳᠠᠰᠤ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ 2 ᠦᠢᠯᠡᠳᠪᠦᠷᠢ ᠪᠠᠶᠢᠭᠤᠯᠵᠤ᠂ ᠠᠷᠢᠭᠤᠨ ᠴᠡᠪᠡᠷ ᠵᠣᠷᠯᠤᠩ ᠤᠨ | ᠲᠦᠭᠡᠮᠡᠯᠵᠢᠭᠦᠯᠦᠯᠲᠡ ᠶᠢᠨ ᠨᠤᠷᠮ᠎ᠠ ᠪᠦᠬᠦ ᠣᠷᠤᠨ ᠤ ᠭᠤᠷᠪᠠᠳᠤᠭᠠᠷ ᠲᠦᠷᠦᠯ ᠤᠨ ᠭᠠᠵᠠᠷ ᠣᠷᠤᠨ ᠤ ᠪᠠᠷᠢᠮᠵᠢᠶ᠎ᠠ ᠠᠴᠠ ᠳᠠᠪᠠᠪᠠ᠃ ︽ᠳᠦᠷᠪᠡ ᠶᠢ ᠦᠯᠦ | ᠳᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 8421 ᠲᠦᠮᠡᠨ ᠲᠦᠭᠦᠷᠢᠭ ᠪᠡᠯᠡ ᠮᠦᠩᠭᠦ ᠵᠠᠷᠤᠴᠠᠭᠤᠯᠵᠤ᠂ 37 ᠣᠨᠴᠠᠯᠢᠭᠲᠤ ᠠᠵᠤ | ᠦᠢᠯᠡᠰ ᠤᠨ ᠲᠦᠷᠦᠯ ᠵᠦᠢᠯ ᠢ ᠬᠡᠷᠡᠭᠵᠢᠭᠦᠯᠦᠨ᠂ ᠶᠠᠳᠠᠭᠤ ᠶᠢ ᠲᠡᠳᠭᠦᠭᠰᠡᠨ ᠠᠰᠢᠭ ᠣᠷᠤᠯᠭ᠎ᠠ 302.6 ᠲᠦᠮᠡᠨ ᠲᠦᠭᠦᠷᠢᠭ ᠲᠤ ᠬᠦᠷᠴᠤ᠂ ᠬᠠᠨᠳᠠᠭᠠᠢ | ᠭᠠᠴᠠᠭ᠎ᠠ ᠪᠠ ᠰᠢᠯᠢᠨ ᠪᠣᠶᠢᠷ ᠭᠠᠴᠠᠭ᠎ᠠ 2022 ᠣᠨ ᠤ ᠥᠪᠡᠷᠲᠡᠭᠡᠨ ᠵᠠᠰᠠᠬᠤ ᠣᠷᠤᠨ ᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶᠡᠴᠢ | ᠭᠠᠴᠠᠭ᠎ᠠ ᠪᠠᠷ ᠦᠨᠡᠯᠡᠭᠳᠡᠪᠡ᠃ | ᠨᠢᠭᠡ ᠵᠢᠯ ᠤᠨ ᠲᠤᠷᠰᠢ᠂ ᠪᠢᠳᠡ ᠬᠤᠳᠠ ᠶᠢᠨ ᠰᠢᠨᠡᠴᠢᠯᠡᠯᠲᠡ ᠶᠢ ᠠᠬᠢᠭᠤᠯᠬᠤ ᠳᠤ ᠬᠦᠴᠦᠯᠡᠨ᠂ ᠬᠤᠳᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠷᠠᠭᠤᠯᠪᠠ᠃ ︽ᠠᠷᠠᠳ ᠲᠦᠮᠡᠨ ᠤ ᠬᠤᠳᠠ ᠠᠷᠠᠳ ᠤᠨ ᠲᠦᠯᠦᠭᠡ︾ ᠪᠠᠶᠢᠬᠤ ᠶᠢ ᠦᠢᠯᠡᠳᠦᠯᠭᠡᠵᠢᠭᠦᠯᠵᠦ᠂ ᠣᠯᠠᠨ ᠲᠦᠮᠡᠨ ᠤ ᠬᠦᠷᠲᠡᠮᠵᠢ᠂ ᠵᠣᠯ ᠵᠢᠷᠭᠠᠯ | ᠢ ᠨᠡᠮᠡᠭᠳᠡᠭᠦᠯᠬᠦ ᠠᠵᠢᠯ ᠤᠨ ᠲᠣᠭᠤᠷᠢᠨ ᠳᠤ ᠪᠠᠯᠭᠠᠰᠤᠨ ᠤ ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ 8500 ᠲᠦᠮᠡᠨ ᠲᠦᠭᠦᠷᠢᠭ ᠪᠡᠯᠡ ᠣᠷᠤᠭᠤᠯᠵᠤ᠂ | ᠬᠠᠭᠤᠴᠢᠨ ᠰᠠᠭᠤᠭᠠᠯᠢ ᠲᠣᠭᠤᠷᠢᠭ ᠤᠨ 212 ᠡᠷᠦᠬᠡ ᠶᠢᠨ ᠰᠠᠭᠤᠴᠠ ᠶᠢ ᠦᠭᠡᠷᠡᠴᠢᠯᠡᠨ ᠵᠠᠰᠠᠵᠤ᠂ ᠬᠤᠳᠠ ᠶᠢᠨ 6 ᠺᠢᠯᠤᠮᠧᠲᠷ ᠵᠠᠰᠠᠮᠠᠯ ᠵᠠᠮ ᠢ ᠰᠡᠯᠪᠢᠨ | ᠵᠠᠰᠠᠵᠤ᠂ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ 4.7 ᠺᠢᠯᠤᠮᠧᠲᠷ ᠳᠡᠪᠢᠰᠴᠤ᠂ 6.9 ᠺᠢᠯᠤᠮᠧᠲᠷ ᠤᠰᠤ ᠬᠠᠩᠭᠠᠬᠤ ᠬᠤᠭᠤᠯᠠᠢ ᠲᠣᠣᠷ ᠢ ᠦᠷᠭᠡᠳᠭᠡᠨ | ᠪᠠᠶᠢᠭᠤᠯᠵᠤ᠂ ᠬᠤᠳᠠ ᠶᠢᠨ ᠨᠣᠭᠤᠭᠠᠷᠠᠭᠤᠯᠤᠯᠲᠠ ᠶᠢᠨ ᠭᠠᠵᠠᠷ ᠢ 45 ᠮᠤ᠋ ᠨᠡᠮᠡᠭᠳᠡᠭᠦᠯᠪᠡ᠃ ︽10 ᠮᠢᠨᠦ᠋ᠲ ᠶᠢᠨ ᠰᠡᠯᠡᠭᠦᠴᠡᠯ ᠤᠨ ᠲᠣᠭᠤᠷᠢᠭ︾ ᠢ ᠪᠠᠶᠢᠭᠤᠯᠵᠣ | ᠂ 10 ᠪᠡᠶ᠎ᠡ ᠴᠢᠬᠢᠷᠠᠭᠵᠢᠭᠤᠯᠬᠤ ᠳᠠᠯᠠᠪᠤᠷ᠂ 4 ᠲᠡᠷᠭᠡᠨ ᠵᠣᠭᠰᠤᠭᠠᠯ ᠢ ᠪᠠᠶᠢᠭᠤᠯᠤᠨ᠂ 3 ᠠᠭᠤᠳᠠᠮ ᠳᠠᠯᠠᠪᠠᠢ ᠶᠢ ᠵᠠᠰᠠᠨ ᠰᠡᠯᠪᠢᠪᠡ᠃ ᠬᠤᠳᠠ ᠪᠠᠯᠭᠠᠰᠤ ᠶᠢᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠡᠯ᠎ᠠ ᠲᠦᠷᠦᠯ ᠤᠨ ᠢᠯᠡᠷᠭᠡᠶᠢᠯᠡᠯ ᠲᠡᠮᠳᠡᠭ ᠢ 100 ᠭᠠᠷᠤᠢ᠂ ᠬᠤᠭ ᠨᠤᠪᠰᠢ ᠶᠢᠨ ᠰᠠᠪᠠ ᠶᠢ | 500᠂ ᠰᠣᠷᠭᠤᠭ ᠴᠡᠴᠡᠭ ᠤᠨ ᠲᠠᠯᠪᠢᠭᠤᠷ ᠢ 50 ᠬᠡᠰᠡᠭ ᠲᠣᠬᠢᠷᠠᠭᠤᠯᠵᠤ᠂ ᠵᠠᠮ ᠡᠵᠡᠯᠡᠨ ᠡᠵᠡᠩᠨᠡᠬᠦ᠂ ᠶᠠᠪᠤᠭᠤᠯ ᠬᠤᠳᠠᠯᠳᠤᠭᠠᠴᠢᠨ ᠵᠡᠷᠭᠡ ᠠᠰᠠᠭᠤᠳᠠᠯ ᠢ | ᠲᠦᠪᠯᠡᠷᠡᠭᠦᠯᠦᠨ ᠰᠢᠢᠳᠪᠦᠷᠢᠯᠡᠵᠤ᠂ ᠪᠠᠯᠭᠠᠰᠤᠨ ᠤ ᠨᠡᠶᠢᠭᠡᠮ ᠤᠨ ᠣᠷᠴᠢᠨ ᠪᠠ ᠪᠣᠯᠪᠠᠰᠤᠨ ᠤ ᠬᠢᠷᠢ ᠬᠡᠮᠵᠢᠶ᠎ᠡ ᠶᠢ ᠢᠯᠡᠳᠳᠡ ᠳᠡᠭᠡᠭᠰᠢᠯᠡᠭᠦᠯᠪᠡ᠃ ᠵᠢᠷᠭᠤᠳᠤᠭᠠᠷ | ᠬᠤᠭᠤᠴᠠᠭᠠᠨ ᠤ ᠥᠪᠡᠷᠲᠡᠭᠡᠨ ᠵᠠᠰᠠᠬᠤ ᠣᠷᠤᠨ ᠤ ᠪᠣᠯᠪᠠᠰᠤᠨ ᠬᠤᠳᠠ ᠶᠢ ᠠᠮᠵᠢᠯᠲᠠᠲᠠᠢ ᠡᠭᠦᠳᠦᠨ ᠪᠠᠶᠢᠭᠤᠯᠪᠠ᠃ | ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ ᠪᠠᠷ ᠬᠦᠴᠦᠯᠡᠨ᠂ ᠠᠵᠤ ᠠᠮᠢᠳᠤᠷᠠᠯ ᠤᠨ ᠠᠵᠢᠯ ᠦᠢᠯᠡᠰ ᠢ | ᠦᠷᠭᠦᠯᠵᠢᠯᠡᠨ ᠶᠡᠬᠡᠪᠡᠷ ᠬᠥᠭᠵᠢᠭᠡᠪᠡ᠃ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠪᠦᠬᠦ ᠵᠢᠯ ᠳᠤ᠂ ᠡᠯ᠎ᠠ ᠲᠦᠷᠦᠯ ᠤᠨ ᠠᠪᠤᠷᠠᠨ ᠲᠤᠰᠠᠯᠠᠬᠤ ᠨᠥᠬᠦᠪᠦᠷᠢ ᠪᠡᠯᠡ ᠮᠦᠩᠭᠦ 3073.9 ᠲᠦᠮᠡᠨ ᠲᠦᠭᠦᠷᠢᠭ ᠳᠠᠷᠬᠠᠭᠠᠵᠤ᠂ | ᠬᠤᠳᠠ ᠪᠠᠯᠭᠠᠰᠤ ᠶᠢᠨ 205 ᠬᠦᠮᠦᠨ ᠳᠤ ᠰᠢᠨ᠎ᠠ ᠪᠠᠷ ᠠᠵᠢᠯ ᠣᠯᠭᠤᠵᠤ᠂ 108 ᠮᠠᠯᠴᠢᠨ ᠳᠠᠷᠢᠶᠠᠴᠢᠨ ᠢ ᠦᠢᠯᠡᠳᠪᠦᠷᠢᠯᠡᠯ ᠰᠢᠯᠵᠢᠭᠦᠯᠦᠨ ᠠᠵᠢᠯ ᠣᠯᠭᠤᠵᠤ᠂ | ᠠᠵᠢᠯ ᠠᠯᠳᠠᠯᠲᠠ ᠶᠢᠨ ᠨᠤᠷᠮ᠎ᠠ ᠶᠢ 4.5% ᠲᠤᠳᠤᠷ᠎ᠠ ᠬᠢᠵᠠᠭᠠᠷᠯᠠᠪᠠ᠃ 65 ᠠᠵᠤ ᠠᠬᠤᠶᠢᠯᠠᠯ ᠢ ᠬᠠᠮᠵᠢᠨ ᠬᠦᠴᠢᠷᠳᠡᠯ ᠢ ᠨᠢ ᠰᠢᠢᠳᠪᠦᠷᠢᠯᠡᠨ ᠥᠭᠴᠤ᠂ 301 | ᠲᠦᠮᠡᠨ ᠲᠦᠭᠦᠷᠢᠭ ᠦᠢᠯᠡᠰ ᠪᠦᠲᠦᠭᠡᠬᠦ ᠵᠢᠭᠡᠯᠡᠯᠭᠡ ᠳᠠᠷᠬᠠᠭᠠᠪᠠ᠃ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠭᠰᠠᠨ ᠨᠤᠷᠮ᠎ᠠ 95% ᠳᠤ ᠬᠦᠷᠪᠡ᠃ | ᠬᠢᠵᠢᠭ ᠢ ᠰᠡᠷᠭᠡᠶᠢᠯᠡᠬᠦ ᠲᠦᠷᠦ ᠶᠢᠨ ᠪᠣᠳᠤᠯᠭ᠎ᠠ ᠶᠢᠨ ᠰᠢᠯᠵᠢᠯᠲᠡ ᠶᠢᠨ ᠬᠤᠭᠤᠴᠠᠭ᠎ᠠ᠂ ᠵᠡᠷᠭᠡ ᠳᠡᠰ ᠢ ᠬᠤᠪᠢᠷᠠᠭᠤᠯᠤᠭᠰᠠᠨ ᠤ ᠳᠠᠷᠠᠭᠠᠬᠢ ᠵᠣᠬᠢᠴᠠᠯ ᠤᠨ | ᠬᠤᠭᠤᠴᠠᠭ᠎ᠠ ᠶᠢ ᠲᠣᠭᠳᠠᠭᠤᠨ ᠦᠩᠭᠡᠷᠡᠭᠦᠯᠵᠤ᠂ ᠬᠦᠨᠳᠤ ᠲᠤᠮᠤ ᠬᠢᠵᠢᠭ ᠡᠪᠡᠳᠴᠢᠨ ᠢ ᠠᠪᠤᠷᠠᠨ ᠵᠠᠰᠠᠬᠤ ᠦᠢᠯᠡᠴᠢᠯᠡᠭᠡᠨ ᠤ ᠴᠢᠳᠠᠪᠤᠷᠢ ᠶᠡᠬᠡᠪᠡᠷ ᠳᠡᠭᠡᠭᠰᠢᠯᠡᠨ᠂ ︽ | ᠢᠨᠲ᠋ᠧᠷ ᠰᠦᠯᠵᠢᠶ᠎ᠡ + ᠵᠢᠵᠢᠭ ᠡᠮ ᠤᠨ ᠬᠠᠶᠢᠷᠴᠠᠭ︾ ᠤᠨ ᠢᠨᠵᠧᠨᠧᠷᠢᠩ ᠢ ᠰᠢᠯᠢᠳᠡᠭᠵᠢᠭᠦᠯᠦᠨ ᠳᠡᠰ ᠳᠡᠪᠰᠢᠭᠦᠯᠵᠤ᠂ ᠦᠨᠳᠦᠰᠦᠨ ᠱᠠᠲᠤᠨ ᠤ ᠡᠮᠴᠢᠯᠡᠭᠡᠨ ᠤ | ᠦᠢᠯᠡᠴᠢᠯᠡᠭᠡᠨ ᠤ ᠰᠢᠰᠲ᠋ᠧᠮ ᠪᠠ ᠡᠮᠴᠢᠯᠡᠭᠡᠨ ᠤ ᠠᠪᠤᠷᠠᠨ ᠲᠤᠰᠠᠯᠠᠬᠤ ᠰᠢᠰᠲ᠋ᠧᠮ ᠶᠠᠪᠤᠬᠤ ᠲᠤᠳᠤᠮ ᠲᠡᠭᠦᠯᠳᠡᠷᠵᠢᠪᠡ᠃ ᠠᠯᠪᠠᠨ ᠵᠢᠷᠤᠮ ᠤᠨ ᠰᠤᠷᠭᠠᠨ ᠬᠦᠮᠦᠵᠢᠯ | ᠤᠨ ᠲᠡᠩᠴᠡᠭᠦᠷᠢᠲᠡᠢ ᠬᠦᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠤ᠂ ︽ᠳᠦᠷᠪᠡᠨ ᠨᠤᠷᠮ᠎ᠠ︾ ᠴᠦᠮ ᠤᠯᠤᠰ ᠤᠨ ᠪᠠᠷᠢᠮᠵᠢᠶᠠᠨ ᠠᠴᠠ | ᠳᠠᠪᠠᠨ᠂ ᠬᠤᠶᠠᠳᠤᠭᠠᠷ ᠪᠠᠭ᠎ᠠ ᠰᠤᠷᠭᠠᠭᠤᠯᠢ ︽ᠪᠦᠬᠦ ᠤᠯᠤᠰ ᠤᠨ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠬᠠᠮᠳᠤ ᠨᠡᠶᠢᠲᠡ︾ ᠶᠢᠨ ᠢᠷᠠᠭᠤ ᠠᠯᠳᠠᠷ | ᠬᠦᠷᠲᠡᠪᠡ᠃ | ᠨᠢᠭᠡ ᠵᠢᠯ ᠤᠨ ᠲᠤᠷᠰᠢ᠂ ᠪᠢᠳᠡ ᠠᠮᠤᠷ ᠲᠣᠭᠳᠠᠭᠤᠨ ᠢ ᠬᠠᠮᠠᠭᠠᠯᠠᠬᠤ ᠳᠤ ᠬᠦᠴᠦᠯᠡᠨ᠂ ᠨᠡᠶᠢᠭᠡᠮ ᠤᠨ ᠠᠵᠢᠯ ᠦᠢᠯᠡᠰ ᠪᠦᠷᠢᠨ ᠪᠦᠲᠦᠨ ᠬᠦᠭᠵᠢᠯᠲᠡ ᠲᠠᠢ | ᠪᠣᠯᠪᠠ᠃ ᠠᠶᠤᠯᠭᠦᠢ ᠦᠢᠯᠡᠳᠪᠦᠷᠢᠯᠡᠯ ᠤᠨ ᠲᠤᠮᠤ ᠪᠠᠶᠢᠴᠠᠭᠠᠯᠲᠠ ᠪᠠ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠲᠤᠲᠠᠢ ᠦᠷᠨᠢᠭᠦᠯᠵᠤ᠂ | ᠬᠦᠨᠳᠤ ᠣᠨᠴᠠ ᠲᠤᠮᠤ ᠠᠳᠡᠯ ᠭᠠᠷᠬᠤ ᠶᠢ ᠪᠦᠲᠦᠮᠵᠢᠲᠡᠢ ᠬᠤᠷᠢᠭᠯᠠᠪᠠ᠃ ︽ᠢᠳᠡᠵᠦ ᠡᠮᠦᠰᠬᠦ ᠶᠠᠪᠤᠵᠤ ᠰᠠᠭᠤᠬᠤ︾ ᠵᠡᠷᠭᠡ ᠬᠦᠷᠢᠶᠡᠨ ᠳᠠᠬᠢ ᠶᠠᠰᠤ ᠴᠢᠨᠠᠷ ᠤᠨ | ᠠᠮᠤᠷ ᠲᠦᠪᠰᠢᠨ ᠢ ᠴᠡᠭᠴᠡᠯᠡᠨ ᠵᠠᠰᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠦᠯᠦ ᠡᠭᠦᠰᠬᠦ ᠶᠢ ᠪᠠᠲᠤᠯᠠᠪᠠ᠃ ᠭᠠᠮᠰᠢᠭ ᠢ | ᠰᠡᠷᠭᠡᠶᠢᠯᠡᠵᠦ ᠪᠠᠭᠠᠰᠬᠠᠬᠤ᠂ ᠭᠠᠮᠰᠢᠭ ᠠᠴᠠ ᠠᠪᠤᠷᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠢᠯᠢ ᠶᠢᠨ ᠭᠠᠳᠠᠨᠠᠬᠢ 2 ᠤᠳᠠᠭᠠᠨ ᠤ ᠭᠠᠯ ᠢ | ᠠᠮᠵᠢᠯᠲᠠᠲᠠᠢ ᠬᠠᠰᠢᠵᠤ᠂ 53 ᠲᠦᠮᠡᠨ ᠲᠤᠨ ᠭᠠᠮᠰᠢᠭ ᠡᠰᠡᠷᠭᠦᠴᠡᠬᠦ ᠳᠡᠵᠢᠭᠡᠯ ᠪᠣᠷᠳᠤᠭ᠎ᠠ ᠨᠦᠭᠡᠴᠡᠯᠡᠪᠡ᠃ ︽ᠨᠠᠢᠮᠠᠳᠤᠭᠠᠷ ᠳᠠᠪᠤᠨ ᠵᠢᠯ︾ ᠤᠨ ᠬᠠᠤᠯᠢ | ᠳᠦᠷᠢᠮᠵᠢᠭᠦᠯᠬᠦ ᠠᠵᠢᠯ ᠢ ᠢᠳᠡᠪᠬᠢᠲᠡᠢ ᠠᠬᠢᠭᠤᠯᠵᠤ᠂ ︽ᠬᠠᠤᠯᠢ ᠪᠠᠷ ᠵᠠᠰᠠᠬᠤ ᠰᠢᠨ᠎ᠠ ᠪᠠᠷᠭᠤ ᠵᠡᠭᠦᠨ ᠬᠤᠰᠢᠭᠤ︾ ︽ᠠᠮᠤᠷ ᠠᠮᠤᠭᠤᠯᠠᠩ ᠰᠢᠨ᠎ᠠ ᠪᠠᠷᠭᠤ ᠵᠡᠭᠦᠨ | ᠬᠤᠰᠢᠭᠤ︾ ᠶᠢ ᠪᠦᠬᠦ ᠬᠦᠴᠦᠨ ᠢᠶᠠᠷ ᠴᠤᠭᠴᠠᠯᠠᠵᠤ᠂ ᠡᠷᠡᠭᠦᠦ ᠶᠢᠨ ᠬᠡᠷᠡᠭ ᠡᠭᠦᠰᠬᠦ ᠨᠤᠷᠮ᠎ᠠ ᠠᠳᠠᠯᠢ ᠬᠤᠭᠤᠴᠠᠭᠠᠨ ᠤ ᠬᠢ ᠠᠴᠠ 15.2% ᠪᠠᠷ ᠪᠠᠭᠤᠷᠠᠨ᠂ | ᠬᠡᠷᠡᠭ ᠢᠯᠡᠷᠡᠭᠦᠯᠦᠭᠰᠡᠨ ᠨᠤᠷᠮ᠎ᠠ ᠠᠳᠠᠯᠢ ᠬᠤᠭᠤᠴᠠᠭᠠᠨ ᠤ ᠬᠢ ᠠᠴᠠ 10% ᠪᠠᠷ ᠳᠡᠭᠡᠭᠰᠢᠯᠡᠵᠤ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠭᠡᠯᠡᠯ ᠤᠨ ᠬᠡᠷᠡᠭ ᠤᠨ | ︽ᠬᠤᠶᠠᠷ ᠳᠡᠭᠡᠭᠰᠢᠯᠡᠯᠲᠡ ᠬᠤᠶᠠᠷ ᠪᠠᠭᠤᠷᠠᠯᠲᠠ︾ ᠶᠢ ᠪᠡᠶᠡᠯᠡᠭᠦᠯᠪᠡ᠃ ︽ᠣᠶᠤᠨᠴᠢ ᠲᠤᠳᠤᠭᠠᠳᠤ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠠᠬᠢᠭᠤᠯᠵᠤ᠂ | ᠭᠤᠣᠯᠳᠠᠯᠭ᠎ᠠ ᠲᠠᠢ ᠣᠷᠤᠨ ᠪᠦᠰᠡ᠂ ᠴᠢᠬᠤᠯᠠ ᠵᠠᠮ ᠶᠢᠨ ᠪᠦᠬᠦ ᠶᠠᠪᠤᠴᠠ ᠶᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠪᠡ᠃ ᠳᠤᠮᠳᠠᠳᠤ ᠶᠢᠨ | ᠦᠨᠳᠦᠰᠦᠲᠡᠨ ᠤ ᠬᠠᠮᠳᠤ ᠶᠢᠨ ᠴᠤᠭᠴᠠ ᠶᠢᠨ ᠦᠵᠡᠯ ᠤᠬᠠᠮᠰᠠᠷ ᠤᠨ ᠬᠦᠮᠦᠵᠢᠯ ᠤᠨ ᠰᠠᠭᠤᠷᠢᠨ ᠭᠠᠵᠠᠷ ᠪᠠ ᠬᠢᠯᠢ ᠬᠢᠵᠠᠭᠠᠷ ᠣᠷᠤᠨ ᠤ ᠦᠨᠳᠦᠰᠦᠲᠡᠨ ᠤ | ᠪᠦᠯᠭᠦᠮᠳᠡᠯ ᠤᠨ ᠵᠢᠱᠢᠶᠡᠴᠢ ᠶᠢᠨ ᠬᠤᠩᠭᠢᠯ ᠢ ᠬᠦᠴᠦᠯᠡᠨ ᠪᠠᠶᠢᠭᠤᠯᠵᠤ᠂ 5 ᠪᠠᠶᠢᠭᠤᠯᠤᠯᠭ᠎ᠠ ᠨᠢ ᠬᠤᠳᠠ ᠶᠢᠨ ᠳᠡᠰ ᠤᠨ ᠦᠨᠳᠦᠰᠦᠲᠡᠨ ᠤ ᠪᠦᠯᠭᠦᠮᠳᠡᠯ ᠳᠠᠪᠰᠢᠯᠲᠠ | ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠵᠦ᠂ 1 ᠨᠢᠭᠡᠴᠡ ᠪᠠ 1 ᠬᠤᠪᠢ ᠬᠦᠮᠦᠨ ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠤ ᠪᠦᠯᠭᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠠᠮᠳᠤ ᠨᠡᠶᠢᠲᠡ᠂ ᠵᠢᠱᠢᠶᠡᠴᠢ ᠬᠤᠪᠢ ᠬᠦᠮᠦᠨ ᠤ ᠢᠷᠠᠭᠤ ᠠᠯᠳᠠᠷ ᠬᠦᠷᠲᠡᠪᠡ᠃ | ᠨᠢᠭᠡ ᠵᠢᠯ ᠤᠨ ᠲᠤᠷᠰᠢ᠂ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠬᠡ ᠶᠢᠨ ᠴᠡᠷᠢᠭ ᠤᠨ ᠪᠡᠯᠡᠳᠭᠡᠯ ᠬᠦᠴᠦᠨ᠂ ᠴᠡᠷᠢᠭ | ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠢ ᠯᠠᠪᠳᠠᠭᠤᠨ ᠠᠬᠢᠭᠤᠯᠵᠤ᠂ ᠬᠢᠨᠠᠨ ᠪᠣᠳᠤᠬᠤ᠂ ᠲᠤᠭ᠎ᠠ ᠪᠦᠷᠢᠳᠭᠡᠯ᠂ ᠦᠨᠳᠦᠰᠦᠲᠡᠨ ᠱᠠᠰᠢᠨ | ᠰᠤᠷᠳᠠᠬᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠭᠡᠷᠡᠴᠢᠯᠡᠯᠲᠡ᠂ ᠲᠡᠦᠬᠡ ᠣᠶᠢᠯᠠᠯᠠᠭᠠ ᠳᠠᠩᠰᠠ ᠡᠪᠬᠡᠮᠡᠯ᠂ ᠠᠷᠠᠳ ᠤᠨ ᠠᠭᠠᠷ ᠤᠨ | ᠰᠡᠷᠭᠡᠶᠢᠯᠡᠯᠲᠡ ᠴᠠᠭ ᠠᠭᠤᠷ᠂ ᠭᠠᠮᠰᠢᠭ ᠢ ᠰᠡᠷᠭᠡᠶᠢᠯᠡᠨ ᠪᠠᠭᠠᠰᠬᠠᠬᠤ ᠵᠡᠷᠭᠡ ᠠᠵᠢᠯ ᠢ ᠰᠠᠶᠢᠲᠤᠷ ᠬᠢᠵᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ | ᠡᠮᠡᠭᠲᠡᠶᠢᠴᠤᠳ ᠤᠨ ᠬᠤᠯᠪᠤᠭᠠᠳᠤ ᠬᠤᠷᠠᠯ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠤᠳ ᠤᠨ ᠬᠤᠯᠪᠤᠭ᠎ᠠ᠂ | ᠤᠳᠬ᠎ᠠ ᠣᠷᠠᠯᠢᠭ ᠤᠨ ᠬᠤᠯᠪᠤᠭᠠᠳᠤ ᠬᠤᠷᠠᠯ ᠵᠡᠷᠭᠡ ᠪᠦᠯᠭᠦᠮ ᠨᠡᠶᠢᠲᠡ ᠶᠢᠨ ᠠᠵᠢᠯ ᠢ ᠬᠦᠴᠦᠲᠠᠢ ᠳᠡᠮᠵᠢᠨ᠂ ᠡᠯ᠎ᠠ ᠲᠦᠷᠦᠯ ᠤᠨ ᠠᠵᠢᠯ ᠦᠢᠯᠡᠰ ᠴᠦᠮ | ᠪᠠᠶᠠᠷᠯᠠᠭᠤᠰᠢᠲᠠᠢ ᠠᠮᠵᠢᠯᠲᠠ ᠣᠯᠪᠠ᠃ ᠡᠭᠦᠨ ᠤ ᠬᠠᠮᠲᠤ᠂ ᠪᠢᠳᠡ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ | ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠠᠰᠢᠭ ᠲᠤᠰᠠ ᠪᠠ ᠠᠵᠤ | ᠠᠬᠤᠢ ᠨᠡᠶᠢᠭᠡᠮ ᠤᠨ ᠡᠮᠬᠢ ᠲᠢᠭᠯᠢᠮ ᠢ ᠪᠦᠲᠦᠮᠵᠢᠲᠠᠢ ᠬᠠᠮᠠᠭᠠᠯᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠵᠢᠴᠢ ᠣᠯᠠᠨ ᠲᠦᠮᠡᠨ ᠤ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ | ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ 201 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ 80 | ᠬᠤᠪᠢ ᠰᠢᠢᠳᠪᠦᠷᠢᠯᠡᠪᠡ᠃ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ | ᠲᠣᠭᠳᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠦᠷᠦᠯ ᠵᠦᠢᠯ ᠢ ᠥᠨᠳᠦᠷ ᠪᠠᠷᠢᠮᠵᠢᠶ᠎ᠠ ᠪᠠᠷ ᠪᠡᠶᠡᠯᠡᠭᠦᠯᠪᠡ᠃ ︽ᠪᠠᠭᠤᠯᠭᠠᠬᠤ᠂ ᠬᠠᠮᠢᠶᠠᠷᠬᠤ᠂ | ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠰᠢᠭᠤᠨ ᠤ ᠲᠤᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ 5462 ᠵᠦᠢᠯ | ᠡᠮᠬᠢᠯᠡᠨ ᠬᠢᠨᠠᠨ ᠪᠠᠶᠢᠴᠠᠭᠠᠵᠤ᠂ 158 ᠵᠦᠢᠯ ᠢ ᠬᠦᠴᠦᠨ ᠦᠭᠡᠢ ᠪᠣᠯᠭᠠᠭᠰᠠᠨ ᠪᠠ ᠪᠠᠭᠤᠯᠭᠠᠵᠤ᠂ ᠠᠮᠠᠯᠠᠯᠲᠠ ᠶᠢᠨ ᠬᠤᠭᠤᠴᠠᠭ᠎ᠠ ᠶᠢ 89.1% ᠪᠠᠭᠠᠰᠬᠠᠵᠤ᠂ | ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠤᠷᠮ᠎ᠠ 99.8%᠂ ᠪᠦᠬᠦᠨ ᠢ ᠰᠦᠯᠵᠢᠶᠡᠨ ᠳᠡᠭᠡᠷ᠎ᠡ ᠭᠦᠢᠴᠡᠭᠡᠭᠰᠡᠨ ᠨᠤᠷᠮ᠎ᠠ 92.7% ᠪᠣᠯᠣᠨ᠎ᠠ᠃ ᠨᠠᠮ ᠤᠨ | ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠰᠥᠪ | ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ ᠡᠵᠡᠮᠰᠢᠵᠦ᠂ ︽ᠭᠤᠷᠪᠠ ᠶᠢ ᠪᠠᠲᠤᠯᠠᠬᠤ︾ ᠪᠠᠷᠢᠮᠵᠢᠶ᠎ᠠ ᠶᠢ | ᠪᠠᠲᠤ ᠰᠠᠬᠢᠵᠤ᠂ ᠠᠷᠠᠳ ᠤᠨ ᠲᠦᠯᠦᠭᠡ ᠠᠷᠪᠢᠯᠠᠨ ᠭᠠᠮᠨᠠᠬᠤ ᠶᠢ ᠪᠡᠶᠡᠯᠡᠭᠦᠯᠦᠨ᠎ᠡ᠃ | ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠪᠣᠯ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠡ | ᠪᠦᠬᠦ ᠬᠤᠰᠢᠭᠤᠨ ᠤ ᠡᠯ᠎ᠠ ᠦᠨᠳᠦᠰᠦᠲᠡᠨ ᠤ ᠠᠷᠠᠳ ᠲᠦᠮᠡᠨ ᠢᠶᠠᠨ ᠳᠠᠭᠠᠭᠤᠯᠤᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠭᠦᠮᠳᠡᠨ ᠳᠡᠮᠡᠴᠡᠭᠰᠡᠨ ᠤ | ᠦᠷ᠎ᠡ ᠳ᠋ᠦᠩ ᠮᠥᠨ᠂ ᠨᠡᠶᠢᠭᠡᠮ ᠤᠨ ᠡᠯ᠎ᠠ ᠡᠲᠡᠭᠡᠳ ᠬᠢᠨ ᠤ ᠰᠡᠳᠬᠢᠯ ᠨᠢᠭᠡᠳᠦᠨ ᠬᠦᠴᠦᠲᠠᠢ ᠳᠡᠮᠵᠢᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ ᠬᠤᠰᠢᠭᠤᠨ ᠤ | ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ᠂ ᠪᠦᠬᠦ ᠬᠤᠰᠢᠭᠤᠨ ᠤ ᠡᠯ᠎ᠠ ᠦᠨᠳᠦᠰᠦᠲᠡᠨ ᠤ ᠠᠷᠠᠳ ᠲᠦᠮᠡᠨ᠂ ᠰᠢᠨ᠎ᠠ ᠪᠠᠷᠭᠤ ᠵᠡᠭᠦᠨ ᠬᠤᠰᠢᠭᠤᠨ ᠤ | ᠬᠦᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠠᠶᠢᠵᠠ ᠨᠥᠬᠦᠳ ᠨᠠᠷ ᠲᠠᠭᠠᠨ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠵᠡᠷᠭᠡᠪᠡᠷ᠂ ᠪᠢᠳᠡ ᠳᠣᠣᠷᠠᠬᠢ ᠬᠡᠳᠦᠨ ᠠᠰᠠᠭᠤᠳᠠᠯ ᠪᠠᠶᠢᠬᠤ ᠶᠢ ᠲᠠᠨᠢᠵᠤ ᠣᠯᠪᠠ᠄ ᠮᠠᠨ ᠤ ᠬᠤᠰᠢᠭᠤᠨ ᠤ ᠬᠦᠭᠵᠢᠯᠲᠡ | ᠲᠡᠩᠴᠡᠭᠦᠷᠢ ᠦᠭᠡᠢ ᠭᠦᠢᠴᠡᠳ ᠪᠣᠰᠤ ᠠᠰᠠᠭᠤᠳᠠᠯ ᠮᠦᠨ ᠴᠤ ᠲᠣᠪᠣᠶᠢᠮ᠎ᠠ ᠪᠠᠶᠢᠵᠤ᠂ ᠴᠢᠨᠠᠷ ᠰᠠᠶᠢᠲᠠᠢ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠳᠤ ᠮᠥᠨ | ᠲᠣᠳᠠᠭᠳᠠᠯ ᠪᠠ ᠪᠠᠭᠤᠷᠠᠢ ᠲᠠᠯ᠎ᠠ ᠲᠠᠢ᠃ ᠠᠷᠠᠳ ᠣᠯᠠᠨ ᠠᠴᠠ ᠡᠮᠴᠢᠯᠡᠭᠡ᠂ ᠰᠤᠷᠭᠠᠨ ᠬᠦᠮᠦᠵᠢᠯ᠂ ᠠᠵᠢᠯ ᠣᠯᠭᠤᠯᠲᠠ᠂ ᠣᠷᠤᠯᠭ᠎ᠠ ᠶᠢᠨ ᠨᠡᠮᠡᠭᠳᠡᠯ᠂ ᠨᠠᠰᠤᠵᠢᠯ | ᠤᠨ ᠠᠰᠠᠷᠠᠮᠵᠢ ᠵᠡᠷᠭᠡ ᠳᠠᠯ᠎ᠠ ᠪᠠᠷ ᠪᠠᠰᠠ ᠮᠠᠰᠢ ᠣᠯᠠᠨ ᠬᠦᠰᠡᠯ ᠱᠠᠭᠠᠷᠳᠠᠯᠭ᠎ᠠ ᠲᠠᠢ᠂ ᠵᠠᠰᠠᠭ ᠤᠨ ᠣᠷᠳᠤᠨ ᠤ ᠰᠢᠰᠲ᠋ᠧᠮ ᠠᠴᠠ ᠨᠠᠶᠢᠳᠠᠪᠤᠷᠢᠵᠢᠭᠤᠯᠤᠯᠲᠠ ᠶᠢ | ᠠᠳᠬᠤᠬᠤ ᠴᠢᠳᠠᠪᠤᠷᠢ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠵᠠᠷᠢᠮ ᠺᠠᠳ᠋ᠷ ᠤᠨ ᠴᠢᠳᠠᠪᠤᠷᠢ ᠣᠪᠤᠷ ᠰᠤᠷᠳᠠᠯ ᠨᠢ ᠰᠢᠨ᠎ᠠ ᠬᠠᠨᠳᠤᠰᠢ ᠰᠢᠨ᠎ᠠ | ᠡᠭᠦᠷᠭᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ ᠪᠠᠶᠢᠬᠤ ᠵᠡᠷᠭᠡ ᠠᠰᠠᠭᠤᠳᠠᠯ ᠤᠳ ᠣᠷᠤᠰᠢᠵᠤ ᠪᠠᠶᠢᠨ᠎ᠠ᠃ ᠪᠢᠳᠡ ᠡᠷᠬᠡᠪᠰᠢ ᠠᠷᠠᠳ ᠲᠦᠮᠡᠨ ᠳᠤ ᠳᠡᠭᠡᠳᠤ | ᠬᠡᠮᠵᠢᠶ᠎ᠡ ᠪᠠᠷ ᠬᠠᠷᠢᠭᠤᠴᠠᠬᠤ ᠣᠪᠤᠷ ᠢᠶᠠᠷ ᠬᠠᠨᠳᠤᠵᠤ᠂ ᠡᠷᠴᠢᠮᠲᠡᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃ | | | |