ᠭᠤᠷᠪᠠ᠂ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ | ᠰᠢᠨ᠎ᠠ ᠠᠶᠠᠨ ᠰᠢᠨ᠎ᠠ ᠡᠭᠦᠷᠭᠡ ᠶᠢᠨ ᠡᠮᠦᠨ᠎ᠡ᠂ ᠪᠢᠳᠡ ᠵᠠᠰᠠᠭ ᠤᠨ ᠣᠷᠳᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ | ᠣᠳᠤᠬᠢᠴᠢᠯᠠᠯᠲᠠ ᠶᠢ ᠲᠦᠷᠭᠡᠳᠭᠡᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢᠲᠤ ᠵᠠᠰᠠᠭ ᠤᠨ ᠣᠷᠳᠤᠨ ᠢ ᠪᠠᠶᠢᠭᠤᠯᠬᠤ | ᠪᠠᠷ ᠴᠢᠷᠮᠠᠶᠢᠨ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠭᠦᠷᠭᠡ ᠲᠤᠰᠢᠶᠠᠯ ᠢᠶᠠᠨ ᠦᠨᠡᠨᠬᠦ ᠡᠭᠦᠷᠭᠡᠯᠡᠨ᠎ᠠ᠃ | ︵ᠨᠢᠭᠡ︶ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠬᠦ ᠵᠠᠰᠠᠭ ᠤᠨ ᠣᠷᠳᠤᠨ ᠢ ᠪᠠᠶᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠡᠭᠦᠳᠦᠨ ᠰᠢᠨᠡᠴᠢᠯᠡᠭᠰᠡᠨ ᠤᠨᠤᠯ ᠢᠶᠠᠷ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ | ᠦᠢᠯᠡᠳᠦᠯᠭᠡ ᠪᠠᠨ ᠵᠢᠯᠣᠭᠤᠳᠤᠭᠤᠯᠤᠨ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠤᠬᠠᠭᠠᠷᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ | ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠤ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ | ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠡ ᠲᠠᠢ ᠳᠡᠭᠡᠳᠤ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠨ᠎ᠠ᠃ ᠠᠭᠤᠤ ᠶᠡᠭᠡ ᠨᠠᠮ | ᠪᠠᠶᠢᠭᠤᠯᠤᠭᠰᠠᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠨᠠᠮ ᠤᠨ ᠲᠦᠪ ᠬᠤᠷᠢᠶ᠎ᠡ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ᠂ ᠬᠤᠰᠢᠭᠤᠨ ᠤ ᠨᠠᠮ ᠤᠨ ᠬᠤᠷᠢᠶ᠎ᠡ | ᠶᠢᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠢ ᠰᠢᠯᠤᠭᠤᠳᠬᠠᠵᠤ᠂ ᠦᠨᠡᠨᠴᠢ ᠰᠢᠳᠤᠷᠭᠤ᠂ ᠠᠷᠢᠭᠤᠨ | ᠴᠢᠭᠡᠴᠢ᠂ ᠬᠠᠷᠢᠭᠤᠴᠠᠯᠭ᠎ᠠ ᠲᠠᠢ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠪᠠᠲᠤᠯᠠᠨ᠎ᠠ᠃ | ︵ᠬᠤᠶᠠᠷ︶ ᠪᠤᠳᠠᠳᠤ ᠠᠵᠢᠯᠯᠠᠭ᠎ᠠ ᠶᠢ ᠡᠷᠬᠢᠮᠯᠡᠬᠦ ᠦᠨᠳᠦᠷ ᠪᠦᠲᠦᠮᠵᠢᠲᠡᠢ ᠵᠠᠰᠠᠭ ᠤᠨ ᠤᠷᠳᠤᠨ ᠢ ᠪᠠᠶᠢᠭᠤᠯᠤᠨ᠎ᠠ᠃ ᠵᠤᠷᠢᠯᠳᠡ ᠶᠢᠨ ᠤᠬᠠᠮᠰᠠᠷ ᠢᠶᠠᠨ | ᠴᠢᠩᠭᠠᠳᠬᠠᠵᠤ᠂ ᠠᠷᠠᠳ ᠢᠶᠠᠷ ᠦᠨᠳᠦᠰᠦ ᠪᠤᠯᠭᠠᠬᠤ ᠬᠠᠶᠢᠷ᠎ᠠ ᠰᠡᠳᠭᠢᠯᠭᠡ ᠪᠠᠨ ᠪᠠᠳᠤᠳᠬᠠᠨ᠂ ᠨᠠᠮ ᠤᠨ ᠤᠯᠠᠨ ᠲᠦᠮᠡᠨᠴᠢ ᠱᠤᠭᠤᠮ ᠢ ᠭᠦᠨᠵᠡᠭᠡᠢ | ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ | ᠰᠣᠨᠣᠰᠴᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠪᠠᠷ ᠪᠠᠷᠢᠮᠵᠢᠶ᠎ᠠ ᠪᠤᠯᠭᠠᠨ᠂ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ ᠦᠢᠯᠡᠴᠢᠯᠡᠨ᠂ | ᠤᠯᠠᠨ ᠲᠦᠮᠡᠨ ᠤ ᠪᠠᠴᠢᠮ ᠬᠦᠴᠢᠷ ᠲᠠᠢ ᠠᠰᠠᠭᠤᠳᠠᠯ ᠢ ᠪᠦᠬᠦ ᠬᠦᠴᠦᠨ ᠢᠶᠠᠷ ᠰᠠᠶᠢᠲᠤᠷ ᠰᠢᠢᠳᠪᠤᠷᠢᠯᠡᠨ᠎ᠡ᠃ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ᠂ | ᠲᠠᠩᠰᠠ ᠲᠤᠰᠢᠶᠠᠵᠤ ᠰᠢᠯᠭᠠᠯᠳᠠ ᠬᠠᠷᠢᠭᠤᠯᠬᠤ ᠢᠯᠠ ᠲᠤᠳᠤ ᠤᠳᠤᠷᠢᠳᠤᠮᠵᠢ ᠶᠢ ᠪᠤᠢ ᠪᠤᠯᠭᠠᠵᠤ᠂ ᠵᠤᠷᠢᠭᠳᠠᠢ ᠪᠠᠷ ᠲᠦᠷᠦᠬᠦᠯᠡᠬᠦ᠂ ᠲᠠᠪᠠᠵᠤ ᠬᠦᠢᠴᠡᠬᠦ᠂ ᠲᠠᠪᠠᠵᠤ | ᠭᠠᠷᠬᠤ ᠵᠤᠷᠢᠭ ᠢ ᠬᠦᠪᠴᠢᠯᠡᠵᠤ᠂ ᠠᠭᠤᠯᠠ ᠲᠠᠭᠠᠷᠠᠪᠠᠯ ᠵᠠᠮ ᠨᠠᠭᠡᠭᠡᠬᠦ᠂ ᠤᠰᠤ ᠲᠠᠭᠠᠷᠠᠪᠠᠯ ᠬᠦᠬᠦᠷᠭᠡ ᠲᠠᠯᠪᠢᠬᠤ ᠡᠷᠴᠢ ᠵᠤᠷᠢᠭ ᠢ ᠬᠦᠪᠴᠢᠯᠡᠨ᠂ ᠪᠤᠳᠠᠳᠠᠢ ᠶᠢ | ᠡᠷᠬᠢᠮᠯᠡᠵᠤ ᠦᠨᠳᠦᠷ ᠪᠦᠳᠦᠮᠵᠢᠳᠡᠢ ᠪᠠᠶᠢᠬᠤ᠂ ᠦᠨᠡᠨᠬᠦ ᠠᠳᠬᠤᠵᠤ ᠪᠤᠳᠠᠳᠠᠢ ᠠᠵᠢᠯᠯᠠᠬᠤ ᠰᠤᠷᠳᠠᠯ ᠢ ᠪᠠᠳᠠᠷᠠᠭᠤᠯᠵᠤ᠂ ᠰᠡᠳᠬᠢᠯ ᠢᠶᠠᠨ ᠨᠢᠭᠡᠳᠭᠡᠨ ᠬᠦᠴᠦ ᠪᠠᠨ | ᠬᠠᠮᠳᠤᠳᠬᠠᠵᠤ ᠬᠦᠭᠵᠢᠯᠳᠡ ᠶᠢ ᠠᠳᠬᠤᠨ᠂ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠬᠢᠭᠤᠯᠤᠨ᠎ᠠ᠃ | ︵ᠭᠤᠷᠪᠠ︶ ᠠᠷᠢᠭᠤᠨ ᠴᠢᠭᠡᠴᠢ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ ᠵᠠᠰᠠᠭ ᠤᠨ ᠣᠷᠳᠤᠨ ᠤ ᠰᠢᠰᠲ᠋ᠧᠮ ᠤᠨ ᠪᠦᠬᠦ ᠳᠠᠯ᠎ᠠ ᠪᠠᠷ | ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠢᠭᠤᠷᠬᠠᠢ ᠡᠭᠦᠷᠭᠡᠯᠡᠵᠦ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ | ᠬᠠᠷᠢᠭᠤᠴᠠᠯᠭᠠᠳᠤ ᠲᠦᠷᠢᠮ ᠢ ᠨᠠᠷᠢᠨ ᠬᠢᠨᠠᠮᠠᠭᠠᠢ ᠲᠤᠤᠱᠯᠠᠭᠤᠯᠵᠤ᠂ ᠰᠠᠬᠢᠯᠭ᠎ᠠ ᠪᠠᠳᠤ ᠪᠠ ᠶᠤᠰᠤ ᠲᠦᠷᠢᠮ ᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠤ᠂ ᠨᠠᠮ ᠤᠨ | ᠲᠦᠪ ᠬᠤᠷᠢᠶ᠎ᠡ ᠶᠢᠨ ᠨᠠᠢᠮᠠᠨ ᠵᠦᠢᠯ ᠤᠨ ᠲᠣᠭᠳᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠳᠦᠷᠪᠡᠨ ᠰᠤᠷᠳᠠᠯ︾ ᠣᠨᠴᠠᠭᠠᠶᠢᠯᠠᠨ | ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠦᠭᠦᠷᠡᠰᠢ ᠦᠭᠡᠢ ᠵᠠᠯᠠᠷᠠᠭᠤᠯᠵᠤ᠂ ︽ᠭᠤᠷᠪᠠ ᠣᠯᠠᠨ ᠭᠤᠷᠪᠠ ᠴᠦᠭᠡᠨ ᠭᠤᠷᠪᠠ ᠤᠳᠠᠭᠠᠨ︾ ᠤ ᠠᠰᠠᠭᠤᠳᠠᠯ ᠢ | ᠬᠥᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠪᠠ ᠪᠢᠴᠢᠭ ᠮᠠᠲ᠋ᠧᠷᠢᠶᠠᠯ ᠢ ᠨᠠᠷᠢᠯᠢᠭᠵᠢᠭᠤᠯᠤᠨ ᠬᠤᠷᠠᠯ ᠢ ᠴᠤᠮᠠᠳᠬᠠᠬᠤ ᠠᠵᠢᠯ | ᠢ ᠦᠷᠭᠦᠯᠵᠢᠯᠡᠨ ᠰᠠᠶᠢᠲᠤᠷ ᠠᠳᠬᠤᠨ᠎ᠠ᠃ ᠬᠠᠤᠯᠢ ᠶᠣᠰᠤᠭᠠᠷ ᠵᠠᠰᠠᠭ ᠪᠠᠷᠢᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠳᠦᠷᠢᠮᠵᠢᠭᠦᠯᠵᠤ᠂ | ᠬᠠᠤᠯᠢ ᠪᠠᠷ ᠵᠠᠰᠠᠬᠤ ᠰᠡᠳᠬᠢᠭᠦᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠣᠴᠢᠷ ᠶᠠᠪᠤᠳᠠᠯ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠤᠨ ᠤ ᠬᠢᠨᠠᠯᠲᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠡᠯ᠎ᠠ | ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠤ᠂ ᠵᠠᠰᠠᠭ ᠤᠨ ᠣᠷᠳᠤᠨ ᠤ ᠠᠵᠢᠯᠯᠠᠭᠠᠨ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ | ᠣᠷᠤᠭᠤᠯᠤᠨ᠂ ᠵᠠᠰᠠᠭ ᠤᠨ ᠣᠷᠳᠤᠨ ᠤ ᠨᠡᠶᠢᠲᠡ ᠶᠢᠨ ᠢᠲᠡᠭᠡᠮᠵᠢ ᠶᠢᠨ ᠬᠦᠴᠦᠨ ᠢ ᠪᠦᠬᠦ ᠳᠠᠯ᠎ᠠ ᠪᠠᠷ ᠳᠡᠭᠡᠭᠰᠢᠯᠡᠭᠦᠯᠦᠨ᠎ᠠ᠃ | ᠲᠦᠯᠦᠭᠡᠯᠡᠭᠴᠢᠳ ᠡ᠂ ᠬᠦᠴᠢᠷ ᠢ ᠳᠤᠭᠤᠯᠤᠨ ᠴᠤᠴᠠᠯᠲᠠ ᠦᠭᠡᠢ ᠣᠷᠤᠭᠰᠢᠯᠠᠬᠤ ᠴᠠᠭ ᠬᠦᠷᠴᠤ ᠢᠷᠡᠯ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠦᠪ ᠬᠤᠷᠢᠶ᠎ᠡ ᠶᠢᠨ ᠲᠣᠭᠤᠷᠢᠨ ᠳᠤ ᠨᠢᠭᠳᠠᠷᠠᠨ ᠪᠦᠯᠭᠦᠮᠳᠡᠵᠤ᠂ ᠬᠤᠰᠢᠭᠤᠨ ᠤ ᠨᠠᠮ ᠤᠨ ᠬᠤᠷᠢᠶ᠎ᠡ ᠶᠢᠨ ᠳᠠᠶᠢᠴᠢᠯᠠᠭ᠎ᠠ ᠳᠣᠣᠷ᠎ᠠ᠂ | ᠢᠳᠡᠭᠡᠯ ᠵᠤᠷᠢᠭ ᠢᠶᠠᠨ ᠪᠠᠳᠤᠳᠬᠠᠵᠤ᠂ ᠡᠷᠡᠯᠬᠡᠭᠯᠡᠨ ᠤᠷᠤᠭᠰᠢᠯᠠᠵᠤ᠂ ᠰᠢᠨ᠎ᠠ ᠪᠠᠷᠭᠤ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠦᠭᠵᠢᠯᠲᠡ ᠶᠢᠨ ᠰᠢᠨ᠎ᠠ ᠪᠠᠶᠢᠳᠠᠯ ᠢ ᠨᠡᠭᠡᠭᠡᠵᠤ᠂ ᠳᠤᠮᠳᠠᠳᠤ ᠶᠢᠨ ᠣᠨᠴᠠᠯᠢᠭᠲᠤ ᠣᠳᠤᠬᠢᠴᠢᠯᠠᠭᠰᠠᠨ ᠰᠢᠨ᠎ᠠ ᠪᠠᠷᠭᠤ ᠵᠡᠭᠦᠨ ᠬᠤᠰᠢᠭᠤᠨ ᠤ ᠰᠢᠨ᠎ᠠ ᠬᠠᠭᠤᠳᠠᠰᠤ ᠶᠢ | ᠪᠢᠴᠢᠭᠯᠡᠬᠦ ᠶᠢᠨ ᠲᠦᠯᠦᠭᠡ ᠪᠦᠯᠭᠦᠮᠳᠡᠨ ᠲᠡᠮᠡᠴᠡᠵᠡᠭᠡᠶ᠎ᠡ︕ | | ᠳᠠᠭᠠᠯᠳᠤᠭᠤᠯᠤᠯ᠄ | ︽ᠵᠠᠰᠠᠭ ᠤᠨ ᠣᠷᠳᠤᠨ ᠤ ᠠᠵᠢᠯ ᠤᠨ ᠢᠯᠡᠳᠬᠡᠯ︾ ᠤᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ | ⒈︽ᠲᠠᠪᠤᠨ ᠲᠤᠮᠤ ᠡᠭᠦᠷᠭᠡ︾᠄ ᠰᠢ ᠶᠢᠨ ᠫᠢᠩ ᠶᠡᠷᠦᠩᠬᠡᠢ ᠱᠦᠵᠢ ᠶᠢᠨ ᠦᠪᠤᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾ ︽ᠬᠤᠶᠠᠷ | ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠡᠭᠦᠷᠭᠡ ᠶᠢ ᠵᠢᠭᠠᠵᠤ ᠪᠣᠢ᠂ ᠲᠤᠬᠠᠶᠢᠯᠠᠪᠠᠯ᠂ ᠦᠪᠤᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠳᠠᠭᠤᠨ ᠤ ᠬᠠᠯᠬᠠᠪᠴᠢ᠂ ᠤᠯᠤᠰ ᠤᠨ ᠴᠢᠬᠤᠯᠠ | ᠡᠨᠧᠷᠬᠢ ᠪᠠ ᠪᠠᠶᠢᠯᠳᠤᠬᠤ ᠪᠣᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠳᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠪᠣᠯᠭᠠᠨ ᠪᠦᠲᠦᠭᠡᠨ ᠪᠠᠶᠢᠭᠤᠯᠬᠤ ᠶᠢ ᠵᠢᠭᠠᠵᠤ ᠪᠣᠢ᠃ | ⒉ ︽ᠵᠢᠷᠭᠤᠭ᠎ᠠ ᠶᠢ ᠲᠣᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾᠄ ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ | ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠲᠦᠰᠦᠪᠯᠡᠭᠰᠡᠨ ᠠᠵᠢᠯ ᠢ ᠲᠣᠭᠳᠠᠪᠤᠷᠢᠵᠢᠭᠤᠯᠤᠨ᠂ ᠰᠠᠭᠤᠭᠠᠯᠢ ᠠᠷᠠᠳ ᠤᠨ ᠠᠵᠢᠯ ᠣᠯᠭᠤᠯᠲᠠ᠂ ᠦᠨᠳᠦᠰᠦᠨ | ᠠᠷᠠᠳ ᠤᠨ ᠠᠮᠢᠳᠤᠷᠠᠯ᠂ ᠵᠠᠬ᠎ᠠ ᠳᠡᠯᠭᠡᠭᠦᠷ ᠤᠨ ᠭᠤᠣᠯ ᠴᠤᠭᠴᠠ᠂ ᠠᠮᠤ ᠪᠣᠳᠠᠭ᠎ᠠ ᠡᠨᠧᠷᠬᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶᠡᠵᠢᠯ ᠵᠢᠴᠢ | ᠬᠠᠩᠭᠠᠯᠭ᠎ᠠ ᠶᠢᠨ ᠬᠡᠯᠬᠢᠶᠡᠵᠢᠯ ᠤᠨ ᠲᠣᠭᠳᠠᠭᠤᠨ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠵᠢᠭᠠᠵᠤ ᠪᠣᠢ᠃ | ⒊ ︽ᠳᠦᠷᠪᠡᠨ ᠨᠤᠷᠮ᠎ᠠ︾᠄ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠲᠤᠳᠬᠠᠭᠰᠠᠨ ᠨᠤᠷᠮ᠎ᠠ᠂ ᠪᠠᠭ᠎ᠠ ᠰᠤᠷᠭᠠᠭᠤᠯᠢ ᠳᠤ | ᠣᠷᠣᠭᠰᠠᠨ ᠨᠤᠷᠮ᠎ᠠ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠳᠤᠮᠳᠠᠳᠤ ᠪᠠᠭ᠎ᠠ ᠰᠤᠷᠭᠠᠭᠤᠯᠢ ᠲᠡᠭᠦᠰᠦᠭᠰᠡᠨ ᠨᠤᠷᠮ᠎ᠠ᠂ ᠠᠩᠬ᠎ᠠ ᠳᠤᠮᠳᠠᠳᠤ | ᠶᠢᠨ ᠱᠠᠲᠤᠨ ᠳᠠᠬᠢ ᠰᠤᠷᠭᠠᠭᠤᠯᠢ ᠳᠤ ᠳᠡᠪᠰᠢᠭᠰᠡᠨ ᠨᠤᠷᠮ᠎ᠠ ᠶᠢ ᠵᠢᠭᠠᠵᠤ ᠪᠣᠢ᠃ | ⒋ ︽ᠬᠤᠶᠠᠷ ᠳᠡᠭᠡᠭᠰᠢᠯᠡᠯᠲᠡ ᠬᠤᠶᠠᠷ ᠪᠠᠭᠤᠷᠠᠯᠲᠠ︾᠄ ᠬᠡᠷᠡᠭ ᠡᠭᠦᠰᠬᠦ ᠨᠤᠷᠮ᠎ᠠ ᠶᠢ ᠪᠠᠭᠤᠷᠠᠭᠤᠯᠵᠤ᠂ ᠬᠡᠷᠡᠭ ᠰᠢᠢᠳᠪᠦᠷᠢᠯᠡᠬᠦ ᠲᠤᠭ᠎ᠠ ᠶᠢ ᠳᠡᠭᠡᠭᠰᠢᠯᠡᠭᠦᠯᠵᠦ | ᠂ ᠡᠳ᠋ ᠬᠦᠷᠦᠩᠭᠡ ᠶᠢᠨ ᠬᠤᠬᠢᠷᠠᠯ ᠤᠨ ᠲᠤᠭ᠎ᠠ ᠬᠡᠮᠵᠢᠶ᠎ᠡ ᠶᠢ ᠪᠠᠭᠤᠷᠠᠭᠤᠯᠤᠨ᠂ ᠡᠳ᠋ ᠬᠦᠷᠦᠩᠭᠡ ᠶᠢᠨ ᠬᠤᠬᠢᠷᠠᠯ ᠢ ᠡᠭᠡᠭᠦᠯᠦᠨ ᠠᠪᠴᠢᠷᠠᠬᠤ ᠲᠤᠭ᠎ᠠ ᠬᠡᠮᠵᠢᠶ᠎ᠡ ᠶᠢ | ᠳᠡᠭᠡᠭᠰᠢᠯᠡᠭᠦᠯᠬᠦ ᠶᠢ ᠵᠢᠭᠠᠵᠤ ᠪᠣᠢ᠃ | ⒌ ︽ᠭᠤᠷᠪᠠ ᠶᠢ ᠪᠠᠲᠤᠯᠠᠬᠤ︾᠄ ᠦᠨᠳᠦᠰᠦᠨ ᠠᠷᠠᠳ ᠤᠨ ᠠᠮᠢᠳᠤᠷᠠᠯ᠂ ᠴᠠᠯᠢᠩ᠂ ᠠᠵᠢᠯᠯᠠᠭᠠᠨ ᠢ ᠪᠠᠲᠤᠯᠠᠬᠤ ᠶᠢ ᠵᠢᠭᠠᠵᠤ ᠪᠣᠢ᠃ | ⒍ ︽ᠲᠠᠪᠤᠨ ᠲᠤᠮᠤ ᠠᠵᠢᠯᠯᠠᠭᠠᠨ ᠤ ᠲᠥᠯᠥᠪᠯᠡᠭᠡ︾᠄ ᠬᠤᠳᠠ ᠶᠢᠨ ᠨᠠᠮ ᠤᠨ ᠬᠤᠷᠢᠶ᠎ᠡ ᠶᠢᠨ ᠳᠠᠪᠤᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ | ᠪᠦᠭᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ ᠰᠣᠶᠤᠯ ᠵᠢᠭᠤᠯᠴᠢᠯᠠᠯ ᠤᠨ ᠠᠵᠤ ᠦᠢᠯᠡᠰ ᠤᠨ | ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠨᠡᠮᠡᠭᠳᠡᠯ ᠪᠠ ᠶᠠᠰᠤ ᠴᠢᠨᠠᠷ ᠢ ᠨᠡᠮᠡᠭᠳᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠰᠢᠨ᠎ᠠ ᠪᠠᠷ ᠬᠦᠭᠵᠢᠭᠰᠡᠨ ᠠᠵᠤ ᠦᠢᠯᠡᠰ ᠢ ᠡᠷᠴᠢᠮᠵᠢᠭᠦᠯᠦᠨ | ᠲᠦᠪᠯᠡᠷᠡᠭᠦᠯᠵᠤ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠢ ᠴᠠᠭ ᠤᠨ ᠪᠠᠶᠢᠳᠠᠯ ᠲᠠᠢ ᠠᠮᠵᠢᠭᠤᠯᠤᠨ ᠬᠦᠭᠵᠢᠭᠦᠯᠬᠦ | ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠢ ᠰᠢᠨᠡᠴᠢᠯᠡᠵᠤ ᠰᠢᠯᠢᠳᠡᠭᠵᠢᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠵᠢᠭᠠᠵᠤ ᠪᠣᠢ᠃ | | ⒎ ︽ᠳᠦᠷᠪᠡᠨ ᠬᠡᠪᠴᠢᠶᠠᠵᠢᠯ ᠠᠴᠠ ᠳᠡᠭᠡᠭᠰᠢᠬᠢ ᠠᠵᠤ ᠠᠬᠤᠶᠢᠯᠠᠯ︾᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ | ᠬᠢᠷᠢ ᠬᠡᠮ ᠤᠨ ᠵᠡᠷᠭᠡ ᠳᠡᠰ ᠪᠦᠬᠦᠢ ᠪᠠᠷᠢᠯᠭ᠎ᠠ ᠶᠢᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠪᠠ ᠵᠢᠵᠢᠭᠯᠡᠨ ᠪᠣᠷᠤᠯᠠᠭᠤᠯᠬᠤ ᠬᠤᠨᠤᠭ | ᠬᠤᠭᠤᠯᠠ ᠤᠮᠳᠠᠭᠠᠨ ᠤ ᠠᠵᠤ ᠠᠬᠤᠶᠢᠯᠠᠯ ᠵᠢᠴᠢ ᠬᠡᠪᠴᠢᠶᠠᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠵᠡᠷᠭᠡ ᠳᠥᠷᠪᠡᠨ ᠲᠦᠷᠦᠯ | ᠤᠨ ᠬᠡᠪᠴᠢᠶᠠᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ ᠨᠡᠷᠡᠶᠢᠳᠦᠯ ᠢ ᠵᠢᠭᠠᠵᠤ ᠪᠣᠢ᠃ | ⒏ ︽ᠣᠷᠣᠨ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ︾᠄ ᠬᠠᠷᠢᠯᠴᠠᠨ ᠲᠤᠰᠠᠭᠠᠷᠯᠠᠭᠰᠠᠨ᠂ ᠠᠵᠤ ᠠᠬᠤᠢ ᠶᠢᠨ ᠬᠦᠭᠵᠢᠯᠲᠡ ᠵᠦᠷᠢᠶ᠎ᠡ ᠲᠠᠢ | ᠬᠤᠶᠠᠷ ᠵᠠᠰᠠᠭ ᠵᠠᠬᠢᠷᠭᠠᠨ ᠤ ᠭᠠᠵᠠᠷ ᠣᠷᠤᠨ᠂ ᠣᠷᠤᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠨ᠂ ᠨᠡᠭᠡᠭᠡᠯᠲᠡ ᠶᠢᠨ ᠲᠣᠭᠤᠷᠢᠭ ᠢᠶᠠᠷ ᠭᠤᠣᠯ ᠠᠴᠢᠶᠠᠯᠠᠪᠤᠷᠢ | ᠪᠣᠯᠭᠠᠵᠤ᠂ ᠡᠷᠬᠡ ᠲᠡᠭᠰᠢ ᠵᠦᠪᠳᠡᠯᠴᠡᠭᠡ᠂ ᠰᠠᠶᠢᠨ ᠳᠤᠷ᠎ᠠ ᠶᠢᠨ ᠬᠠᠮᠲᠤᠷᠠᠯᠴᠠᠭ᠎ᠠ ᠶᠢᠨ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠡᠯᠧᠮᠧᠨ᠋ᠲ ᠢ ᠬᠠᠷᠢᠯᠴᠠᠨ ᠪᠠ | ᠦᠨᠳᠦᠷ ᠪᠦᠲᠦᠮᠵᠢᠲᠡᠢ ᠪᠠᠷ ᠠᠰᠢᠭᠯᠠᠬᠤ ᠪᠠᠷ ᠵᠣᠷᠢᠯᠭ᠎ᠠ ᠪᠣᠯᠭᠠᠨ᠂ ᠣᠨᠴᠠ ᠲᠣᠭᠲᠠᠭᠠᠭᠰᠠᠨ ᠣᠷᠤᠨ ᠪᠦᠰᠡ ᠳᠤ ᠠᠵᠤ ᠦᠢᠯᠡᠰ ᠤᠨ ᠬᠦᠷᠢᠶᠡᠯᠡᠩ ᠲᠣᠭᠤᠷᠢᠭ | ᠬᠠᠮᠲᠤᠷᠠᠨ ᠪᠠᠶᠢᠭᠤᠯᠵᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠦᠷ᠎ᠡ ᠠᠰᠢᠭ ᠢ ᠬᠤᠪᠢᠶᠠᠷᠢᠯᠠᠬᠤ ᠵᠡᠷᠭᠡ ᠬᠠᠮᠳᠤᠷᠠᠯᠴᠠᠭᠠᠨ ᠤ ᠲᠣᠭᠳᠠᠴᠠ | ᠶᠢ ᠪᠠᠶᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠣᠷᠤᠨ ᠪᠦᠰᠡ ᠶᠢᠨ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠪᠡᠶᠡᠯᠡᠭᠦᠯᠬᠦ ᠶᠢ | ᠵᠢᠭᠠᠵᠤ ᠪᠣᠢ᠃ | ⒐ ︽ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠭᠡᠷ ᠣᠷᠤᠨ︾᠄ ︽ᠵᠢᠷᠭᠤᠭᠠᠨ ᠪᠦᠰᠡ︾ ᠭᠡᠳᠡᠭ ᠨᠢ ᠬᠢᠯᠢ ᠬᠢᠵᠠᠭᠠᠷ ᠤᠨ ᠦᠨᠳᠦᠰᠦᠲᠡᠨ ᠤ | ᠪᠦᠯᠭᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠤᠶᠠᠷ ᠵᠠᠭᠤᠨ ᠤ ᠵᠢᠱᠢᠶ᠎ᠡ | ᠦᠵᠡᠭᠦᠯᠬᠦ ᠪᠦᠰᠡ᠂ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠳᠦᠷᠢᠮ ᠤᠨ ᠦᠨᠳᠦᠰᠦᠨ ᠱᠠᠲᠤᠨ ᠤ ᠦᠢᠯᠡᠳᠦᠯᠭᠡ ᠵᠢᠱᠢᠶ᠎ᠡ ᠦᠵᠡᠭᠦᠯᠬᠦ ᠪᠦᠰᠡ᠂ | ᠣᠷᠤᠨ ᠨᠤᠲᠤᠭ ᠠᠵᠤ ᠠᠬᠤᠶᠢᠯᠠᠯ ᠬᠤᠯᠪᠤᠭᠠᠯᠠᠨ ᠬᠠᠮᠳᠤᠪᠠᠷ ᠡᠭᠦᠳᠬᠦ ᠵᠢᠱᠢᠶ᠎ᠡ ᠦᠵᠡᠭᠦᠯᠬᠦ ᠪᠦᠰᠡ᠂ ᠵᠢᠭᠤᠯᠴᠢᠯᠠᠯ ᠤᠨ ᠬᠠᠷᠢᠯᠴᠠᠭ᠎ᠠ ᠰᠤᠯᠢᠯᠴᠠᠭ᠎ᠠ ᠠᠭᠤᠰᠤᠯᠴᠠᠭ᠎ᠠ | ᠶᠢᠨ ᠵᠢᠱᠢᠶ᠎ᠡ ᠦᠵᠡᠭᠦᠯᠬᠦ ᠪᠦᠰᠡ ᠪᠠ ᠠᠮᠢ ᠠᠬᠤᠢ ᠶᠢ ᠲᠡᠷᠢᠭᠦᠨ ᠳᠤ ᠪᠣᠳᠣᠯᠬᠢᠯᠠᠵᠤ᠂ ᠪᠣᠬᠢᠷᠳᠤᠯ ᠦᠭᠡᠢ ᠬᠦᠭᠵᠢᠭᠦᠯᠬᠦ ᠵᠢᠱᠢᠶ᠎ᠡ ᠦᠵᠡᠭᠦᠯᠬᠦ ᠪᠦᠰᠡ ᠶᠢ ᠵᠢᠭᠠᠵᠤ | ᠪᠣᠢ᠃ ︽ᠭᠤᠷᠪᠠᠨ ᠰᠠᠭᠤᠷᠢᠨ ᠭᠠᠵᠠᠷ︾ ᠭᠡᠳᠡᠭ ᠨᠢ ᠡᠬᠡ ᠤᠯᠤᠰ ᠤᠨ ᠤᠮᠠᠷᠠᠲᠤ ᠬᠢᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ | ᠤᠬᠠᠮᠰᠠᠷ ᠢ ᠪᠠᠬᠢᠵᠢᠭᠦᠯᠬᠦ ᠬᠦᠮᠦᠵᠢᠯ ᠤᠨ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ | ᠰᠤᠳᠤᠯᠭᠠᠨ ᠤ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠵᠠᠯᠠᠭᠤ ᠪᠠᠭᠠᠴᠤᠳ ᠤᠨ | ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠠᠶᠢᠭᠤᠯᠬᠤ ᠶᠢ ᠵᠢᠭᠠᠵᠤ ᠪᠣᠢ᠃ ︽ᠨᠢᠭᠡ ᠭᠡᠷ ᠣᠷᠤᠨ︾ ᠭᠡᠳᠡᠭ ᠨᠢ ᠡᠯ᠎ᠠ ᠦᠨᠳᠦᠰᠦᠲᠡᠨ ᠬᠠᠷᠢᠯᠴᠠᠭ᠎ᠠ | ᠰᠣᠯᠢᠯᠴᠠᠭ᠎ᠠ ᠠᠭᠤᠰᠤᠯᠴᠠᠭᠰᠠᠨ ᠵᠣᠯ ᠵᠢᠷᠭᠠᠯᠲᠤ ᠡᠶ᠎ᠡ ᠨᠠᠶᠢᠷᠠᠮᠳᠠᠭᠤ ᠭᠡᠷ ᠣᠷᠤᠨ ᠢ ᠪᠠᠶᠢᠭᠤᠯᠬᠤ ᠶᠢ ᠵᠢᠭᠠᠵᠤ ᠪᠣᠢ᠃ | ⒑ ︽ᠶᠢᠰᠦ ᠶᠢ ᠣᠷᠤᠭᠤᠯᠬᠤ︾᠄ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠠᠮ ᠤᠨ ᠪᠠᠶᠢᠭᠤᠯᠤᠯᠲᠠ ᠳᠤ | ᠣᠷᠣᠭᠤᠯᠬᠤ᠂ ᠲᠠᠨᠢᠯᠲᠠ ᠤᠬᠠᠮᠰᠠᠷ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠬᠤ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠳᠤ | ᠣᠷᠣᠭᠤᠯᠬᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠳᠤ ᠣᠷᠣᠭᠤᠯᠬᠤ᠂ ᠵᠠᠰᠠᠭ ᠤᠨ ᠠᠵᠢᠯ ᠤᠨ ᠪᠦᠲᠦᠮᠵᠢ ᠶᠢᠨ ᠬᠢᠨᠠᠨ ᠰᠢᠯᠭᠠᠯᠲᠠ ᠳᠤ ᠣᠷᠣᠭᠤᠯᠬᠤ | ᠂ ᠨᠡᠶᠢᠭᠡᠮ ᠤᠨ ᠵᠠᠰᠠᠯᠲᠠ ᠳᠤ ᠣᠷᠣᠭᠤᠯᠬᠤ᠂ ᠰᠢᠨ᠎ᠠ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠣᠷᠣᠭᠤᠯᠬᠤ᠂ ᠬᠦᠳᠡᠭᠡ ᠲᠣᠰᠬᠤᠨ ᠢ ᠬᠦᠭᠵᠢᠭᠦᠯᠦᠨ | ᠮᠠᠨᠳᠤᠭᠤᠯᠬᠤ ᠠᠵᠢᠯ ᠳᠤ ᠣᠷᠣᠭᠤᠯᠬᠤ᠂ ᠬᠢᠯᠢ ᠬᠢᠵᠠᠭᠠᠷ ᠢ ᠲᠣᠭᠳᠠᠪᠤᠷᠢᠵᠢᠭᠤᠯᠤᠨ ᠠᠷᠠᠳ ᠢ ᠪᠠᠶᠠᠵᠢᠭᠤᠯᠬᠤ ᠠᠵᠢᠯ ᠳᠤ ᠣᠷᠤᠭᠤᠯᠬᠤ ᠶᠢ ᠵᠢᠭᠠᠵᠤ ᠪᠣᠢ᠃ | ⒒ ︽ᠭᠤᠷᠪᠠ ᠣᠯᠠᠨ᠂ ᠭᠤᠷᠪᠠ ᠴᠥᠭᠡᠨ᠂ ᠭᠤᠷᠪᠠ ᠤᠳᠠᠭᠠᠨ︾᠄ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠡ ᠶᠢᠨ ᠳᠤᠷᠠᠳᠤᠭᠰᠠᠨ ᠬᠡᠯᠪᠡᠷᠢᠴᠢ | ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠤᠨ ᠪᠣᠳᠠᠲᠠᠢ ᠢᠯᠡᠷᠡᠬᠦ ᠬᠡᠯᠪᠡᠷᠢ ᠶᠢ ᠵᠢᠭᠠᠵᠤ ᠪᠣᠢ᠃ ︽ᠭᠤᠷᠪᠠ ᠣᠯᠠᠨ︾ ᠭᠡᠳᠡᠭ ᠨᠢ ᠬᠤᠷᠠᠯ ᠣᠯᠠᠨ᠂ | ᠬᠦᠳᠡᠯᠭᠡᠭᠡᠨ ᠣᠯᠠᠨ᠂ ᠭᠠᠳᠠᠭᠰᠢ ᠭᠠᠷᠬᠤ ᠨᠢ ᠣᠯᠠᠨ ᠢ ᠵᠢᠭᠠᠵᠤ ᠪᠣᠢ᠃ ︽ᠭᠤᠷᠪᠠ ᠴᠥᠭᠡᠨ︾ ᠭᠡᠳᠡᠭ ᠨᠢ ᠰᠤᠳᠤᠯᠤᠨ ᠪᠠᠶᠢᠴᠠᠭᠠᠯᠲᠠ ᠬᠠᠷᠢᠭᠤ ᠮᠡᠳᠡᠭᠦᠯᠦᠯᠲᠡ | ᠴᠥᠭᠡᠨ᠂ ᠠᠵᠢᠯ ᠤᠨ ᠰᠡᠳᠬᠢᠴᠠ ᠴᠥᠭᠡᠨ᠂ ᠪᠣᠳᠠᠲᠠᠢ ᠠᠰᠠᠭᠤᠳᠠᠯ ᠰᠢᠢᠳᠪᠦᠷᠢᠯᠡᠭᠰᠡᠨ ᠨᠢ ᠴᠥᠭᠡᠨ ᠢ ᠵᠢᠭᠠᠵᠤ ᠪᠣᠢ᠃ ︽ᠭᠤᠷᠪᠠ ᠤᠳᠠᠭᠠᠨ︾ ᠭᠡᠳᠡᠭ ᠨᠢ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠤᠳᠠᠭᠠᠨ᠂ ᠠᠵᠢᠯᠯᠠᠭ᠎ᠠ ᠳᠠᠭᠠᠨ ᠤᠳᠠᠭᠠᠨ᠂ ᠦᠷ᠎ᠡ ᠳ᠋ᠦᠩ ᠤᠳᠠᠭᠠᠨ ᠢ ᠵᠢᠭᠠᠵᠤ ᠪᠣᠢ᠃ | |