ᠵᠠᠰᠠᠭ ᠤᠨ ᠣᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/6/30
                                          ᠵᠠᠰᠠᠭ ᠤᠨ ᠣᠷᠳᠤᠨ ᠤ ᠠᠵᠢᠯ ᠤᠨ ᠢᠯᠡᠳᠬᠡᠯ —— 2023 ᠣᠨ ᠤ 2 ᠰᠠᠷ᠎ᠠ ᠶᠢᠨ 28 ᠤ ᠡᠳᠦᠷ ᠰᠢᠨ᠎ᠠ ᠪᠠᠷᠭᠤ ᠵᠡᠭᠦᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ               ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ               ᠰᠢᠨ᠎ᠠ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠰᠢᠭᠤᠨ ᠳᠠᠷᠤᠭ᠎ᠠ   ᠡᠦ ᠰᠢᠤᠸᠠᠢ ᠶᠦᠩ                                                           ᠲᠦᠯᠦᠭᠡᠯᠡᠭᠴᠢᠳ ᠡ᠄    ᠣᠳᠤ ᠪᠢ ᠰᠢᠨ᠎ᠠ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ᠂ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠳᠤᠷᠠᠳᠬᠤ ᠪᠣᠯᠪᠠᠤ᠃   ᠨᠢᠭᠡ᠂ 2022 ᠣᠨ ᠤ ᠠᠵᠢᠯ ᠤᠨ ᠡᠷᠬᠢᠴᠡᠭᠦᠯᠦᠯ   ᠦᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠠᠬᠢ ᠬᠦᠰᠢᠶ᠎ᠡ ᠳᠤᠷᠠᠰᠬᠠᠯ ᠤᠨ ᠠᠴᠢ ᠬᠤᠯᠪᠤᠭᠳᠠᠯ ᠲᠠᠢ ᠨᠢᠭᠡ ᠵᠢᠯ ᠪᠣᠯᠣᠨ᠎ᠠ᠂ ᠪᠠᠰᠠ ᠴᠤ ᠰᠢᠨ᠎ᠠ ᠪᠠᠷᠭᠤ ᠵᠡᠭᠦᠨ ᠬᠤᠰᠢᠭᠤᠨ ᠤ ᠬᠦᠭᠵᠢᠯᠲᠡ ᠶᠢᠨ ᠲᠡᠦᠬᠡᠨ ᠳᠠᠬᠢ ᠭᠡᠷᠡᠯ ᠭᠢᠯᠪᠠᠭ᠎ᠠ ᠲᠠᠢ᠂ ᠦᠷ᠎ᠡ ᠪᠦᠲᠦᠮᠵᠢ ᠢᠯᠡᠷᠭᠡᠢ ᠨᠢᠭᠡ ᠵᠢᠯ ᠪᠣᠯᠤᠨ᠎ᠠ᠃ ᠨᠢᠭᠡ ᠵᠢᠯ  ᠤᠨ ᠲᠤᠷᠰᠢ᠂ ᠪᠢᠳᠡ ᠨᠠᠮ ᠤᠨ ᠲᠦᠪ ᠬᠤᠷᠢᠶ᠎ᠡ ᠶᠢᠨ ︽ᠬᠢᠵᠢᠭ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠠᠮᠤᠷ ᠲᠦᠪᠰᠢᠨ ᠬᠦᠭᠵᠢᠭᠦᠯᠬᠦ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠡ ᠶᠢᠨ ᠳᠠᠭᠠᠭᠤᠯᠤᠭ᠎ᠠ ᠳᠣᠣᠷ᠎ᠠ᠂ ᠬᠦᠴᠢᠷ ᠢ ᠳᠣᠭᠤᠯᠤᠨ᠂ ᠪᠦᠯᠭᠦᠮᠳᠡᠨ ᠲᠡᠮᠡᠴᠡᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠠᠮᠵᠢᠯᠲᠠᠲᠠᠢ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠦᠭᠵᠢᠯᠲᠡ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠮᠵᠢ ᠣᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠴᠢᠨᠠᠷ ᠰᠠᠶᠢᠲᠠᠢ ᠬᠦᠭᠵᠢᠯᠲᠡ ᠲᠡᠦᠬᠡᠴᠢ ᠴᠢᠨᠠᠷᠲᠠᠢ ᠦᠷ᠎ᠡ ᠪᠦᠲᠦᠮᠵᠢ ᠣᠯᠪᠠ᠃ᠨᠢᠭᠡ ᠵᠢᠯ ᠤᠨ ᠲᠤᠷᠰᠢ᠂ ᠪᠢᠳᠡ ᠶᠡᠷᠦᠩᠬᠡᠶᠢᠯᠡᠭᠰᠡᠨ ᠪᠣᠳᠠᠲᠤ ᠬᠦᠴᠦᠨ ᠢᠶᠠᠨ ᠳᠡᠭᠡᠭᠰᠢᠯᠡᠭᠦᠯᠬᠦ ᠪᠠᠷ ᠬᠦᠴᠦᠯᠡᠨ᠂ ᠠᠵᠤ ᠠᠬᠤᠢ ᠶᠢᠨ ᠪᠠᠶᠢᠭᠤᠯᠤᠯᠲᠠ ᠶᠢᠨ ᠬᠤᠷᠳᠤᠴᠠ ᠨᠡᠮᠡᠭᠳᠡᠪᠡ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠭᠠᠰᠤ ᠪᠠ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠳᠠᠭᠠᠷᠢᠯᠲᠠ ᠶᠢ ᠰᠠᠨᠠᠭᠠᠴᠢᠯᠠᠭ᠎ᠠ ᠲᠠᠢ ᠠᠷᠭᠠᠴᠠᠭᠠᠨ᠂ ᠪᠦᠬᠦ ᠵᠢᠯ ᠳᠤ᠂ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ 29.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠵᠦ᠂ ᠯᠠᠪᠳᠠᠭᠤᠨ ᠲᠣᠭᠲᠠᠭᠤᠨ ᠢᠶᠠᠷ ᠰᠢᠪᠲᠤᠯᠤᠯᠲᠠ ᠬᠢᠵᠦ᠂ ᠡᠰᠡᠷᠭᠦ ᠴᠢᠭᠯᠡᠯ ᠢᠶᠠᠷ ᠨᠡᠮᠡᠭᠳᠡᠭᠦᠯᠬᠦ ᠶᠢ ᠪᠡᠶᠡᠯᠡᠭᠦᠯᠵᠤ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠵᠢᠷᠭᠤᠳᠤᠭᠠᠷ ᠲᠤ ᠵᠢᠭᠰᠠᠭᠠᠭᠳᠠᠪᠠ᠃ ᠲᠣᠭᠳᠠᠮᠠᠯ ᠬᠦᠷᠦᠩᠭᠡ ᠶᠢᠨ ᠪᠡᠯᠡ ᠣᠷᠤᠭᠤᠯᠤᠯᠲᠠ 4.27 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 44.7 % ᠪᠠᠷ ᠨᠡᠮᠡᠭᠳᠡᠵᠤ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠭᠤᠷᠪᠠᠳᠤᠭᠠᠷ ᠲᠤ ᠵᠢᠭᠰᠠᠭᠠᠭᠳᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠯᠲᠡ ᠥᠷᠲᠡᠭ 12% ᠢᠶᠠᠷ ᠨᠡᠮᠡᠭᠳᠡᠵᠦ ᠂ ᠪᠦᠬᠦ ᠬᠤᠲᠠ ᠶᠢᠨ ᠲᠠᠪᠤᠳᠤᠭᠠᠷ ᠲᠤ ᠵᠢᠭᠰᠠᠭᠠᠭᠳᠠᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠤᠯᠭ᠎ᠠ 1.38 ᠳ᠋ᠦᠩᠰᠢᠭᠤᠷ ᠲᠦᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 14.2 % ᠪᠠᠷ ᠨᠡᠮᠡᠭᠳᠡᠵᠦ᠂ ᠲᠦᠰᠦᠪᠯᠡᠭᠰᠡᠨ ᠬᠠᠷᠠᠯᠲᠠ ᠪᠠᠨ ᠳᠠᠪᠠᠭᠤᠯᠤᠨ ᠪᠡᠶᠡᠯᠡᠭᠦᠯᠵᠤ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠳᠣᠯᠣᠳᠤᠭᠠᠷ ᠲᠤ ᠵᠢᠭᠰᠠᠭᠠᠭᠳᠠᠪᠠ᠃ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠥᠷᠳᠡᠭ 6.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠦᠬᠦ ᠬᠤᠳᠠ ᠶᠢᠨ ᠳᠦᠷᠪᠡᠳᠦᠭᠡᠷ ᠲᠤ ᠵᠢᠭᠰᠠᠭᠠᠭᠳᠠᠪᠠ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠤᠯᠭ᠎ᠠ ᠲᠣᠰᠪᠤᠷᠢ 32766 ᠲᠦᠭᠦᠷᠢᠭ᠂ 29290 ᠲᠦᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 5.5% ᠪᠠ 7.6% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠲᠣᠰᠪᠤᠷᠢ ᠪᠦᠬᠦ ᠬᠤᠳᠠ ᠶᠢᠨ ᠨᠢᠭᠡᠳᠦᠭᠡᠷ ᠪᠠ ᠬᠤᠶᠠᠳᠤᠭᠠᠷ ᠲᠤ ᠵᠢᠭᠰᠠᠭᠠᠭᠳᠠᠪᠠ᠃ ᠣᠯᠠᠨ ᠲᠦᠷᠦᠯ ᠤᠨ ᠠᠵᠤ ᠠᠬᠤᠢ ᠶᠢᠨ ᠵᠢᠭᠠᠯᠲᠠ ᠲᠤᠭᠠᠨ ᠤ ᠨᠡᠮᠡᠭᠳᠡᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠲᠥᠯᠥᠪᠯᠡᠭᠡ ᠠᠴᠠ ᠨᠠᠰᠢ᠂ ᠠᠩᠬᠠᠳᠤᠭᠠᠷ ᠤᠳᠠᠭ᠎ᠠ ᠪᠦᠬᠦ ᠬᠤᠳᠠ ᠶᠢᠨ ᠳᠤᠮᠳᠠᠴᠢ ᠬᠢᠷᠢ ᠲᠦᠪᠰᠢᠨ ᠠᠴᠠ ᠳᠠᠪᠠᠵᠤ᠂ ᠪᠦᠬᠦ ᠬᠤᠳᠠ ᠶᠢᠨ ᠡᠮᠦᠨᠡᠭᠦᠷ ᠵᠢᠭᠰᠠᠭᠠᠭᠳᠠᠵᠤ᠂ ᠠᠵᠤ ᠠᠬᠤᠢ ᠶᠢᠨ ᠬᠦᠭᠵᠢᠯᠲᠡ ᠲᠦᠷᠭᠡᠨ ᠮᠦᠷᠳᠡᠭᠡᠨ ᠯᠠᠪᠳᠠᠭᠤᠨ ᠴᠤ᠋ ᠰᠢᠨ᠎ᠠ ᠪᠠᠶᠢᠳᠠᠯ ᠢᠯᠡᠷᠡᠪᠡ᠃   ᠨᠢᠭᠡ ᠵᠢᠯ ᠤᠨ ᠲᠤᠷᠰᠢ᠂ ᠪᠢᠳᠡ ᠪᠦᠲᠦᠮᠵᠢᠲᠡᠢ ᠪᠡᠯᠡ ᠣᠷᠤᠭᠤᠯᠤᠯᠲᠠ ᠶᠢ ᠦᠷᠭᠡᠳᠭᠡᠬᠦ ᠪᠠᠷ ᠬᠦᠴᠦᠯᠡᠨ᠂ ᠲᠦᠷᠦᠯ ᠵᠦᠢᠯ ᠤᠨ ᠪᠠᠶᠢᠭᠤᠯᠤᠯᠲᠠ ᠡᠷᠴᠢᠮᠲᠠᠢ ᠣᠷᠤᠭᠰᠢᠯᠠᠪᠠ᠃ ᠭᠤᠣᠯᠳᠠᠯᠭ᠎ᠠ ᠲᠠᠢ ᠲᠦᠷᠦᠯ ᠵᠦᠢᠯ ᠢ ᠲᠦᠪᠯᠡᠷᠡᠭᠦᠯᠦᠨ ᠰᠢᠪᠲᠤᠯᠬᠤ ᠣᠨ ᠢ ᠡᠬᠢᠯᠡᠭᠦᠯᠦᠨ᠂ ︽ᠵᠢᠷᠤᠭ ᠡᠯᠭᠦᠨ ᠪᠠᠶᠢᠯᠳᠤᠬᠤ︾᠂ ︽ᠲᠦᠷᠦᠯ ᠵᠦᠢᠯ ᠤᠨ ᠬᠠᠮᠢᠶᠠᠷᠤᠭᠴᠢ︾ ᠵᠡᠷᠭᠡ ᠠᠵᠢᠯ ᠤᠨ ᠲᠣᠭᠳᠠᠴᠠ ᠶᠢ ᠳᠡᠯᠭᠡᠷᠡᠭᠦᠯᠦᠨ᠂ ᠪᠦᠬᠦ ᠵᠢᠯ ᠳᠤ᠂ ᠲᠦᠭᠦᠬᠡᠢ ᠲᠤᠰᠤᠨ ᠤ ᠵᠦᠭᠡᠭᠡᠪᠦᠷᠢ ᠶᠢᠨ ᠰᠠᠭᠤᠷᠢᠨ ᠭᠠᠵᠠᠷ᠂ ᠵᠠᠰᠠᠮᠠᠯ ᠵᠠᠮ ᠤᠨ ᠶᠠᠰᠤ ᠴᠢᠨᠠᠷ ᠢ ᠳᠡᠭᠡᠭᠰᠢᠯᠡᠭᠦᠯᠦᠨ ᠦᠭᠡᠷᠡᠴᠢᠯᠡᠨ ᠪᠠᠶᠢᠭᠤᠯᠬᠤ᠂ ᠠᠮᠤᠭᠤᠯᠠᠩ ᠪᠠᠯᠭᠠᠰᠤᠨ ᠤ ᠳᠤᠯᠠᠭᠠᠯᠠᠯᠭ᠎ᠠ ᠶᠢᠨ ᠦᠢᠯᠡᠳᠪᠦᠷᠢ ᠶᠢ ᠦᠷᠭᠡᠳᠭᠡᠨ ᠪᠠᠶᠢᠭᠤᠯᠬᠤ ᠵᠡᠷᠭᠡ 21 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠤ᠂ 3.42 ᠳ᠋ᠦᠩᠰᠢᠭᠤᠷ ᠲᠦᠭᠦᠷᠢᠭ ᠪᠡᠯᠡ ᠣᠷᠣᠭᠤᠯᠵᠤ᠂ ᠲᠦᠷᠦᠯ ᠵᠦᠢᠯ ᠤᠨ ᠲᠤᠭ᠎ᠠ᠂ ᠪᠠᠷᠢᠯᠭ᠎ᠠ ᠡᠬᠢᠯᠡᠭᠦᠯᠵᠤ ᠰᠡᠷᠭᠦᠭᠡᠭᠰᠡᠨ ᠨᠤᠷᠮ᠎ᠠ ᠪᠠ ᠪᠡᠯᠡ ᠣᠷᠤᠭᠤᠯᠤᠯᠲᠠ ᠶᠢᠨ ᠬᠡᠮᠵᠢᠶ᠎ᠡ ᠴᠦᠮ ᠲᠡᠦᠬᠡ ᠶᠢᠨ ᠰᠢᠨ᠎ᠠ ᠶᠢ ᠡᠭᠦᠳᠪᠡ᠃ ᠠᠷᠠᠯᠵᠢᠶᠠᠴᠢᠨ ᠣᠷᠢᠬᠤ᠂ ᠠᠮᠤᠷ ᠲᠦᠪᠰᠢᠨ ᠠᠷᠠᠯᠵᠢᠶ᠎ᠠ ᠡᠷᠬᠢᠯᠡᠬᠦ᠂ ᠠᠷᠠᠯᠵᠢᠶᠠᠴᠢᠨ ᠲᠣᠭᠳᠠᠪᠤᠷᠢᠵᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠳ᠋ᠠᠴᠢᠩ ᠤᠨ ᠴᠢᠯᠠᠭᠤᠨ ᠲᠤᠰᠤᠨ ᠤ ᠬᠢᠵᠠᠭᠠᠷᠲᠤ ᠺᠣᠮᠫᠠᠨᠢ᠂ ᠭᠤᠸᠠᠩ ᠴᠢ ᠪᠦᠯᠦᠭᠯᠡᠯ᠂ ᠢ ᠶᠦᠨ ᠪᠦᠯᠦᠭᠯᠡᠯ ᠲᠠᠢ ᠪᠣᠳᠠᠲᠠᠢ ᠠᠵᠢᠯ ᠤᠨ ᠬᠠᠮᠳᠤᠷᠠᠯᠴᠠᠭ᠎ᠠ ᠪᠠᠶᠢᠭᠤᠯᠵᠤ᠂ ᠨᠡᠶᠢᠲᠡ 1.17 ᠳ᠋ᠦᠩᠰᠢᠭᠤᠷ ᠲᠦᠭᠦᠷᠢᠭ ᠪᠡᠯᠡ ᠲᠠᠲᠠᠪᠠ᠃ ᠲᠦᠷᠦᠯ ᠵᠦᠢᠯ ᠤᠨ ᠬᠦᠮᠦᠷᠭᠡ ᠪᠠᠶᠢᠭᠤᠯᠤᠨ ᠲᠡᠭᠦᠯᠳᠡᠷᠵᠢᠭᠦᠯᠵᠤ᠂ 135 ᠭᠤᠣᠯᠳᠠᠯᠭ᠎ᠠ ᠲᠠᠢ ᠲᠦᠷᠦᠯ ᠵᠦᠢᠯ ᠢ ᠴᠢᠨᠠᠷ ᠰᠠᠶᠢᠲᠠᠢ ᠲᠥᠯᠥᠪᠯᠡᠨ ᠨᠥᠭᠡᠴᠡᠯᠡᠵᠦ᠂ ᠶᠡᠷᠦᠩᠬᠡᠢ ᠪᠡᠯᠡ ᠣᠷᠤᠭᠤᠯᠤᠯᠲᠠ 20 ᠳ᠋ᠦᠩᠰᠢᠭᠤᠷ ᠲᠦᠭᠦᠷᠢᠭ ᠳᠠᠪᠠᠵᠤ᠂ ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠪᠡᠯᠡ ᠣᠷᠤᠭᠤᠯᠤᠯᠲᠠ ᠶᠢ ᠦᠷᠭᠡᠳᠭᠡᠨ᠂ ᠨᠡᠮᠡᠭᠳᠡᠯ ᠢ ᠲᠣᠭᠳᠠᠪᠤᠷᠢᠵᠢᠭᠤᠯᠬᠤ ᠳᠤ ᠬᠦᠴᠦᠲᠠᠢ ᠲᠤᠯᠭᠠᠭᠤᠷᠢ ᠬᠠᠩᠭᠠᠪᠠ᠃    ᠨᠢᠭᠡ ᠵᠢᠯ ᠤᠨ ᠲᠤᠷᠰᠢ᠂ ᠪᠢᠳᠡ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠪᠠᠨ ᠬᠦᠴᠦᠷᠭᠡᠭᠵᠢᠭᠦᠯᠬᠦ ᠳᠤ ᠬᠦᠴᠦᠯᠡᠨ᠂ ᠪᠣᠭᠤᠮᠳᠠ ᠶᠢᠨ ᠪᠦᠲᠦᠭᠡᠨ ᠪᠠᠶᠢᠭᠤᠯᠤᠯᠲᠠ ᠶᠢᠨ ᠬᠦᠳᠡᠯᠭᠡᠭᠴᠢ ᠬᠦᠴᠦᠨ ᠢ ᠳᠠᠶᠢᠴᠢᠯᠠᠪᠠ᠃ ᠬᠢᠵᠢᠭ ᠢ ᠰᠡᠷᠭᠡᠶᠢᠯᠡᠬᠦ ᠪᠠ ᠪᠣᠭᠤᠮᠳᠠ ᠶᠢᠨ ᠠᠵᠢᠯᠯᠠᠭᠠᠨ ᠤ ᠬᠦᠭᠵᠢᠯᠲᠡ ᠶᠢ ᠨᠢᠭᠡᠳᠦᠯᠲᠡᠢ ᠲᠦᠯᠦᠪᠵᠢᠭᠦᠯᠦᠨ᠂ ᠳ᠋ᠦᠩᠰᠢᠭᠤᠷ ᠰᠢᠬᠠᠮ ᠲᠦᠭᠦᠷᠢᠭ ᠤᠨ ᠪᠡᠯᠡ ᠣᠷᠤᠭᠤᠯᠵᠤ᠂ ︽ᠪᠣᠭᠤᠮᠳᠠ ᠬᠤᠳᠠ ᠶᠢᠨ ᠭᠤᠷᠪᠠᠨ ᠳᠠᠪᠬᠤᠷ ᠰᠡᠷᠭᠡᠶᠢᠯᠡᠯᠲᠡ ᠶᠢᠨ ᠱᠤᠭᠤᠮ︾ ᠪᠠᠶᠢᠭᠤᠯᠤᠨ᠂ ᠪᠦᠬᠦ ᠬᠦᠴᠦᠨ ᠢᠶᠠᠷ ᠰᠡᠷᠭᠡᠶᠢᠯᠡᠯᠲᠡ᠂ ᠠᠵᠢᠯᠯᠠᠭ᠎ᠠ᠂ ᠪᠠᠲᠤᠯᠠᠭ᠎ᠠ ᠶᠢ ᠠᠳᠬᠤᠵᠤ᠂ ᠲᠣᠭᠲᠠᠭᠰᠠᠨ ᠬᠤᠭᠤᠴᠠᠭᠠᠨ ᠳᠤ ᠪᠣᠭᠤᠮᠳᠠ ᠨᠡᠪᠲᠡᠷᠡᠬᠦ ᠠᠵᠢᠯᠯᠠᠭᠠᠨ ᠢ ᠰᠡᠷᠭᠦᠭᠡᠵᠦ᠂ 6 ᠰᠠᠷ᠎ᠠ ᠠᠴᠠ ᠨᠠᠰᠢ ᠨᠡᠶᠢᠲᠡ 34 ᠲᠦᠮᠡᠨ ᠲᠣᠨ ᠲᠦᠭᠦᠭᠡᠢ ᠲᠣᠰᠤ ᠣᠷᠤᠭᠤᠯᠤᠨ᠂ 3 ᠲᠦᠮᠡᠨ ᠲᠣᠨ ᠪᠠᠷᠠᠭ᠎ᠠ ᠭᠠᠷᠭᠠᠵᠤ᠂ ᠪᠣᠭᠤᠮᠳᠠ ᠪᠠᠷ ᠣᠷᠤᠭᠤᠯᠵᠤ ᠭᠠᠷᠭᠠᠭᠰᠠᠨ ᠠᠷᠠᠯᠵᠢᠶᠠᠨ ᠤ ᠥᠷᠳᠡᠭ 16.8 ᠳ᠋ᠦᠩᠰᠢᠭᠤᠷ ᠲᠦᠭᠦᠷᠢᠭ ᠲᠤ ᠬᠦᠷᠴᠤ᠂ ᠪᠦᠬᠦ ᠬᠤᠳᠠ ᠶᠢᠨ ᠬᠤᠶᠠᠳᠤᠭᠠᠷ ᠲᠤᠮᠤ ᠬᠠᠭᠤᠷᠠᠢ ᠵᠠᠮ ᠤᠨ ᠪᠣᠭᠤᠮᠳᠠ ᠶᠢᠨ ᠪᠠᠶᠢᠷᠢ ᠰᠠᠭᠤᠷᠢ ᠪᠠᠨ ᠪᠠᠲᠤᠯᠠᠪᠠ᠃ ᠲᠤᠰ ᠵᠢᠯ ᠳᠤ᠂ 6500 ᠲᠦᠮᠡᠨ ᠲᠦᠭᠦᠷᠢᠭ ᠪᠡᠯᠡ ᠣᠷᠤᠭᠤᠯᠵᠤ᠂ ᠭᠠᠳᠠᠭᠠᠳᠦ ᠠᠴᠠ ᠣᠷᠣᠭᠤᠯᠤᠭᠰᠠᠨ ᠨᠡᠭᠦᠷᠡᠰᠦ ᠶᠢ ᠬᠢᠨᠠᠨ  ᠬᠠᠮᠢᠶᠠᠷᠬᠤ ᠣᠷᠤᠨ ᠪᠠᠶᠢᠭᠤᠯᠵᠤ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠮᠥᠷᠳᠡᠨ ᠦᠢᠯᠡᠴᠢᠯᠡᠬᠦ᠂ ᠲᠣᠭᠳᠠᠴᠠ ᠶᠢ ᠪᠦᠷᠢᠨᠰᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠤ᠂ ᠦᠪᠤᠷ ᠮᠣᠩᠭᠤᠯ ᠤᠨ ᠵᠡᠭᠦᠨ ᠬᠡᠰᠡᠭ ᠤᠨ ᠪᠣᠭᠤᠮᠳᠠ ᠪᠠᠷ ᠮᠣᠩᠭᠤᠯ ᠤᠯᠤᠰ ᠤᠨ ᠨᠡᠭᠦᠷᠡᠰᠤᠨ ᠤ ᠡᠬᠢ ᠪᠠᠶᠠᠯᠢᠭ ᠢ ᠣᠷᠤᠭᠤᠯᠬᠤ ᠶᠢ ᠬᠠᠮᠤᠭ ᠤᠨ ᠲᠡᠷᠢᠭᠦᠨ ᠳᠤ ᠪᠡᠶᠡᠯᠡᠭᠦᠯᠵᠦ᠂ ᠪᠣᠭᠤᠮᠳᠠ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠣᠷᠣᠭᠤᠯᠬᠤ ᠪᠠᠶᠢᠯᠳᠤᠬᠤ ᠪᠣᠳᠤᠯᠭ᠎ᠠ ᠶᠢᠨ ᠨᠡᠪᠲᠡᠷᠡᠬᠦ ᠵᠠᠮ ᠤᠨ ᠪᠠᠶᠢᠷᠢ ᠰᠠᠭᠤᠷᠢ ᠢᠯᠡᠳᠲᠡ ᠴᠢᠩᠭᠠᠷᠠᠵᠤ᠂ ᠪᠣᠭᠤᠮᠳᠠ ᠶᠢᠨ ᠠᠵᠤ ᠠᠬᠤᠢ ᠣᠳᠣ ᠶᠠᠭ ᠪᠦᠬᠦ ᠬᠤᠰᠢᠭᠤᠨ ᠤ ᠠᠵᠤ ᠠᠬᠤᠢ ᠶᠢᠨ ᠬᠦᠭᠵᠢᠯᠲᠡ ᠶᠢᠨ ᠰᠢᠨ᠎ᠠ ᠨᠡᠮᠡᠭᠳᠡᠯ ᠤᠨ ᠴᠡᠭ ᠪᠣᠯᠪᠠ᠃   ᠨᠢᠭᠡ ᠵᠢᠯ ᠤᠨ ᠲᠤᠷᠰᠢ᠂ ᠪᠢᠳᠡ ᠰᠣᠶᠤᠯ ᠵᠢᠭᠤᠯᠴᠢᠯᠠᠯ ᠠᠭᠤᠰᠤᠯᠴᠠᠭᠰᠠᠨ ᠬᠦᠭᠵᠢᠯᠲᠡ ᠳᠤ ᠬᠦᠴᠦᠯᠡᠨ᠂ ᠰᠣᠶᠤᠯ ᠤᠨ ᠪᠠᠶᠢᠭᠤᠯᠤᠯᠲᠠ ᠲᠦᠷᠭᠡᠨ ᠬᠦᠭᠵᠢᠯᠲᠡ  ᠳᠤ ᠣᠷᠤᠪᠠ᠃ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠨ᠂ ᠰᠣᠶᠤᠯ ᠤᠨ ᠦᠢᠯᠡᠰ ᠪᠠ ᠰᠣᠶᠤᠯ ᠤᠨ ᠠᠵᠤ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠵᠤ᠂ ᠦᠨᠳᠦᠰᠦᠲᠡᠨ ᠤ ᠪᠦᠯᠭᠦᠮᠳᠡᠯ ᠤᠨ ᠭᠤᠣᠯ ᠰᠡᠳᠤᠪᠲᠤ ᠠᠭᠤᠳᠠᠮ ᠳᠠᠯᠠᠪᠠᠢ ᠪᠠ ᠨᠡᠶᠢᠭᠡᠮ ᠵᠢᠷᠤᠮ ᠤᠨ ᠭᠤᠣᠯᠯᠠᠬᠤ ᠥᠷᠳᠡᠭ ᠤᠨ ᠦᠵᠡᠯᠲᠡ ᠶᠢᠨ ᠭᠤᠣᠯ ᠰᠡᠳᠤᠪᠲᠤ ᠠᠭᠤᠳᠠᠮ ᠳᠠᠯᠠᠪᠠᠢ ᠶᠢ ᠳᠡᠰ ᠳᠡᠪᠰᠢᠭᠦᠯᠦᠨ ᠦᠭᠡᠷᠡᠴᠢᠯᠡᠨ ᠪᠠᠶᠢᠭᠤᠯᠵᠤ᠂ ᠤᠯᠠᠭᠠᠠᠮᠦ᠋ᠴᠢᠷ ᠤᠨ ᠲᠤᠬᠠᠶᠢᠯᠠᠭᠰᠨ ᠠᠵᠢᠯ ᠤᠨ ᠬᠡᠷᠡᠭᠯᠡᠭᠡᠨ ᠤ ᠭᠡᠷ ᠤᠨ ᠭᠤᠣᠯ ᠴᠤᠭᠴᠠᠲᠤ ᠪᠠᠷᠢᠯᠭ᠎ᠠ ᠶᠢ ᠳᠠᠭᠤᠰᠬᠠᠨ᠂ ︽ᠤᠯᠠᠭᠠᠨ ᠡᠮᠡᠭᠡᠯ︾ ᠰᠢᠷᠢᠰ ᠰᠣᠶᠤᠯ  ᠤᠨ ᠡᠭᠦᠳᠦᠯᠲᠡ ᠶᠢᠨ ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠣᠷᠣᠭᠤᠯᠵᠤ᠂ ᠪᠣᠳᠠᠰ ᠤᠨ ᠪᠣᠰᠤ ᠰᠣᠶᠤᠯ ᠤᠨ ᠦᠪ ᠤᠨ ᠰᠠᠷ᠎ᠠ ᠰᠢᠨ᠎ᠠ ᠶᠢᠨ ᠪᠠᠷᠠᠭᠠᠨ ᠤ ᠦᠵᠡᠭᠦᠯᠦᠯᠭᠡ᠂ ᠤᠯᠠᠭᠠᠠᠮᠦ᠋ᠴᠢᠷ ᠤᠨ ᠴᠠᠭᠠᠨ ᠰᠠᠷ᠎ᠠ ᠶᠢᠨ ᠦᠳᠡᠰᠢᠯᠡᠭᠡ ᠵᠡᠷᠭᠡ ᠣᠨᠴᠠᠯᠢᠭᠲᠤ ᠬᠦᠳᠡᠯᠭᠡᠭᠡᠨ ᠢ ᠵᠠᠯᠭᠠᠪᠠᠷ ᠡᠷᠬᠢᠯᠡᠵᠦ᠂ ᠰᠣᠶᠤᠯ ᠢᠶᠠᠷ ᠠᠷᠠᠳ ᠲᠤ ᠠᠰᠢᠭ ᠬᠦᠷᠳᠡᠭᠡᠬᠦ ᠲᠦᠷᠦ ᠶᠢᠨ ᠪᠣᠳᠤᠯᠭ᠎ᠠ ᠶᠢ ᠦᠷᠭᠦᠯᠵᠢᠯᠡᠨ ᠮᠠᠯᠵᠢᠬᠤ ᠣᠷᠤᠨ ᠳᠤ ᠭᠦᠨᠵᠡᠭᠡᠶᠢᠷᠡᠭᠦᠯᠪᠡ᠃ ᠰᠣᠶᠤᠯ ᠢᠶᠠᠷ ᠬᠤᠰᠢᠭᠤ ᠪᠠᠨ ᠮᠠᠨᠳᠤᠭᠤᠯᠬᠤ᠂ ᠵᠢᠭᠤᠯᠴᠢᠯᠠᠯ ᠢᠶᠠᠷ ᠬᠤᠰᠢᠭᠤ ᠪᠠᠨ ᠬᠦᠭᠵᠢᠭᠦᠯᠬᠦ ᠪᠠᠶᠢᠯᠳᠤᠬᠤ ᠪᠣᠳᠤᠯᠭ᠎ᠠ ᠶᠢ ᠭᠦᠨᠵᠡᠭᠡᠢ  ᠨᠠᠶᠢᠳᠠᠪᠤᠷᠢᠵᠢᠭᠤᠯᠵᠤ᠂ ᠵᠣᠨ ᠤ ︽ᠲᠠᠯ᠎ᠠ ᠨᠤᠲᠤᠭ ᠤᠨ ᠨᠠᠭᠠᠳᠤᠮ︾᠂ ᠡᠪᠦᠯ ᠤᠨ ︽ᠮᠦᠩᠭᠦᠨ ᠪᠠᠷᠭᠤ︾ ᠵᠡᠷᠭᠡ ᠰᠣᠶᠤᠯ ᠵᠢᠭᠤᠯᠴᠢᠯᠠᠯ ᠲᠠᠮᠢᠷ ᠤᠨ ᠰᠢᠷᠢᠰ ᠪᠠᠶᠠᠷ ᠨᠠᠶᠢᠷ ᠤᠨ ᠬᠦᠳᠡᠯᠭᠡᠭᠡᠨ ᠢ ᠠᠮᠵᠢᠯᠲᠠᠲᠠᠢ ᠡᠷᠬᠢᠯᠡᠵᠤ᠂ ᠪᠠᠷᠭᠤ  ᠮᠣᠩᠭᠤᠯ ᠠᠶᠢᠮᠠᠭ ᠤᠨ ᠦᠵᠡᠮᠵᠢᠲᠤ ᠣᠷᠤᠨ ᠤ ︽ᠮᠣᠷᠢᠨ ᠪᠦᠵᠢᠭ︾ ᠨᠢ ︽ᠨᠡᠷᠡᠲᠦ ᠲᠡᠮᠳᠡᠭ ᠤᠨ ᠰᠢᠨ᠎ᠠ ᠬᠦᠴᠦᠨ︾ ᠤ 2022 ᠣᠨ ᠤ ᠳᠤᠮᠳᠠᠳᠤ ᠤᠯᠤᠰ  ᠤᠨ ᠵᠢᠭᠤᠯᠴᠢᠯᠠᠯ ᠤᠨ ᠦᠢᠯᠡᠰ ᠴᠣᠭᠴᠠᠯᠠᠵᠤ ᠰᠢᠨ᠎ᠡ ᠶᠢ ᠡᠭᠦᠳᠦᠭᠰᠡᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠨ᠂ ᠶᠡᠬᠡᠨᠭᠤᠯᠠ ᠮᠣᠩᠭᠤᠯ ᠠᠷᠠᠳ ᠤᠨ ᠬᠤᠨᠤᠭ ᠪᠠᠶᠢᠷᠢ ᠪᠦᠬᠦ ᠣᠷᠤᠨ ᠤ ᠠᠩᠬᠠᠳᠠᠭᠴᠢ ᠪᠦᠯᠦᠭ ᠤᠯᠠᠭᠠᠨ ᠳᠡᠰ ᠤᠨ ᠵᠢᠭᠤᠯᠴᠢᠯᠠᠯ ᠤᠨ ᠠᠷᠠᠳ ᠤᠨ ᠬᠤᠨᠤᠭ ᠪᠠᠶᠢᠷᠢ ᠪᠠᠷ ᠦᠨᠡᠯᠡᠭᠳᠡᠵᠤ᠂ ᠨᠤᠮᠤᠨ ᠬᠠᠨ ᠤ ᠳᠠᠶᠢᠨ  ᠤ ᠦᠯᠡᠳᠡᠭᠳᠡᠯ ᠪᠠᠭᠤᠷᠢ ᠶᠢᠨ ᠦᠵᠡᠭᠦᠯᠦᠯᠭᠡ ᠶᠢᠨ ᠣᠷᠳᠤᠨ ᠡᠵᠡᠩᠨᠡᠯᠲᠡ ᠪᠠᠨ ᠰᠡᠷᠭᠦᠭᠡᠨ᠂ ᠭᠤᠸᠠᠩ ᠴᠢ ᠶᠢᠨ ᠬᠦᠢᠲᠡᠨ ᠣᠷᠣᠨ ᠳᠠᠬᠢ ᠲᠤᠷᠰᠢᠯᠲᠠ ᠶᠢᠨ ᠳᠠᠯᠠᠪᠠᠢ ᠶᠢ ᠠᠰᠢᠭᠯᠠᠯᠲᠠ ᠳᠤ ᠣᠷᠣᠵᠤ᠂ AAA ᠳᠡᠰ ᠠᠴᠠ ᠳᠡᠭᠡᠭᠰᠢᠬᠢ ᠦᠵᠡᠮᠵᠢᠲᠤ ᠣᠷᠤᠨ ᠤ ᠵᠣᠭᠠᠴᠠᠭᠰᠠᠳ ᠢ ᠬᠦᠯᠢᠶᠡᠨ ᠠᠪᠤᠭᠰᠠᠨ ᠬᠡᠮᠵᠢᠶ᠎ᠡ 4 ᠲᠦᠮᠡᠨ ᠬᠥᠮᠥᠨ ᠤᠳᠠᠭ᠎ᠠ ᠶᠢ ᠳᠠᠪᠠᠵᠤ᠂ ᠲᠡᠦᠬᠡ ᠶᠢᠨ ᠰᠢᠨ᠎ᠠ ᠲᠡᠮᠳᠡᠭᠯᠡᠯ ᠢ ᠳᠠᠬᠢᠨᠲᠠ ᠡᠭᠦᠳᠪᠡ᠃    ᠨᠢᠭᠡ ᠵᠢᠯ ᠤᠨ ᠲᠤᠷᠰᠢ᠂ ᠪᠢᠳᠡ ᠨᠤᠮᠢᠨ ᠤᠰᠤ ᠬᠦᠭᠡᠮᠳᠦᠭ ᠠᠭᠤᠯᠠ ᠪᠠᠨ ᠰᠠᠬᠢᠨ ᠬᠠᠮᠠᠭᠠᠯᠠᠬᠤ ᠳᠤ ᠬᠦᠴᠦᠯᠡᠨ᠂ ᠠᠮᠢ ᠠᠬᠤᠢ ᠣᠷᠴᠢᠨ ᠲᠣᠭᠤᠷᠢᠨ ᠨᠢ ᠭᠤᠶᠢᠳᠠ ᠰᠠᠶᠢᠬᠠᠨ ᠭᠠᠵᠠᠷ ᠣᠷᠤᠨ ᠤ ᠲᠡᠮᠳᠡᠭ ᠪᠣᠯᠪᠠ᠃ ᠴᠡᠯᠮᠡᠭ ᠲᠡᠭᠷᠢ᠂ ᠨᠤᠮᠢᠨ ᠤᠰᠤ᠂ ᠠᠷᠢᠭᠤᠨ ᠬᠦᠷᠦᠰᠦ ᠪᠠᠨ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠤ᠂ ᠪᠦᠬᠦ ᠬᠤᠰᠢᠭᠤᠨ ᠤ ᠠᠭᠠᠷ ᠮᠠᠨᠳᠠᠯ ᠤᠨ ᠰᠢᠯᠢᠳᠡᠭ ᠨᠤᠷᠮ᠎ᠠ 99.4% ᠳᠤ ᠬᠥᠷᠪᠡ᠃ ᠬᠤᠳᠠ ᠪᠠᠯᠭᠠᠰᠤ ᠶᠢᠨ ᠪᠣᠬᠢᠷ ᠤᠰᠤ  ᠶᠢ ᠰᠢᠢᠳᠪᠦᠷᠢᠯᠡᠬᠦ ᠪᠠᠷᠢᠮᠵᠢᠶ᠎ᠠ ᠳᠤ ᠬᠦᠷᠦᠭᠰᠡᠨ ᠨᠤᠷᠮ᠎ᠠ 100% ᠳᠤ ᠬᠦᠷᠴᠦ᠂ ᠬᠦᠷᠤᠰᠤ ᠰᠢᠷᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠪᠦᠬᠦᠯᠢ ᠴᠤᠭᠴᠠ ᠪᠠᠷ ᠰᠠᠶᠢᠨ ᠪᠠᠶᠢᠨ᠎ᠠ᠃ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠤᠨ ᠴᠡᠭᠴᠡᠯᠡᠯᠲᠡ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠠᠬᠢᠭᠤᠯᠵᠤ᠂ ᠲᠦᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠰᠠᠯᠠᠭ᠎ᠠ ᠮᠦᠴᠢᠷ ᠤᠨ ᠰᠢᠢᠳᠪᠦᠷᠢᠯᠡᠬᠦᠯᠬᠦ ᠪᠠᠷ ᠰᠢᠯᠵᠢᠭᠦᠯᠦᠭᠰᠡᠨ 13 ᠬᠡᠷᠡᠭ ᠢ ᠰᠢᠢᠳᠪᠦᠷᠢᠯᠡᠵᠤ᠂ ᠵᠠᠳᠠᠭᠠᠢ ᠬᠠᠶᠠᠭᠳᠠᠮᠠᠯ 5 ᠨᠦᠭᠡ ᠶᠢ ᠴᠡᠭᠴᠡᠯᠡᠵᠤ᠂ ᠲᠠᠯ᠎ᠠ ᠨᠤᠲᠤᠭ ᠣᠢ ᠰᠢᠭᠤᠢ ᠶᠢ ᠡᠪᠳᠡᠭᠰᠡᠨ 9 ᠬᠡᠷᠡᠭ ᠢ ᠪᠠᠶᠢᠴᠠᠭᠠᠨ ᠰᠢᠢᠳᠪᠦᠷᠢᠯᠡᠪᠡ᠃ 1745 ᠲᠦᠮᠡᠨ ᠲᠦᠭᠦᠷᠢᠭ ᠪᠡᠯᠡ ᠣᠷᠣᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢ ᠰᠡᠯᠪᠢᠨ ᠵᠠᠰᠠᠵᠤ᠂ ᠣᠢ ᠰᠢᠭᠤᠢ ᠶᠢᠨ ᠣᠷᠭᠤᠮᠠᠯ  ᠤᠨ ᠬᠤᠴᠢᠯᠭ᠎ᠠ ᠶᠢ 7.4 ᠲᠦᠮᠡᠨ ᠮᠤ᠋ ᠰᠡᠷᠭᠦᠭᠡᠨ᠂ ᠪᠦᠬᠦ ᠬᠤᠰᠢᠭᠤᠨ ᠤ ᠣᠷᠭᠤᠮᠠᠯ ᠤᠨ ᠬᠤᠴᠢᠯᠭ᠎ᠠ ᠶᠢᠨ ᠪᠦᠷᠭᠦᠴᠡ ᠶᠢᠨ ᠨᠤᠷᠮ᠎ᠠ 80.6% ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 4.7% ᠪᠠᠷ ᠨᠡᠮᠡᠭᠳᠡᠪᠡ᠃ ᠬᠦᠯᠦᠨ ᠨᠠᠭᠤᠷ ᠢ ᠶᠡᠷᠦᠩᠬᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠨᠠᠭᠤᠷ ᠤᠨ ᠤᠰᠤᠨ ᠤ ᠲᠦᠪᠰᠢᠨ ᠢ ᠲᠡᠦᠬᠡ ᠶᠢᠨ ᠬᠠᠮᠤᠭ ᠤᠨ ᠥᠨᠳᠦᠷ ᠬᠡᠮᠵᠢᠶ᠎ᠡ ᠳᠤ ᠣᠶᠢᠷᠠᠲᠤᠭᠤᠯᠵᠤ᠂ ᠭᠤᠣᠯ ᠤᠨ ᠲᠠᠩ ᠢ ᠨᠡᠪᠲᠡᠷᠡᠭᠦᠯᠦᠭᠰᠡᠨ ᠤ ᠳᠠᠷᠠᠭ᠎ᠠ᠂ ᠰᠢᠨ᠎ᠡ ᠬᠦᠯᠦᠨ ᠨᠠᠭᠤᠷ ᠤᠨ ᠭᠠᠳᠠᠷᠭᠤ ᠶᠢᠨ ᠳᠠᠯᠠᠪᠠᠢ 164 ᠲᠡᠭᠰᠢ ᠳᠦᠷᠪᠡᠯᠵᠢᠨ ᠺᠢᠯᠤᠮᠧᠲᠷ ᠲᠤ ᠬᠦᠷᠴᠤ᠂ ᠰᠠᠪᠠ ᠭᠠᠵᠠᠷ ᠵᠢᠴᠢ ᠡᠷᠭᠢᠨ ᠲᠣᠭᠤᠷᠢᠨ ᠤ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠪᠡ᠃    ᠨᠢᠭᠡ ᠵᠢᠯ ᠤᠨ ᠲᠤᠷᠰᠢ᠂ ᠪᠢᠳᠡ ᠪᠣᠳᠠᠳᠠᠶᠢᠵᠢᠭᠤᠯᠤᠨ ᠵᠣᠯᠭᠠᠭᠤᠯᠬᠤ ᠳᠤ ᠬᠦᠴᠦᠯᠡᠨ᠂ ᠮᠠᠯᠵᠢᠬᠤ ᠣᠷᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠠ ᠬᠠᠭᠤᠳᠠᠰᠤ ᠶᠢ ᠪᠢᠴᠢᠭᠯᠡᠪᠡ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠦᠷᠨᠢᠩᠭᠦᠢ ᠬᠦᠭᠵᠢᠵᠤ᠂ ᠮᠠᠯ ᠠᠵᠤ ᠠᠬᠤᠢ ᠶᠢᠨ ᠤᠨ ᠤ ᠮᠠᠯ ᠤᠨ ᠲᠤᠭ᠎ᠠ ᠲᠤᠯᠤᠭᠠᠢ 119 ᠲᠦᠮᠡ ᠳᠤ ᠬᠦᠷᠴᠤ᠂ ᠮᠠᠯ  ᠤᠨ ᠭᠠᠷᠭᠠᠯᠲᠠ ᠶᠢᠨ ᠬᠡᠮᠵᠢᠶ᠎ᠡ 39.3 ᠲᠦᠮᠡ ᠳᠤ ᠬᠦᠷᠴᠦ᠂ ᠰᠦ ᠮᠢᠬᠠᠨ ᠤ ᠭᠠᠷᠤᠯᠲᠠ ᠲᠣᠰᠪᠤᠷᠢ 7.1 ᠲᠦᠮᠡᠨ ᠲᠣᠨ ᠪᠠ 2.7 ᠲᠦᠮᠡᠨ ᠲᠣᠨ ᠳᠤ ᠬᠦᠷᠴᠤ᠂ ᠠᠮᠤ ᠪᠣᠳᠠᠭᠠᠨ ᠤ ᠤᠨᠠᠯᠲᠠ ᠦᠷᠭᠦᠯᠵᠢᠯᠡᠨ ᠳ᠋ᠦᠩᠰᠢᠭᠤᠷ ᠵᠢᠩ ᠳᠤ ᠲᠣᠭᠲᠠᠪᠤᠷᠢᠵᠢᠪᠠ᠃ ᠮᠠᠯᠵᠢᠬᠤ ᠣᠷᠤᠨ ᠤ ᠣᠯᠠᠨ ᠲᠦᠮᠡᠨ ᠤ ᠪᠠᠴᠢᠮ ᠵᠣᠪᠠᠵᠤ ᠪᠠᠶᠢᠭ᠎ᠠ ᠠᠰᠠᠭᠤᠳᠠᠯ ᠳᠤ ᠬᠠᠨᠳᠤᠭᠤᠯᠤᠨ᠂ ᠭᠠᠴᠠᠭᠠᠨ ᠳᠤ 48.3 ᠺᠢᠯᠤᠮᠧᠲᠷ ᠴᠠᠬᠢᠯᠭᠠᠨ ᠨᠡᠪᠲᠡᠷᠡᠭᠦᠯᠵᠦ᠂ ᠲᠣᠰᠬᠤᠨ ᠳᠤ 16 ᠺᠢᠯᠤᠮᠧᠲᠷ ᠵᠠᠰᠠᠮᠠᠯ ᠵᠠᠮ ᠳᠡᠪᠢᠰᠴᠦ᠂ ᠮᠠᠯ ᠪᠠ ᠵᠢᠭᠦᠷᠳᠡᠨ ᠤ ᠢᠯᠭᠠᠳᠠᠰᠤ ᠶᠢ ᠬᠤᠣᠷ ᠦᠭᠡᠶᠢᠵᠢᠭᠦᠯᠦᠨ ᠰᠢᠢᠳᠪᠦᠷᠢᠯᠡᠬᠦ 2 ᠦᠢᠯᠡᠳᠪᠦᠷᠢ ᠪᠠᠶᠢᠭᠤᠯᠵᠤ᠂ ᠠᠷᠢᠭᠤᠨ ᠴᠡᠪᠡᠷ ᠵᠣᠷᠯᠤᠩ ᠤᠨ ᠲᠦᠭᠡᠮᠡᠯᠵᠢᠭᠦᠯᠦᠯᠲᠡ ᠶᠢᠨ ᠨᠤᠷᠮ᠎ᠠ ᠪᠦᠬᠦ ᠣᠷᠤᠨ ᠤ ᠭᠤᠷᠪᠠᠳᠤᠭᠠᠷ ᠲᠦᠷᠦᠯ ᠤᠨ ᠭᠠᠵᠠᠷ ᠣᠷᠤᠨ ᠤ ᠪᠠᠷᠢᠮᠵᠢᠶ᠎ᠠ ᠠᠴᠠ ᠳᠠᠪᠠᠪᠠ᠃ ︽ᠳᠦᠷᠪᠡ ᠶᠢ ᠦᠯᠦ ᠳᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 8421 ᠲᠦᠮᠡᠨ ᠲᠦᠭᠦᠷᠢᠭ ᠪᠡᠯᠡ ᠮᠦᠩᠭᠦ ᠵᠠᠷᠤᠴᠠᠭᠤᠯᠵᠤ᠂ 37 ᠣᠨᠴᠠᠯᠢᠭᠲᠤ ᠠᠵᠤ ᠦᠢᠯᠡᠰ ᠤᠨ ᠲᠦᠷᠦᠯ ᠵᠦᠢᠯ ᠢ ᠬᠡᠷᠡᠭᠵᠢᠭᠦᠯᠦᠨ᠂ ᠶᠠᠳᠠᠭᠤ ᠶᠢ ᠲᠡᠳᠭᠦᠭᠰᠡᠨ ᠠᠰᠢᠭ ᠣᠷᠤᠯᠭ᠎ᠠ 302.6 ᠲᠦᠮᠡᠨ ᠲᠦᠭᠦᠷᠢᠭ ᠲᠤ ᠬᠦᠷᠴᠤ᠂ ᠬᠠᠨᠳᠠᠭᠠᠢ ᠭᠠᠴᠠᠭ᠎ᠠ ᠪᠠ ᠰᠢᠯᠢᠨ ᠪᠣᠶᠢᠷ ᠭᠠᠴᠠᠭ᠎ᠠ 2022 ᠣᠨ ᠤ ᠥᠪᠡᠷᠲᠡᠭᠡᠨ ᠵᠠᠰᠠᠬᠤ ᠣᠷᠤᠨ ᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠵᠢᠱᠢᠶᠡᠴᠢ ᠭᠠᠴᠠᠭ᠎ᠠ ᠪᠠᠷ ᠦᠨᠡᠯᠡᠭᠳᠡᠪᠡ᠃    ᠨᠢᠭᠡ ᠵᠢᠯ ᠤᠨ ᠲᠤᠷᠰᠢ᠂ ᠪᠢᠳᠡ ᠬᠤᠳᠠ ᠶᠢᠨ ᠰᠢᠨᠡᠴᠢᠯᠡᠯᠲᠡ ᠶᠢ ᠠᠬᠢᠭᠤᠯᠬᠤ ᠳᠤ ᠬᠦᠴᠦᠯᠡᠨ᠂ ᠬᠤᠳᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ  ᠴᠢᠩᠭᠠᠷᠠᠭᠤᠯᠪᠠ᠃ ︽ᠠᠷᠠᠳ ᠲᠦᠮᠡᠨ ᠤ ᠬᠤᠳᠠ ᠠᠷᠠᠳ ᠤᠨ ᠲᠦᠯᠦᠭᠡ︾ ᠪᠠᠶᠢᠬᠤ ᠶᠢ ᠦᠢᠯᠡᠳᠦᠯᠭᠡᠵᠢᠭᠦᠯᠵᠦ᠂ ᠣᠯᠠᠨ ᠲᠦᠮᠡᠨ ᠤ ᠬᠦᠷᠲᠡᠮᠵᠢ᠂ ᠵᠣᠯ ᠵᠢᠷᠭᠠᠯ  ᠢ ᠨᠡᠮᠡᠭᠳᠡᠭᠦᠯᠬᠦ ᠠᠵᠢᠯ ᠤᠨ ᠲᠣᠭᠤᠷᠢᠨ ᠳᠤ ᠪᠠᠯᠭᠠᠰᠤᠨ ᠤ ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ 8500 ᠲᠦᠮᠡᠨ ᠲᠦᠭᠦᠷᠢᠭ ᠪᠡᠯᠡ ᠣᠷᠤᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ 212 ᠡᠷᠦᠬᠡ ᠶᠢᠨ ᠰᠠᠭᠤᠴᠠ ᠶᠢ ᠦᠭᠡᠷᠡᠴᠢᠯᠡᠨ ᠵᠠᠰᠠᠵᠤ᠂ ᠬᠤᠳᠠ ᠶᠢᠨ 6 ᠺᠢᠯᠤᠮᠧᠲᠷ ᠵᠠᠰᠠᠮᠠᠯ ᠵᠠᠮ ᠢ  ᠰᠡᠯᠪᠢᠨ ᠵᠠᠰᠠᠵᠤ᠂ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ 4.7 ᠺᠢᠯᠤᠮᠧᠲᠷ ᠳᠡᠪᠢᠰᠴᠤ᠂  6.9 ᠺᠢᠯᠤᠮᠧᠲᠷ ᠤᠰᠤ ᠬᠠᠩᠭᠠᠬᠤ ᠬᠤᠭᠤᠯᠠᠢ ᠲᠣᠣᠷ ᠢ ᠦᠷᠭᠡᠳᠭᠡᠨ ᠪᠠᠶᠢᠭᠤᠯᠵᠤ᠂ ᠬᠤᠳᠠ ᠶᠢᠨ ᠨᠣᠭᠤᠭᠠᠷᠠᠭᠤᠯᠤᠯᠲᠠ ᠶᠢᠨ ᠭᠠᠵᠠᠷ ᠢ 45 ᠮᠤ᠋ ᠨᠡᠮᠡᠭᠳᠡᠭᠦᠯᠪᠡ᠃ ︽10 ᠮᠢᠨᠦ᠋ᠲ ᠶᠢᠨ ᠰᠡᠯᠡᠭᠦᠴᠡᠯ ᠤᠨ ᠲᠣᠭᠤᠷᠢᠭ︾ ᠢ ᠪᠠᠶᠢᠭᠤᠯᠵᠣ ᠂ 10 ᠪᠡᠶ᠎ᠡ ᠴᠢᠬᠢᠷᠠᠭᠵᠢᠭᠤᠯᠬᠤ ᠳᠠᠯᠠᠪᠤᠷ᠂ 4 ᠲᠡᠷᠭᠡᠨ ᠵᠣᠭᠰᠤᠭᠠᠯ ᠢ ᠪᠠᠶᠢᠭᠤᠯᠤᠨ᠂ 3 ᠠᠭᠤᠳᠠᠮ ᠳᠠᠯᠠᠪᠠᠢ ᠶᠢ ᠵᠠᠰᠠᠨ ᠰᠡᠯᠪᠢᠪᠡ᠃ ᠬᠤᠳᠠ ᠪᠠᠯᠭᠠᠰᠤ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠨᠠᠶᠢᠳᠠᠪᠤᠷᠢᠵᠢᠭᠤᠯᠵᠤ᠂ ᠡᠯ᠎ᠠ ᠲᠦᠷᠦᠯ ᠤᠨ ᠢᠯᠡᠷᠭᠡᠶᠢᠯᠡᠯ ᠲᠡᠮᠳᠡᠭ ᠢ 100 ᠭᠠᠷᠤᠢ᠂ ᠬᠤᠭ ᠨᠤᠪᠰᠢ ᠶᠢᠨ ᠰᠠᠪᠠ ᠶᠢ 500᠂ ᠰᠣᠷᠭᠤᠭ ᠴᠡᠴᠡᠭ ᠤᠨ ᠲᠠᠯᠪᠢᠭᠤᠷ ᠢ 50 ᠬᠡᠰᠡᠭ ᠲᠣᠬᠢᠷᠠᠭᠤᠯᠵᠤ᠂ ᠵᠠᠮ ᠡᠵᠡᠯᠡᠨ ᠡᠵᠡᠩᠨᠡᠬᠦ᠂ ᠶᠠᠪᠤᠭᠤᠯ ᠬᠤᠳᠠᠯᠳᠤᠭᠠᠴᠢᠨ ᠵᠡᠷᠭᠡ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠵᠤ᠂ ᠪᠠᠯᠭᠠᠰᠤᠨ ᠤ ᠨᠡᠶᠢᠭᠡᠮ ᠤᠨ ᠣᠷᠴᠢᠨ ᠪᠠ ᠪᠣᠯᠪᠠᠰᠤᠨ ᠤ ᠬᠢᠷᠢ ᠬᠡᠮᠵᠢᠶ᠎ᠡ ᠶᠢ ᠢᠯᠡᠳᠳᠡ ᠳᠡᠭᠡᠭᠰᠢᠯᠡᠭᠦᠯᠪᠡ᠃ ᠵᠢᠷᠭᠤᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠤᠨ ᠤ ᠪᠣᠯᠪᠠᠰᠤᠨ ᠬᠤᠳᠠ ᠶᠢ ᠠᠮᠵᠢᠯᠲᠠᠲᠠᠢ ᠡᠭᠦᠳᠦᠨ ᠪᠠᠶᠢᠭᠤᠯᠪᠠ᠃     ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠬᠦ ᠪᠠᠷ ᠬᠦᠴᠦᠯᠡᠨ᠂ ᠠᠵᠤ ᠠᠮᠢᠳᠤᠷᠠᠯ ᠤᠨ ᠠᠵᠢᠯ ᠦᠢᠯᠡᠰ ᠢ ᠦᠷᠭᠦᠯᠵᠢᠯᠡᠨ ᠶᠡᠬᠡᠪᠡᠷ ᠬᠥᠭᠵᠢᠭᠡᠪᠡ᠃ ︽ᠵᠢᠷᠭᠤᠭ᠎ᠠ ᠶᠢ  ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠵᠢᠯ ᠳᠤ᠂ ᠡᠯ᠎ᠠ ᠲᠦᠷᠦᠯ ᠤᠨ ᠠᠪᠤᠷᠠᠨ ᠲᠤᠰᠠᠯᠠᠬᠤ ᠨᠥᠬᠦᠪᠦᠷᠢ ᠪᠡᠯᠡ ᠮᠦᠩᠭᠦ 3073.9 ᠲᠦᠮᠡᠨ ᠲᠦᠭᠦᠷᠢᠭ ᠳᠠᠷᠬᠠᠭᠠᠵᠤ᠂ ᠬᠤᠳᠠ ᠪᠠᠯᠭᠠᠰᠤ ᠶᠢᠨ 205 ᠬᠦᠮᠦᠨ ᠳᠤ ᠰᠢᠨ᠎ᠠ ᠪᠠᠷ ᠠᠵᠢᠯ ᠣᠯᠭᠤᠵᠤ᠂ 108 ᠮᠠᠯᠴᠢᠨ ᠳᠠᠷᠢᠶᠠᠴᠢᠨ ᠢ ᠦᠢᠯᠡᠳᠪᠦᠷᠢᠯᠡᠯ ᠰᠢᠯᠵᠢᠭᠦᠯᠦᠨ ᠠᠵᠢᠯ ᠣᠯᠭᠤᠵᠤ᠂ ᠠᠵᠢᠯ ᠠᠯᠳᠠᠯᠲᠠ ᠶᠢᠨ ᠨᠤᠷᠮ᠎ᠠ ᠶᠢ 4.5% ᠲᠤᠳᠤᠷ᠎ᠠ ᠬᠢᠵᠠᠭᠠᠷᠯᠠᠪᠠ᠃ 65 ᠠᠵᠤ ᠠᠬᠤᠶᠢᠯᠠᠯ ᠢ ᠬᠠᠮᠵᠢᠨ ᠬᠦᠴᠢᠷᠳᠡᠯ ᠢ ᠨᠢ ᠰᠢᠢᠳᠪᠦᠷᠢᠯᠡᠨ ᠥᠭᠴᠤ᠂ 301 ᠲᠦᠮᠡᠨ ᠲᠦᠭᠦᠷᠢᠭ ᠦᠢᠯᠡᠰ ᠪᠦᠲᠦᠭᠡᠬᠦ ᠵᠢᠭᠡᠯᠡᠯᠭᠡ ᠳᠠᠷᠬᠠᠭᠠᠪᠠ᠃ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠭᠰᠠᠨ ᠨᠤᠷᠮ᠎ᠠ 95% ᠳᠤ ᠬᠦᠷᠪᠡ᠃ ᠬᠢᠵᠢᠭ ᠢ ᠰᠡᠷᠭᠡᠶᠢᠯᠡᠬᠦ ᠲᠦᠷᠦ ᠶᠢᠨ ᠪᠣᠳᠤᠯᠭ᠎ᠠ ᠶᠢᠨ ᠰᠢᠯᠵᠢᠯᠲᠡ ᠶᠢᠨ ᠬᠤᠭᠤᠴᠠᠭ᠎ᠠ᠂ ᠵᠡᠷᠭᠡ ᠳᠡᠰ ᠢ ᠬᠤᠪᠢᠷᠠᠭᠤᠯᠤᠭᠰᠠᠨ ᠤ ᠳᠠᠷᠠᠭᠠᠬᠢ ᠵᠣᠬᠢᠴᠠᠯ ᠤᠨ ᠬᠤᠭᠤᠴᠠᠭ᠎ᠠ ᠶᠢ ᠲᠣᠭᠳᠠᠭᠤᠨ ᠦᠩᠭᠡᠷᠡᠭᠦᠯᠵᠤ᠂ ᠬᠦᠨᠳᠤ ᠲᠤᠮᠤ ᠬᠢᠵᠢᠭ ᠡᠪᠡᠳᠴᠢᠨ ᠢ ᠠᠪᠤᠷᠠᠨ ᠵᠠᠰᠠᠬᠤ ᠦᠢᠯᠡᠴᠢᠯᠡᠭᠡᠨ ᠤ ᠴᠢᠳᠠᠪᠤᠷᠢ ᠶᠡᠬᠡᠪᠡᠷ ᠳᠡᠭᠡᠭᠰᠢᠯᠡᠨ᠂ ︽ᠢᠨᠲ᠋ᠧᠷ ᠰᠦᠯᠵᠢᠶ᠎ᠡ + ᠵᠢᠵᠢᠭ ᠡᠮ ᠤᠨ ᠬᠠᠶᠢᠷᠴᠠᠭ︾ ᠤᠨ ᠢᠨᠵᠧᠨᠧᠷᠢᠩ ᠢ ᠰᠢᠯᠢᠳᠡᠭᠵᠢᠭᠦᠯᠦᠨ ᠳᠡᠰ ᠳᠡᠪᠰᠢᠭᠦᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠪᠠ ᠡᠮᠴᠢᠯᠡᠭᠡᠨ ᠤ ᠠᠪᠤᠷᠠᠨ ᠲᠤᠰᠠᠯᠠᠬᠤ ᠰᠢᠰᠲ᠋ᠧᠮ ᠶᠠᠪᠤᠬᠤ ᠲᠤᠳᠤᠮ ᠲᠡᠭᠦᠯᠳᠡᠷᠵᠢᠪᠡ᠃ ᠠᠯᠪᠠᠨ ᠵᠢᠷᠤᠮ ᠤᠨ ᠰᠤᠷᠭᠠᠨ ᠬᠦᠮᠦᠵᠢᠯ  ᠤᠨ ᠲᠡᠩᠴᠡᠭᠦᠷᠢᠲᠡᠢ ᠬᠦᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠤ᠂ ︽ᠳᠦᠷᠪᠡᠨ ᠨᠤᠷᠮ᠎ᠠ︾ ᠴᠦᠮ ᠤᠯᠤᠰ ᠤᠨ ᠪᠠᠷᠢᠮᠵᠢᠶᠠᠨ ᠠᠴᠠ ᠳᠠᠪᠠᠨ᠂ ᠬᠤᠶᠠᠳᠤᠭᠠᠷ ᠪᠠᠭ᠎ᠠ ᠰᠤᠷᠭᠠᠭᠤᠯᠢ ︽ᠪᠦᠬᠦ ᠤᠯᠤᠰ ᠤᠨ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠬᠠᠮᠳᠤ ᠨᠡᠶᠢᠲᠡ︾ ᠶᠢᠨ ᠢᠷᠠᠭᠤ ᠠᠯᠳᠠᠷ ᠬᠦᠷᠲᠡᠪᠡ᠃    ᠨᠢᠭᠡ ᠵᠢᠯ ᠤᠨ ᠲᠤᠷᠰᠢ᠂ ᠪᠢᠳᠡ ᠠᠮᠤᠷ ᠲᠣᠭᠳᠠᠭᠤᠨ ᠢ ᠬᠠᠮᠠᠭᠠᠯᠠᠬᠤ ᠳᠤ ᠬᠦᠴᠦᠯᠡᠨ᠂ ᠨᠡᠶᠢᠭᠡᠮ ᠤᠨ ᠠᠵᠢᠯ ᠦᠢᠯᠡᠰ ᠪᠦᠷᠢᠨ ᠪᠦᠲᠦᠨ ᠬᠦᠭᠵᠢᠯᠲᠡ ᠲᠠᠢ ᠪᠣᠯᠪᠠ᠃ ᠠᠶᠤᠯᠭᠦᠢ ᠦᠢᠯᠡᠳᠪᠦᠷᠢᠯᠡᠯ ᠤᠨ ᠲᠤᠮᠤ ᠪᠠᠶᠢᠴᠠᠭᠠᠯᠲᠠ ᠪᠠ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠪᠠᠲᠤᠲᠠᠢ ᠦᠷᠨᠢᠭᠦᠯᠵᠤ᠂ ᠬᠦᠨᠳᠤ ᠣᠨᠴᠠ ᠲᠤᠮᠤ ᠠᠳᠡᠯ ᠭᠠᠷᠬᠤ ᠶᠢ ᠪᠦᠲᠦᠮᠵᠢᠲᠡᠢ ᠬᠤᠷᠢᠭᠯᠠᠪᠠ᠃ ︽ᠢᠳᠡᠵᠦ ᠡᠮᠦᠰᠬᠦ ᠶᠠᠪᠤᠵᠤ ᠰᠠᠭᠤᠬᠤ︾ ᠵᠡᠷᠭᠡ ᠬᠦᠷᠢᠶᠡᠨ ᠳᠠᠬᠢ ᠶᠠᠰᠤ ᠴᠢᠨᠠᠷ ᠤᠨ ᠠᠮᠤᠷ ᠲᠦᠪᠰᠢᠨ ᠢ ᠴᠡᠭᠴᠡᠯᠡᠨ ᠵᠠᠰᠠᠵᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠠᠰᠠᠭᠤᠳᠠᠯ ᠦᠯᠦ ᠡᠭᠦᠰᠬᠦ ᠶᠢ ᠪᠠᠲᠤᠯᠠᠪᠠ᠃ ᠭᠠᠮᠰᠢᠭ ᠢ ᠰᠡᠷᠭᠡᠶᠢᠯᠡᠵᠦ ᠪᠠᠭᠠᠰᠬᠠᠬᠤ᠂ ᠭᠠᠮᠰᠢᠭ ᠠᠴᠠ  ᠠᠪᠤᠷᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠢᠯᠢ ᠶᠢᠨ ᠭᠠᠳᠠᠨᠠᠬᠢ 2 ᠤᠳᠠᠭᠠᠨ ᠤ ᠭᠠᠯ ᠢ ᠠᠮᠵᠢᠯᠲᠠᠲᠠᠢ ᠬᠠᠰᠢᠵᠤ᠂ 53 ᠲᠦᠮᠡᠨ ᠲᠤᠨ ᠭᠠᠮᠰᠢᠭ ᠡᠰᠡᠷᠭᠦᠴᠡᠬᠦ ᠳᠡᠵᠢᠭᠡᠯ ᠪᠣᠷᠳᠤᠭ᠎ᠠ ᠨᠦᠭᠡᠴᠡᠯᠡᠪᠡ᠃ ︽ᠨᠠᠢᠮᠠᠳᠤᠭᠠᠷ ᠳᠠᠪᠤᠨ ᠵᠢᠯ︾ ᠤᠨ ᠬᠠᠤᠯᠢ ᠳᠦᠷᠢᠮᠵᠢᠭᠦᠯᠬᠦ ᠠᠵᠢᠯ ᠢ ᠢᠳᠡᠪᠬᠢᠲᠡᠢ ᠠᠬᠢᠭᠤᠯᠵᠤ᠂ ︽ᠬᠠᠤᠯᠢ ᠪᠠᠷ ᠵᠠᠰᠠᠬᠤ ᠰᠢᠨ᠎ᠠ ᠪᠠᠷᠭᠤ ᠵᠡᠭᠦᠨ ᠬᠤᠰᠢᠭᠤ︾ ︽ᠠᠮᠤᠷ ᠠᠮᠤᠭᠤᠯᠠᠩ ᠰᠢᠨ᠎ᠠ ᠪᠠᠷᠭᠤ ᠵᠡᠭᠦᠨ ᠬᠤᠰᠢᠭᠤ︾ ᠶᠢ ᠪᠦᠬᠦ ᠬᠦᠴᠦᠨ ᠢᠶᠠᠷ ᠴᠤᠭᠴᠠᠯᠠᠵᠤ᠂ ᠡᠷᠡᠭᠦᠦ ᠶᠢᠨ ᠬᠡᠷᠡᠭ ᠡᠭᠦᠰᠬᠦ ᠨᠤᠷᠮ᠎ᠠ ᠠᠳᠠᠯᠢ ᠬᠤᠭᠤᠴᠠᠭᠠᠨ ᠤ ᠬᠢ ᠠᠴᠠ 15.2% ᠪᠠᠷ ᠪᠠᠭᠤᠷᠠᠨ᠂ ᠬᠡᠷᠡᠭ ᠢᠯᠡᠷᠡᠭᠦᠯᠦᠭᠰᠡᠨ ᠨᠤᠷᠮ᠎ᠠ ᠠᠳᠠᠯᠢ ᠬᠤᠭᠤᠴᠠᠭᠠᠨ ᠤ ᠬᠢ ᠠᠴᠠ 10% ᠪᠠᠷ ᠳᠡᠭᠡᠭᠰᠢᠯᠡᠵᠤ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠭᠡᠯᠡᠯ ᠤᠨ ᠬᠡᠷᠡᠭ ᠤᠨ ︽ᠬᠤᠶᠠᠷ ᠳᠡᠭᠡᠭᠰᠢᠯᠡᠯᠲᠡ ᠬᠤᠶᠠᠷ ᠪᠠᠭᠤᠷᠠᠯᠲᠠ︾ ᠶᠢ ᠪᠡᠶᠡᠯᠡᠭᠦᠯᠪᠡ᠃ ︽ᠣᠶᠤᠨᠴᠢ ᠲᠤᠳᠤᠭᠠᠳᠤ ᠶᠢᠨ ᠬᠠᠮᠠᠭᠠᠯᠠᠯᠲᠠ︾ ᠶᠢᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠣᠷᠤᠨ ᠪᠦᠰᠡ᠂ ᠴᠢᠬᠤᠯᠠ ᠵᠠᠮ ᠶᠢᠨ ᠪᠦᠬᠦ ᠶᠠᠪᠤᠴᠠ ᠶᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠪᠡᠶᠡᠯᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠦᠵᠡᠯ ᠤᠬᠠᠮᠰᠠᠷ ᠤᠨ ᠬᠦᠮᠦᠵᠢᠯ ᠤᠨ ᠰᠠᠭᠤᠷᠢᠨ ᠭᠠᠵᠠᠷ ᠪᠠ ᠬᠢᠯᠢ ᠬᠢᠵᠠᠭᠠᠷ ᠣᠷᠤᠨ ᠤ ᠦᠨᠳᠦᠰᠦᠲᠡᠨ ᠤ ᠪᠦᠯᠭᠦᠮᠳᠡᠯ ᠤᠨ ᠵᠢᠱᠢᠶᠡᠴᠢ ᠶᠢᠨ ᠬᠤᠩᠭᠢᠯ ᠢ ᠬᠦᠴᠦᠯᠡᠨ ᠪᠠᠶᠢᠭᠤᠯᠵᠤ᠂ 5 ᠪᠠᠶᠢᠭᠤᠯᠤᠯᠭ᠎ᠠ ᠨᠢ ᠬᠤᠳᠠ ᠶᠢᠨ ᠳᠡᠰ ᠤᠨ ᠦᠨᠳᠦᠰᠦᠲᠡᠨ ᠤ ᠪᠦᠯᠭᠦᠮᠳᠡᠯ ᠳᠠᠪᠰᠢᠯᠲᠠ  ᠶᠢᠨ ᠵᠢᠱᠢᠶ᠎ᠡ ᠦᠵᠡᠭᠦᠯᠬᠦ ᠨᠢᠭᠡᠴᠡ ᠪᠠᠷ ᠦᠨᠡᠯᠡᠭᠳᠡᠵᠦ᠂ 1 ᠨᠢᠭᠡᠴᠡ ᠪᠠ 1 ᠬᠤᠪᠢ ᠬᠦᠮᠦᠨ ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ  ᠵᠢᠱᠢᠶ᠎ᠡ ᠦᠵᠡᠭᠦᠯᠬᠦ ᠬᠠᠮᠳᠤ ᠨᠡᠶᠢᠲᠡ᠂ ᠵᠢᠱᠢᠶᠡᠴᠢ ᠬᠤᠪᠢ ᠬᠦᠮᠦᠨ ᠤ ᠢᠷᠠᠭᠤ ᠠᠯᠳᠠᠷ ᠬᠦᠷᠲᠡᠪᠡ᠃     ᠨᠢᠭᠡ ᠵᠢᠯ ᠤᠨ ᠲᠤᠷᠰᠢ᠂ ᠪᠢᠳᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠡᠷᠦᠬᠡ ᠶᠢᠨ ᠴᠡᠷᠢᠭ ᠤᠨ ᠪᠡᠯᠡᠳᠭᠡᠯ ᠬᠦᠴᠦᠨ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠵᠡᠷᠭᠡ ᠠᠵᠢᠯ ᠢ ᠯᠠᠪᠳᠠᠭᠤᠨ ᠠᠬᠢᠭᠤᠯᠵᠤ᠂ ᠬᠢᠨᠠᠨ ᠪᠣᠳᠤᠬᠤ᠂ ᠲᠤᠭ᠎ᠠ ᠪᠦᠷᠢᠳᠭᠡᠯ᠂ ᠦᠨᠳᠦᠰᠦᠲᠡᠨ ᠱᠠᠰᠢᠨ ᠰᠤᠷᠳᠠᠬᠤᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠭᠡᠷᠡᠴᠢᠯᠡᠯᠲᠡ᠂ ᠲᠡᠦᠬᠡ ᠣᠶᠢᠯᠠᠯᠠᠭ᠎ᠠ ᠳᠠᠩᠰᠠ ᠡᠪᠬᠡᠮᠡᠯ᠂ ᠠᠷᠠᠳ ᠤᠨ ᠠᠭᠠᠷ ᠤᠨ ᠰᠡᠷᠭᠡᠶᠢᠯᠡᠯᠲᠡ ᠴᠠᠭ ᠠᠭᠤᠷ᠂ ᠭᠠᠮᠰᠢᠭ ᠢ ᠰᠡᠷᠭᠡᠶᠢᠯᠡᠨ ᠪᠠᠭᠠᠰᠬᠠᠬᠤ ᠵᠡᠷᠭᠡ ᠠᠵᠢᠯ ᠢ ᠰᠠᠶᠢᠲᠤᠷ ᠬᠢᠵᠤ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠤᠳ ᠤᠨ ᠬᠤᠯᠪᠤᠭᠠᠳᠤ ᠬᠤᠷᠠᠯ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠤᠳ ᠤᠨ ᠬᠤᠯᠪᠤᠭ᠎ᠠ᠂ ᠤᠳᠬ᠎ᠠ ᠣᠷᠠᠯᠢᠭ ᠤᠨ ᠬᠤᠯᠪᠤᠭᠠᠳᠤ ᠬᠤᠷᠠᠯ ᠵᠡᠷᠭᠡ ᠪᠦᠯᠭᠦᠮ ᠨᠡᠶᠢᠲᠡ ᠶᠢᠨ ᠠᠵᠢᠯ ᠢ ᠬᠦᠴᠦᠲᠠᠢ ᠳᠡᠮᠵᠢᠨ᠂ ᠡᠯ᠎ᠠ ᠲᠦᠷᠦᠯ ᠤᠨ ᠠᠵᠢᠯ ᠦᠢᠯᠡᠰ ᠴᠦᠮ ᠪᠠᠶᠠᠷᠯᠠᠭᠤᠰᠢᠲᠠᠢ ᠠᠮᠵᠢᠯᠲᠠ ᠣᠯᠪᠠ᠃ ᠡᠭᠦᠨ ᠤ ᠬᠠᠮᠲᠤ᠂ ᠪᠢᠳᠡ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠯᠠᠨ ᠨᠡᠶᠢᠲᠡ ᠶᠢᠨ ᠠᠰᠢᠭ ᠲᠤᠰᠠ ᠪᠠ ᠠᠵᠤ ᠠᠬᠤᠢ ᠨᠡᠶᠢᠭᠡᠮ ᠤᠨ ᠡᠮᠬᠢ ᠲᠢᠭᠯᠢᠮ ᠢ ᠪᠦᠲᠦᠮᠵᠢᠲᠠᠢ ᠬᠠᠮᠠᠭᠠᠯᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠤᠨ ᠬᠢᠨᠠᠯᠲᠠ ᠵᠢᠴᠢ ᠣᠯᠠᠨ ᠲᠦᠮᠡᠨ ᠤ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ 201 ᠬᠤᠪᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ 80 ᠬᠤᠪᠢ ᠰᠢᠢᠳᠪᠦᠷᠢᠯᠡᠪᠡ᠃ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠲᠣᠭᠳᠠᠭᠠᠭᠰᠠᠨ ᠠᠷᠠᠳ ᠤᠨ ᠠᠮᠢᠳᠤᠷᠠᠯ ᠤᠨ ᠪᠣᠳᠠᠲᠤ ᠬᠡᠷᠡᠭ ᠤᠨ ᠲᠦᠷᠦᠯ ᠵᠦᠢᠯ ᠢ ᠥᠨᠳᠦᠷ ᠪᠠᠷᠢᠮᠵᠢᠶ᠎ᠠ ᠪᠠᠷ ᠪᠡᠶᠡᠯᠡᠭᠦᠯᠪᠡ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠰᠢᠭᠤᠨ ᠤ ᠲᠤᠰ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ 5462 ᠵᠦᠢᠯ ᠡᠮᠬᠢᠯᠡᠨ ᠬᠢᠨᠠᠨ ᠪᠠᠶᠢᠴᠠᠭᠠᠵᠤ᠂ 158 ᠵᠦᠢᠯ ᠢ ᠬᠦᠴᠦᠨ ᠦᠭᠡᠢ ᠪᠣᠯᠭᠠᠭᠰᠠᠨ ᠪᠠ ᠪᠠᠭᠤᠯᠭᠠᠵᠤ᠂ ᠠᠮᠠᠯᠠᠯᠲᠠ ᠶᠢᠨ ᠬᠤᠭᠤᠴᠠᠭ᠎ᠠ ᠶᠢ 89.1% ᠪᠠᠭᠠᠰᠬᠠᠵᠤ᠂ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠤᠷᠮ᠎ᠠ 99.8%᠂ ᠪᠦᠬᠦᠨ ᠢ ᠰᠦᠯᠵᠢᠶᠡᠨ ᠳᠡᠭᠡᠷ᠎ᠡ ᠭᠦᠢᠴᠡᠭᠡᠭᠰᠡᠨ ᠨᠤᠷᠮ᠎ᠠ 92.7% ᠪᠣᠯᠣᠨ᠎ᠠ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠰᠥᠪ  ᠤᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂  ︽ᠠᠯᠪᠠᠨ ᠤ ᠭᠤᠷᠪᠠᠨ︾ ᠵᠠᠷᠤᠳᠠᠯ ᠢ ᠴᠢᠩᠭ᠎ᠠ ᠡᠵᠡᠮᠰᠢᠵᠦ᠂ ︽ᠭᠤᠷᠪᠠ ᠶᠢ ᠪᠠᠲᠤᠯᠠᠬᠤ︾ ᠪᠠᠷᠢᠮᠵᠢᠶ᠎ᠠ ᠶᠢ ᠪᠠᠲᠤ ᠰᠠᠬᠢᠵᠤ᠂ ᠠᠷᠠᠳ ᠤᠨ ᠲᠦᠯᠦᠭᠡ ᠠᠷᠪᠢᠯᠠᠨ ᠭᠠᠮᠨᠠᠬᠤ ᠶᠢ ᠪᠡᠶᠡᠯᠡᠭᠦᠯᠦᠨ᠎ᠡ᠃      ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠤᠨ ᠠᠮᠵᠢᠯᠲᠠ ᠪᠦᠲᠦᠮᠵᠢ ᠪᠣᠯ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠬᠤᠰᠢᠭᠤᠨ ᠤ ᠨᠠᠮ ᠤᠨ ᠬᠤᠷᠢᠶ᠎ᠡ ᠪᠦᠬᠦ ᠬᠤᠰᠢᠭᠤᠨ ᠤ ᠡᠯ᠎ᠠ ᠦᠨᠳᠦᠰᠦᠲᠡᠨ ᠤ ᠠᠷᠠᠳ ᠲᠦᠮᠡᠨ ᠢᠶᠠᠨ ᠳᠠᠭᠠᠭᠤᠯᠤᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠭᠦᠮᠳᠡᠨ ᠳᠡᠮᠡᠴᠡᠭᠰᠡᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠠ ᠡᠲᠡᠭᠡᠳ ᠬᠢᠨ ᠤ ᠰᠡᠳᠬᠢᠯ ᠨᠢᠭᠡᠳᠦᠨ ᠬᠦᠴᠦᠲᠠᠢ ᠳᠡᠮᠵᠢᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢ ᠲᠦᠯᠦᠭᠡᠯᠡᠨ᠂ ᠪᠦᠬᠦ ᠬᠤᠰᠢᠭᠤᠨ ᠤ ᠡᠯ᠎ᠠ ᠦᠨᠳᠦᠰᠦᠲᠡᠨ ᠤ ᠠᠷᠠᠳ ᠲᠦᠮᠡᠨ᠂ ᠰᠢᠨ᠎ᠠ ᠪᠠᠷᠭᠤ ᠵᠡᠭᠦᠨ ᠬᠤᠰᠢᠭᠤᠨ ᠤ ᠬᠦᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠠᠶᠢᠵᠠ ᠨᠥᠬᠦᠳ ᠨᠠᠷ ᠲᠠᠭᠠᠨ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠵᠡᠷᠭᠡᠪᠡᠷ᠂ ᠪᠢᠳᠡ ᠳᠣᠣᠷᠠᠬᠢ ᠬᠡᠳᠦᠨ ᠠᠰᠠᠭᠤᠳᠠᠯ ᠪᠠᠶᠢᠬᠤ ᠶᠢ ᠲᠠᠨᠢᠵᠤ ᠣᠯᠪᠠ᠄ ᠮᠠᠨ ᠤ ᠬᠤᠰᠢᠭᠤᠨ ᠤ ᠬᠦᠭᠵᠢᠯᠲᠡ ᠲᠡᠩᠴᠡᠭᠦᠷᠢ ᠦᠭᠡᠢ ᠭᠦᠢᠴᠡᠳ ᠪᠣᠰᠤ ᠠᠰᠠᠭᠤᠳᠠᠯ ᠮᠦᠨ ᠴᠤ ᠲᠣᠪᠣᠶᠢᠮ᠎ᠠ ᠪᠠᠶᠢᠵᠤ᠂ ᠴᠢᠨᠠᠷ ᠰᠠᠶᠢᠲᠠᠢ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ  ᠳᠤ ᠮᠥᠨ ᠲᠣᠳᠠᠭᠳᠠᠯ ᠪᠠ ᠪᠠᠭᠤᠷᠠᠢ ᠲᠠᠯ᠎ᠠ ᠲᠠᠢ᠃ ᠠᠷᠠᠳ ᠣᠯᠠᠨ ᠠᠴᠠ ᠡᠮᠴᠢᠯᠡᠭᠡ᠂ ᠰᠤᠷᠭᠠᠨ ᠬᠦᠮᠦᠵᠢᠯ᠂ ᠠᠵᠢᠯ ᠣᠯᠭᠤᠯᠲᠠ᠂ ᠣᠷᠤᠯᠭ᠎ᠠ ᠶᠢᠨ ᠨᠡᠮᠡᠭᠳᠡᠯ᠂ ᠨᠠᠰᠤᠵᠢᠯ ᠤᠨ ᠠᠰᠠᠷᠠᠮᠵᠢ ᠵᠡᠷᠭᠡ ᠳᠠᠯ᠎ᠠ ᠪᠠᠷ ᠪᠠᠰᠠ ᠮᠠᠰᠢ ᠣᠯᠠᠨ ᠬᠦᠰᠡᠯ ᠱᠠᠭᠠᠷᠳᠠᠯᠭ᠎ᠠ ᠲᠠᠢ᠂ ᠵᠠᠰᠠᠭ ᠤᠨ ᠣᠷᠳᠤᠨ ᠤ ᠰᠢᠰᠲ᠋ᠧᠮ ᠠᠴᠠ ᠨᠠᠶᠢᠳᠠᠪᠤᠷᠢᠵᠢᠭᠤᠯᠤᠯᠲᠠ  ᠶᠢ ᠠᠳᠬᠤᠬᠤ ᠴᠢᠳᠠᠪᠤᠷᠢ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ᠂ ᠵᠠᠷᠢᠮ ᠺᠠᠳ᠋ᠷ ᠤᠨ ᠴᠢᠳᠠᠪᠤᠷᠢ ᠣᠪᠤᠷ ᠰᠤᠷᠳᠠᠯ ᠨᠢ ᠰᠢᠨ᠎ᠠ ᠬᠠᠨᠳᠤᠰᠢ ᠰᠢᠨ᠎ᠠ ᠡᠭᠦᠷᠭᠡ ᠶᠢᠨ ᠱᠠᠭᠠᠷᠳᠠᠯᠭ᠎ᠠ ᠳᠤ ᠵᠣᠬᠢᠴᠠᠬᠤ ᠦᠭᠡᠢ ᠪᠠᠶᠢᠬᠤ ᠵᠡᠷᠭᠡ ᠠᠰᠠᠭᠤᠳᠠᠯ ᠤᠳ ᠣᠷᠤᠰᠢᠵᠤ  ᠪᠠᠶᠢᠨ᠎ᠠ᠃ ᠪᠢᠳᠡ ᠡᠷᠬᠡᠪᠰᠢ ᠠᠷᠠᠳ ᠲᠦᠮᠡᠨ ᠳᠤ ᠳᠡᠭᠡᠳᠤ ᠬᠡᠮᠵᠢᠶ᠎ᠡ ᠪᠠᠷ ᠬᠠᠷᠢᠭᠤᠴᠠᠬᠤ ᠣᠪᠤᠷ ᠢᠶᠠᠷ ᠬᠠᠨᠳᠤᠵᠤ᠂ ᠡᠷᠴᠢᠮᠲᠡᠢ ᠠᠷᠭ᠎ᠠ ᠬᠡᠮᠵᠢᠶ᠎ᠡ ᠠᠪᠴᠤ᠂ ᠨᠠᠷᠢᠨ ᠬᠢᠨᠠᠮᠠᠭᠠᠢ ᠰᠢᠢᠳᠪᠦᠷᠢᠯᠡᠨ᠎ᠡ᠃     ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ ᠂ ᠪᠠᠰᠠ ᠴᠤ ︽ᠠᠷᠪᠠᠨ ᠳᠦᠷᠪᠡᠳᠦᠭᠡᠷ ᠳᠠᠪᠤᠨ ᠵᠢᠯ︾ ᠤᠨ ᠲᠦᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠨᠢᠭᠡ ᠵᠢᠯ ᠮᠥᠨ᠃ ᠰᠢᠨ᠎ᠠ ᠨᠢᠭᠡᠨ ᠵᠢᠯ᠂ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠦᠪᠤᠷ ᠮᠣᠩᠭᠤᠯ ᠳᠤ ᠬᠠᠨᠳᠤᠭᠤᠯᠤᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠤᠱᠯᠠᠭᠤᠯᠤᠨ᠂ ᠲᠣᠭᠳᠠᠭᠤᠨ ᠤ ᠳᠤᠮᠳᠠ ᠣᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠰᠢᠨ᠎ᠠ ᠬᠦᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠤᠪᠴᠢᠲᠠᠢ᠂ ᠪᠦᠬᠦ ᠳᠠᠯ᠎ᠠ ᠪᠠᠷ ᠲᠤᠤᠱᠯᠠᠭᠤᠯᠵᠤ᠂ ︽ᠲᠠᠪᠤᠨ ᠲᠤᠮᠤ ᠡᠭᠦᠷᠭᠡ︾ ᠶᠢ ᠴᠢᠨᠠᠷ ᠰᠠᠶᠢᠲᠠᠢ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠤᠨ︾ ᠢ ᠪᠦᠬᠦ ᠣᠷᠤᠨ ᠪᠠᠶᠢᠷᠢ ᠪᠠᠷ ᠪᠦᠲᠦᠭᠡᠨ ᠪᠠᠶᠢᠭᠤᠯᠬᠤ ᠬᠤᠶᠠᠷ ᠲᠤᠮᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠠᠮᠢ ᠠᠬᠤᠢ ᠶᠢ ᠲᠡᠷᠢᠭᠦᠨ ᠳᠤ ᠪᠠᠶᠢᠷᠢᠨ ᠳᠤ ᠲᠠᠯᠪᠢᠵᠤ᠂ ᠪᠣᠬᠢᠷᠳᠤᠯ ᠦᠭᠡᠢ ᠬᠦᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠵᠠᠮᠨᠠᠨ᠂ ᠬᠦᠭᠵᠢᠯᠲᠡ ᠪᠠ ᠠᠮᠤᠷ ᠲᠦᠪᠰᠢᠨ ᠢ ᠨᠡᠩ ᠰᠠᠶᠢᠳᠤᠷ ᠨᠢᠭᠡᠳᠦᠯᠲᠡᠢ ᠲᠦᠯᠦᠪᠵᠢᠭᠦᠯᠵᠤ᠂ ︽ᠲᠠᠪᠤᠨ ᠲᠤᠮᠤ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶᠢᠷᠡᠭᠦᠯᠦᠨ ᠪᠣᠳᠠᠳᠠᠶᠢᠵᠢᠭᠤᠯᠵᠤ᠂ ︽ᠮᠠᠯᠵᠢᠬᠤ ᠣᠷᠤᠨ ᠤ ᠬᠡᠯᠪᠡᠷᠢ ᠶᠢ ᠬᠤᠪᠢᠷᠠᠭᠤᠯᠤᠭᠰᠠᠨ ᠬᠦᠭᠵᠢᠯᠲᠡ ᠶᠢᠨ ᠵᠠᠭᠪᠤᠷ ᠬᠤᠰᠢᠭᠤ︾ ᠶᠢ ᠬᠦᠴᠦᠯᠡᠨ ᠪᠠᠶᠢᠭᠤᠯᠵᠤ᠂ ᠬᠠᠮᠳᠤ ᠶᠢᠨ ᠴᠢᠨᠡᠭᠡᠯᠢᠭᠵᠢᠯ ᠤᠨ ᠬᠠᠷᠠᠯᠲᠠ ᠲᠡᠰᠢ ᠯᠠᠪᠳᠠᠭᠤᠨ ᠣᠷᠤᠭᠰᠢᠯᠠᠨ᠂ ᠨᠡᠶᠢᠭᠡᠮ ᠵᠢᠷᠤᠮᠲᠤ ᠣᠳᠤᠬᠢᠴᠢᠯᠠᠭᠰᠠᠨ ᠤᠯᠤᠰ ᠤᠨ ᠰᠢᠨ᠎ᠠ ᠪᠠᠷᠭᠤ ᠵᠡᠭᠦᠨ ᠬᠤᠰᠢᠭᠤ ᠶᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠭᠤᠣᠯ ᠲᠦᠰᠦᠪᠯᠡᠭᠰᠡᠨ ᠬᠠᠷᠠᠯᠲᠠ ᠪᠣᠯ᠄ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 6% ᠣᠷᠴᠢᠮ ᠨᠡᠮᠡᠭᠳᠡᠭᠦᠯᠵᠦ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠯᠲᠡ ᠥᠷᠳᠡᠭ ᠢ 5% ᠠᠴᠠ ᠳᠡᠭᠡᠭᠰᠢ ᠨᠡᠮᠡᠭᠳᠡᠭᠦᠯᠦᠨ᠎ᠡ᠃ ᠲᠣᠭᠳᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠢ 18% ᠣᠷᠴᠢᠮ ᠢᠶᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠣᠷᠤᠯᠠᠭᠤᠯᠤᠭᠰᠠᠨ ᠪᠦᠬᠦ ᠲᠤᠭ᠎ᠠ ᠶᠢ ᠲᠣᠭᠳᠠᠭᠤᠨ ᠨᠡᠮᠡᠭᠳᠡᠭᠦᠯᠦᠨ᠎ᠡ᠃ ᠰᠠᠭᠤᠭᠠᠯᠢ ᠠᠷᠠᠳ ᠤᠨ ᠣᠷᠤᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠵᠡᠷᠭᠡᠴᠡᠭᠦᠯᠦᠨ᠎ᠠ᠃ ᠪᠣᠬᠢᠷᠳᠤᠯ ᠦᠭᠡᠢ ᠬᠦᠭᠵᠢᠯᠲᠡ ᠶᠢᠨ ᠵᠢᠭᠠᠯᠲᠠ ᠲᠤᠭ᠎ᠠ ᠶᠢ ᠪᠦᠬᠦ ᠳᠠᠯ᠎ᠠ ᠪᠠᠷ ᠪᠡᠶᠡᠯᠡᠭᠦᠯᠵᠦ᠂ ᠲᠡᠭᠡᠷ᠎ᠡ ᠱᠠᠲᠤᠨ ᠠᠴᠠ ᠪᠠᠭᠤᠯᠭᠠᠭᠰᠠᠨ ᠡᠨᠧᠷᠬᠢ ᠶᠢᠨ ᠬᠤᠷᠤᠭᠳᠠᠯ ᠤᠨ ᠬᠦᠴᠦᠯᠡᠴᠡ ᠪᠠ ᠪᠣᠬᠢᠷᠳᠠᠯ ᠢ ᠪᠠᠭᠠᠰᠬᠠᠬᠤ ᠡᠭᠦᠷᠭᠡ ᠶᠢ ᠪᠡᠶᠡᠯᠡᠭᠦᠯᠦᠨ᠎ᠠ᠃    ᠡᠳᠡᠭᠡᠷ ᠬᠠᠷᠠᠯᠲᠠ ᠨᠢ ᠨᠠᠮ ᠤᠨ ᠲᠦᠪ ᠬᠤᠷᠢᠶ᠎ᠡ ᠶᠢᠨ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠤᠭᠴᠠ ᠶᠢᠨ ᠰᠠᠶᠢᠵᠢᠷᠠᠯᠲᠠ ᠶᠢ ᠠᠬᠢᠭᠤᠯᠬᠤ ᠴᠢᠬᠤᠯᠠ ᠱᠠᠭᠠᠷᠳᠠᠯᠭ᠎ᠠ ᠶᠢ ᠲᠤᠤᠱᠯᠠᠭᠤᠯᠵᠤ᠂ ᠣᠷᠤᠨ ᠪᠠ ᠬᠤᠳᠠ ᠶᠢᠨ ᠱᠠᠲᠤᠨ ᠤ ᠨᠠᠮ ᠤᠨ ᠬᠤᠷᠢᠶ᠎ᠡ ᠵᠠᠰᠠᠭ ᠤᠨ ᠣᠷᠳᠤᠨ ᠤ ᠬᠦᠭᠵᠢᠯᠲᠡ ᠶᠢ ᠲᠦᠷᠭᠡᠳᠭᠡᠵᠤ᠂ ᠬᠦᠭᠵᠢᠯᠲᠡ ᠶᠢ ᠬᠦᠴᠦᠲᠠᠢ ᠠᠳᠬᠤᠬᠤ ᠪᠠᠶᠢᠯᠳᠤᠬᠤ ᠪᠣᠳᠤᠯᠭ᠎ᠠ ᠶᠢᠨ ᠤᠳᠤᠷᠢᠳᠤᠮᠵᠢ ᠳᠤ ᠨᠡᠶᠢᠴᠡᠵᠦ᠂ ᠰᠢᠨ᠎ᠠ ᠪᠠᠷᠭᠤ ᠵᠡᠭᠦᠨ ᠬᠤᠰᠢᠭᠤᠨ ᠤ ᠪᠣᠬᠢᠷᠳᠤᠯ ᠦᠭᠡᠢ ᠬᠦᠭᠵᠢᠯᠲᠡ᠂ ᠴᠢᠨᠠᠷ ᠰᠠᠶᠢᠲᠠᠢ ᠬᠦᠭᠵᠢᠯᠲᠡ ᠶᠢᠨ ᠪᠣᠳᠠᠲᠤ ᠬᠡᠷᠡᠭᠴᠡᠭᠡ ᠳᠤ ᠵᠣᠬᠢᠴᠠᠪᠠ᠃ ᠡᠳᠡᠭᠡᠷ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠡᠷᠬᠡᠪᠰᠢ ᠢᠳᠡᠭᠡᠯ ᠵᠣᠷᠢᠭ ᠢᠶᠠᠨ ᠪᠠᠲᠤᠳᠬᠠᠨ᠂ ᠠᠵᠠ ᠲᠣᠬᠢᠶᠠᠯ ᠢ ᠵᠠᠪᠳᠤᠨ ᠠᠳᠬᠤᠵᠤ ᠠᠰᠢᠭᠲᠠᠢ ᠪᠠᠶᠢᠷᠢ ᠶᠢ ᠡᠵᠡᠯᠡᠵᠤ᠂ ᠦᠷᠢᠰᠦᠯᠳᠦᠭᠡᠨ ᠤ ᠡᠮᠦᠨ᠎ᠡ ᠬᠦᠴᠢᠷ ᠢ ᠰᠦᠷᠴᠤ᠂ ᠠᠯᠤᠰ ᠢ ᠪᠠᠷᠠᠯᠠᠨ᠂ ᠳᠠᠷᠤᠭᠠᠰᠤ ᠶᠢ ᠡᠭᠦᠷᠭᠡᠯᠡᠵᠦ᠂ ᠦᠰᠦᠷᠭᠢᠯᠡᠨ ᠤᠷᠤᠭᠰᠢᠯᠠᠵᠤ᠂ ᠠᠷᠭ᠎ᠠ ᠪᠦᠬᠦᠨ ᠢ ᠰᠦᠪᠡᠭᠴᠢᠯᠡᠵᠤ᠂ ᠶᠡᠷᠦᠩᠬᠡᠢ ᠬᠡᠮᠵᠢᠶ᠎ᠡ ᠪᠠᠨ ᠶᠡᠬᠡᠰᠭᠡᠨ᠂ ᠰᠠᠭᠤᠷᠢ ᠪᠠᠨ ᠪᠠᠲᠤᠳᠬᠠᠵᠤ᠂ ︽ᠲᠠᠪᠤᠨ ᠲᠤᠰᠬᠠᠢ ᠠᠵᠢᠯᠯᠠᠭ᠎ᠠ︾ ᠢ ᠪᠣᠳᠠᠲᠠᠢ ᠬᠡᠷᠡᠭᠵᠢᠭᠦᠯᠵᠤ᠂ ᠳᠠᠪᠠᠭᠤᠯᠢᠭ ᠬᠦᠴᠦᠨ ᠢᠶᠠᠨ ᠲᠦᠪᠯᠡᠷᠡᠭᠦᠯᠦᠨ᠂ ᠡᠯ᠎ᠠ ᠲᠦᠷᠦᠯ  ᠤᠨ ᠡᠯᠧᠮᠧᠨ᠋ᠲ ᠶᠢ ᠨᠢᠭᠡᠳᠬᠡᠵᠦ᠂ ᠲᠣᠭᠳᠠᠭᠰᠠᠨ ᠴᠢᠭᠯᠡᠯ ᠲᠠᠢ᠂ ᠲᠤᠭᠲᠠᠭᠰᠠᠨ ᠴᠡᠭ ᠲᠠᠢ᠂ ᠲᠣᠭᠲᠠᠭᠰᠠᠨ ᠬᠤᠭᠤᠴᠠᠭ᠎ᠠ ᠲᠠᠢ ᠰᠢᠪᠲᠤᠯᠤᠯᠲᠠ ᠬᠢᠨ᠎ᠡ᠃ ᠨᠢᠭᠡ ᠳᠤ ᠣᠳᠤᠬᠢᠴᠢᠯᠠᠭᠰᠠᠨ ᠠᠵᠤ ᠠᠬᠤᠢ ᠶᠢᠨ ᠰᠢᠰᠲ᠋ᠧᠮ ᠪᠠᠶᠢᠭᠤᠯᠬᠤ ᠲᠣᠭᠤᠷᠢᠨ ᠳᠤ᠂ ︽ᠳᠦᠷᠪᠡᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠪᠣᠶᠢᠵᠢᠭᠤᠯᠬᠤ ᠠᠵᠢᠯᠯᠠᠭ᠎ᠠ︾ ᠶᠢ ᠥᠷᠨᠢᠭᠦᠯᠵᠦ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠤ᠂ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠵᠣᠬᠢᠴᠠᠩᠭᠤᠢ ᠬᠦᠭᠵᠢᠯᠲᠡ ᠶᠢ ᠠᠬᠢᠭᠤᠯᠤᠨ᠂ ᠡᠨᠡ ᠵᠢᠯ ᠣᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠳᠡᠭ ᠢ 30 ᠳ᠋ᠦᠩᠰᠢᠭᠤᠷ ᠲᠦᠭᠦᠷᠢᠭ ᠠᠴᠠ ᠳᠠᠪᠠᠭᠤᠯᠵᠤ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠪᠦᠬᠦ ᠬᠤᠳᠠ ᠶᠢᠨ ᠡᠮᠦᠨ᠎ᠡ ᠡᠩᠨᠡᠭᠡ ᠳᠤ ᠣᠷᠣᠭᠤᠯᠤᠨ᠎ᠠ᠃ ᠬᠤᠶᠠᠷ ᠲᠤ ᠤᠮᠠᠷᠠᠰᠢ ᠴᠢᠯᠦᠭᠡᠲᠡᠢ ᠶᠠᠪᠤᠯᠴᠠᠬᠤ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠣᠭᠤᠷᠢᠨ ᠳᠤ᠂ ︽ᠪᠣᠭᠤᠮᠳᠠ ᠶᠢᠨ ᠬᠦᠭᠵᠢᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ︾ ᠥᠷᠨᠢᠭᠦᠯᠵᠦ᠂ ᠡᠨᠡ ᠵᠢᠯ ᠭᠠᠳᠠᠭᠠᠳᠤ ᠠᠴᠠ ᠣᠷᠣᠭᠤᠯᠵᠤ ᠭᠠᠷᠭᠠᠬᠤ ᠶᠡᠷᠦᠩᠬᠡᠢ ᠬᠡᠮᠵᠢᠶ᠎ᠡ ᠶᠢ ᠳᠦᠷᠪᠡᠨ ᠳᠠᠬᠢᠨ ᠨᠡᠮᠡᠭᠳᠡᠭᠦᠯᠵᠤ᠂ 200 ᠲᠦᠮᠡᠨ ᠲᠣᠨ ᠳᠤ ᠬᠦᠷᠭᠡᠬᠦ ᠪᠠᠷ ᠬᠦᠴᠦᠯᠡᠨ ᠴᠢᠷᠮᠠᠶᠢᠨ᠎ᠠ᠃ ᠭᠤᠷᠪᠠ ᠳᠤ ᠥᠪᠡᠷᠲᠡᠭᠡᠨ ᠵᠠᠰᠠᠬᠤ ᠣᠷᠤᠨ ᠤ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠲᠦᠯᠬᠢᠨ ᠠᠬᠢᠭᠤᠯᠬᠤ ᠲᠦᠷᠦ ᠶᠢᠨ ᠪᠣᠳᠤᠯᠭ᠎ᠠ ᠶᠢᠨ ᠠᠵᠠ ᠲᠣᠬᠢᠶᠠᠯ ᠢ ᠠᠳᠬᠤᠬᠤ ᠲᠣᠭᠤᠷᠢᠨ ᠳᠤ᠂ ︽ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠠᠵᠢᠯᠯᠠᠭ᠎ᠠ︾ ᠥᠷᠨᠢᠭᠦᠯᠵᠦ᠂ ᠠᠮᠢ ᠠᠬᠤᠢ ᠰᠢᠯᠢᠳᠡᠭ᠂ ᠠᠵᠤ ᠦᠢᠯᠡᠰ ᠦᠷᠨᠢᠩᠭᠦᠢ᠂ ᠲᠦᠷᠦᠯ ᠲᠡᠮᠳᠡᠭ ᠨᠡᠷᠡᠲᠡᠢ᠂ ᠮᠠᠯᠴᠢᠳ ᠴᠢᠨᠡᠭᠡᠯᠢᠭ ᠣᠳᠤᠬᠢᠴᠢᠯᠠᠭᠰᠠᠨ ᠮᠠᠯ ᠠᠵᠤ ᠠᠬᠤᠢ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠡᠨᠡ ᠵᠢᠯ ᠨᠠᠭᠠᠳᠤ ᠵᠠᠬ᠎ᠠ ᠳᠠᠭᠠᠨ 2 ᠲᠦᠷᠦᠯ ᠤᠨ ᠥᠪᠡᠷᠲᠡᠭᠡᠨ ᠵᠠᠰᠠᠬᠤ ᠣᠷᠤᠨ ᠤ ᠳᠡᠰ ᠤᠨ ᠡᠭᠦᠷᠭᠡ ᠶᠢ ᠳᠠᠭᠠᠭᠠᠴᠢᠯᠠᠨ᠎ᠠ᠃ ᠳᠥᠷᠪᠡ ᠲᠤ ᠪᠦᠬᠦ ᠣᠷᠤᠨ ᠪᠦᠰᠡ ᠶᠢᠨ ᠪᠦᠬᠦ ᠤᠯᠠᠷᠢᠯ ᠤᠨ ᠪᠦᠬᠦ ᠠᠵᠢᠯ ᠲᠥᠷᠥᠯ  ᠤᠨ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠬᠤ ᠲᠣᠭᠤᠷᠢᠨ ᠳᠤ᠂ ︽ᠰᠣᠶᠤᠯ ᠵᠢᠭᠤᠯᠴᠢᠯᠠᠯ ᠤᠨ ᠬᠦᠭᠵᠢᠯᠲᠡ ᠶᠢᠨ ᠳᠡᠰ ᠳᠡᠪᠰᠢᠭᠦᠯᠬᠦ ᠠᠵᠢᠯᠯᠠᠭ᠎ᠠ︾ ᠥᠷᠨᠢᠭᠦᠯᠵᠦ᠂ ᠰᠣᠶᠤᠯ ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠠᠭᠤᠯᠭ᠎ᠠ ᠶᠢ ᠥᠷᠭᠡᠳᠬᠡᠬᠦ᠂ ᠰᠢᠨ᠎ᠡ ᠶᠢ ᠡᠭᠦᠳᠦᠨ ᠪᠠᠶᠢᠭᠤᠯᠤᠯᠲᠠ ᠶᠢ ᠠᠬᠢᠭᠤᠯᠬᠤ ᠨᠡᠷᠡᠲᠦ ᠲᠦᠷᠦᠯ ᠲᠡᠮᠳᠡᠭ ᠢᠶᠠᠷ ᠵᠢᠱᠢᠶ᠎ᠡ ᠦᠵᠡᠭᠦᠯᠬᠦ ᠶᠢ ᠠᠬᠢᠭᠤᠯᠵᠤ᠂ ᠡᠨᠡ ᠵᠢᠯ ᠤᠨ ᠵᠣᠭᠠᠴᠠᠭᠰᠠᠳ ᠤᠨ ᠲᠤᠭ᠎ᠠ ᠪᠠ ᠵᠢᠭᠤᠯᠴᠢᠯᠠᠯ ᠤᠨ ᠣᠷᠤᠯᠭ᠎ᠠ ᠶᠢ ᠦᠰᠦᠷᠦᠯᠲᠡ ᠶᠢᠨ ᠴᠢᠨᠠᠷᠲᠠᠢ ᠨᠡᠮᠡᠭᠳᠡᠭᠦᠯᠦᠨ᠎ᠡ᠃ ᠲᠠᠪᠤ ᠳᠤ ᠠᠮᠢ ᠠᠬᠤᠢ ᠶᠢᠨ ᠠᠵᠤ ᠦᠢᠯᠡᠰᠵᠢᠯᠲᠡ ᠬᠦᠭᠵᠢᠯᠲᠡ ᠶᠢᠨ ᠠᠷᠭ᠎ᠠ ᠵᠠᠮ ᠢ ᠰᠦᠪᠡᠭᠴᠢᠯᠡᠬᠦ ᠲᠣᠭᠤᠷᠢᠨ ᠳᠤ᠂ ︽ᠨᠡᠭᠦᠷᠡᠰᠦᠳᠦ᠋ᠷᠦᠭᠴᠢ ᠶᠢᠨ ᠲᠤᠩᠭᠠᠯᠲᠠ ᠶᠢᠨ ᠠᠵᠤ ᠠᠬᠤᠢ ᠶᠢᠨ ᠬᠦᠴᠢᠷ ᠢ ᠳᠤᠭᠤᠯᠬᠤ ᠠᠵᠢᠯᠯᠠᠭ᠎ᠠ︾ ᠶᠢ ᠥᠷᠨᠢᠭᠦᠯᠵᠦ᠂ ᠭᠤᠷᠪᠠᠨ ᠵᠢᠯ ᠤᠨ ᠬᠤᠭᠤᠴᠠᠭ᠎ᠠ ᠬᠡᠷᠡᠭᠰᠡᠵᠤ᠂ ᠣᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ ᠤᠨ ᠨᠡᠭᠦᠷᠡᠰᠦᠳᠦ᠋ᠷᠦᠭᠴᠢ ᠶᠢᠨ ᠲᠤᠩᠭᠠᠯᠲᠠ ᠳᠤ ᠠᠰᠢᠭᠲᠠᠢ ᠪᠦᠲᠦᠭᠡᠭᠳᠡᠭᠦᠨ ᠤ ᠨᠡᠭᠡᠭᠡᠯᠲᠡ ᠶᠢ ᠠᠬᠢᠭᠤᠯᠵᠤ᠂ ᠬᠦᠯᠦᠨ ᠪᠣᠶᠢᠷ ᠤᠨ ᠠᠮᠢ ᠠᠬᠤᠢ ᠶᠢᠨ ᠪᠦᠲᠦᠭᠡᠭᠳᠡᠬᠦᠨ ᠤ ᠥᠷᠳᠡᠭ ᠢ ᠪᠡᠶᠡᠯᠡᠭᠦᠯᠬᠦ ᠲᠣᠭᠳᠠᠴᠠ ᠶᠢᠨ ᠲᠤᠷᠰᠢᠯᠲᠠ ᠶᠢᠨ ᠴᠡᠭ ᠤᠨ ᠳᠤᠮᠳᠠ ᠲᠦᠷᠦᠭᠦᠨ ᠳᠤ ᠶᠠᠪᠤᠵᠤ᠂ ᠬᠤᠪᠢ ᠨᠠᠮᠡᠷᠢ ᠦᠵᠡᠭᠦᠯᠦᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠳᠣᠣᠷᠠᠬᠢ ᠵᠢᠷᠭᠤᠭᠠᠨ ᠳᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄︵ᠨᠢᠭᠡ︶ ᠬᠦᠭᠵᠢᠯᠲᠡ ᠶᠢᠨ ᠪᠠᠶᠢᠭᠤᠯᠤᠯᠲᠠ ᠶᠢ ᠬᠦᠴᠦᠲᠠᠢ ᠠᠳᠬᠤᠨ᠂ ︽ᠰᠠᠶᠢᠨ ᠢᠶᠠᠷ ᠡᠬᠢᠯᠡᠵᠦ᠂ ᠪᠦᠬᠦ ᠵᠢᠯ ᠢᠶᠠᠷ ᠢᠶᠠᠨ ᠤᠷᠤᠭᠰᠢᠯᠠᠬᠤ︾ ᠶᠢ ᠪᠡᠶᠡᠯᠡᠭᠦᠯᠬᠦ  ᠪᠠᠷ ᠴᠢᠷᠮᠠᠶᠢᠨ᠎ᠠ᠃ ︽ᠲᠦᠷᠦᠯ ᠵᠦᠢᠯ ᠢᠶᠠᠷ ᠭᠤᠣᠯ ᠪᠣᠯᠭᠠᠵᠤ᠂ ᠠᠷᠠᠯᠵᠢᠶᠠᠴᠢᠨ ᠣᠷᠢᠬᠤ ᠪᠠᠷ ᠴᠢᠬᠤᠯᠠ ᠪᠣᠯᠭᠠᠬᠤ︾ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠯᠤᠰ ᠬᠡᠳᠦ ᠶᠢᠨ ᠬᠠᠷᠠᠭᠠᠰᠤ ᠪᠠᠷ ᠠᠷᠭ᠎ᠠ ᠠᠪᠴᠠᠯ ᠰᠤᠪᠢᠨ ᠲᠦᠷᠦᠯ ᠵᠦᠢᠯ ᠰᠡᠳᠦᠵᠤ᠂ ᠲᠦᠷᠦᠯ ᠵᠦᠢᠯ ᠢ ᠲᠡᠮᠡᠴᠡᠨ ᠣᠯᠵᠤ᠂ ᠲᠦᠷᠦᠯ ᠵᠦᠢᠯ ᠤᠨ ᠪᠠᠶᠢᠭᠤᠯᠤᠯᠲᠠ ᠬᠢᠵᠤ᠂ ᠲᠦᠷᠦᠯ ᠵᠦᠢᠯ ᠤᠨ ︽ᠪᠦᠲᠦᠮᠵᠢ︾ ᠪᠠᠷ ᠬᠦᠭᠵᠢᠯᠲᠡ ᠶᠢᠨ ︽ᠲᠣᠭᠳᠠᠭᠤᠨ︾ ᠢ ᠪᠠᠲᠤᠵᠢᠭᠤᠯᠤᠨ᠎ᠠ᠃— — ᠲᠦᠷᠦᠯ ᠵᠦᠢᠯ ᠢ ᠪᠦᠬᠦ ᠬᠦᠴᠦᠨ ᠢᠶᠠᠷ ᠠᠳᠬᠤᠨ᠎ᠠ᠃ ᠭᠤᠣᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠲᠠ ᠪᠠᠷ ᠠᠵᠤ ᠠᠬᠤᠢ ᠶᠢᠨ ᠠᠵᠢᠯ ᠤᠨ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ᠂ ᠲᠡᠮᠡᠴᠡᠯ ᠤᠨ ᠲᠦᠯᠦᠪ ᠪᠠᠶᠢᠳᠠᠯ ᠢᠶᠠᠷ ᠴᠠᠭ ᠢ ᠵᠠᠪᠳᠤᠵᠤ᠂ ᠪᠡᠯᠡ ᠮᠦᠩᠭᠦ ᠭᠤᠶᠤᠴᠢᠯᠠᠵᠤ᠂ ᠲᠦᠷᠦ ᠶᠢᠨ ᠪᠣᠳᠤᠯᠭ᠎ᠠ  ᠶᠢ ᠲᠡᠮᠡᠴᠡᠨ ᠣᠯᠤᠨ᠎ᠠ᠃ ᠲᠦᠷᠦᠯ ᠵᠦᠢᠯ ᠤᠨ ᠬᠦᠳᠡᠯᠦᠩᠭᠦᠢ ᠨᠦᠭᠡᠴᠡᠯᠡᠯᠲᠡ ᠶᠢᠨ ᠬᠦᠮᠦᠷᠭᠡ ᠪᠠᠶᠢᠭᠤᠯᠤᠨ᠂ ᠠᠵᠤ ᠦᠢᠯᠡᠰ ᠤᠨ ᠬᠦᠭᠵᠢᠯᠲᠡ᠂ ᠰᠠᠭᠤᠷᠢ ᠲᠦᠬᠦᠬᠡᠷᠦᠮᠵᠢ᠂ ᠮᠡᠷᠭᠡᠵᠢᠯ ᠤᠨ ᠦᠭᠡᠷᠡᠴᠢᠯᠡᠯᠲᠡ᠂ ᠨᠥᠬᠦᠪᠦᠷᠢ᠂ ᠬᠦᠴᠦᠷᠭᠡᠭᠵᠢᠯ ᠤᠨ ᠬᠤᠯᠪᠤᠭᠠᠰᠤ ᠶᠢ ᠣᠷᠳᠤᠳᠬᠠᠬᠤ ᠵᠡᠷᠭᠡ ᠳᠠᠯ᠎ᠠ ᠶᠢᠨ ᠲᠣᠭᠤᠷᠢᠨ ᠳᠤ᠂ ᠳᠡᠭᠡᠷ᠎ᠡ ᠱᠠᠲᠤᠨ ᠠᠴᠠ ᠨᠢᠭᠡ ᠪᠦᠯᠦᠭ ᠪᠠᠭᠤᠷᠠᠢ ᠶᠢ ᠬᠦᠴᠦᠷᠭᠡᠭᠵᠢᠭᠦᠯᠬᠦ ᠲᠦᠷᠦᠯ ᠵᠦᠢᠯ᠂ ᠳᠠᠪᠠᠭᠤᠯᠢᠭ ᠢ ᠪᠠᠳᠠᠷᠠᠭᠤᠯᠬᠤ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠭᠤᠶᠤᠴᠢᠯᠠᠨ᠎ᠠ᠃ ᠲᠤᠰ ᠵᠢᠯ ᠳᠡᠭᠡᠨ᠂ 500 ᠲᠦᠮᠡᠨ ᠲᠦᠭᠦᠷᠢᠭ ᠠᠴᠠ ᠳᠡᠭᠡᠭᠰᠢᠬᠢ 36 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ  ᠪᠠᠷ ᠵᠢᠱᠢᠨ᠂ ᠶᠡᠷᠦᠩᠬᠡᠢ ᠪᠡᠯᠡ ᠣᠷᠤᠭᠤᠯᠤᠯᠲᠠ 18.05 ᠳ᠋ᠦᠩᠰᠢᠭᠤᠷ ᠲᠦᠭᠦᠷᠢᠭ ᠲᠤ ᠬᠦᠷᠭᠦ ᠪᠣᠯᠤᠨ᠎ᠠ᠃ ᠡᠭᠦᠨ ᠳᠤ᠂ 5000 ᠲᠦᠮᠡᠨ ᠲᠦᠭᠦᠷᠢᠭ ᠠᠴᠠ ᠳᠡᠭᠡᠭᠰᠢᠬᠢ ᠬᠤᠳᠠ ᠶᠢᠨ ᠳᠡᠰ ᠤᠨ ᠭᠤᠣᠯᠳᠠᠯᠭ᠎ᠠ ᠲᠠᠢ ᠲᠦᠷᠦᠯ ᠵᠦᠢᠯ 10 ᠪᠠᠶᠢᠵᠤ᠂ ᠶᠡᠷᠦᠩᠬᠡᠢ ᠪᠡᠯᠡ ᠣᠷᠤᠭᠤᠯᠤᠯᠲᠠ ᠨᠢ 9.01 ᠳ᠋ᠦᠩᠰᠢᠭᠤᠷ ᠲᠦᠭᠦᠷᠢᠭ  ᠲᠤ ᠬᠦᠷᠴᠦ᠂ ᠲᠦᠷᠦᠯ ᠵᠦᠢᠯ ᠤᠨ ᠲᠤᠭ᠎ᠠ ᠪᠠ ᠪᠡᠯᠡ ᠣᠷᠤᠭᠤᠯᠤᠯᠲᠠ ᠳᠠᠬᠢᠨ ᠢᠶᠠᠷ ᠦᠰᠬᠦ ᠪᠣᠯᠤᠨ᠎ᠠ᠃ ᠲᠦᠷᠦᠯ ᠵᠦᠢᠯ ᠤᠨ ᠪᠠᠶᠢᠭᠤᠯᠤᠯᠲᠠ ᠶᠢ ᠬᠦᠴᠦᠲᠠᠢ ᠠᠳᠬᠤᠬᠤ ᠲᠠᠯ᠎ᠠ ᠪᠠᠷ ᠦᠷᠭᠦᠯᠵᠢᠯᠡᠨ ᠬᠦᠴᠦᠯᠡᠵᠤ᠂ ᠭᠤᠣᠯᠳᠠᠯᠭ᠎ᠠ ᠲᠠᠢ ᠲᠦᠷᠦᠯ ᠵᠦᠢᠯ ᠢ ᠠᠬᠢᠭᠤᠯᠬᠤ ᠲᠣᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠲᠥᠷᠥᠯ ᠵᠦᠢᠯ ᠤᠨ ᠠᠵᠢᠯ ᠢᠶᠠᠨ ᠡᠬᠢᠯᠡᠭᠦᠯᠬᠦ ᠨᠤᠷᠮ᠎ᠠ ᠶᠢ ᠴᠢᠩᠭ᠎ᠠ ᠪᠣᠳᠠᠲᠠᠢ ᠠᠳᠬᠤᠵᠤ᠂ ᠡᠨᠡ ᠵᠢᠯ 5 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠳᠠᠪᠠᠭ᠋ᠤ  ᠪᠠᠷ ᠴᠢᠷᠮᠠᠶᠢᠨ᠎ᠠ᠃    — — ᠠᠷᠠᠯᠵᠢᠶᠠᠴᠢᠨ ᠣᠷᠢᠬᠤ ᠠᠵᠢᠯ ᠳᠤ ᠣᠨᠤᠪᠴᠢᠲᠠᠢ ᠬᠦᠴᠦᠯᠡᠨ᠎ᠠ᠃ ᠠᠷᠠᠯᠵᠢᠶᠠᠴᠢᠨ ᠣᠷᠢᠵᠤ ᠪᠡᠯᠡ ᠳᠠᠳᠠᠬᠤ ᠪᠠᠷ ᠪᠡᠯᠡ ᠣᠷᠤᠭᠤᠯᠤᠯᠲᠠ ᠶᠢ ᠨᠡᠮᠡᠭᠳᠡᠭᠦᠯᠬᠦ᠂ ᠨᠡᠮᠡᠭᠳᠡᠯ ᠢ ᠲᠣᠭᠳᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ ᠵᠠᠩᠭᠢᠯᠠᠭ᠎ᠠ ᠶᠢᠨ ᠠᠷᠭ᠎ᠠ ᠠᠪᠴᠠᠯ ᠪᠣᠯᠭᠠᠨ᠂ ᠤᠯᠤᠰ ᠪᠠ ᠥᠪᠡᠷᠲᠡᠭᠡᠨ ᠵᠠᠰᠠᠬᠤ ᠣᠷᠤᠨ ᠤ ᠲᠦᠷᠦ ᠶᠢᠨ ᠪᠣᠳᠤᠯᠭ᠎ᠠ ᠶᠢᠨ ᠵᠢᠯᠤᠭᠤᠳᠤᠮᠵᠢ ᠶᠢ ᠨᠢᠭᠳᠠ ᠠᠩᠬᠠᠷᠴᠤ᠂ ᠳᠠᠷᠢᠶᠠᠯᠠᠩ ᠮᠠᠯ ᠠᠵᠤ ᠠᠬᠤᠢ᠂ ᠰᠣᠶᠤᠯ ᠵᠢᠭᠤᠯᠴᠢᠯᠠᠯ᠂ ᠪᠣᠭᠤᠮᠳᠠ ᠶᠢᠨ ᠠᠵᠤ ᠠᠬᠤᠢ᠂ ᠠᠮᠢ ᠠᠬᠤᠢ ᠪᠡᠶ᠎ᠡ ᠰᠤᠪᠢᠯᠠᠯᠲᠠ᠂ ᠰᠢᠨ᠎ᠠ ᠡᠨᠧᠷᠬᠢ ᠵᠡᠷᠭᠡ ᠭᠤᠣᠯᠳᠠᠯᠭ᠎ᠠ ᠲᠠᠢ ᠬᠦᠷᠢᠶ᠎ᠡ ᠪᠠ ᠰᠢᠨ᠎ᠠ ᠪᠠᠷ ᠬᠦᠭᠵᠢᠭᠰᠡᠨ ᠠᠵᠤ ᠦᠢᠯᠡᠰ ᠤᠨ ᠲᠣᠭᠤᠷᠢᠨ ᠳᠤ᠂ ᠣᠨᠤᠪᠴᠢᠲᠠᠢ ᠠᠷᠠᠯᠵᠢᠶᠠᠴᠢᠨ ᠣᠷᠢᠵᠤ᠂ ᠲᠣᠭᠳᠠᠭᠰᠠᠨ ᠴᠢᠭᠯᠡᠯ ᠢᠶᠠᠷ ᠠᠷᠠᠯᠵᠢᠶᠠᠴᠢᠨ ᠣᠷᠢᠨ᠂ ᠠᠷᠠᠯᠵᠢᠶᠠᠴᠢᠨ ᠣᠷᠢᠬᠤ ᠪᠠᠷ ᠦᠷᠢᠰᠦᠯᠳᠦᠵᠤ᠂ ᠠᠷᠠᠯᠵᠢᠶᠠᠴᠢᠨ ᠣᠷᠢᠵᠤ ᠪᠡᠯᠡ ᠳᠠᠳᠠᠭᠰᠠᠨ ᠤᠯᠤᠰ ᠤᠨ ᠲᠤᠳᠤᠭᠠᠳᠤ ᠶᠢᠨ ᠨᠠᠶᠢᠳᠠᠪᠤᠷᠢᠵᠢᠭᠳᠠᠬᠤ ᠪᠡᠯᠡ ᠮᠦᠩᠭᠦ ᠶᠢ 5 ᠳ᠋ᠦᠩᠰᠢᠭᠤᠷ ᠲᠦᠭᠦᠷᠢᠭ ᠲᠤ ᠬᠦᠷᠭᠡᠬᠦ ᠪᠠᠷ ᠴᠢᠷᠮᠠᠶᠢᠨ᠂ ᠪᠣᠳᠠᠲᠠᠢ ᠬᠡᠷᠡᠭᠯᠡᠬᠦ ᠭᠠᠳᠠᠭᠠᠳᠤ ᠪᠡᠯᠡ ᠶᠢ 3000 ᠲᠦᠮᠡᠨ ᠲᠦᠭᠦᠷᠢᠭ ᠲᠤ ᠬᠦᠷᠭᠡᠨ᠎ᠠ᠃ ᠲᠤᠰᠬᠠᠶᠢᠵᠢᠭᠰᠠᠨ ᠪᠦᠯᠭᠦᠮ ᠪᠠ ᠪᠡᠯᠡ ᠣᠷᠤᠭᠤᠯᠤᠯᠲᠠ ᠪᠡᠯᠡ ᠨᠡᠶᠢᠯᠡᠭᠦᠯᠬᠦ ᠲᠠᠪᠴᠠᠩ ᠪᠠᠶᠢᠭᠤᠯᠵᠤ᠂ ︽ᠣᠷᠤᠨ ᠠᠯᠤᠰᠯᠠᠨ︾ ᠠᠷᠠᠯᠵᠢᠶᠠᠴᠢᠨ ᠣᠷᠢᠬᠤ᠂ ︽ᠪᠦᠲᠦᠨ ᠬᠡᠯᠬᠢᠶᠡᠵᠢᠯ︾ ᠢᠶᠠᠷ ᠠᠷᠠᠯᠵᠢᠶᠠᠴᠢᠨ ᠣᠷᠢᠬᠤ᠂ ᠠᠷᠠᠯᠵᠢᠶ᠎ᠠ ᠪᠠᠷ ᠠᠷᠠᠯᠵᠢᠶᠠᠴᠢᠨ ᠣᠷᠢᠬᠤ ᠵᠡᠷᠭᠡ ᠬᠡᠯᠪᠡᠷᠢ ᠶᠢ ᠳᠡᠯᠭᠡᠷᠡᠭᠦᠯᠦᠨ᠂ ᠠᠷᠭ᠎ᠠ ᠪᠦᠬᠦᠨ ᠢ ᠰᠦᠪᠡᠭᠴᠢᠯᠡᠵᠤ᠂ ᠲᠦᠷᠦᠯ ᠵᠦᠢᠯ ᠤᠨ ᠪᠠᠶᠢᠷᠢᠰᠢᠭᠤᠯᠤᠯᠲᠠ᠂ ᠠᠵᠤ ᠦᠢᠯᠡᠰ ᠤᠨ ᠢᠵᠢ ᠪᠦᠷᠢᠳᠦᠭᠦᠯᠦᠯ᠂ ᠠᠨᠢᠰᠤ ᠶᠢᠨ ᠪᠠᠲᠤᠯᠠᠪᠤᠷᠢ ᠵᠡᠷᠭᠡ ᠳᠠᠪᠠᠭᠤᠯᠢᠭ ᠢ ᠲᠦᠪᠯᠡᠷᠡᠭᠦᠯᠦᠨ᠂ ᠨᠡᠩ ᠠᠷᠪᠢᠨ ᠰᠢᠯᠢᠳᠡᠭ ᠠᠵᠤ ᠠᠬᠤᠶᠢᠯᠠᠯ᠂ ᠰᠢᠯᠢᠳᠡᠭ ᠲᠦᠷᠦᠯ ᠵᠦᠢᠯ ᠢ ᠨᠤᠲᠤᠭᠰᠢᠭᠤᠯᠤᠨ᠎ᠠ᠃     — — ᠪᠦᠬᠦ ᠬᠦᠴᠦᠨ ᠢᠶᠠᠷ ᠣᠷᠴᠢᠯ ᠨᠥᠬᠦᠴᠡᠯ ᠢ ᠰᠢᠯᠢᠳᠡᠭᠵᠢᠭᠦᠯᠦᠨ᠎ᠠ᠃ ᠲᠦᠷᠦᠯ ᠵᠦᠢᠯ ᠨᠤᠲᠤᠭᠰᠢᠭᠤᠯᠬᠤ ᠦᠢᠯᠡᠴᠢᠯᠡᠭᠡ ᠶᠢ ᠦᠷᠭᠦᠯᠵᠢᠯᠡᠨ ᠴᠢᠩᠭᠠᠷᠠᠭᠤᠯᠵᠤ᠂ ︽ᠲᠦᠷᠦᠯ ᠵᠦᠢᠯ ᠤᠨ ᠬᠠᠮᠢᠶᠠᠷᠤᠭᠴᠢ︾ ᠶᠢᠨ ᠦᠢᠯᠡᠴᠢᠯᠡᠭᠡ ᠶᠢᠨ ᠲᠣᠭᠳᠠᠴᠠ ᠶᠢ ᠠᠯᠬᠤᠮ ᠴᠢᠨᠠᠭᠰᠢᠳᠡ ᠰᠢᠯᠢᠳᠡᠭᠵᠢᠭᠦᠯᠦᠨ᠂ ᠪᠦᠬᠦ ᠦᠶᠡᠯᠡᠯ  ᠤᠨ ᠬᠤᠭᠤᠴᠠᠭ᠎ᠠ᠂ ᠪᠦᠬᠦ ᠡᠯᠧᠮᠧᠨ᠋ᠲ ᠪᠠᠷ ᠲᠦᠷᠦᠯ ᠵᠦᠢᠯ ᠤᠨ ᠪᠠᠶᠢᠭᠤᠯᠤᠯᠲᠠ ᠳᠤ ᠦᠢᠯᠡᠴᠢᠯᠡᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠳᠦᠭᠦᠮ ᠬᠢᠨᠠᠨ ᠵᠦᠪᠰᠢᠶᠡᠷᠡᠯ᠂ ᠣᠶᠤᠨᠴᠢ ᠬᠢᠨᠠᠨ ᠵᠦᠪᠰᠢᠶᠡᠷᠡᠯ᠂ ᠲᠦᠪᠯᠷᠡᠩᠭᠦᠢ ᠬᠢᠨᠠᠨ ᠵᠦᠪᠰᠢᠶᠡᠷᠡᠯ ᠢ ᠶᠡᠬᠡᠪᠡᠷ ᠳᠡᠯᠭᠡᠷᠡᠭᠦᠯᠦᠨ᠂ ︽ᠵᠦᠪᠰᠢᠶᠡᠷᠡᠮᠡᠭᠴᠡ ᠠᠵᠢᠯ ᠡᠬᠢᠯᠡᠬᠦᠯᠬᠦ︾ ︽ᠭᠠᠷᠳᠠᠮ ᠲᠣᠳᠠᠭᠤ ᠰᠢᠢᠳᠪᠦᠷᠢᠯᠡᠬᠦ ᠳᠦᠷᠢᠮ︾ ︽ᠨᠢᠭᠡ ᠤᠳᠠᠭ᠎ᠠ ᠠᠴᠠ ᠬᠡᠳᠦᠷᠡᠭᠦᠯᠬᠦ ᠦᠭᠡᠢ︾ ᠵᠡᠷᠭᠡ ᠠᠷᠭ᠎ᠠ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠵᠤ᠂ ᠵᠠᠰᠠᠭ ᠤᠨ ᠠᠵᠢᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠳᠦᠷᠢᠮᠵᠢᠯᠲᠡ᠂ ᠳᠦᠭᠦᠮᠴᠢᠯᠡᠯᠲᠡ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠬᠢᠨ ᠳᠤ ᠳᠦᠭᠦᠮ ᠪᠦᠭᠡᠳ ᠦᠨᠳᠦᠷ ᠪᠦᠳᠦᠮᠵᠢᠳᠡᠢ ᠰᠡᠳᠬᠢᠭᠳᠡᠯ ᠣᠯᠭᠤᠨ᠎ᠠ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠤᠨ ᠬᠢᠨᠠᠨ ᠬᠠᠮᠢᠶᠠᠷᠤᠯᠲᠠ ᠶᠢ ᠠᠬᠢᠭᠤᠯᠵᠤ᠂ ᠠᠵᠤ ᠠᠬᠤᠶᠢᠯᠠᠯ ᠤᠨ ᠳᠦᠷᠢᠮ ᠶᠣᠰᠤᠭᠠᠷ ᠲᠣᠬᠢᠷᠠᠭᠤᠯᠤᠨ ᠬᠡᠷᠡᠭᠯᠡᠬᠦ ᠬᠡᠪᠴᠢᠶ᠎ᠡ ᠪᠠ ᠪᠦᠷᠭᠦᠴᠡ ᠶᠢᠨ ᠨᠤᠷᠮ᠎ᠠ ᠶᠢ ᠳᠡᠭᠡᠭᠰᠢᠯᠡᠭᠦᠯᠦᠨ᠂ ᠠᠭᠤᠳᠠᠮᠴᠢ ᠪᠣᠯᠭᠤᠮᠵᠢᠲᠠᠢ ᠬᠢᠨᠠᠨ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢᠨ ᠠᠷᠭ᠎ᠠ ᠬᠡᠯᠪᠡᠷᠢ ᠶᠢ ᠰᠦᠪᠡᠭᠴᠢᠯᠡᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠲᠤᠷᠭᠠᠬᠤ ᠦᠭᠡᠢ᠂ ᠲᠤᠷᠭᠠᠭᠤᠯᠢ ᠶᠢ ᠬᠦᠩᠭᠡᠷᠡᠭᠦᠯᠬᠦ᠂ ᠬᠦᠩᠭᠡᠨ ᠲᠤᠷᠭᠠᠬᠤ ᠡᠨᠡᠷᠢᠩᠭᠦᠢ ᠬᠠᠤᠯᠢ ᠬᠡᠷᠡᠭᠵᠢᠭᠦᠯᠬᠦ ︽ᠭᠤᠷᠪᠠᠨ ᠲᠤᠳᠤᠷᠬᠠᠶᠢᠯᠠᠯ︾ ᠢ ᠲᠣᠭᠳᠠᠭᠠᠵᠤ᠂ ᠠᠵᠤ ᠠᠬᠤᠶᠢᠯᠠᠯ ᠤᠨ ᠬᠠᠤᠯᠢ ᠶᠣᠰᠤᠨ ᠤ ᠡᠷᠬᠡ ᠠᠰᠢᠭ ᠢ ᠬᠠᠮᠤᠭ ᠤᠨ ᠶᠡᠬᠡᠪᠡᠷ ᠪᠠᠲᠤᠯᠠᠨ᠎ᠠ᠃ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠲᠠᠪᠴᠠᠩ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠠᠩᠭᠢ ᠪᠠ ᠠᠵᠤ ᠠᠬᠤᠶᠢᠯᠠᠯ ᠤᠨ ᠵᠣᠯᠭᠠᠭᠤᠯᠤᠯᠲᠠ ᠶᠢᠨ ᠰᠢᠷᠢᠰ ᠬᠦᠳᠡᠯᠭᠡᠭᠡᠨ ᠢ ᠵᠣᠬᠢᠶᠠᠨ ᠪᠠᠶᠢᠭᠤᠯᠵᠤ ᠦᠷᠨᠢᠭᠦᠯᠦᠨ᠂ ᠣᠷᠤᠨ ᠨᠤᠲᠤᠭ  ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠬᠤᠳᠠᠯᠳᠤᠭᠠᠨ ᠤ ᠡᠪᠯᠡᠯ ᠤᠨ ᠬᠢᠨ ᠠᠷᠠᠯᠵᠢᠶ᠎ᠠ ᠪᠠᠷ ᠠᠷᠠᠯᠵᠢᠶᠠᠴᠢᠨ ᠣᠷᠢᠬᠤ ᠡᠬᠢ ᠪᠠᠶᠠᠯᠢᠭ ᠤᠨ ᠳᠠᠪᠠᠭᠤᠯᠢᠭ ᠪᠠ ᠭᠠᠳᠠᠨ᠎ᠠ ᠣᠷᠤᠨ ᠤ ᠬᠤᠳᠠᠯᠳᠤᠭᠠᠨ ᠤ ᠡᠪᠯᠡᠯ ᠤᠨ ᠭᠠᠳᠠᠭᠠᠳᠤ ᠬᠠᠷᠢᠯᠴᠠᠭᠠᠨ ᠤ ᠳᠠᠪᠠᠭᠤᠯᠢᠭ ᠢ ᠪᠠᠳᠠᠷᠠᠭᠤᠯᠵᠤ᠂ ᠪᠦᠰᠡ ᠨᠤᠲᠤᠭ ᠤᠨ ᠠᠵᠤ ᠠᠬᠤᠢ ᠶᠢᠨ ᠬᠠᠮᠳᠤᠷᠠᠯᠴᠠᠭ᠎ᠠ ᠶᠢ ᠴᠢᠩᠭᠠᠳᠬᠠᠨ᠎ᠠ᠃    ︵ᠬᠤᠶᠠᠷ︶ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠦᠢᠯᠡᠰ ᠤᠨ ᠬᠦᠭᠵᠢᠯᠲᠡ ᠶᠢᠨ ᠰᠢᠨ᠎ᠠ ᠳᠠᠪᠠᠭᠤᠯᠢᠭ ᠢ ᠪᠠᠳᠠᠷᠠᠭᠤᠯᠤᠨ᠎ᠠ᠃ ᠬᠡᠯᠬᠢᠶᠡᠵᠢᠯ ᠤᠨ ᠬᠡᠯᠪᠡᠷᠢᠲᠤ ᠰᠡᠳᠬᠢᠭᠦᠢ ᠪᠠᠷ ᠠᠵᠤ ᠦᠢᠯᠡᠰ ᠢ ᠠᠳᠬᠤᠬᠤ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠬᠢᠶᠡᠨ ᠤ ︽ᠬᠡᠯᠬᠢᠶᠡᠵᠢᠯ ᠤᠨ ᠳᠠᠷᠤᠭ᠎ᠠ ᠶᠢᠨ ᠳᠦᠷᠢᠮ︾ ᠢ ᠪᠦᠬᠦ ᠳᠠᠯ᠎ᠠ ᠪᠠᠷ ᠳᠡᠯᠭᠡᠷᠡᠭᠦᠯᠵᠤ᠂ ᠳᠠᠪᠠᠭᠤᠯᠢᠭ ᠣᠨᠴᠠᠯᠢᠭᠲᠤ ᠠᠵᠤ ᠦᠢᠯᠡᠰ ᠢ ᠲᠥᠯᠥᠪᠵᠢᠭᠦᠯᠦᠨ᠂ ᠭᠤᠣᠯᠳᠠᠯᠭᠠᠲᠤ ᠠᠵᠤ ᠦᠢᠯᠡᠰ ᠤᠨ ᠬᠡᠯᠬᠢᠶᠡᠵᠢᠯ ᠤᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠠᠵᠤ ᠦᠢᠯᠡᠰ ᠤᠨ ᠬᠦᠭᠵᠢᠯᠲᠡ ᠶᠢ ︽ᠲᠤᠯᠭᠠᠭᠤᠷᠢ ᠲᠦᠰᠢᠭ ᠪᠣᠰᠬᠠᠬᠤ︾ ᠠᠴᠠ ︽ᠬᠤᠷᠠᠮᠳᠤᠭᠤᠯᠤᠯ ᠢᠶᠠᠷ ᠳᠠᠪᠠᠭᠤᠯᠢᠭ ᠪᠦᠷᠢᠯᠳᠦᠭᠦᠯᠬᠦ︾ ᠲᠡᠰᠢ ᠪᠦᠬᠦ ᠳᠠᠯ᠎ᠠ ᠪᠠᠷ ᠳᠠᠪᠰᠢᠬᠤ ᠶᠢ ᠠᠬᠢᠭᠤᠯᠤᠨ᠎ᠠ᠃     — — ᠮᠠᠯ ᠠᠵᠤ ᠠᠬᠤᠢ ᠶᠢᠨ ᠬᠡᠯᠪᠡᠷᠢ ᠶᠢ ᠠᠬᠢᠭᠤᠯᠤᠨ᠎ᠠ᠃ ︽ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠠᠵᠢᠯᠯᠠᠭ᠎ᠠ︾ ᠢ ᠭᠦᠨᠵᠡᠭᠡᠢ ᠦᠷᠨᠢᠭᠦᠯᠦᠨ᠂ ᠮᠠᠯ ᠠᠵᠤ ᠠᠬᠤᠢ ᠭᠡᠬᠦ ︽ᠭᠤᠣᠯ ᠠᠵᠤ ᠦᠢᠯᠡᠰ︾ ᠢ ᠰᠢᠯᠢᠳᠡᠭᠵᠢᠭᠦᠯᠦᠨ ᠬᠦᠴᠦᠷᠬᠡᠭᠵᠢᠭᠦᠯᠦᠨ᠎ᠡ᠃ ᠮᠠᠯ ᠲᠡᠵᠢᠭᠡᠪᠦᠷᠢ ᠶᠢᠨ ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠭᠦᠯᠵᠦ᠂ ᠬᠠᠰᠢᠶᠠᠯᠠᠨ ᠳᠡᠵᠢᠭᠡᠬᠦ᠂ ᠬᠠᠭᠠᠰ ᠬᠠᠰᠢᠶᠠᠯᠠᠨ ᠳᠡᠵᠢᠭᠡᠬᠦ ᠳᠡᠵᠢᠭᠡᠪᠦᠷᠢ ᠶᠢᠨ ᠬᠡᠯᠪᠡᠷᠢ ᠶᠢ ᠣᠷᠢᠶᠠᠯᠠᠵᠤ᠂ ᠮᠠᠯ ᠪᠡᠯᠴᠢᠭᠡᠷ ᠤᠨ ᠳᠡᠩᠴᠡᠭᠦᠷᠢᠰᠢᠯ ᠪᠠ ᠭᠠᠷᠤᠯᠲᠠ ᠶᠢᠨ ᠳᠡᠭᠡᠭᠰᠢᠯᠡᠯᠲᠡ ᠶᠢᠨ ᠬᠤᠭᠤᠷᠤᠨᠳᠤᠬᠢ ᠬᠠᠷᠢᠴᠠᠭ᠎ᠠ ᠶᠢ ᠨᠢᠭᠡᠳᠦᠯᠲᠡᠢ ᠲᠦᠯᠦᠪᠵᠢᠭᠦᠯᠵᠤ᠂ ᠮᠠᠯ ᠤᠨ ᠲᠤᠭ᠎ᠠ ᠲᠤᠯᠤᠭᠠᠢ ᠶᠢ ᠵᠢᠯ ᠪᠦᠷᠢ 120 ᠲᠦᠮᠡ ᠣᠷᠴᠢᠮ ᠪᠠᠲᠤᠯᠠᠨ᠎ᠠ᠃ ︽ᠬᠤᠨᠢ ᠶᠢ ᠲᠣᠭᠳᠠᠪᠤᠷᠢᠵᠢᠭᠤᠯᠤᠨ ᠦᠭᠡᠷ ᠢ ᠨᠡᠮᠡᠭᠳᠡᠭᠦᠯᠵᠤ᠂ ᠴᠥᠭᠡᠨ ᠳᠡᠵᠢᠭᠡᠬᠦ ᠨᠠᠷᠢᠯᠢᠭ ᠳᠡᠵᠢᠭᠡᠬᠦ︾ ᠲᠦᠯᠦᠪᠯᠡᠯᠭᠡ ᠶᠢ ᠦᠷᠭᠦᠯᠵᠢᠯᠡᠨ ᠳᠡᠯᠭᠡᠷᠡᠭᠦᠯᠵᠤ᠂ ᠰᠢᠯᠢᠳᠡᠭ ᠮᠢᠬᠠᠨ ᠤ ᠦᠭᠡᠷ ᠤᠨ ᠴᠡᠪᠡᠷ ᠣᠳᠤᠮ ᠢ ᠦᠷᠡᠵᠢᠭᠦᠯᠬᠦ ᠪᠠ ᠰᠢᠯᠢᠳᠡᠭ ᠦᠷ᠎ᠡ ᠶᠢᠨ ᠭᠡᠭᠡᠯᠳᠦᠭᠦᠯᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠨ᠂ ᠣᠶᠤᠨᠴᠢ ᠮᠠᠯ ᠠᠵᠤ ᠠᠬᠤᠢ ᠶᠢᠨ ᠠᠵᠤ  ᠦᠢᠯᠡᠰᠵᠢᠯᠲᠡ ᠶᠢᠨ ᠲᠦᠷᠦᠯ ᠵᠦᠢᠯ ᠢ ᠬᠡᠷᠡᠭᠵᠢᠭᠦᠯᠵᠤ᠂ ᠰᠦ ᠮᠢᠬ᠎ᠠ ᠬᠤᠣᠰᠯᠠᠭᠤᠯᠤᠭᠰᠠᠨ ᠦᠭᠡᠷ ᠢ ᠲᠡᠵᠢᠭᠡᠨ ᠦᠷᠡᠵᠢᠭᠦᠯᠬᠦ 7 ᠰᠠᠭᠤᠷᠢᠨ ᠭᠠᠵᠠᠷ ᠢ ᠰᠢᠨ᠎ᠠ ᠪᠠᠷ ᠪᠠᠶᠢᠭᠤᠯᠤᠨ᠎ᠠ᠃ ᠲᠠᠶᠢᠴᠢᠯᠠᠨ ᠳᠠᠭᠠᠭᠤᠯᠬᠤ ᠦᠢᠯᠡᠳᠦᠯ ᠲᠠᠢ ᠭᠡᠷ ᠪᠦᠯᠢ ᠶᠢᠨ ᠮᠠᠯᠵᠢᠯ ᠤᠨ ᠳᠠᠯᠠᠪᠠᠢ ᠪᠠ ᠬᠤᠷᠰᠢᠶᠠᠵᠢᠯ ᠢ ᠳᠡᠮᠵᠢᠨ ᠬᠥᠭᠵᠢᠭᠦᠯᠵᠦ᠂ ︽ᠠᠵᠤ ᠠᠬᠤᠶᠢᠯᠠᠯ + ᠬᠤᠷᠰᠢᠶᠠᠵᠢᠯ + ᠮᠠᠯᠵᠢᠬᠤ ᠡᠷᠦᠬᠡ︾ ᠶᠢᠨ ᠬᠤᠯᠪᠤᠭᠠᠯᠠᠯ ᠤᠨ ᠲᠣᠭᠳᠠᠴᠠ ᠶᠢ ᠢᠳᠡᠪᠬᠢᠲᠡᠢ ᠳᠡᠯᠭᠡᠷᠡᠭᠦᠯᠵᠤ᠂ ᠣᠯᠠᠨ ᠲᠦᠮᠡᠨ ᠢ ᠳᠠᠶᠢᠴᠢᠯᠠᠨ ᠠᠰᠢᠭ ᠣᠷᠤᠯᠭ᠎ᠠ ᠶᠢ ᠨᠡᠮᠡᠭᠳᠡᠭᠦᠯᠦᠨ᠎ᠡ᠃ ᠮᠠᠯ ᠤᠨ ᠠᠰᠢᠭ ᠰᠢᠮ᠎ᠠ ᠶᠢᠨ ᠦᠢᠯᠡᠳᠪᠦᠷᠢᠯᠡᠯ ᠤᠨ ᠠᠵᠤ ᠦᠢᠯᠡᠰ ᠤᠨ ᠬᠡᠯᠬᠢᠶᠡᠵᠢᠯ ᠢ  ᠪᠦᠷᠢᠯᠳᠦᠭᠦᠯᠵᠦ᠂ ᠲᠢᠶᠠᠨ ᠱᠦᠨ ᠰᠢᠶᠠᠩ᠂ ᠪᠠᠷᠭᠤᠵᠢᠨ ᠵᠡᠷᠭᠡ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠤᠨ ᠤ ᠳᠡᠰ ᠤᠨ ᠲᠤᠯᠤᠭᠠᠶᠢᠯᠠᠭᠴᠢ ᠠᠵᠤ ᠠᠬᠤᠶᠢᠯᠠᠯ ᠪᠣᠯᠬᠤ ᠪᠠᠷ ᠭᠤᠶᠤᠴᠢᠯᠠᠬᠤ ᠶᠢ ᠳᠡᠮᠵᠢᠵᠦ᠂ ᠬᠦᠯᠳᠡᠭᠦᠦ ᠪᠠᠷᠠᠭᠠᠨ ᠤ ᠭᠦᠢᠯᠭᠡᠭᠡ ᠶᠢᠨ ᠦᠢᠯᠡᠴᠢᠯᠡᠭᠡᠨ ᠵᠡᠷᠭᠡ ᠢᠵᠢ ᠪᠦᠷᠢᠯᠳᠦᠭᠰᠡᠨ ᠲᠦᠷᠦ ᠶᠢᠨ ᠪᠣᠳᠤᠯᠭ᠎ᠠ ᠶᠢ ᠪᠦᠬᠦ ᠬᠦᠴᠦᠨ ᠢᠶᠠᠷ ᠲᠡᠮᠡᠴᠡᠨ ᠣᠯᠵᠤ᠂ ᠠᠵᠤ ᠠᠬᠤᠶᠢᠯᠠᠯ ᠤᠨ ᠦᠢᠯᠡᠳᠬᠦᠨ ᠤ ᠦᠢᠯᠡᠳᠪᠦᠷᠢᠯᠡᠯ ᠤᠨ ᠬᠦᠴᠦᠨ ᠪᠠ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠦᠢᠯᠡᠳᠬᠦᠨ ᠤ ᠥᠷᠳᠡᠭ ᠢ ᠬᠠᠩᠭᠠᠯᠭ᠎ᠠ ᠶᠢᠨ ᠳᠡᠭᠡᠳᠦ ᠲᠦᠪᠰᠢᠨ ᠳᠤ ᠬᠦᠷᠭᠡᠬᠦ ᠶᠢ ᠠᠬᠢᠭᠤᠯᠤᠨ᠎ᠠ᠃ ᠰᠦᠨ ᠤ ᠦᠢᠯᠡᠰ ᠤᠨ ᠬᠥᠭᠵᠢᠯᠲᠡ ᠶᠢ ᠪᠦᠬᠦ ᠳᠠᠯ᠎ᠠ ᠪᠠᠷ ᠠᠬᠢᠭᠤᠯᠤᠨ᠂ ᠬᠦᠬᠡᠬᠠᠳᠠ᠂ ᠠᠩᠭᠢᠯᠤᠮ᠎ᠠ ᠵᠡᠷᠭᠡ ᠰᠦᠨ ᠤ ᠪᠦᠲᠦᠭᠡᠭᠳᠡᠭᠦᠨ ᠤ ᠠᠵᠤ ᠠᠬᠤᠶᠢᠯᠠᠯ ᠢ ᠳᠡᠮᠵᠢᠨ ᠬᠥᠭᠵᠢᠭᠦᠯᠦᠨ᠎ᠡ᠃ ᠰᠦᠨ ᠤ ᠦᠢᠯᠡᠰ ᠤᠨ ᠶᠡᠷᠦᠩᠬᠡᠶᠢᠯᠡᠨ ᠨᠢᠭᠡ ᠴᠤᠭᠴᠠᠵᠢᠭᠤᠯᠤᠭᠰᠠᠨ ᠬᠦᠭᠵᠢᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ 100 ᠰᠦᠨ ᠤ ᠦᠢᠯᠡᠰ ᠤᠨ ᠮᠠᠯᠵᠢᠬᠤ ᠡᠷᠦᠬᠡ ᠶᠢ ᠣᠷᠢᠳᠠᠪᠠᠷ ᠬᠡᠷᠡᠭᠵᠢᠭᠦᠯᠦᠨ ᠲᠤᠷᠰᠢᠨ ᠬᠦᠮᠦᠵᠢᠭᠦᠯᠵᠤ᠂ ᠦᠢᠯᠡᠳᠪᠦᠷᠢᠯᠡᠯ᠂ ᠳᠠᠬᠢᠨ ᠦᠢᠯᠡᠳᠪᠦᠷᠢᠯᠡᠯ᠂ ᠪᠣᠷᠤᠯᠠᠭᠤᠯᠭ᠎ᠠ ᠶᠢ ᠨᠢᠭᠡ ᠴᠤᠭᠴᠠᠵᠢᠭᠤᠯᠤᠭᠰᠠᠨ ᠰᠦᠨ ᠤ ᠦᠢᠯᠡᠰ ᠤᠨ ᠬᠦᠭᠵᠢᠯᠲᠡ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠪᠦᠰᠡ ᠶᠢ ᠠᠯᠬᠤᠮ ᠳᠠᠷᠠᠭᠠᠯᠠᠯ ᠢᠶᠠᠷ ᠪᠠᠶᠢᠭᠤᠯᠤᠨ᠎ᠠ᠃ ᠲᠦᠷᠦᠯ ᠳᠡᠮᠳᠡᠭᠵᠢᠭᠦᠯᠦᠭᠰᠡᠨ ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠭᠦᠯᠵᠤ᠂ ︽ᠬᠦᠯᠦᠨ ᠪᠣᠶᠢᠷ ᠤᠨ ᠳᠠᠯ᠎ᠠ ᠨᠤᠲᠤᠭ ᠤᠨ ᠬᠤᠨᠢᠨ ᠮᠢᠬ᠎ᠠ︾ ᠶᠢᠨ ᠨᠡᠷᠡᠳᠤ ᠲᠡᠮᠳᠡᠭ ᠢ ᠠᠰᠢᠭᠯᠠᠨ᠂ ᠦᠭᠡᠷ ᠬᠤᠨᠢᠨ ᠤ ᠮᠢᠬ᠎ᠠ ᠰᠦᠨ ᠤ ᠪᠦᠲᠦᠭᠡᠭᠳᠡᠭᠦᠨ ᠤ ᠨᠡᠶᠢᠲᠡ ᠶᠢᠨ ᠬᠡᠷᠡᠭᠯᠡᠭᠡᠨ ᠤ ᠲᠦᠷᠦᠯ ᠳᠡᠮᠳᠡᠭ ᠲᠠᠸᠠᠷ ᠤᠨ ᠱᠤᠰᠢᠭ᠎ᠠ ᠶᠢᠨ ᠳᠠᠩᠰᠠᠯᠠᠯᠲᠠ ᠪᠠ ᠢᠷᠡᠯᠲᠡ ᠶᠢ ᠮᠥᠷᠳᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠭᠡᠵᠤ᠂ ᠣᠷᠤᠨ ᠨᠤᠲᠤᠭ ᠤᠨ ᠣᠨᠴᠠᠯᠢᠭᠲᠤ ᠳᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠭᠦᠨ ᠤ ᠲᠦᠷᠦᠯ ᠲᠡᠮᠳᠡᠭ ᠤᠨ ᠬᠦᠭᠵᠢᠯᠲᠡ ᠶᠢᠨ ᠰᠢᠰᠲ᠋ᠧᠮ ᠢ ᠪᠦᠷᠢᠯᠳᠦᠭᠦᠯᠵᠦ᠂ ᠡᠨᠡ ᠵᠢᠯ᠂ ᠭᠠᠵᠠᠷ ᠵᠦᠢ ᠶᠢᠨ ᠰᠢᠨᠵᠢ ᠲᠡᠮᠳᠡᠭ ᠪᠦᠬᠦᠢ ᠳᠠᠷᠢᠶᠠᠯᠠᠩ ᠮᠠᠯ ᠠᠵᠤ ᠠᠬᠤᠢ  ᠶᠢᠨ ᠦᠢᠯᠡᠳᠬᠦᠨ ᠢ 10 ᠠᠴᠠ ᠳᠡᠭᠡᠭᠰᠢ ᠳᠤ ᠬᠦᠷᠭᠡᠵᠤ᠂ ᠮᠠᠯᠴᠢᠳ ᠢ ᠲᠦᠷᠦᠯ ᠲᠡᠮᠳᠡᠭ ᠤᠨ ᠥᠷᠳᠡᠭ ᠤᠨ ᠳᠤᠮᠳᠠ ᠠᠴᠠ ᠣᠷᠣᠯᠭ᠎ᠠ ᠪᠠᠨ ᠨᠡᠮᠡᠭᠳᠡᠭᠦᠯᠦᠨ᠎ᠡ᠃ ᠲᠦᠩ ᠯᠧ ᠢᠳᠡᠭᠡᠨ᠂ ᠶᠠᠨ ᠽᠦᠨ ᠠᠷᠢᠬᠢᠨ ᠤ ᠦᠢᠯᠡᠰ ᠵᠡᠷᠭᠡ ᠣᠷᠤᠨ ᠨᠤᠲᠤᠭ ᠤᠨ ᠠᠵᠤ ᠠᠬᠤᠶᠢᠯᠠᠯ ᠤᠨ ᠬᠦᠭᠵᠢᠨ ᠪᠣᠵᠠᠭᠠᠶᠢᠷᠠᠬᠤ ᠶᠢ ᠳᠡᠮᠵᠢᠨ᠂ ︽ᠬᠠᠭᠤᠴᠢᠨ ᠨᠡᠷᠡᠳᠤ ᠲᠡᠮᠳᠡᠭᠲᠤ︾ ᠶᠢᠨ ᠰᠢᠨᠡᠴᠢᠯᠡᠭᠰᠡᠨ ᠬᠦᠭᠵᠢᠯᠲᠡ ᠳᠤᠮᠳᠠ ᠨᠡᠩ ᠴᠢᠨᠠᠷᠯᠢᠭ ᠲᠦᠷᠦᠯ ᠲᠡᠮᠳᠡᠭ ᠡᠭᠦᠳᠬᠦ ᠶᠢ ᠵᠣᠷᠢᠭᠵᠢᠭᠤᠯᠤᠨ᠎ᠠ᠃ ᠳᠠᠷᠢᠶᠠᠯᠠᠩ ᠮᠠᠯ ᠠᠵᠤ ᠠᠬᠤᠢ ᠶᠢᠨ ᠦᠢᠯᠡᠴᠢᠯᠡᠭᠡᠨ ᠤ ᠠᠵᠤ ᠦᠢᠯᠡᠰ ᠤᠨ ᠬᠡᠯᠬᠢᠶᠡᠵᠢᠯ ᠢ ᠪᠦᠷᠢᠯᠳᠦᠭᠦᠯᠵᠤ᠂ ︽ᠮᠡᠷᠭᠡᠵᠢᠯ ᠢ ᠦᠨᠳᠦᠰᠦᠨ ᠱᠠᠲᠤᠨ ᠳᠤ ᠬᠦᠷᠭᠡᠬᠦ︾ ᠬᠦᠳᠡᠯᠭᠡᠭᠡᠨ ᠦᠷᠨᠢᠭᠦᠯᠦᠨ᠂ ᠮᠠᠯ ᠤᠨ ᠡᠭᠦᠯᠳᠡᠷ ᠤᠨ ᠰᠠᠶᠢᠵᠢᠷᠠᠭᠤᠯᠤᠯᠲᠠ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ᠂ ᠥᠨᠳᠦᠷ ᠪᠦᠲᠦᠮᠵᠢᠲᠡᠢ ᠪᠣᠷᠳᠤᠬᠤ ᠵᠡᠷᠭᠡ ᠮᠡᠷᠭᠡᠵᠢᠯ ᠤᠨ ᠵᠢᠯᠤᠭᠤᠳᠤᠯᠭ᠎ᠠ ᠪᠣᠯᠪᠠᠰᠤᠷᠠᠯ ᠤᠨ ᠦᠢᠯᠡᠴᠢᠯᠡᠭᠡ ᠶᠢ ᠲᠦᠯᠦᠪᠤᠷᠢ ᠦᠭᠡᠢ ᠬᠠᠩᠭᠠᠨ᠎ᠠ᠃ ᠰᠢᠮᠧᠨ᠋ᠲ᠋ᠠᠷ ᠦᠭᠡᠷ ᠢᠶᠠᠷ ᠭᠤᠣᠯᠯᠠᠭᠤᠯᠤᠭᠰᠠᠨ ᠰᠢᠯᠢᠳᠡᠭ ᠪᠣᠬ᠎ᠠ ᠶᠢᠨ ᠳᠠᠯᠠᠪᠠᠢ ᠶᠢ 2 ᠪᠠᠶᠢᠭᠤᠯᠵᠤ᠂ ᠪᠣᠬ᠎ᠠ ᠶᠢᠨ ᠴᠡᠪᠡᠷ ᠣᠳᠤᠮ ᠤᠨ ᠰᠣᠩᠭᠤᠨ ᠪᠣᠶᠢᠵᠢᠭᠤᠯᠤᠯᠲᠠ ᠶᠢ ᠠᠬᠢᠭᠤᠯᠤᠨ᠎ᠠ᠃ ᠳᠡᠵᠢᠭᠡᠯ ᠪᠣᠷᠳᠤᠭᠠᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠴᠠᠷᠭᠤᠰᠤᠨ ᠤ ᠵᠢᠯ ᠤᠨ ᠤᠨᠠᠯᠲᠠ ᠶᠢ 217 ᠲᠦᠮᠡᠨ ᠺᠢᠯᠤᠭ᠍ᠷᠠᠮ ᠠᠴᠠ ᠳᠡᠭᠡᠭᠰᠢ ᠳᠤ ᠬᠦᠷᠭᠡᠵᠤ᠂ ᠰᠢᠨ᠎ᠠ  ᠪᠠᠷ 10 ᠰᠠᠤᠷᠢ ᠳᠡᠵᠢᠭᠡᠯ ᠪᠣᠷᠳᠤᠭᠠᠨ ᠤ ᠬᠦᠮᠦᠷᠭᠡ ᠪᠠᠶᠢᠭᠤᠯᠤᠨ᠂ 3 ᠲᠦᠮᠡᠨ ᠲᠣᠨ ᠳᠡᠵᠢᠭᠡᠯ ᠪᠣᠷᠳᠤᠭ᠎ᠠ ᠨᠦᠭᠡᠴᠡᠯᠡᠨ᠎ᠠ᠃ ᠲᠠᠷᠢᠮᠠᠯ ᠤᠨ ᠠᠵᠤ ᠦᠢᠯᠡᠰ ᠤᠨ ᠬᠡᠯᠬᠢᠶᠡᠵᠢᠯ ᠪᠦᠷᠢᠯᠳᠦᠭᠦᠯᠦᠨ᠂ ᠠᠮᠤ ᠪᠣᠳᠠᠭᠠᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠤ᠂ ᠠᠮᠤ ᠪᠣᠳᠠᠭᠠᠨ ᠤ ᠳᠡᠮᠵᠢᠯᠭᠡ ᠶᠢᠨ ᠲᠦᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠥᠨᠳᠦᠷ ᠪᠠᠷᠢᠮᠵᠢᠶ᠎ᠠ ᠲᠠᠢ ᠳᠠᠷᠢᠶᠠᠨ ᠭᠠᠵᠠᠷ ᠢ 2.4 ᠲᠦᠮᠡᠨ ᠮᠤ᠋ ᠦᠷᠭᠦᠯᠵᠢᠯᠡᠨ ᠪᠠᠶᠢᠭᠤᠯᠵᠤ᠂ ᠠᠮᠤ ᠪᠣᠳᠠᠭᠠᠨ ᠤ ᠤᠨᠠᠯᠲᠠ ᠶᠢ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠠ᠃ ︽ᠪᠠᠢ ᠼᠣᠣ ᠶᠤᠸᠠᠨ︾ ᠮᠣᠩᠭᠤᠯ ᠡᠮ ᠡᠮᠨᠡᠯᠭᠡ ᠶᠢᠨ ᠡᠮᠲᠤ ᠮᠠᠲ᠋ᠧᠷᠢᠶᠡᠯ ᠤᠨ ᠳᠠᠷᠢᠮᠠᠯ ᠤᠨ ᠬᠡᠯᠬᠢᠶᠡᠵᠢᠯ ᠢ ᠣᠷᠳᠤᠳᠬᠠᠬᠤ᠂ ᠬᠡᠯᠬᠢᠶᠡᠵᠢᠯ ᠢ ᠨᠥᠬᠦᠪᠦᠷᠢᠯᠡᠬᠦ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠤ᠂ ᠬᠢᠲᠠᠳ ᠮᠣᠩᠭᠤᠯ ᠡᠮ ᠡᠮᠨᠡᠯᠭᠡ ᠶᠢᠨ ᠦᠢᠯᠡᠴᠢᠯᠡᠭᠡᠨ ᠤ ᠰᠠᠭᠤᠷᠢᠨ ᠭᠠᠵᠠᠷ ᠪᠠᠶᠢᠭᠤᠯᠤᠨ᠂ ᠮᠣᠩᠭᠤᠯ ᠡᠮ ᠡᠮᠨᠡᠯᠭᠡ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ᠃ ︽ᠵᠡᠭᠦᠨ ᠬᠤᠰᠢᠭᠤᠨ ᠤ ᠳᠠᠷᠢᠶᠠᠯᠠᠩ ᠤᠨ ᠲᠣᠰᠬᠤᠨ︾ ᠤ ᠲᠦᠷᠦᠯ ᠵᠦᠢᠯ ᠢ ᠬᠡᠷᠡᠭᠵᠢᠭᠦᠯᠵᠤ᠂ 4000 ᠮᠤ᠋ ᠦᠨᠳᠦᠷ ᠪᠠᠷᠢᠮᠵᠢᠶᠠᠵᠢᠭᠰᠠᠨ ᠬᠦᠯᠡᠮᠵᠢ ᠪᠠᠶᠢᠭᠤᠯᠤᠨ᠂ ︽ᠨᠣᠭᠤᠭ᠎ᠠ ᠶᠢᠨ ᠰᠠᠭᠰᠤ︾ ᠶᠢᠨ ᠲᠠᠸᠠᠷ ᠤᠨ ᠥᠪᠡᠷ ᠢ ᠪᠠᠨ ᠬᠠᠩᠭᠠᠬᠤ ᠲᠦᠪᠰᠢᠨ ᠢ ᠳᠡᠭᠡᠭᠰᠢᠯᠡᠭᠦᠯᠦᠨ᠎ᠠ᠃ ᠳᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ᠂ ᠬᠤᠳᠠᠯᠳᠤᠭ᠎ᠠ ᠬᠡᠳᠦ ᠳᠡᠯᠭᠡᠭᠦᠷ ᠵᠡᠷᠭᠡ ᠡᠵᠡᠩᠨᠡᠭᠴᠢᠳ ᠤᠨ ᠳᠠᠷᠢᠶᠠᠯᠠᠩ ᠤᠨ ᠲᠤᠰᠬᠤᠨ  ᠲᠠᠢ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠠᠮᠳᠤᠷᠠᠯᠴᠠᠭᠠᠨ ᠤ ᠲᠣᠭᠳᠠᠴᠠ ᠪᠠ ᠠᠰᠢᠭ ᠲᠤᠰᠠ ᠶᠢᠨ ᠬᠤᠯᠪᠤᠭᠠᠯᠠᠯ ᠤᠨ ᠲᠣᠭᠳᠠᠴᠠ ᠪᠠᠶᠢᠭᠤᠯᠬᠤ ᠶᠢ ᠵᠣᠷᠢᠭᠵᠢᠭᠤᠯᠤᠨ᠎ᠠ᠃ᠰᠣᠶᠤᠯ ᠵᠢᠭᠤᠯᠴᠢᠯᠠᠯ ᠤᠨ ᠠᠵᠤ ᠦᠢᠯᠡᠰ ᠤᠨ ᠪᠦᠬᠦ ᠣᠷᠤᠨ ᠪᠦᠰᠡ ᠶᠢᠨ ᠬᠦᠭᠵᠢᠯᠲᠡ ᠶᠢ ᠠᠬᠢᠭᠤᠯᠤᠨ᠎ᠠ᠃ ︽ᠰᠣᠶᠤᠯ ᠵᠢᠭᠤᠯᠴᠢᠯᠠᠯ ᠤᠨ ᠬᠦᠭᠵᠢᠯᠲᠡ ᠶᠢᠨ ᠳᠡᠰ ᠳᠡᠪᠰᠢᠭᠦᠯᠬᠦ ᠠᠵᠢᠯᠯᠠᠭ᠎ᠠ︾ ᠢ ᠪᠦᠬᠦ ᠲᠠᠯ᠎ᠠ ᠪᠠᠷ  ᠥᠷᠨᠢᠭᠦᠯᠵᠦ᠂ ᠰᠢᠯᠢᠳᠡᠭ ᠠᠮᠢ ᠠᠬᠤᠢ ᠶᠢᠨ ᠡᠬᠢ ᠪᠠᠶᠠᠯᠢᠭ ᠪᠠ ᠬᠦᠮᠦᠨ ᠰᠣᠶᠤᠯ ᠤᠨ ᠡᠬᠢ ᠪᠠᠶᠠᠯᠢᠭ ᠢ ᠰᠠᠶᠢᠲᠤᠷ ᠨᠡᠭᠡᠭᠡᠨ ᠠᠰᠢᠭᠯᠠᠵᠤ᠂ ᠠᠮᠢ ᠠᠬᠤᠢ ᠶᠢᠨ ᠳᠠᠭᠠᠯᠳᠤᠭᠤᠯᠤᠯ ᠥᠷᠳᠡᠭ ᠢ ᠠᠵᠤ ᠦᠢᠯᠡᠰ ᠤᠨ ᠬᠡᠯᠬᠢᠶᠡᠵᠢᠯ ᠢᠶᠠᠷ ᠵᠠᠬ᠎ᠠ ᠳᠡᠯᠭᠡᠭᠦᠷ ᠤᠨ ᠥᠨᠳᠦᠷ ᠲᠦᠪᠰᠢᠨ ᠲᠡᠰᠢ ᠳᠠᠮᠵᠢᠭᠤᠯᠤᠨ᠎ᠠ᠃ ᠶᠠᠰᠤ ᠴᠢᠨᠠᠷ ᠤᠨ ᠳᠡᠭᠡᠭᠰᠢᠯᠡᠯᠲᠡ ᠶᠢᠨ ᠳᠠᠯ᠎ᠠ ᠪᠠᠷ᠂ ︽ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ︾ ᠤᠨ ᠵᠢᠭᠤᠯᠴᠢᠯᠠᠯ ᠤᠨ ᠲᠣᠭᠤᠷᠢᠭ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠨᠢᠭᠡ ᠪᠦᠯᠦᠭ ᠵᠠᠮ ᠳᠠᠭᠠᠤ ᠦᠵᠡᠮᠵᠢᠲᠤ ᠣᠷᠤᠨ᠂ ᠦᠵᠡᠮᠵᠢᠲᠤ ᠴᠡᠭ᠂ ᠠᠷᠠᠳ ᠤᠨ ᠬᠤᠨᠤᠭ ᠪᠠᠶᠢᠷᠢ ᠶᠢ ᠵᠡᠷᠭᠡ ᠳᠡᠰ ᠳᠡᠪᠰᠢᠭᠦᠯᠦᠨ᠂ ᠭᠠᠨᠵᠤᠤᠷ ᠠᠴᠠ ᠵᠠᠯᠠᠶᠢᠨᠠᠭᠤᠷ ᠬᠦᠷᠬᠦ ᠵᠠᠰᠠᠮᠠᠯ ᠵᠠᠮ ᠢ ᠴᠢᠨᠠᠷ ᠲᠡᠭᠡᠭᠰᠢᠯᠡᠬᠦᠯᠦᠨ ᠦᠭᠡᠷᠡᠴᠢᠯᠡᠬᠦ ᠢᠨᠵᠧᠨᠧᠷᠢᠩ ᠢ ᠢᠳᠡᠪᠬᠢᠳᠡᠢ ᠲᠡᠮᠡᠴᠡᠨ ᠤᠯᠵᠤ᠂ ᠡᠮᠦᠨᠡᠰᠢ ᠷᠠᠰᠢᠶᠠᠨ ᠬᠦᠷᠬᠦ᠂ ᠤᠮᠠᠷᠠᠰᠢ ᠮᠠᠨᠵᠤᠤᠷ ᠲᠠᠢ ᠵᠠᠯᠭᠠᠯᠳᠤᠬᠤ ᠵᠢᠭᠤᠯᠴᠢᠯᠠᠯ ᠤᠨ ᠱᠤᠭᠤᠮ ᠢ ᠡᠬᠦᠳᠦᠨ᠎ᠡ᠃ ᠬᠢᠯᠢ ᠲᠠᠪᠠᠭ᠋ᠤ ᠵᠢᠭᠤᠯᠴᠢᠯᠠᠯ ᠢ ᠰᠡᠷᠬᠦᠭᠡᠨ ᠬᠦᠭᠵᠢᠭᠡᠵᠦ᠂ ᠠᠮᠤᠭᠤᠯᠠᠩ ᠪᠠᠯᠭᠠᠰᠤ ᠶᠢᠨ ︽ᠨᠢᠭᠡ ᠡᠳᠦᠷ ᠤᠨ ᠵᠢᠭᠤᠯᠴᠢᠯᠠᠯ︾ ᠤᠨ ᠲᠦᠷᠦᠯ ᠲᠡᠮᠳᠡᠭ ᠤᠨ ᠵᠠᠮ ᠱᠤᠭᠤᠮ ᠢ ᠪᠦᠷᠢᠯᠳᠦᠭᠦᠯᠬᠦ ᠪᠠᠷ ᠠᠳᠬᠤᠴᠠ ᠪᠣᠯᠭᠠᠨ᠂ ᠪᠣᠭᠤᠮᠳᠠ ᠶᠢᠨ ᠬᠤᠳᠠ ᠪᠠᠯᠭᠠᠰᠤ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠦᠢᠯᠡᠳᠦᠯ ᠢ ᠪᠠᠳᠠᠷᠠᠭᠤᠯᠵᠤ᠂ ᠬᠤᠭᠤᠯᠠ ᠤᠮᠳᠠᠭᠠᠨ ᠪᠠᠭᠤᠳᠠᠯ᠂ ᠣᠨᠴᠠᠯᠢᠭᠲᠤ ᠵᠡᠭᠡᠯᠢ ᠭᠤᠳᠤᠮᠵᠢ ᠶᠢᠨ ᠲᠣᠭᠤᠷᠢᠭ᠂ ᠪᠣᠳᠠᠰ ᠤᠨ ᠪᠣᠰᠤ ᠰᠣᠶᠤᠯ ᠤᠨ ᠦᠪ ᠤᠨ ᠡᠭᠦᠳᠦᠯᠲᠡ᠂ ᠰᠡᠯᠡᠭᠦᠴᠡᠯ ᠵᠤᠭ᠎ᠠ ᠴᠡᠩᠭᠡᠭᠦᠨ ᠵᠡᠷᠭᠡ ᠰᠠᠭᠤᠷᠢ ᠲᠦᠬᠦᠬᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠢᠳᠡᠬᠦ ᠰᠠᠭᠤᠬᠤ ᠵᠠᠮᠨᠠᠬᠤ ᠲᠣᠭᠤᠷᠢᠬᠤ ᠬᠡᠷᠡᠭᠯᠡᠭᠡ ᠵᠤᠭ᠎ᠠ ᠴᠡᠩᠭᠡᠯ︾  ᠤᠨ ᠪᠦᠬᠦ ᠬᠡᠯᠬᠢᠶᠡᠵᠢᠯ ᠤᠨ ᠦᠢᠯᠡᠴᠢᠯᠡᠭᠡᠨ ᠤ ᠲᠣᠳᠠᠭᠳᠠᠯ ᠢ ᠨᠥᠬᠦᠪᠦᠷᠢᠯᠡᠵᠤ᠂ ᠨᠡᠩ ᠠᠷᠪᠢᠨ ᠵᠣᠭᠠᠴᠠᠭᠰᠠᠳ ᠢ ᠲᠠᠳᠠᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠦᠭᠵᠢᠶᠡᠨᠲᠡᠢ ᠪᠣᠯᠭᠠᠨ᠎ᠠ᠃ ᠴᠠᠭᠠᠨ ᠪᠠᠯᠭᠠᠰᠤ ᠶᠢᠨ ᠬᠤᠶᠢᠳᠤ ᠬᠡᠰᠡᠭ ᠢᠶᠠᠷ ᠬᠦᠯᠦᠨ ᠪᠣᠶᠢᠷ ᠤᠨ ᠳᠠᠯ᠎ᠠ ᠨᠤᠲᠤᠭ ᠤᠨ ᠰᠦᠨᠢ ᠶᠢᠨ ᠬᠦᠭᠵᠢᠶᠡᠨᠲᠤ ᠬᠤᠳᠠ ᠶᠢᠨ ᠲᠦᠷᠦᠯ ᠵᠦᠢᠯ ᠬᠡᠷᠡᠭᠵᠢᠭᠦᠯᠵᠤ᠂ ᠵᠦᠷᠢᠶᠡᠵᠢᠭᠦᠯᠦᠭᠰᠡᠨ᠂ ᠣᠯᠠᠨ ᠡᠰᠢᠵᠢᠭᠦᠯᠦᠭᠰᠡᠨ᠂ ᠲᠦᠷᠦᠯ ᠲᠡᠮᠳᠡᠭᠵᠢᠭᠦᠯᠦᠭᠰᠡᠨ ᠵᠢᠭᠤᠯᠴᠢᠯᠠᠯ ᠤᠨ ᠦᠵᠡᠮᠵᠢᠲᠤ ᠣᠷᠤᠨ ᠢ ᠪᠠᠶᠢᠭᠤᠯᠤᠨ᠂ ᠬᠤᠶᠢᠳᠤ ᠬᠡᠰᠡᠭ ᠤᠨ ᠭᠠᠵᠠᠷ ᠣᠷᠤᠨ ᠤ ᠵᠢᠭᠤᠯᠴᠢᠯᠠᠯ ᠤᠨ ᠠᠵᠤ ᠦᠢᠯᠡᠰ ᠤᠨ ᠰᠦᠷᠦᠭᠵᠢᠯ ᠤᠨ ᠪᠦᠷᠢᠯᠳᠦᠯ ᠢ ᠠᠬᠢᠭᠤᠯᠤᠨ᠎ᠠ᠃ ᠣᠯᠠᠨ ᠨᠡᠶᠢᠲᠡ  ᠶᠢᠨ ᠦᠢᠯᠡᠴᠢᠯᠡᠭᠡᠨ ᠤ ᠳᠠᠯ᠎ᠠ ᠪᠠᠷ᠂ ᠵᠢᠭᠤᠯᠴᠢᠯᠠᠯ ᠤᠨ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠵᠢᠭᠤᠯᠴᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠩᠴᠡᠭᠦᠷᠢᠲᠡᠢ ᠲᠡᠭᠦᠯᠳᠡᠷᠵᠢᠭᠦᠯᠵᠤ᠂ ᠨᠡᠶᠢᠭᠡᠮ ᠤᠨ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠤᠨ᠂ ᠪᠦᠰᠡ ᠨᠤᠲᠤᠭ ᠤᠨ ᠵᠢᠭᠤᠯᠴᠢᠯᠠᠯ ᠤᠨ ᠵᠣᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃ ᠲᠣᠰ ᠵᠢᠯ ᠳᠡᠭᠡᠨ᠂ ᠳᠣᠣᠭᠤᠷ ᠨᠢᠰᠤᠯᠲᠠ ᠶᠢᠨ ᠪᠡᠶᠡᠴᠢᠯᠡᠯ᠂ ᠠᠮᠤᠭᠤᠯᠠᠩ ᠤᠨ ᠳᠦᠷᠪᠡᠨ ᠣᠳᠤᠨ ᠳᠡᠰ ᠤᠨ ᠪᠠᠭᠤᠳᠠᠯ᠂ ᠨᠤᠭᠤᠠᠨᠠᠭᠤᠷ ᠤᠨ ᠮᠠᠰᠢᠨ ᠲᠡᠷᠭᠡᠨ ᠤ ᠲᠤᠷᠰᠢᠯᠲᠠ ᠶᠢᠨ ᠳᠠᠯᠠᠪᠠᠢ ᠶᠢᠨ ᠳᠠᠷᠬᠠᠢ ᠬᠡᠯᠪᠡᠷᠢᠳᠤ ᠰᠠᠯᠬᠢᠨ ᠬᠦᠴᠦᠨ ᠤ ᠴᠠᠬᠢᠯᠭᠠᠨ ᠵᠡᠷᠭᠡ ᠵᠢᠭᠤᠯᠴᠢᠯᠠᠯ ᠤᠨ ᠲᠠᠸᠠᠷ᠂ ᠠᠵᠤ ᠦᠢᠯᠡᠰ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠲᠦᠷᠦᠯ ᠵᠦᠢᠯ ᠢ ᠪᠠᠶᠢᠭᠤᠯᠵᠤ ᠳᠠᠭᠤᠰᠬᠠᠨ᠎ᠠ᠃ ᠰᠣᠶᠤᠯ ᠵᠢᠭᠤᠯᠴᠢᠯᠠᠯ ᠤᠨ ᠠᠭᠤᠰᠤᠯᠴᠠᠯ ᠤᠨ ᠳᠠᠯ᠎ᠠ ᠪᠠᠷ᠂ ︽ᠮᠣᠩᠭᠤᠯ ᠦᠨᠳᠦᠰᠦᠲᠡᠨ ᠤ ᠣᠷᠳᠤ ᠶᠢᠨ ᠳᠠᠭᠤᠨ ᠤ ᠦᠯᠦᠭᠡᠢ︾ ᠶᠢᠨ ᠲᠦᠷᠢ ᠳᠦᠷᠬᠦ ᠶᠢᠨ ᠲᠦᠷᠦᠯ ᠲᠡᠮᠳᠡᠭ ᠢ ᠬᠢᠯᠠᠯᠵᠠᠭᠤᠯᠵᠤ᠂ ᠵᠣᠨ ᠤ ︽ᠲᠠᠯ᠎ᠠ ᠨᠤᠲᠤᠭ ᠤᠨ ᠨᠠᠶᠢᠷ ᠨᠠᠭᠠᠳᠤᠮ︾᠂ ᠡᠪᠦᠯ ᠤᠨ ︽ᠮᠦᠩᠭᠦᠨ ᠪᠠᠷᠭᠤ — ᠮᠦᠰᠤ ᠴᠠᠰᠤᠨ ᠤ ᠨᠠᠭᠠᠳᠤᠮ︾ ᠵᠡᠷᠭᠡ ᠰᠣᠶᠤᠯ ᠵᠢᠭᠤᠯᠴᠢᠯᠠᠯ ᠤᠨ ᠰᠢᠷᠢᠰ ᠪᠠᠶᠠᠷ ᠨᠠᠶᠢᠷ ᠤᠨ ᠬᠦᠳᠡᠯᠭᠡᠭᠡᠨ ᠢ ᠰᠠᠶᠢᠲᠤᠷ ᠡᠷᠬᠢᠯᠡᠨ᠂ ᠤᠯᠠᠭᠠᠠᠮᠦ᠋ᠴᠢᠷ  ᠤᠨ ᠬᠦᠳᠡᠭᠡ ᠪᠠᠭᠤᠵᠤ ᠠᠷᠠᠳ ᠲᠤ ᠠᠰᠢᠭ ᠬᠦᠷᠳᠡᠭᠡᠬᠦ ᠵᠠᠭᠤᠨ ᠳᠠᠯᠠᠪᠤᠷ ᠲᠣᠭᠯᠠᠯᠲᠠ ᠭᠠᠷᠭᠠᠵᠤ᠂ ᠪᠣᠳᠠᠰ ᠤᠨ ᠪᠣᠰᠤ ᠰᠣᠶᠤᠯ ᠤᠨ ᠦᠪ ᠤᠨ ᠠᠵᠤ ᠦᠢᠯᠡᠰ ᠤᠨ ᠰᠠᠭᠤᠷᠢᠨ ᠭᠠᠵᠠᠷ ᠢ ᠬᠦᠭᠵᠢᠭᠦᠯᠦᠨ᠂ ᠪᠣᠳᠠᠰ ᠤᠨ ᠪᠣᠰᠤ ᠰᠣᠶᠤᠯ ᠤᠨ ᠦᠪ ᠤᠨ ᠦᠵᠡᠭᠦᠯᠦᠯᠭᠡ ᠶᠢᠨ ᠲᠦᠪ ᠢ ᠲᠦᠰᠦᠭᠡᠯᠡᠨ ᠪᠠᠶᠢᠭᠤᠯᠵᠤ᠂ ᠰᠣᠶᠤᠯ ᠢᠶᠠᠷ ᠠᠭᠤᠯᠠᠬᠤᠨ ᠪᠣᠯᠭᠠᠨ᠂ ᠵᠢᠭᠤᠯᠴᠢᠯᠠᠯ ᠢᠶᠠᠷ ᠲᠠᠪᠴᠠᠩ ᠪᠣᠯᠭᠠᠵᠤ᠂ ᠰᠣᠶᠤᠯ ᠵᠢᠭᠤᠯᠴᠢᠯᠠᠯ ᠤᠨ ᠠᠵᠤ ᠦᠢᠯᠡᠰ ᠤᠨ  ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠢᠯᠡᠷᠡᠭᠦᠯᠦᠨ᠎ᠠ᠃    — — ᠪᠣᠭᠤᠮᠳᠠ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠤᠨ᠎ᠠ᠃ ︽ᠪᠣᠭᠤᠮᠳᠠ ᠶᠢᠨ ᠬᠦᠭᠵᠢᠯᠲᠡ ᠶᠢᠨ ᠪᠣᠭᠤᠮᠲᠠ ᠰᠢᠪᠲᠤᠯᠬᠤ ᠠᠵᠢᠯᠯᠠᠭ᠎ᠠ︾ ᠢ ᠪᠠᠲᠤᠲᠠᠢ ᠥᠷᠨᠢᠭᠦᠯᠵᠦ᠂ ᠮᠣᠩᠭᠤᠯ ᠤᠯᠤᠰ ᠤᠨ ᠬᠦᠷᠰᠢ ᠵᠡᠷᠭᠡᠯᠡᠳᠡᠭᠡ ᠭᠠᠵᠠᠷ ᠣᠷᠤᠨ ᠯᠤᠭ᠎ᠠ ᠶᠢᠨ ᠰᠣᠶᠤᠯ ᠵᠢᠭᠤᠯᠴᠢᠯᠠᠯ᠂ ᠠᠵᠤ ᠠᠬᠤᠢ ᠠᠷᠠᠯᠵᠢᠶ᠎ᠠ᠂ ᠡᠬᠢ ᠪᠠᠶᠠᠯᠢᠭ ᠵᠡᠷᠭᠡ ᠬᠡᠪᠴᠢᠶᠡᠨ ᠳᠠᠬᠢ ᠰᠣᠯᠢᠯᠴᠠᠭ᠎ᠠ᠂ ᠬᠠᠮᠳᠤᠷᠠᠯᠴᠠᠭ᠎ᠠ᠂ ᠨᠡᠭᠡᠭᠡᠯᠲᠡ ᠶᠢ ᠪᠦᠬᠦ ᠳᠠᠯ᠎ᠠ ᠪᠠᠷ ᠴᠢᠩᠭᠠᠳᠬᠠᠵᠤ᠂ ᠬᠢᠯᠢ ᠶᠢᠨ ᠪᠣᠭᠤᠮᠳᠠ ᠶᠢᠨ ᠬᠥᠭᠵᠢᠯᠲᠡ  ᠶᠢ ᠨᠥᠯᠥᠭᠡᠯᠡᠨ ᠳᠠᠶᠢᠯᠠᠬᠤ ᠦᠢᠯᠡᠳᠦᠯ ᠢ ᠬᠦᠴᠦᠯᠡᠨ ᠳᠡᠭᠡᠭᠰᠢᠯᠡᠭᠦᠯᠦᠨ᠎ᠠ᠃ ᠬᠠᠷᠢᠯᠴᠠᠨ ᠠᠷᠠᠯᠵᠢᠶᠠᠯᠠᠬᠤ ᠲᠣᠭᠤᠷᠢᠭ ᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠬᠢᠯᠢ ᠶᠢᠨ ᠠᠷᠠᠯᠵᠢᠶ᠎ᠠ ᠶᠢᠨ ᠬᠤᠷᠰᠢᠶᠠᠵᠢᠯ ᠪᠠᠶᠢᠭᠤᠯᠬᠤ ᠶᠢ ᠵᠣᠷᠢᠭᠵᠢᠭᠤᠯᠵᠤ᠂ ᠬᠢᠯᠢ ᠶᠢᠨ ᠠᠷᠠᠳ ᠢ ᠵᠣᠬᠢᠶᠠᠨ ᠪᠠᠶᠢᠭᠤᠯᠵᠤ ᠬᠢᠯᠢ ᠶᠢᠨ ᠠᠷᠠᠯᠵᠢᠶᠠᠨ ᠳᠤ ᠣᠷᠣᠯᠴᠠᠭᠤᠯᠵᠤ᠂ ᠣᠯᠠᠨ ᠲᠦᠮᠡᠨ ᠤ ᠣᠷᠤᠯᠭ᠎ᠠ ᠶᠢ ᠨᠡᠮᠡᠭᠳᠡᠭᠦᠯᠦᠨ ᠴᠢᠨᠡᠯᠢᠭᠵᠢᠭᠦᠯᠦᠨ᠎ᠡ᠃ ᠠᠮᠤ ᠪᠣᠳᠠᠭ᠎ᠠ ᠣᠷᠤᠭᠤᠯᠬᠤ  ᠲᠣᠭᠳᠠᠭᠠᠭᠰᠠᠨ ᠪᠣᠭᠤᠮᠳᠠ ᠪᠠ ᠪᠣᠭᠤᠮᠳᠠ ᠶᠢᠨ 2 ᠳ᠋ᠤᠭᠠᠷ ᠨᠤᠮᠧᠷᠲᠤ ᠬᠦᠭᠦᠷᠭᠡ ᠶᠢᠨ ᠪᠠᠶᠢᠭᠤᠯᠤᠯᠲᠠ ᠶᠢᠨ ᠲᠦᠷᠦᠯ ᠵᠦᠢᠯ ᠢ ᠪᠦᠬᠦ ᠬᠦᠴᠦᠨ ᠢᠶᠠᠷ ᠭᠤᠶᠤᠴᠢᠯᠠᠵᠤ᠂ ᠪᠣᠭᠤᠮᠳᠠ ᠶᠢᠨ ᠲᠦᠭᠦᠭᠡᠢ ᠲᠤᠰᠤᠨ ᠤ ᠵᠦᠭᠡᠭᠡᠪᠦᠷᠢ ᠶᠢᠨ ᠰᠠᠭᠤᠷᠢᠨ ᠭᠠᠵᠠᠷ᠂ ᠬᠦᠮᠦᠷᠭᠡ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠵᠡᠷᠭᠡ ᠭᠤᠣᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠤᠯᠲᠠ ᠶᠢ ᠲᠦᠷᠭᠡᠳᠬᠡᠵᠦ᠂ ᠪᠣᠭᠤᠮᠳᠠ ᠨᠡᠪᠲᠡᠷᠡᠬᠦ ᠦᠢᠯᠡᠴᠢᠯᠡᠭᠡᠨ ᠤ ᠰᠠᠭᠤᠷᠢ ᠲᠦᠬᠦᠬᠡᠷᠦᠮᠵᠢ ᠶᠢ ᠲᠡᠭᠦᠯᠳᠡᠷᠵᠢᠭᠦᠯᠦᠨ᠎ᠠ᠃ ᠨᠡᠭᠦᠷᠡᠰᠤ᠂ ᠴᠢᠯᠠᠭᠤᠨ ᠲᠤᠰᠤ ᠂ ᠳᠡᠵᠢᠭᠡᠯ ᠪᠣᠷᠳᠤᠭ᠎ᠠ ᠵᠡᠷᠭᠡ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠣᠷᠤᠭᠤᠯᠤᠯᠲᠠ ᠶᠢ ᠠᠬᠢᠭᠤᠯᠵᠤ᠂ ᠵᠢᠮᠢᠰ ᠨᠤᠭᠤᠭ᠎ᠠ᠂ ᠡᠯᠧᠺᠲᠷᠤᠨ ᠲᠠᠸᠠᠷ ᠵᠡᠷᠭᠡ ᠣᠯᠤᠰ  ᠤᠨ ᠲᠤᠳᠤᠭᠠᠳᠤ ᠶᠢᠨ ᠲᠠᠸᠠᠷ ᠤᠨ ᠭᠠᠷᠭᠠᠯᠲᠠ ᠶᠢ ᠰᠦᠪᠡᠭᠴᠢᠯᠡᠵᠦ᠂ ᠡᠪᠦᠳᠦᠭ ᠪᠣᠭᠤᠮᠳᠠ ᠶᠢ ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ᠂ ᠠᠮᠤ ᠪᠣᠳᠠᠭ᠎ᠠ ᠠᠭᠤᠷᠬᠠᠢ ᠵᠡᠷᠭᠡ ᠡᠬᠢ ᠪᠠᠶᠠᠯᠢᠭ ᠤᠨ ᠦᠢᠯᠡᠳᠪᠦᠷᠢᠯᠡᠯ ᠢ ᠨᠢᠭᠡ ᠴᠤᠭᠴᠠᠵᠢᠭᠤᠯᠤᠭᠰᠠᠨ ᠠᠵᠤ ᠦᠢᠯᠡᠰ ᠤᠨ ᠲᠦᠪᠯᠡᠷᠡᠯ ᠣᠷᠤᠨ ᠪᠣᠯᠭᠠᠨ ᠪᠦᠲᠦᠭᠡᠨ ᠪᠠᠶᠢᠭᠤᠯᠵᠤ᠂ ᠬᠦᠯᠦᠨ ᠪᠣᠶᠢᠷ ᠢ ᠮᠣᠩᠭᠤᠯ ᠤᠯᠤᠰ ᠲᠠᠢ ᠴᠢᠯᠦᠭᠡᠲᠡᠢ ᠶᠠᠪᠤᠯᠴᠠᠬᠤ ᠠᠵᠤ ᠠᠬᠤᠢ ᠠᠷᠠᠯᠵᠢᠶ᠎ᠠ ᠬᠤᠳᠠᠯᠳᠤᠭᠠᠨ ᠤ ᠬᠠᠮᠳᠤᠷᠠᠯᠴᠠᠭᠠᠨ ᠤ ᠭᠤᠣᠯ ᠲᠣᠭᠤᠷᠢᠭ ᠪᠣᠯᠭᠠᠨ᠂ ︽ᠠᠵᠤ ᠠᠬᠤᠢ ᠶᠢᠨ ᠨᠡᠪᠲᠡᠷᠡᠯ ᠵᠠᠮ︾ ᠠᠴᠠ ︽ᠨᠡᠪᠲᠡᠷᠡᠯ ᠤᠨ ᠠᠵᠤ ᠠᠬᠤᠢ︾ ᠲᠡᠰᠢ ᠬᠤᠪᠢᠷᠠᠭᠤᠯᠬᠤ ᠶᠢ ᠪᠡᠶᠡᠯᠡᠭᠦᠯᠦᠨ᠎ᠠ᠃ ︵ᠭᠤᠷᠪᠠ︶ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠦᠨ᠎ᠡ᠃ ︽ᠨᠤᠮᠢᠨ ᠤᠰᠤ ᠬᠦᠬᠡᠮᠳᠦᠭ ᠠᠭᠤᠯᠠ ᠪᠣᠯ ᠳᠠᠷᠤᠢ ᠠᠯᠳᠠ ᠮᠦᠩᠭᠦᠨ ᠡᠷᠳᠡᠨᠢ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠤᠯᠭ᠎ᠠ ᠶᠢᠨ ᠲᠣᠭᠳᠠᠴᠠ ᠶᠢ ᠪᠠᠲᠤᠯᠠᠨ ᠴᠢᠩᠭᠠᠳᠬᠠᠵᠤ᠂ ᠭᠤᠶᠢᠪᠢᠯᠵᠠᠬᠤ ᠦᠭᠡᠢ᠂ ᠰᠤᠯᠠᠷᠠᠭᠤᠯᠬᠤ ᠦᠭᠡᠢ᠂ ᠠᠮᠢ ᠠᠬᠤᠢ ᠶᠢ ᠲᠡᠷᠢᠭᠦᠨ ᠳᠤ ᠬᠠᠷᠠᠭᠠᠯᠵᠠᠵᠤ᠂ ᠪᠣᠬᠢᠷᠳᠤᠯ ᠦᠭᠡᠢ ᠬᠦᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠨ᠎ᠠ᠃     — — ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶᠡᠴᠢ ᠬᠤᠰᠢᠭᠤ  ᠶᠢ ᠡᠭᠦᠳᠦᠨ ᠴᠤᠭᠴᠠᠯᠠᠬᠤ ᠪᠠᠷ ᠭᠠᠷᠳᠠᠴᠠ ᠪᠣᠯᠭᠠᠨ᠂ ᠠᠮᠢ ᠠᠬᠤᠢ ᠶᠢᠨ ᠭᠤᠣᠯ ᠴᠤᠭᠴᠠᠲᠤ ᠴᠢᠳᠠᠪᠬᠢᠲᠤ ᠣᠷᠤᠨ ᠤ ᠪᠠᠶᠢᠷᠢ ᠲᠣᠭᠳᠠᠭᠠᠯᠲᠠ ᠳᠤ ᠰᠠᠭᠤᠷᠢᠯᠠᠵᠤ᠂ ᠮᠠᠯᠵᠢᠬᠤ ᠶᠢ ᠵᠣᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢᠰᠢᠯ ᠤᠨ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠡᠨᠡ ᠵᠢᠯ᠂ 139.9 ᠲᠦᠮᠡᠨ ᠮᠤ᠋ ᠪᠡᠯᠴᠢᠭᠡᠷ ᠤᠨ ᠮᠠᠯᠵᠢᠬᠤ ᠶᠢ ᠵᠣᠭᠰᠤᠭᠠᠨ᠂ 1979.7 ᠲᠦᠮᠡᠨ ᠮᠤ᠋ ᠪᠡᠯᠴᠢᠭᠡᠷ ᠤᠨ ᠮᠠᠯ ᠪᠡᠯᠴᠢᠭᠡᠷ ᠤᠨ ᠲᠡᠩᠴᠡᠭᠦᠷᠢᠰᠢᠯ ᠢ ᠪᠡᠶᠡᠯᠡᠭᠦᠯᠵᠤ᠂ ᠲᠠᠯ᠎ᠠ ᠨᠤᠲᠤᠭ  ᠤᠨ ᠠᠮᠢ ᠠᠬᠤᠢ ᠶᠢ 8.4 ᠲᠦᠮᠡᠨ ᠮᠤ᠋ ᠰᠡᠷᠭᠦᠭᠡᠨ᠎ᠠ᠃ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠤᠣᠯ ᠨᠠᠭᠤᠷ  ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠠᠯ᠎ᠠ ᠨᠤᠲᠤᠭ ᠤᠨ ᠠᠮᠢ ᠠᠬᠤᠢ ᠶᠢᠨ ᠱᠠᠩᠨᠠᠯ ᠨᠥᠬᠦᠪᠦᠷᠢ ᠶᠢᠨ ᠲᠦᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠶᠢᠭᠠᠯᠢᠯᠢᠭ ᠣᠢ ᠰᠢᠭᠤᠢ ᠶᠢᠨ ᠬᠠᠮᠠᠭᠠᠯᠠᠯᠲᠠ ᠪᠠ ᠤᠯᠤᠰ ᠤᠨ ᠨᠡᠶᠢᠲᠡ ᠶᠢᠨ ᠠᠰᠢᠭᠲᠤ ᠣᠢ ᠰᠢᠭᠤᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠳᠠᠯ᠎ᠠ ᠨᠤᠲᠤᠭ ᠤᠨ ᠠᠮᠢ ᠠᠬᠤᠢ ᠣᠷᠴᠢᠨ ᠲᠣᠭᠤᠷᠢᠨ ᠢ ᠡᠪᠳᠡᠬᠦ ᠶᠠᠯᠠᠳᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠠ᠃ ︽ᠬᠤᠶᠠᠷ ᠠᠭᠤᠯᠠ︾ ᠶᠢᠨ ᠦᠢᠯᠡᠳᠦᠯᠭᠡ ᠰᠢᠨᠡᠴᠢᠯᠡᠯᠲᠡ ᠶᠢᠨ ᠰᠠᠭᠤᠷᠢᠨ ᠭᠠᠵᠠᠷ ᠢ ᠢᠳᠡᠪᠬᠢᠲᠡᠢ ᠲᠡᠮᠡᠴᠡᠨ ᠣᠯᠵᠤ᠂ ︽ᠨᠡᠭᠦᠷᠡᠰᠦᠳᠦ᠋ᠷᠦᠭᠴᠢ ᠶᠢᠨ ᠲᠤᠩᠭᠠᠯᠲᠠ ᠶᠢᠨ ᠠᠵᠤ ᠠᠬᠤᠢ ᠶᠢᠨ ᠬᠦᠴᠢᠷ ᠢ ᠳᠤᠭᠤᠯᠬᠤ ᠠᠵᠢᠯᠯᠠᠭ᠎ᠠ︾ ᠢ ᠡᠬᠢᠯᠡᠭᠦᠯᠦᠨ ᠦᠷᠨᠢᠭᠦᠯᠵᠤ᠂ ᠠᠮᠢ ᠠᠬᠤᠢ ᠶᠢ ᠲᠠᠰᠤᠷᠠᠯᠲᠠ ᠦᠭᠡᠢ ᠰᠡᠷᠭᠦᠭᠡᠨ᠂ ᠲᠣᠳᠠᠭᠳᠠᠯ ᠢᠶᠠᠨ ᠨᠥᠬᠦᠪᠦᠷᠢᠯᠡᠵᠤ᠂ ᠠᠮᠢ ᠠᠬᠤᠢ ᠶᠢᠨ ᠲᠠᠸᠠᠷ ᠤᠨ ᠥᠷᠳᠡᠭ ᠤᠨ ᠪᠡᠶᠡᠯᠡᠭᠳᠡᠯ ᠤᠨ ᠠᠷᠭ᠎ᠠ ᠵᠠᠮ ᠢ ᠦᠷᠭᠡᠳᠭᠡᠨ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠰᠢᠯᠢᠳᠡᠭ ᠴᠢᠨᠠᠷᠲᠠᠢ ᠡᠷᠬᠢᠯᠲᠡ ᠶᠢ ᠪᠡᠶᠡᠯᠡᠭᠦᠯᠬᠦ ᠪᠠᠷ ᠴᠢᠷᠮᠠᠶᠢᠨ᠎ᠠ᠃    — — ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠰᠠᠶᠢᠲᠤᠷ ᠬᠢᠵᠤ᠂ ᠠᠮᠢ ᠠᠬᠤᠢ ᠣᠷᠴᠢᠨ ᠲᠣᠭᠤᠷᠢᠨ ᠤ ᠱᠠᠭᠠᠷᠳᠠᠨ ᠪᠠᠶᠢᠴᠠᠭᠠᠯᠲᠠ ᠶᠢᠨ ᠬᠠᠷᠢᠭᠤ ᠲᠤᠰᠬᠠᠯ ᠤᠨ ᠠᠰᠠᠭᠤᠳᠠᠯ ᠤᠨ ᠴᠡᠭᠴᠡᠯᠡᠯᠲᠡ ᠶᠢ ᠲᠤᠤᠱᠲᠠᠢ ᠠᠳᠬᠤᠨ᠎ᠠ᠃ ᠠᠭᠠᠷ ᠮᠠᠨᠳᠠᠯ ᠤᠨ ᠪᠣᠬᠢᠷᠳᠤᠯ  ᠢ ᠰᠡᠷᠭᠡᠶᠢᠯᠡᠨ ᠵᠠᠰᠠᠬᠤ ᠠᠵᠢᠯ ᠢ ᠣᠷᠣᠨ ᠪᠦᠰᠡ ᠬᠤᠪᠢᠶᠠᠨ ᠬᠠᠮᠢᠶᠠᠷᠴᠤ᠂ ᠤᠤᠭᠤᠬᠤ ᠤᠰᠤᠨ ᠤ  ᠡᠬᠢ ᠰᠤᠷᠪᠤᠯᠵᠢ ᠶᠢ ᠬᠠᠮᠠᠭᠠᠯᠠᠬᠤ᠂ ᠬᠦᠷᠦᠰᠤ ᠰᠢᠷᠤᠢ ᠶᠢᠨ ᠪᠣᠬᠢᠷᠳᠤᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠰᠡᠷᠭᠦᠭᠡᠨ ᠵᠠᠰᠠᠬᠤ ᠠᠵᠢᠯ ᠢ ᠴᠢᠩᠭᠠᠳᠬᠠᠵᠤ᠂  ᠡᠨᠡ ᠵᠢᠯ᠂ ᠮᠠᠯᠵᠢᠬᠤ ᠣᠷᠤᠨ ᠤ ᠠᠮᠢᠳᠤᠷᠠᠯ  ᠤᠨ ᠪᠣᠬᠢᠷ ᠤᠰᠤ ᠶᠢ ᠰᠢᠢᠳᠪᠦᠷᠢᠯᠡᠬᠦ᠂ ᠲᠡᠦᠬᠡ ᠶᠢᠨ ᠦᠯᠡᠳᠡᠭᠳᠡᠯ ᠠᠭᠤᠷᠬᠠᠢ ᠶᠢᠨ ᠨᠦᠭᠡ ᠶᠢ ᠵᠠᠰᠠᠬᠤ᠂ ᠬᠠᠶᠠᠭᠳᠠᠮᠠᠯ ᠦᠨᠡᠰᠤ ᠶᠢ ᠠᠰᠢᠭᠯᠠᠬᠤ᠂ ᠡᠨᠧᠷᠬᠢ ᠠᠷᠪᠢᠯᠠᠨ ᠣᠷᠴᠢᠨ ᠢ ᠬᠠᠮᠠᠭᠠᠯᠠᠬᠤ ᠵᠡᠷᠭᠡ ᠨᠢᠭᠡ ᠪᠦᠯᠦᠭ ᠠᠮᠢ ᠠᠬᠤᠢ ᠶᠢᠨ ᠰᠡᠷᠭᠦᠭᠡᠯᠲᠡ ᠶᠢᠨ ᠲᠦᠷᠦᠯ ᠵᠦᠢᠯ ᠢ ᠪᠡᠶᠡᠯᠡᠭᠦᠯᠵᠦ᠂ ᠠᠮᠤᠭᠤᠯᠠᠩ ᠪᠠᠯᠭᠠᠰᠤ ᠶᠢᠨ ᠤᠰᠤᠨ ᠤ ᠠᠮᠢ ᠠᠬᠤᠢ ᠢ ᠵᠠᠰᠠᠬᠤ᠂ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠳᠠᠯᠠᠪᠠᠢ ᠶᠢᠨ ᠨᠡᠪᠴᠢᠬᠦ ᠶᠢ ᠰᠡᠷᠭᠡᠶᠢᠯᠡᠬᠦ ᠳᠠᠪᠬᠤᠷᠭ᠎ᠠ ᠶᠢ ᠦᠷᠭᠡᠳᠭᠡᠨ ᠪᠠᠶᠢᠭᠤᠯᠬᠤ ᠲᠦᠷᠦᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠬᠤᠳᠠ ᠪᠠᠯᠭᠠᠰᠤ ᠶᠢᠨ ᠪᠣᠬᠢᠷ ᠤᠰᠤ ᠶᠢ ᠬᠤᠷᠢᠶᠠᠬᠤ ᠬᠤᠭᠤᠯᠠᠢ ᠲᠣᠣᠷ ᠤᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠣᠷᠴᠢᠨ ᠲᠣᠭᠤᠷᠢᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠠ᠃    ︵ᠳᠦᠷᠪᠡ︶ ᠡᠭᠦᠳᠦᠨ ᠰᠢᠨᠡᠴᠢᠯᠡᠯᠲᠡ ᠶᠢ ᠪᠠᠷᠢᠮᠲᠠᠯᠠᠨ᠂ ᠦᠢᠯᠡᠴᠢᠯᠡᠭᠡ ᠪᠠ ᠰᠢᠨ᠎ᠠ ᠬᠦᠭᠵᠢᠯᠲᠡ ᠶᠢᠨ ᠲᠦᠯᠦᠪᠰᠢᠷᠡᠯ ᠳᠤ ᠠᠭᠤᠰᠤᠯᠴᠠᠬᠤ ᠳᠤᠮᠳᠠ ᠬᠦᠭᠵᠢᠯᠲᠡ ᠶᠢᠨ ᠰᠢᠨ᠎ᠠ ᠬᠦᠳᠡᠯᠭᠡᠭᠦᠷ ᠢ ᠪᠣᠶᠢᠵᠢᠭᠤᠯᠤᠨ᠎ᠠ᠃ᠦᠭᠡᠷᠡᠴᠢᠯᠡᠯᠲᠡ ᠶᠢᠨ ᠵᠠᠩᠭᠢᠯᠠᠭ᠎ᠠ ᠶᠢᠨ ᠠᠷᠭ᠎ᠠ ᠶᠢ ᠰᠠᠶᠢᠲᠤᠷ ᠬᠡᠷᠡᠭᠯᠡᠨ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠦᠯᠦᠭᠡᠯᠡᠬᠦ ᠭᠤᠣᠯ ᠬᠦᠯᠢᠶᠡᠰᠦᠯᠡᠯ ᠢ ᠡᠪᠳᠡᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠠᠵᠢᠯᠯᠠᠭᠠᠨ ᠲᠠᠢ ᠵᠠᠰᠠᠭ ᠤᠨ ᠣᠷᠳᠤᠨ ᠤ ᠨᠡᠩ ᠰᠠᠶᠢᠨ ᠤᠶᠠᠯᠳᠤᠯ᠂ ᠦᠭᠡᠷᠡᠴᠢᠯᠡᠯᠲᠡ ᠪᠠ ᠬᠦᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠪᠦᠬᠦ ᠬᠤᠰᠢᠭᠤᠨ ᠤ ᠴᠢᠨᠠᠷ ᠰᠠᠶᠢᠲᠠᠢ ᠬᠦᠭᠵᠢᠯᠲᠡ ᠶᠢᠨ ᠨᠡᠩ ᠰᠠᠶᠢᠨ ᠬᠢᠷᠢ ᠪᠦᠲᠦᠮᠵᠢ ᠣᠯᠬᠤ ᠶᠢ ᠦᠨᠡᠨᠬᠦ ᠠᠬᠢᠭᠤᠯᠤᠨ᠎ᠠ᠃    — — ᠲᠣᠭᠳᠠᠴᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠳᠥᠭᠦᠮᠴᠢᠯᠡᠬᠦ᠂ ᠵᠠᠰᠠᠭ ᠤᠨ ᠠᠵᠢᠯ ᠤᠨ ᠦᠢᠯᠡᠴᠢᠯᠡᠭᠡᠨ ᠤ ᠳᠠᠬᠢᠨ ᠰᠢᠯᠢᠳᠡᠭᠵᠢᠭᠦᠯᠬᠦ ᠶᠢ ᠠᠬᠢᠭᠤᠯᠵᠤ᠂ ᠬᠠᠤᠯᠢ ᠶᠣᠰᠤᠭᠠᠷ ᠵᠠᠰᠠᠭ ᠪᠠᠷᠢᠬᠤ᠂ ᠵᠠᠰᠠᠭ ᠤᠨ ᠠᠵᠢᠯ ᠢ ᠢᠯᠡ ᠪᠣᠯᠭᠠᠬᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠥᠨᠳᠦᠷ ᠦᠷ᠎ᠡ  ᠪᠦᠲᠦᠮᠵᠢ ᠣᠯᠵᠤ᠂ ᠢᠳᠡᠭᠡᠯ  ᠢ ᠡᠷᠬᠢᠮᠯᠡᠨ ᠠᠮᠠᠯᠠᠯᠲᠠ ᠪᠠᠨ ᠦᠢᠯᠡᠳᠦᠯᠭᠡᠵᠢᠭᠦᠯᠬᠦ ᠵᠡᠷᠭᠡ ᠳᠠᠯ᠎ᠠ ᠪᠠᠷ ︽12345︾᠂ ᠦᠪᠤᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠡᠯ ᠵᠡᠷᠭᠡ ᠡᠯ᠎ᠠ ᠲᠦᠷᠦᠯ ᠤᠨ ᠲᠠᠪᠴᠠᠩ ᠤᠨ ᠦᠢᠯᠡᠳᠦᠯ ᠪᠠ ᠠᠵᠢᠯ ᠲᠦᠷᠦᠯ ᠤᠨ ᠰᠠᠯᠠᠭ᠎ᠠ ᠮᠦᠴᠢᠷ ᠤᠨ ᠡᠭᠦᠷᠭᠡ ᠴᠢᠳᠠᠪᠬᠢ ᠶᠢ ᠰᠠᠶᠢᠲᠤᠷ ᠪᠠᠲᠠᠷᠠᠭᠤᠯᠵᠤ᠂ ︽ᠣᠴᠢᠷ ᠶᠠᠪᠤᠳᠠᠯ ᠢᠶᠠᠨ ᠰᠢᠢᠳᠪᠦᠷᠢᠯᠡᠭᠦᠯᠵᠦ ᠳᠡᠶᠢᠯᠦᠭᠰᠡᠨ ᠦᠭᠡᠢ︾ ᠠᠰᠠᠭᠤᠳᠠᠯ ᠢ ᠲᠤᠰᠬᠠᠬᠤ ᠴᠣᠩᠬᠤᠪᠴᠢ ᠲᠣᠬᠢᠷᠠᠭᠤᠯᠤᠨ᠂ ᠠᠵᠤ ᠠᠬᠤᠶᠢᠯᠠᠯ ᠳᠤ ᠦᠢᠯᠡᠴᠢᠯᠡᠬᠦ ᠰᠠᠨᠠᠭᠠᠴᠢᠯᠠᠭᠠᠲᠤ ᠴᠢᠨᠠᠷ᠂ ᠢᠳᠡᠪᠬᠢ ᠴᠢᠨᠠᠷ ᠢ ᠦᠨᠡᠨᠬᠦ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠦᠭᠡᠷᠡᠴᠢᠯᠡᠯᠲᠡ ᠳᠤ  ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠠ ᠨᠢᠭᠡ ᠡᠭᠡᠯᠵᠢ ᠶᠢᠨ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠤᠯᠤᠰ ᠤᠨ ᠦᠮᠴᠢᠯᠡᠯᠲᠤ ᠠᠵᠤ ᠠᠬᠤᠢ ᠶᠢᠨ ᠪᠠᠶᠢᠷᠢᠰᠢᠯ ᠤᠨ ᠪᠦᠲᠦᠴᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠤᠯᠤᠰ ᠤᠨ ᠬᠦᠷᠦᠩᠭᠡ ᠶᠢᠨ ᠡᠵᠡᠩᠨᠡᠯᠲᠡ ᠶᠢᠨ ᠴᠢᠳᠠᠪᠤᠷᠢ ᠶᠢ ᠲᠡᠭᠡᠭᠰᠢᠯᠡᠬᠦᠯᠦᠨ᠎ᠡ᠃ ᠡᠳ᠋ ᠤᠨ ᠵᠠᠰᠠᠭ ᠤᠨ ᠭᠠᠶᠢᠯᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ ᠢ ᠬᠠᠮᠵᠢᠨ᠂ ᠭᠠᠶᠢᠯᠢ ᠶᠢ ᠬᠠᠮᠠᠭᠠᠯᠠᠬᠤ ᠰᠦᠯᠵᠢᠶᠡᠨ ᠳᠠᠪᠴᠠᠩ ᠪᠠᠶᠢᠭᠤᠯᠵᠤ᠂ ᠲᠦᠰᠦᠪ ᠤᠨ ᠬᠢᠵᠠᠭᠠᠷᠯᠠᠯ ᠪᠠ ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠢᠬᠤᠯᠠ ᠶᠡᠭᠡ ᠵᠦᠢᠯᠡᠰ ᠤᠨ ᠡᠳ᠋ ᠤᠨ ᠵᠠᠰᠠᠭ ᠤᠨ ᠳᠠᠭᠠᠭᠠᠴᠠ ᠶᠢᠨ ᠦᠨᠡᠯᠡᠯᠲᠡ ᠶᠢ ᠴᠢᠩᠭᠠᠳᠬᠠᠵᠤ᠂ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ ᠣᠷᠳᠤᠨ ᠤ ᠦᠷᠢ ᠥᠭᠴᠡᠭᠡ ᠶᠢ ᠦᠨᠡᠨᠬᠦ ᠰᠢᠢᠳᠪᠦᠷᠢᠯᠡᠨ ᠬᠤᠷᠢᠭᠯᠠᠨ᠎ᠠ᠃     — —  ᠣᠷᠣᠨ ᠪᠦᠰᠡ ᠶᠢᠨ ᠬᠠᠮᠵᠢᠯᠴᠠᠭ᠎ᠠ ᠶᠢ ᠠᠬᠢᠭᠤᠯᠤᠨ᠎ᠠ᠃ ᠳᠠᠳᠮᠠᠭᠠᠢ ᠰᠡᠳᠬᠢᠭᠦᠢ ᠶᠢ ᠤᠬᠠᠮᠰᠠᠷ ᠠᠴᠠ ᠪᠠᠨ ᠡᠪᠳᠡᠵᠤ᠂ ᠠᠷᠭ᠎ᠠ ᠵᠠᠮ ᠤᠨ ᠲᠦᠰᠢᠭᠯᠡᠯ ᠠᠴᠠ ᠰᠠᠨᠠᠭᠠᠴᠢᠯᠠᠭ᠎ᠠ ᠠᠴᠠ ᠪᠠᠨ ᠮᠤᠯᠳᠤᠷᠠᠨ᠂ ᠥᠪᠡᠷᠲᠡᠭᠡᠨ ᠪᠠᠶᠢᠭ᠎ᠠ ᠡᠬᠢ ᠪᠠᠶᠠᠯᠢᠭ ᠪᠠ ᠣᠷᠤᠨ ᠨᠤᠲᠤᠭ ᠤᠨ ᠬᠢᠵᠠᠭᠠᠷᠲᠠᠢ ᠠᠵᠤ ᠠᠬᠤᠢ ᠶᠢᠨ ᠬᠦᠭᠵᠢᠯᠲᠡ ᠶᠢ ᠰᠡᠳᠦᠬᠦ ᠠᠴᠠ ᠵᠠᠶᠢᠯᠠᠨ᠎ᠠ᠃ ︽ᠬᠤᠣᠰ ᠡᠷᠬᠢᠯᠲᠡ︾ ᠪᠠ ᠣᠷᠣᠨ ᠪᠦᠰᠡ ᠶᠢᠨ ᠬᠠᠮᠳᠤᠷᠠᠯᠴᠠᠭᠠᠨ ᠤ ᠥᠷᠭᠡᠨ  ᠬᠡᠪᠴᠢᠶᠠᠨ ᠠᠴᠠ ᠠᠵᠤ ᠦᠢᠯᠡᠰ  ᠤᠨ ᠲᠦᠷᠦᠯ ᠵᠦᠢᠯ ᠢ ᠲᠥᠯᠥᠪᠵᠢᠭᠦᠯᠵᠦ᠂ ᠵᠡᠭᠦᠨ ᠬᠤᠶᠢᠳᠤ ᠣᠷᠤᠨ ᠢ ᠬᠦᠭᠵᠢᠭᠦᠯᠦᠨ ᠮᠠᠨᠳᠤᠭᠤᠯᠬᠤ ᠳᠤ ᠰᠠᠨᠠᠭᠠᠴᠢᠯᠠᠭ᠎ᠠ ᠲᠠᠢ ᠣᠷᠤᠯᠴᠠᠨ᠂ ᠬᠦᠭᠵᠢᠭᠰᠡᠨ ᠭᠠᠵᠠᠷ ᠣᠷᠤᠨ ᠲᠠᠢ ᠴᠢᠭᠯᠡᠭᠦᠯᠦᠯᠲᠤ ᠴᠢᠨᠠᠷᠲᠠᠢ ᠵᠣᠯᠭᠠᠭᠤᠯᠵᠤ᠂ ᠣᠨᠴᠠᠯᠢᠭᠲᠤ ᠠᠵᠤ ᠦᠢᠯᠡᠰ ᠢ ᠣᠷᠤᠭᠤᠯᠤᠨ ᠬᠦᠮᠦᠵᠢᠭᠦᠯᠵᠤ᠂ ᠴᠢᠳᠠᠪᠬᠢ ᠶᠢᠨ ᠬᠠᠷᠢᠯᠴᠠᠨ ᠨᠥᠬᠦᠪᠦᠷᠢᠯᠡᠬᠦ᠂ ᠠᠵᠤ ᠦᠢᠯᠡᠰ ᠤᠨ ᠢᠵᠢ ᠪᠦᠷᠢᠯᠳᠦᠭᠦᠯᠬᠦ᠂ ᠡᠯᠧᠮᠧᠨ᠋ᠲ ᠶᠢᠨ ᠠᠭᠤᠰᠤᠯᠴᠠᠯ ᠢ ᠠᠬᠢᠭᠤᠯᠬᠤ᠂  ᠣᠷᠣᠨ ᠪᠦᠰᠡ ᠶᠢᠨ ᠬᠠᠮᠵᠢᠯᠴᠠᠭ᠎ᠠ ᠶᠢᠨ ᠬᠦᠭᠵᠢᠯᠲᠡ ᠠᠴᠠ ᠰᠢᠨ᠎ᠠ ᠠᠵᠠ ᠲᠣᠬᠢᠶᠠᠯ ᠣᠯᠬᠤ ᠪᠠᠷ ᠬᠦᠴᠦᠯᠡᠨ ᠴᠢᠷᠮᠠᠶᠢᠨ᠎ᠠ᠃ ︽ᠪᠠᠢ ᠼᠣᠣ ᠶᠤᠸᠠᠨ︾ ᠮᠣᠩᠭᠤᠯ ᠡᠮ ᠡᠮᠨᠡᠯᠭᠡ᠂ ᠬᠦᠭᠡ ᠬᠢᠳᠠᠷᠤᠤ ᠦᠢᠯᠡᠳᠪᠦᠷᠢᠯᠡᠨ ᠪᠣᠷᠣᠯᠠᠭᠤᠯᠬᠤ  ᠵᠡᠷᠭᠡ ᠡᠬᠢ ᠪᠠᠶᠠᠯᠢᠭ ᠤᠨ ᠪᠣᠰᠤ ᠬᠡᠯᠪᠡᠷᠢᠲᠤ ᠠᠵᠤ ᠦᠢᠯᠡᠰ ᠪᠠ ᠰᠢᠨ᠎ᠠ ᠪᠠᠷ ᠬᠦᠭᠵᠢᠭᠰᠡᠨ ᠠᠵᠤ ᠦᠢᠯᠡᠰ ᠤᠨ ᠲᠦᠷᠦᠯ ᠵᠦᠢᠯ  ᠢ ᠵᠣᠷᠢᠭᠵᠢᠭᠤᠯᠤᠨ ᠬᠥᠭᠵᠢᠭᠦᠯᠵᠦ᠂ ᠬᠤᠰᠢᠭᠤᠨ ᠤ ᠬᠡᠫᠴᠢᠶᠡᠨ ᠳᠠᠬᠢ ᠠᠵᠤ ᠠᠬᠤᠢ ᠶᠢᠨ ᠰᠢᠨ᠎ᠠ ᠨᠡᠮᠡᠭᠳᠡᠯ ᠴᠡᠭ ᠢ ᠪᠣᠶᠢᠵᠢᠭᠤᠯᠤᠨ᠎ᠠ᠃ ᠬᠦᠯᠦᠨ ᠪᠣᠶᠢᠷ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠵᠡᠷᠭᠡ ᠠᠵᠤ ᠦᠢᠯᠡᠰ ᠤᠨ ᠬᠦᠷᠢᠶᠡᠯᠡᠩ ᠲᠣᠭᠤᠷᠢᠭ ᠯᠤᠭ᠎ᠠ ᠶᠢᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠡᠨᠡ ᠵᠢᠯ ᠂ ︽ᠣᠷᠣᠨ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ︾ ᠶᠢᠨ ᠬᠦᠴᠢᠷᠳᠡᠯ ᠢ ᠲᠤᠭᠤᠯᠬᠤ ᠪᠠᠷ ᠬᠦᠴᠦᠯᠡᠨ᠎ᠠ᠃     ︵ᠳᠠᠪᠤ︶ ᠬᠤᠳᠠ ᠬᠦᠳᠡᠭᠡ ᠶᠢᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ᠂ ᠲᠦᠪ ᠬᠤᠳᠠ ᠪᠠᠯᠭᠠᠰᠤ ᠶᠢᠨ ᠶᠠᠰᠤ ᠴᠢᠨᠠᠷ ᠤᠨ ᠳᠡᠭᠡᠭᠰᠢᠯᠡᠯᠲᠡ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠦᠷ᠎ᠡ  ᠪᠦᠲᠦᠮᠵᠢ ᠶᠢ ᠳᠡᠭᠡᠭᠰᠢᠯᠡᠭᠦᠯᠦᠨ᠎ᠡ᠃ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠲᠠ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢᠨ ᠨᠢᠭᠡ ᠴᠤᠭᠴᠠᠵᠢᠭᠤᠯᠤᠨ ᠠᠬᠢᠭᠤᠯᠬᠤ᠂ ᠬᠤᠶᠠᠷ ᠳᠠᠯ᠎ᠠ ᠪᠠᠷ ᠬᠦᠴᠦᠯᠡᠬᠦ ᠶᠢ ᠪᠠᠷᠢᠮᠲᠠᠯᠠᠵᠤ᠂ ᠲᠤᠳᠤᠭᠠᠳᠤ ᠬᠡᠷᠡᠭᠴᠡᠭᠡᠨ ᠤ ᠳᠠᠯᠳᠠ ᠬᠦᠴᠦᠨ ᠢ ᠭᠦᠢᠴᠠᠳ ᠪᠠᠳᠠᠷᠠᠭᠤᠯᠵᠤ᠂ ᠰᠠᠭᠤᠷᠢ ᠲᠦᠬᠦᠬᠡᠷᠦᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠣᠳᠤᠬᠢᠴᠢᠯᠠᠭᠰᠠᠨ ᠦᠵᠡᠰᠬᠦᠯᠡᠩᠲᠦ ᠰᠠᠶᠢᠬᠠᠨ ᠬᠢᠯᠢ ᠶᠢᠨ ᠮᠠᠯᠵᠢᠬᠤ ᠣᠷᠤᠨ ᠢ ᠴᠤᠭᠴᠠᠯᠠᠨ᠎ᠠ᠃     — — ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠠᠬᠢᠴᠠ ᠶᠢ ᠲᠦᠷᠭᠡᠳᠭᠡᠨ᠎ᠠ᠃ ︽ᠰᠢᠨ᠎ᠠ ᠪᠠᠷᠭᠤ ᠵᠡᠭᠦᠨ ᠬᠤᠰᠢᠭᠤᠨ ᠤ ᠤᠯᠤᠰ ᠤᠨ ᠭᠠᠵᠠᠷ ᠰᠢᠷᠤᠢ ᠶᠢᠨ ᠣᠷᠤᠨ ᠵᠠᠢ ᠶᠢᠨ ᠶᠡᠷᠦᠩᠬᠡᠢ ᠲᠦᠯᠦᠪᠵᠢᠭᠦᠯᠭᠡ︾ ᠪᠠᠷ ᠬᠦᠲᠦᠴᠢ ᠪᠣᠯᠭᠠᠵᠤ᠂ ᠪᠠᠯᠭᠠᠰᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠵᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ᠂ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠣᠭᠤᠷᠢᠭ ᠵᠡᠷᠭᠡ ᠢᠵᠢ ᠪᠦᠷᠢᠳᠦᠭᠦᠯᠦᠭᠰᠡᠨ ᠲᠦᠭᠦᠬᠡᠷᠦᠮᠵᠢ ᠶᠢ ᠰᠠᠶᠢᠲᠤᠷ ᠪᠠᠶᠢᠭᠤᠯᠵᠤ᠂ ᠠᠷᠠᠳ ᠲᠤ ᠳᠦᠭᠦᠮ᠂ ᠠᠰᠢᠭ ᠲᠤᠰᠠᠲᠠᠢ ︽10 ᠮᠢᠨᠦ᠋ᠲ ᠤᠨ ᠠᠮᠢᠳᠤᠷᠠᠯ ᠤᠨ ᠲᠣᠭᠤᠷᠢᠭ︾ ᠢ ᠪᠠᠶᠢᠭᠤᠯᠤᠨ᠎ᠠ᠃ ᠪᠣᠷᠤᠭᠠᠨ ᠤ ᠤᠰᠤ ᠪᠠ ᠪᠣᠬᠢᠷ ᠤᠰᠤ ᠶᠢ ᠰᠠᠯᠭᠠᠨ ᠰᠢᠢᠳᠪᠦᠷᠢᠯᠡᠬᠦ᠂ ᠬᠤᠭᠤᠯᠠᠢ ᠲᠣᠣᠷ ᠢ ᠭᠠᠵᠠᠷ ᠳᠣᠣᠷ᠎ᠠ ᠪᠤᠯᠠᠬᠤ᠂ ᠬᠤᠪᠢᠶᠠᠷᠢ ᠲᠣᠭᠤᠷᠢᠭ ᠢ ᠴᠡᠭᠴᠡᠯᠡᠨ ᠵᠠᠰᠠᠬᠤ᠂ ᠬᠤᠳᠠ ᠶᠢ ᠰᠢᠨᠡᠴᠢᠯᠡᠬᠦ ᠵᠡᠷᠭᠡ ᠠᠵᠢᠯ ᠤᠨ ᠲᠣᠭᠤᠷᠢᠨ ᠳᠤ᠂ ᠬᠠᠭᠤᠴᠢᠨ ᠰᠠᠭᠤᠭᠠᠯᠢ ᠲᠣᠭᠤᠷᠢᠭ ᠢ ᠦᠭᠡᠷᠡᠴᠢᠯᠡᠨ ᠵᠠᠰᠠᠵᠤ᠂ ᠬᠤᠳᠠ ᠶᠢᠨ ᠵᠡᠭᠡᠯᠢ ᠭᠤᠳᠤᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠰᠢᠨᠡᠴᠢᠯᠡᠵᠤ᠂ ᠤᠰᠤ ᠶᠢ ᠬᠠᠩᠭᠠᠬᠤ ᠪᠠ ᠪᠣᠬᠢᠷ ᠤᠰᠤ ᠶᠢ ᠭᠠᠳᠠᠭᠰᠢᠯᠠᠭᠤᠯᠬᠤ ᠬᠤᠭᠤᠯᠠᠢ ᠲᠣᠣᠷ ᠢ ᠦᠷᠭᠡᠳᠭᠡᠨ ᠪᠠᠶᠢᠭᠤᠯᠬᠤ ᠪᠠ  ᠨᠣᠭᠤᠭᠠᠷᠠᠭᠤᠯᠬᠤ ᠭᠤᠶᠣᠵᠢᠭᠤᠯᠬᠤ ᠭᠡᠷᠡᠯᠲᠦᠭᠦᠯᠬᠦ ᠢᠨᠵᠧᠨ᠋ᠷᠢᠩ ᠢ ᠬᠡᠷᠡᠭᠵᠢᠭᠦᠯᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠢᠯᠴᠢ ᠶᠢᠨ ᠡᠬᠢ ᠪᠠᠶᠠᠯᠢᠭ ᠤᠨ ᠦᠢᠯᠡᠳᠪᠦᠷᠢ ᠶᠢ ᠦᠷᠭᠡᠳᠭᠡᠨ ᠪᠠᠶᠢᠭᠤᠯᠬᠤ᠂ ᠢᠯᠴᠢ ᠬᠠᠩᠭᠠᠯᠭ᠎ᠠ ᠶᠢᠨ ᠰᠢᠰᠲ᠋ᠧᠮ ᠢ ᠣᠶᠤᠨᠴᠢᠯᠠᠨ ᠪᠠᠶᠢᠭᠤᠯᠬᠤ ᠵᠡᠷᠭᠡ ᠲᠦᠷᠦᠯ ᠵᠦᠢᠯ ᠢ ᠠᠬᠢᠭᠤᠯᠵᠤ᠂ ᠡᠨᠡ ᠵᠢᠯ᠂ ᠸᠠᠨ ᠡᠾᠧ ᠣᠷᠳᠤᠨ ᠤ ᠳᠣᠣᠷ᠎ᠠ ᠨᠢᠭᠳᠠᠴᠠ ᠲᠠᠢ ᠰᠠᠭᠤᠭᠠᠯᠢ ᠲᠣᠭᠤᠷᠢᠭ ᠢ ᠪᠠᠶᠢᠭᠤᠯᠵᠤ᠂ ᠪᠠᠯᠭᠠᠰᠤᠨ ᠲᠣᠭᠤᠷᠢᠭ ᠢ ᠨᠠᠷᠢᠯᠢᠭᠵᠢᠭᠤᠯᠤᠨ ᠬᠠᠮᠢᠶᠠᠷᠴᠤ᠂ ᠥᠪᠡᠷᠲᠡᠭᠡᠨ ᠵᠠᠰᠠᠬᠤ ᠣᠷᠤᠨ ᠤ ᠪᠣᠯᠪᠠᠰᠤᠨ ᠬᠤᠳᠠ ᠶᠢ ᠡᠭᠦᠳᠦᠭᠰᠡᠨ ᠦᠷ᠎ᠡ ᠪᠦᠲᠦᠭᠡᠯ  ᠢᠶᠠᠨ ᠪᠠᠲᠤᠳᠬᠠᠨ᠎ᠠ᠃     — — ᠦᠵᠡᠰᠭᠦᠯᠡᠩ ᠭᠤᠶᠢᠳᠠ ᠬᠦᠳᠡᠭᠡ ᠨᠤᠲᠤᠭ ᠤᠨ ᠠᠵᠢᠯᠯᠠᠭ᠎ᠠ ᠶᠢ ᠬᠦᠴᠦᠲᠠᠢ ᠬᠡᠷᠡᠭᠵᠢᠭᠦᠯᠦᠨ᠎ᠠ᠃ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠷ ᠰᠢᠨ᠎ᠠ ᠴᠠᠭ ᠦᠶ᠎ᠡ ᠶᠢᠨ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠶᠡᠷᠦᠩᠬᠡᠶᠢᠯᠡᠨ ᠵᠢᠯᠣᠭᠤᠳᠴᠤ᠂ ᠬᠦᠳᠡᠭᠡ ᠲᠤᠰᠬᠤᠨ ᠮᠠᠯᠵᠢᠬᠤ ᠣᠷᠤᠨ ᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠵᠤ᠂ ᠭᠠᠵᠠᠷ ᠣᠷᠤᠨ ᠳᠠᠭᠠᠨ  ᠲᠣᠬᠢᠷᠠᠭᠰᠠᠨ ᠣᠨᠴᠠᠯᠢᠭᠲᠤ ᠳᠡᠵᠢᠭᠡᠪᠦᠷᠢ᠂ ᠬᠦᠷᠢᠶ᠎ᠡ ᠬᠠᠰᠢᠶ᠎ᠠ ᠶᠢᠨ ᠠᠵᠤ ᠠᠬᠤᠢ ᠪᠠ ᠮᠠᠯᠵᠢᠬᠤ ᠡᠷᠦᠬᠡ ᠶᠢᠨ ᠵᠢᠭᠤᠯᠴᠢᠯᠠᠯ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠠᠵᠤ ᠦᠢᠯᠡᠰ ᠢ ᠪᠣᠶᠢᠵᠢᠭᠤᠯᠵᠤ᠂ ᠦᠨᠳᠦᠰᠦᠳᠡᠨ ᠤ ᠤᠨᠴᠠᠯᠢᠭ ᠪᠦᠬᠦᠢ ᠭᠠᠷ ᠤᠷᠠᠯᠠᠯ ᠤᠨ ᠦᠢᠯᠡᠰ ᠢ ᠬᠦᠭᠵᠢᠭᠦᠯᠵᠤ᠂ ᠮᠠᠯ ᠤᠨ ᠠᠰᠢᠭ ᠰᠢᠮ᠎ᠡ  ᠶᠢ ᠡᠳ᠋ᠰᠢᠭᠦᠯᠬᠦ ᠪᠠ ᠡᠵᠡᠩᠨᠡᠨ ᠪᠣᠷᠣᠯᠠᠭᠤᠯᠬᠤ ᠠᠵᠤ ᠠᠬᠤᠶᠢᠯᠠᠯ ᠢ ᠲᠡᠳᠬᠦᠨ᠂ ᠣᠯᠠᠨ ᠲᠦᠮᠡᠨ ᠳᠤ ᠠᠵᠤ ᠦᠢᠯᠡᠰ ᠤᠨ ᠥᠷᠳᠡᠭ ᠤᠨ ᠨᠡᠮᠡᠭᠳᠡᠯ ᠤᠨ ᠠᠰᠢᠭ ᠣᠯᠵᠠᠪᠤᠷᠢ ᠶᠢ ᠡᠳ᠋ᠯᠡᠭᠦᠯᠦᠨ᠎ᠡ᠃ ᠮᠠᠯᠵᠢᠬᠤ ᠣᠷᠤᠨ ᠤ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠵᠦ᠂ ᠮᠠᠯ ᠠᠵᠤ ᠠᠬᠤᠢ ᠶᠢᠨ ᠳᠠᠭᠠᠳᠬᠠᠯ ᠢ ᠬᠦᠭᠵᠢᠭᠦᠯᠵᠤ᠂ ᠮᠠᠯᠵᠢᠬᠤ ᠣᠷᠤᠨ ᠤ ᠣᠳᠤᠬᠢᠴᠢᠯᠠᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠳᠤᠯᠬᠤ ᠠᠵᠢᠯ ᠤᠨ ᠦᠷ᠎ᠡ ᠪᠦᠲᠦᠮᠵᠢ ᠶᠢ ᠪᠠᠲᠤᠳᠬᠠᠵᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠲᠠᠢ ᠣᠷᠭᠠᠨᠢᠭ ᠢᠶᠠᠷ ᠵᠣᠯᠭᠠᠭᠤᠯᠤᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠰᠢᠯᠭᠠᠨ ᠪᠠᠶᠢᠴᠠᠭᠠᠯᠲᠠ ᠪᠠ ᠬᠠᠪᠰᠤᠷᠤᠨ ᠲᠡᠳᠭᠦᠬᠦ ᠲᠣᠭᠳᠠᠴᠠ ᠶᠢ ᠲᠡᠭᠦᠯᠳᠡᠷᠵᠢᠭᠦᠯᠵᠤ᠂ ᠬᠡᠪᠴᠢᠶᠠᠵᠢᠯ ᠤᠨ ᠴᠢᠨᠠᠷᠲᠠᠢ ᠳᠠᠬᠢᠨ ᠶᠠᠳᠠᠭᠤᠷᠠᠯ ᠦᠯᠦ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ ᠭᠠᠴᠠᠭ᠎ᠠ ᠶᠢ ᠨᠣᠭᠤᠭᠠᠷᠠᠭᠤᠯᠬᠤ᠂ ᠭᠤᠶᠤᠵᠢᠭᠤᠯᠬᠤ᠂ ᠵᠣᠷᠯᠤᠩ ᠤᠨ ᠬᠤᠪᠢᠰᠬᠠᠯ ᠬᠢᠬᠦ᠂ ᠮᠠᠯ ᠪᠠ ᠵᠢᠭᠦᠷᠳᠡᠨ ᠤ ᠢᠯᠭᠠᠳᠠᠰᠤ ᠶᠢᠨ ᠪᠣᠬᠢᠷᠳᠤᠯ ᠢ ᠡᠬᠢ ᠪᠠᠶᠠᠯᠢᠭᠵᠢᠭᠤᠯᠤᠨ ᠠᠰᠢᠭᠯᠠᠬᠤ᠂ ᠲᠣᠰᠬᠤᠨ ᠤ ᠲᠦᠷᠢ ᠲᠦᠷᠬᠦ ᠶᠢ ᠰᠠᠶᠢᠵᠢᠷᠠᠭᠤᠯᠬᠤ᠂ ᠠᠮᠢᠳᠤᠷᠠᠯ ᠤᠨ ᠬᠤᠭ ᠨᠤᠪᠰᠢ ᠪᠠ ᠠᠮᠢᠳᠤᠷᠠᠯ ᠤᠨ ᠪᠣᠬᠢᠷ ᠤᠰᠤ ᠶᠢ ᠵᠠᠰᠠᠬᠤ ᠠᠵᠢᠯ ᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂  ᠵᠠᠰᠠᠬᠤ ᠬᠡᠯᠪᠡᠷᠢ ᠪᠠ ᠣᠷᠳᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠬᠠᠮᠠᠭᠠᠯᠠᠯᠲᠠ ᠶᠢᠨ ᠲᠣᠭᠳᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ︽ᠵᠢᠷᠭᠤᠭᠠᠨ ᠪᠦᠰᠡ᠂ ᠭᠤᠷᠪᠠᠨ ᠰᠠᠭᠤᠷᠢᠨ ᠭᠠᠵᠠᠷ᠂ ᠨᠢᠭᠡ ᠭᠡᠷ ᠣᠷᠤᠨ︾ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠂ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢ ᠡᠭᠦᠳᠦᠨ  ᠪᠠᠶᠢᠭᠤᠯᠬᠤ ︽ᠶᠢᠰᠤ ᠶᠢ ᠣᠷᠤᠭᠤᠯᠬᠤ︾ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨ᠎ᠠ ᠨᠢᠭᠡ ᠡᠭᠡᠯᠵᠢ ᠶᠢᠨ ᠪᠦᠬᠦ ᠤᠯᠤᠰ ᠤᠨ ᠦᠨᠳᠦᠰᠦᠲᠡᠨ ᠤ ᠪᠦᠯᠭᠦᠮᠳᠡᠯ ᠳᠠᠪᠰᠢᠯᠲᠠ  ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠬᠢᠭᠤᠯᠤᠨ᠎ᠠ᠃     — — ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠤᠨ᠎ᠠ᠃ ᠰᠢᠨ᠎ᠠ ᠬᠡᠯᠪᠡᠷᠢ ᠶᠢᠨ ᠣᠶᠤᠨᠴᠢᠯᠠᠭᠰᠠᠨ ᠮᠠᠯᠵᠢᠬᠤ ᠣᠷᠤᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠢᠯᠢ ᠬᠢᠵᠠᠭᠠᠷ ᠣᠷᠤᠨ ᠤ ᠷᠠᠳᠢᠤ᠋ ᠲᠧᠯᠸᠢᠰ ᠤᠨ ᠰᠦᠯᠵᠢᠶ᠎ᠡ  ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠦᠷᠭᠦᠴᠡ ᠶᠢ ᠦᠷᠭᠡᠳᠭᠡᠵᠤ᠂ ᠰᠢᠨ᠎ᠠ ᠬᠡᠯᠪᠡᠷᠢ ᠶᠢᠨ ᠣᠶᠤᠨᠴᠢᠯᠠᠭᠰᠠᠨ ᠮᠠᠯᠵᠢᠬᠤ ᠣᠷᠤᠨ ᠢ ᠪᠠᠶᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠷᠠᠳᠢᠤ᠋ ᠨᠡᠪᠲᠡᠷᠡᠭᠦᠯᠭᠡ ᠶᠢᠨ ᠰᠢᠰᠲ᠋ᠧᠮ ᠤᠨ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠵᠦ᠂ 4G ᠰᠦᠯᠵᠢᠶ᠎ᠡ ᠶᠢᠨ ᠪᠦᠷᠭᠦᠴᠡ ᠶᠢᠨ ᠦᠷᠭᠡᠴᠡ ᠪᠠ ᠭᠦᠨᠴᠡ ᠶᠢ ᠨᠡᠮᠡᠭᠳᠡᠭᠦᠯᠵᠤ᠂ 5G ᠦᠷᠳᠡᠭᠡ ᠶᠢᠨ ᠲᠦᠯᠦᠪᠵᠢᠭᠦᠯᠭᠡ ᠪᠠ ᠰᠠᠭᠤᠷᠢ ᠦᠷᠳᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠪᠠᠶᠢᠭᠠᠯᠢ ᠶᠢᠨ ᠰᠢᠳᠠᠮᠠᠬᠠᠢ ᠬᠡᠢ ᠶᠢ ᠨᠥᠭᠡᠴᠡᠯᠡᠨ ᠳᠠᠮᠵᠢᠭᠤᠯᠬᠤ ᠦᠷᠳᠡᠭᠡ᠂ ᠮᠧᠩ ᠳ᠋ᠦᠩ ᠴᠢᠯᠠᠭᠤᠨ ᠲᠤᠰᠤ ᠨᠡᠮᠡᠬᠦ ᠦᠷᠳᠡᠭᠡ᠂ ᠪᠠᠷᠤᠭᠰᠢᠨ ᠪᠧᠲ᠋ᠣᠨ ᠵᠢᠭᠤᠷᠠᠬᠤ ᠦᠷᠳᠡᠭᠡ᠂ ᠰᠢᠨ᠎ᠠ ᠡᠨᠧᠷᠬᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ᠨᠢᠭᠡ ᠪᠦᠯᠦᠭ ᠠᠷᠠᠳ ᠤᠨ ᠬᠡᠷᠡᠭᠯᠡᠭᠡᠨ  ᠤ ᠲᠦᠬᠦᠬᠡᠷᠦᠮᠵᠢ ᠶᠢᠨ ᠲᠦᠷᠦᠯ ᠵᠦᠢᠯ ᠢ ᠰᠢᠨ᠎ᠠ ᠪᠠᠷ ᠪᠠᠶᠢᠭᠤᠯᠵᠤ᠂ ᠣᠷᠤᠰᠢᠭᠤᠯᠭ᠎ᠠ ᠶᠢᠨ ᠭᠠᠵᠠᠷ ᠢ ᠥᠭᠡᠷᠡᠴᠢᠯᠡᠵᠦ᠂ ᠦᠷᠡᠭᠳᠡᠭᠰᠡᠨ ᠪᠠᠭᠠᠳᠤᠷᠴᠤᠳ ᠤᠨ ᠲᠤᠷᠠᠰᠬᠠᠯ ᠤᠨ ᠲᠦᠬᠦᠬᠡᠷᠦᠮᠵᠢ ᠶᠢ ᠪᠠᠶᠢᠭᠤᠯᠬᠤ ᠵᠡᠷᠭᠡ ᠢᠨ᠋ᠧᠵᠧᠨᠧᠷᠢᠩ ᠢ ᠬᠡᠷᠡᠭᠵᠢᠭᠦᠯᠵᠦ᠂ ᠬᠤᠳᠠ ᠬᠦᠳᠡᠭᠡ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠠ᠃    ︵ᠵᠢᠷᠭᠤᠭ᠎ᠠ︶ ᠠᠷᠠᠳ ᠤᠨ ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ  ᠤᠨ ᠰᠢᠨ᠎ᠠ ᠬᠦᠰᠡᠯ ᠱᠠᠭᠠᠷᠳᠠᠯᠭ᠎ᠠ ᠶᠢ ᠨᠡᠩ ᠰᠠᠶᠢᠲᠤᠷ ᠬᠠᠩᠭᠠᠨ᠎ᠠ᠃ ︽ᠠᠷᠠᠳ ᠤᠨ ᠬᠦᠰᠡᠯ ᠪᠣᠯ ᠵᠠᠰᠠᠭ ᠤᠨ ᠬᠠᠷᠠᠯᠲᠠ︾ ᠶᠢᠨ ᠢᠯᠠ ᠲᠣᠳᠣ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠦᠢᠯᠡᠰ ᠢ ᠦᠨᠡᠨ ᠬᠦ ᠰᠠᠶᠢᠲᠤᠷ ᠬᠢᠵᠤ᠂ ᠴᠢᠨᠠᠷ ᠰᠠᠶᠢᠲᠠᠢ ᠬᠦᠭᠵᠢᠯᠲᠡ ᠳᠤᠮᠳᠠ ᠠᠷᠠᠳ ᠤᠨ ᠠᠮᠢᠳᠤᠷᠠᠯ  ᠤᠨ ᠵᠣᠯ ᠵᠢᠷᠭᠠᠯ ᠢ ᠤᠯᠠᠮ ᠨᠡᠮᠡᠭᠳᠡᠭᠦᠯᠵᠦ᠂ ᠬᠠᠮᠲᠤᠪᠡᠷ ᠴᠢᠨᠡᠭᠡᠯᠢᠭᠵᠢᠬᠦ ᠶᠢ ᠠᠬᠢᠭᠤᠯᠤᠨ᠎ᠠ᠃     — — ᠠᠷᠠᠳ ᠲᠦᠮᠡᠨ ᠤ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠎ᠠ᠃ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ ᠶᠢ ᠪᠦᠬᠦ ᠳᠠᠯ᠎ᠠ  ᠪᠠᠷ ᠲᠤᠤᠱᠯᠠᠭᠤᠯᠤᠨ᠂ ︽ᠬᠤᠶᠠᠷ ᠢ ᠪᠠᠭᠠᠰᠬᠠᠬᠤ︾ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠤ᠂ ᠭᠤᠣᠯᠯᠠᠭᠴᠢ ᠪᠠᠭᠰᠢ ᠶᠢᠨ ᠡᠩᠨᠡᠭᠡᠨ ᠤ ᠪᠠᠶᠢᠭᠤᠯᠤᠯᠲᠠ  ᠶᠢ ᠴᠢᠩᠭᠠᠳᠬᠠᠨ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠲᠦᠭᠡᠮᠡᠯᠵᠢᠭᠦᠯᠦᠯᠲᠡ ᠶᠢᠨ ᠬᠦᠭᠵᠢᠯᠲᠡ ᠶᠢ ᠲᠦᠷᠭᠡᠳᠭᠡᠨ᠂ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠳᠠᠭᠤᠨ ᠳᠡᠭᠡᠭᠰᠢᠯᠡᠭᠦᠯᠵᠤ᠂ ︽ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠢᠯᠢᠳᠡᠭ ᠲᠡᠩᠴᠡᠭᠦᠷᠢᠲᠡᠢ ᠬᠦᠭᠵᠢᠯᠲᠡ ᠶᠢᠨ ᠰᠢᠶᠠᠨ︾ ᠪᠤᠯᠬᠤ ᠪᠠᠷ ᠬᠦᠴᠦᠯᠡᠨ ᠴᠢᠷᠮᠠᠶᠢᠨ᠎ᠠ᠃ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠡᠯ ᠪᠠ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠤᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠲᠤᠳᠬᠠᠵᠤ᠂ ᠥᠪᠡᠷᠲᠡᠭᠡᠨ ᠵᠠᠰᠠᠬᠤ ᠣᠷᠤᠨ ᠤ ᠳᠡᠰ ᠤᠨ ︽ᠤᠯᠤᠰ ᠤᠨ ᠨᠡᠶᠢᠳᠡᠮ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠤᠨ ᠵᠢᠱᠢᠶᠡᠴᠢ ᠰᠤᠷᠭᠠᠭᠤᠯᠢ ︵ᠴᠡᠴᠡᠷᠯᠢᠭ︶︾ ᠢ ᠡᠭᠦᠳᠬᠦ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠭᠠᠯᠪᠠᠷ ᠰᠤᠷᠭᠠᠭᠤᠯᠢ ᠪᠠ ᠴᠠᠭᠠᠨ ᠰᠤᠷᠭᠠᠭᠤᠯᠢ ᠶᠢᠨ ᠪᠠᠶᠢᠷᠢᠰᠢᠭᠤᠯᠤᠯᠲᠠ ᠲᠣᠬᠢᠷᠠᠭᠤᠯᠤᠯᠲᠠ ᠶᠢ ᠪᠡᠶᠡᠯᠡᠭᠦᠯᠦᠨ᠂ ᠠᠮᠤᠭᠤᠯᠠᠩ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠵᠢᠴᠢ ᠲᠤᠰᠠᠯᠠᠮᠵᠢ ᠬᠡᠷᠡᠭᠯᠡᠭᠡᠨ ᠤ ᠭᠡᠷ ᠤᠨ ᠲᠦᠷᠦᠯ ᠵᠦᠢᠯ ᠢ ᠬᠡᠷᠡᠭᠵᠢᠭᠦᠯᠦᠨ᠎ᠡ᠃     — — ᠨᠡᠩ ᠰᠢᠯᠢᠳᠡᠭ ᠡᠷᠡᠭᠦᠯ ᠮᠡᠨᠳᠤ ᠶᠢᠨ ᠦᠢᠯᠡᠴᠢᠯᠡᠭᠡ ᠬᠠᠩᠭᠠᠨ᠎ᠠ᠃ ᠡᠷᠡᠭᠦᠯ ᠡᠩᠭᠡ ᠰᠢᠨ᠎ᠠ ᠪᠠᠷᠭᠤ ᠵᠡᠭᠦᠨ ᠬᠤᠰᠢᠭᠤᠨ ᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠤ᠂ ᠱᠠᠲᠤ ᠬᠤᠪᠢᠶᠠᠨ ᠡᠮᠴᠢᠯᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠬᠦᠴᠦᠲᠠᠢ ᠠᠬᠢᠭᠤᠯᠤᠨ᠎ᠠ᠃ ᠮᠠᠯᠵᠢᠬᠤ ᠣᠷᠤᠨ ᠣᠯᠠᠨ ᠲᠦᠮᠡᠨ ᠤ ᠡᠮᠴᠢᠯᠡᠭᠡᠨ ᠤ ᠱᠠᠭᠠᠷᠳᠠᠯᠭ᠎ᠠ  ᠲᠠᠢ ᠤᠶᠠᠯᠳᠤᠭᠤᠯᠵᠤ᠂ ︽ᠢᠨᠲ᠋ᠧᠷ ᠰᠦᠯᠵᠢᠶ᠎ᠡ + ᠵᠢᠵᠢᠭ ᠡᠮ ᠤᠨ ᠬᠠᠶᠢᠷᠴᠠᠭ + ᠭᠡᠷ ᠪᠦᠯᠢ ᠶᠢᠨ ᠡᠮᠴᠢ︾ ᠶᠢᠨ ᠢᠨᠵᠧᠨᠧᠷᠢᠩ ᠤᠨ ᠠᠭᠤᠯᠭ᠎ᠠ ᠶᠢ ᠪᠠᠶᠠᠯᠢᠭᠵᠢᠭᠤᠯᠵᠤ᠂  ᠵᠢᠵᠢᠭ ᠡᠮ ᠤᠨ ᠬᠠᠶᠢᠷᠴᠠᠭ ᠤᠨ ︽ᠰᠦᠯᠵᠢᠶ᠎ᠡ ᠪᠠᠷ ᠡᠮᠴᠢᠯᠡᠬᠦ︾ ᠰᠢᠨ᠎ᠡ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠦᠷᠭᠡᠨ ᠣᠯᠠᠨ ᠮᠠᠯᠴᠢᠳ ᠲᠦᠮᠡᠨ ᠳᠤ ᠨᠡᠩ ᠲᠦᠭᠦᠮ ᠬᠠᠩᠭᠠᠨ᠎ᠠ᠃ ᠡᠮᠴᠢᠯᠡᠭᠡᠨ ᠤ ᠳᠠᠭᠠᠳᠬᠠᠯ ᠤᠨ ᠦᠭᠡᠷᠡᠴᠢᠯᠡᠯᠲᠡ ᠶᠢᠨ ᠲᠦᠷᠦ ᠶᠢᠨ ᠪᠣᠳᠤᠯᠭ᠎ᠠ ᠶᠢᠨ ᠠᠰᠢᠭ ᠢ ᠭᠦᠢᠴᠡᠳ ᠰᠤᠯᠠᠯᠠᠨ᠂ ᠬᠠᠮᠤᠷᠬᠤ ᠬᠡᠯᠪᠡᠷᠢ ᠪᠠᠷ ᠡᠮᠴᠢᠯᠡᠭᠡᠨ ᠤ ᠳᠠᠭᠠᠳᠬᠠᠯ ᠤᠨ ᠨᠡᠭᠦᠳᠡᠯ ᠲᠣᠭᠠᠴᠠᠭ᠎ᠠ ᠬᠢᠬᠦ ᠶᠢ ᠳᠡᠯᠭᠡᠷᠡᠭᠦᠯᠵᠤ᠂ ᠦᠨᠳᠦᠰᠦᠨ ᠱᠠᠲᠤᠨ ᠤ ᠣᠯᠠᠨ ᠲᠦᠮᠡᠨ ᠳᠤ ᠲᠤᠰ ᠭᠠᠵᠠᠷ ᠲᠠᠭᠠᠨ ᠡᠮᠴᠢᠯᠡᠭᠡᠨ ᠤ ᠳᠠᠭᠠᠳᠬᠠᠯ ᠤᠨ ᠭᠠᠷᠳᠠᠮ ᠬᠢᠬᠦ ᠦᠢᠯᠡᠴᠢᠯᠡᠭᠡ ᠬᠦᠷᠳᠡᠭᠡᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠠᠵᠢᠯ ᠦᠢᠯᠡᠰ ᠢ ᠤᠯᠠᠮᠵᠢᠯᠠᠨ ᠬᠦᠭᠵᠢᠭᠦᠯᠵᠤ᠂ ᠬᠢᠲᠠᠳ ︵ᠮᠣᠩᠭᠤᠯ︶ ᠡᠮᠨᠡᠯᠭᠡ ᠶᠢᠨ ᠣᠯᠠᠨ ᠣᠯᠤᠰ ᠤᠨ ᠡᠮᠴᠢᠯᠡᠭᠡᠨ ᠤ ᠦᠢᠯᠡᠴᠢᠯᠡᠭᠡᠨ ᠤ ᠲᠦᠪ ᠤᠨ ᠪᠠᠶᠢᠭᠤᠯᠤᠯᠲᠠ ᠶᠢ ᠢᠳᠡᠪᠬᠢᠲᠡᠢ ᠭᠤᠶᠤᠴᠢᠯᠠᠨ᠂ ᠦᠨᠳᠦᠰᠦᠨ ᠱᠠᠲᠤᠨ ᠤ ᠬᠢᠲᠠᠳ ︵ᠮᠣᠩᠭᠤᠯ︶ ᠡᠮᠨᠡᠯᠭᠡ ᠶᠢᠨ ᠦᠢᠯᠡᠴᠢᠯᠡᠭᠡ ᠶᠢᠨ ᠬᠦᠷᠦᠯᠴᠡᠭᠦᠶᠢᠴᠡ ᠴᠢᠨᠠᠷ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠠ᠃ ᠬᠦᠨᠳᠤ ᠲᠤᠮᠤ ᠬᠢᠵᠢᠭ ᠢ ᠰᠡᠷᠭᠡᠶᠢᠯᠡᠨ ᠡᠵᠡᠮᠳᠡᠵᠤ ᠠᠪᠤᠷᠠᠨ ᠡᠮᠨᠡᠬᠦ ᠰᠢᠰᠲ᠋ᠧᠮ ᠢ  ᠲᠡᠭᠦᠯᠳᠡᠷᠵᠢᠭᠦᠯᠵᠦ᠂ ᠰᠢᠨ᠎ᠠ ᠲᠢᠳᠢᠮᠯᠢᠭ ᠸᠢᠷᠦ᠋ᠰ ᠤᠨ ᠬᠠᠯᠳᠠᠪᠤᠷᠢᠯᠠᠯ ᠤᠨ ︽ᠬᠦᠭᠡᠭᠴᠢᠨ ᠲᠦᠷᠦᠯ ᠤᠨ ᠬᠦᠭᠡᠭᠴᠢᠨ ᠳᠡᠰ ᠤᠨ ᠬᠠᠮᠢᠶᠠᠷᠤᠯᠲᠠ︾ ᠶᠢ ᠲᠣᠭᠳᠠᠭᠤᠨ ᠡᠮᠬᠢ ᠴᠡᠭᠴᠡᠲᠡᠢ ᠬᠡᠷᠡᠭᠵᠢᠭᠦᠯᠵᠤ᠂ ᠰᠢᠨ᠎ᠠ ᠳᠢᠲᠢᠮᠯᠢᠭ ᠸᠢᠷᠦ᠋ᠰ ᠤᠨ ᠸᠠᠺᠼᠢᠨ ᠤ ᠳᠠᠷᠢᠯᠭ᠎ᠠ ᠶᠢ ᠢᠳᠡᠪᠬᠢᠲᠡᠢ ᠠᠬᠢᠭᠤᠯᠤᠨ᠂ ᠨᠠᠰᠤᠲᠠᠶᠢᠴᠤᠳ᠂ ᠬᠡᠦᠬᠡᠳ ᠵᠡᠷᠭᠡ ᠭᠤᠣᠯᠳᠠᠯᠭ᠎ᠠ ᠲᠠᠢ ᠬᠦᠮᠦᠰ ᠢ ᠰᠡᠷᠭᠡᠶᠢᠯᠡᠨ ᠬᠠᠮᠠᠭᠠᠯᠠᠵᠤ ᠠᠪᠤᠷᠠᠨ ᠡᠮᠨᠡᠬᠦ ᠠᠵᠢᠯ ᠢ ᠰᠠᠶᠢᠲᠤᠷ ᠬᠢᠨ᠎ᠠ᠃ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠮᠵᠢ ᠪᠠᠨ ᠪᠠᠲᠤᠳᠬᠠᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠦᠷᠭᠦᠯᠵᠢᠯᠡᠩᠭᠦᠢ ᠦᠷᠨᠢᠭᠦᠯᠵᠤ᠂ ᠪᠦᠬᠦ ᠠᠷᠠᠳ ᠤᠨ ᠤᠬᠠᠮᠰᠠᠷ ᠠᠴᠠ ᠪᠠᠨ ᠪᠣᠯᠪᠠᠰᠤᠨ ᠡᠷᠡᠭᠦᠯ ᠮᠡᠨᠳᠤ ᠠᠮᠢᠳᠤᠷᠠᠯ ᠤᠨ ᠠᠷᠭ᠎ᠠ ᠬᠡᠯᠪᠡᠷᠢ ᠲᠠᠢ ᠪᠣᠯᠬᠤ ᠶᠢ ᠬᠦᠲᠦᠯᠦᠨ ᠵᠢᠯᠤᠭᠤᠳᠤᠨ᠎ᠠ᠃     — — ᠨᠡᠶᠢᠭᠡᠮ ᠤᠨ ᠠᠵᠢᠯ ᠦᠢᠯᠡᠰ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠵᠤ᠂ ᠨᠡᠶᠢᠭᠡᠮ ᠤᠨ ᠪᠠᠲᠤᠯᠠᠭ᠎ᠠ᠂ ᠴᠢᠳᠠᠪᠤᠷᠢᠲᠡᠨ ᠤ ᠳᠠᠶᠢᠴᠢᠯᠠᠭ᠎ᠠ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠯᠲᠠ ᠶᠢ ᠪᠦᠬᠦ ᠬᠦᠴᠦᠨ ᠢᠶᠠᠷ ᠲᠣᠭᠳᠠᠪᠤᠷᠢᠵᠢᠭᠤᠯᠤᠨ ᠦᠷᠭᠡᠳᠭᠡᠵᠤ᠂ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠰᠠᠶᠢᠲᠤᠷ ᠠᠳᠬᠤᠵᠤ᠂ ᠨᠠᠭᠠᠳᠤ ᠵᠠᠬ᠎ᠠ  ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ᠂  ᠵᠡᠮᠳᠡᠭᠴᠦᠳ᠂ ᠣᠨᠴᠠᠯᠠᠨ ᠬᠠᠷᠠᠭᠠᠯᠵᠠᠬᠤ᠂ ᠴᠡᠷᠢᠭ ᠠᠴᠠ ᠬᠠᠯᠠᠭᠳᠠᠭᠰᠠᠳ ᠵᠡᠷᠭᠡ ᠬᠦᠮᠦᠰ ᠢ ᠠᠪᠤᠷᠠᠨ ᠲᠤᠰᠠᠯᠠᠬᠤ ᠲᠦᠷᠦ ᠶᠢᠨ ᠪᠣᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ ᠶᠢᠨ ᠪᠡᠯᠡ ᠮᠦᠩᠭᠦ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠲᠠᠷᠬᠠᠭᠠᠵᠤ᠂ ᠰᠤᠯᠠ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠢᠳᠡᠪᠬᠢᠳᠡᠢ ᠠᠬᠢᠭᠤᠯᠤᠨ᠎ᠠ᠃ ︽ᠥᠪᠡᠷᠲᠡᠭᠡᠨ ᠵᠠᠰᠠᠬᠤ ᠣᠷᠤᠨ ᠤ ᠳᠤᠮᠳᠠ ᠣᠷᠳᠤ ᠬᠤᠭᠤᠴᠠᠭᠠᠨ ᠤ ᠵᠠᠯᠠᠭᠤᠴᠤᠳ ᠤᠨ ᠬᠦᠭᠵᠢᠭᠦᠯᠦᠯᠲᠡ ᠶᠢᠨ ᠲᠦᠯᠦᠪᠵᠢᠭᠦᠯᠭᠡ︾ ᠶᠢ ᠭᠦᠨᠵᠡᠭᠡᠢ ᠨᠠᠶᠢᠳᠠᠪᠤᠷᠢᠵᠢᠭᠤᠯᠤᠨ᠂ ᠵᠠᠯᠠᠭᠤᠴᠤᠳ ᠤᠨ ᠨᠡᠩ ᠰᠠᠶᠢᠨ ᠦᠰᠦᠯᠲᠡ ᠪᠣᠶᠢᠵᠢᠯᠲᠠ ᠬᠦᠭᠵᠢᠯᠲᠡ ᠶᠢ ᠠᠬᠢᠭᠤᠯᠵᠤ᠂ ᠬᠦᠳᠡᠭᠡ ᠨᠤᠲᠤᠭ ᠤᠨ ᠴᠢᠳᠠᠪᠤᠷᠢᠲᠡᠨ ᠤ ᠰᠢᠭᠤᠳ ᠨᠡᠪᠲᠡᠷᠡᠭᠦᠯᠭᠡ ᠪᠠᠷ ᠠᠷᠠᠯᠵᠢᠶ᠎ᠠ ᠬᠢᠵᠤ ᠠᠵᠢᠯ ᠦᠢᠯᠡᠰ ᠪᠦᠲᠦᠭᠡᠬᠦ ᠶᠢ ᠭᠤᠣᠯᠳᠠᠯᠭ᠎ᠠ ᠲᠠᠢ ᠬᠦᠮᠦᠵᠢᠭᠦᠯᠦᠨ᠂ ︽ᠠᠵᠢᠯ ᠦᠢᠯᠡᠰ ᠪᠦᠲᠦᠭᠡᠬᠦ + ᠢᠨᠲ᠋ᠧᠷ ᠰᠦᠯᠵᠢᠶ᠎ᠡ︾ ᠶᠢᠨ ᠦᠢᠯᠡᠴᠢᠯᠡᠭᠡ ᠶᠢ ᠦᠨᠡᠨᠬᠦ ᠰᠠᠶᠢᠲᠤᠷ ᠬᠢᠵᠤ᠂ ᠬᠤᠳᠠ ᠪᠠᠯᠭᠠᠰᠤ ᠶᠢᠨ ᠠᠵᠢᠯ ᠠᠯᠳᠠᠯᠲᠠ ᠶᠢᠨ ᠳᠠᠩᠰᠠᠯᠠᠯᠲᠠ ᠶᠢᠨ ᠨᠤᠷᠮ᠎ᠠ ᠶᠢ 4.5% ᠶᠢᠨ ᠲᠤᠳᠤᠷ᠎ᠠ ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠤᠯᠴᠠᠬᠤ ᠲᠦᠯᠦᠪᠯᠡᠯᠭᠡ ᠶᠢ ᠦᠷᠭᠦᠯᠵᠢᠯᠡᠨ ᠬᠡᠷᠡᠭᠵᠢᠭᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠤᠯᠴᠠᠬᠤ ᠨᠤᠷᠮ᠎ᠠ ᠶᠢ ᠪᠦᠬᠦ ᠬᠤᠳᠠ ᠶᠢᠨ ᠲᠣᠭᠳᠠᠭᠰᠠᠨ ᠬᠠᠷᠠᠯᠲᠠ ᠳᠤ ᠬᠦᠷᠭᠡᠨ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠤᠯᠴᠠᠬᠤ ᠨᠤᠷᠮ᠎ᠠ ᠶᠢ 95% ᠠᠴᠠ ᠳᠡᠭᠡᠭᠰᠢ ᠪᠠᠲᠤᠯᠠᠨ᠎ᠠ᠃     — — ᠨᠡᠶᠢᠭᠡᠮ ᠤᠨ ᠶᠡᠭᠡ ᠳᠠᠯ᠎ᠠ ᠶᠢᠨ ᠠᠮᠤᠷ ᠲᠣᠭᠳᠠᠭᠤᠨ ᠢ ᠬᠠᠮᠠᠭᠠᠯᠠᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠ ᠢᠳᠡᠭᠡᠨ ᠤ ᠠᠮᠤᠷ ᠲᠦᠪᠰᠢᠨ ᠤ ᠭᠤᠷᠪᠠᠨ ᠱᠠᠲᠤᠨ ᠤ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠠᠶᠤᠯᠲᠠᠢ ᠬᠢᠮᠢ ᠶᠢᠨ ᠪᠣᠳᠠᠰ᠂ ᠭᠠᠯ ᠢ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠬᠦᠷᠢᠶ᠎ᠡ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ  ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠢ ᠪᠣᠳᠠᠲᠠᠢ ᠦᠷᠨᠢᠭᠦᠯᠦᠨ᠂ ᠠᠷᠠᠳ ᠣᠯᠠᠨ ᠤ ᠠᠮᠤᠷ ᠲᠣᠭᠳᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠤᠯᠤᠰ ᠲᠦᠷᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠬᠤ ᠶᠢ ᠠᠬᠢᠭᠤᠯᠵᠤ᠂ ᠴᠠᠬᠢᠯᠭᠠᠨ ᠬᠤᠯᠪᠤᠭ᠎ᠠ ᠰᠦᠯᠵᠢᠶᠡᠨ ᠤ ᠮᠡᠭᠡᠯᠡᠯ᠂ ᠬᠢᠯᠢ ᠠᠯᠤᠰᠯᠠᠨ ᠵᠣᠭᠤᠰ ᠮᠦᠷᠦᠶᠢᠴᠡᠬᠦ᠂ ᠬᠤᠯᠠᠭᠠᠢ ᠬᠢᠯᠢ ᠳᠠᠪᠠᠵᠤ ᠨᠢᠭᠤᠴᠠ ᠪᠠᠷ ᠠᠷᠠᠯᠵᠢᠶᠠᠯᠠᠬᠤ ᠵᠡᠷᠭᠡ ᠣᠯᠠᠨ ᠲᠦᠮᠡᠨ ᠤ ᠲᠤᠰᠬᠠᠯ ᠴᠢᠩᠭ᠎ᠠ ᠬᠠᠤᠯᠢ ᠵᠦᠷᠢᠴᠡᠭᠰᠡᠨ ᠶᠠᠯᠠᠳᠤ ᠠᠵᠢᠯᠯᠠᠭ᠎ᠠ ᠶᠢ ᠬᠠᠤᠯᠢ ᠶᠣᠰᠤᠭᠠᠷ ᠴᠢᠩᠭ᠎ᠠ ᠵᠠᠯᠬᠠᠭᠠᠨ ᠰᠢᠢᠳᠭᠡᠨ᠎ᠠ᠃ ᠰᠢᠨ᠎ᠠ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠦᠭᠵᠢᠭᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠡᠶᠡᠳᠡᠭᠦᠯᠭᠡ ᠶᠢᠨ ᠠᠵᠢᠯ ᠢ ᠴᠢᠩᠭᠠᠳᠬᠠᠵᠤ᠂ ᠨᠡᠶᠢᠭᠡᠮ ᠤᠨ ᠵᠦᠷᠢᠴᠡᠯ ᠵᠢᠭᠤᠷᠠᠭᠠᠨ ᠢ ᠣᠯᠠᠨ ᠡᠰᠢᠵᠢᠭᠦᠯᠦᠨ ᠰᠡᠷᠭᠡᠶᠢᠯᠡᠵᠤ᠂ ᠵᠣᠬᠢᠴᠠᠭᠤᠯᠤᠨ ᠰᠢᠢᠳᠪᠦᠷᠢᠯᠡᠬᠦ ᠲᠣᠭᠳᠠᠴᠠ ᠶᠢ ᠪᠦᠷᠢᠨᠰᠢᠭᠦᠯᠦᠨ᠎ᠠ᠃ ᠭᠠᠴᠠᠭ᠎ᠠ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠪᠤᠷᠢ ᠶᠢ  ᠴᠢᠩᠭᠠᠳᠬᠠᠵᠤ᠂ ᠭᠠᠴᠠᠭ᠎ᠠ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠴᠢᠩᠭᠠᠳᠬᠠᠵᠤ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠷᠰᠢᠯᠲᠠ ᠶᠢᠨ ᠴᠡᠭ ᠪᠠᠶᠢᠭᠤᠯᠵᠤ ᠬᠤᠷᠢᠮ ᠤᠨ ᠵᠠᠩᠰᠢᠯ ᠤᠨ ᠦᠭᠡᠷᠡᠴᠢᠯᠡᠯᠲᠡ ᠬᠢᠵᠦ᠂ ᠰᠢᠯᠢᠨ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ  ᠶᠢᠨ ᠲᠣᠣᠷᠵᠢᠯᠲᠠ᠂ ᠨᠠᠷᠢᠯᠢᠭᠵᠢᠭᠤᠯᠤᠯᠲᠠ᠂ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠠ᠃ ᠬᠤᠶᠠᠷ ᠢ ᠬᠦᠷᠢᠶᠡᠯᠡᠵᠤ ᠬᠠᠮᠳᠤᠪᠠᠷ ᠪᠠᠶᠢᠭᠤᠯᠬᠤ ᠶᠢ ᠨᠡᠩ ᠰᠠᠶᠢᠲᠤᠷ ᠬᠥᠭᠵᠢᠭᠦᠯᠵᠦ᠂ ᠬᠤᠶᠠᠷ ᠢ ᠬᠦᠷᠢᠶᠡᠯᠡᠬᠦ ᠠᠭᠤᠳᠠᠮ ᠲᠠᠯᠠᠪᠠᠢ ᠶᠢ ᠲᠥᠯᠥᠪᠵᠢᠭᠦᠯᠦᠨ ᠪᠠᠶᠢᠭᠤᠯᠵᠤ᠂ ᠬᠤᠶᠠᠷ ᠢ ᠬᠦᠷᠢᠶᠡᠯᠡᠵᠤ ᠬᠠᠮᠳᠤᠪᠠᠷ ᠪᠠᠶᠢᠭᠤᠯᠬᠤ ᠠᠵᠢᠯᠯᠠᠭᠠᠨ ᠢ ᠳᠡᠯᠭᠡᠷᠡᠩᠭᠦᠢ ᠦᠷᠨᠢᠭᠦᠯᠵᠦ᠂ ᠴᠡᠷᠢᠭ ᠢ ᠬᠦᠷᠢᠶᠡᠯᠡᠨ ᠡᠮᠦᠨ᠎ᠠ ᠹᠷᠤᠨᠲ ᠶᠢ ᠳᠡᠮᠵᠢᠵᠦ᠂ ᠬᠢᠯᠢ ᠪᠠᠨ ᠰᠠᠬᠢᠨ ᠪᠠᠬᠢᠵᠢᠭᠦᠯᠵᠦ ᠬᠦᠭᠵᠢᠭᠦᠯᠬᠦ ᠬᠦᠴᠦᠨ ᠢᠶᠠᠨ ᠨᠢᠭᠳᠠᠷᠠᠭᠤᠯᠤᠨ᠎ᠠ᠃     ᠭᠤᠷᠪᠠ᠂ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ     ᠰᠢᠨ᠎ᠠ ᠠᠶᠠᠨ ᠰᠢᠨ᠎ᠠ ᠡᠭᠦᠷᠭᠡ ᠶᠢᠨ ᠡᠮᠦᠨ᠎ᠡ᠂ ᠪᠢᠳᠡ ᠵᠠᠰᠠᠭ ᠤᠨ ᠣᠷᠳᠤᠨ ᠤ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠤᠬᠢᠴᠢᠯᠠᠯᠲᠠ ᠶᠢ ᠲᠦᠷᠭᠡᠳᠭᠡᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢᠲᠤ ᠵᠠᠰᠠᠭ ᠤᠨ ᠣᠷᠳᠤᠨ ᠢ ᠪᠠᠶᠢᠭᠤᠯᠬᠤ  ᠪᠠᠷ ᠴᠢᠷᠮᠠᠶᠢᠨ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠭᠦᠷᠭᠡ ᠲᠤᠰᠢᠶᠠᠯ ᠢᠶᠠᠨ ᠦᠨᠡᠨᠬᠦ ᠡᠭᠦᠷᠭᠡᠯᠡᠨ᠎ᠠ᠃     ︵ᠨᠢᠭᠡ︶ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠬᠦ ᠵᠠᠰᠠᠭ ᠤᠨ ᠣᠷᠳᠤᠨ ᠢ ᠪᠠᠶᠢᠭᠤᠯᠤᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠡᠭᠦᠳᠦᠨ ᠰᠢᠨᠡᠴᠢᠯᠡᠭᠰᠡᠨ ᠤᠨᠤᠯ ᠢᠶᠠᠷ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠢᠯᠡᠳᠦᠯᠭᠡ ᠪᠠᠨ ᠵᠢᠯᠣᠭᠤᠳᠤᠭᠤᠯᠤᠨ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠭᠠᠷᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠤ᠂ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ  ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠡ ᠲᠠᠢ ᠳᠡᠭᠡᠳᠤ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠲᠠᠯᠠᠨ᠎ᠠ᠃ ᠠᠭᠤᠤ ᠶᠡᠭᠡ ᠨᠠᠮ ᠪᠠᠶᠢᠭᠤᠯᠤᠭᠰᠠᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠨᠠᠮ ᠤᠨ ᠲᠦᠪ ᠬᠤᠷᠢᠶ᠎ᠡ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠡ᠂ ᠬᠤᠳᠠ ᠶᠢᠨ ᠨᠠᠮ ᠤᠨ ᠬᠤᠷᠢᠶ᠎ᠡ᠂ ᠬᠤᠰᠢᠭᠤᠨ ᠤ ᠨᠠᠮ ᠤᠨ ᠬᠤᠷᠢᠶ᠎ᠡ  ᠶᠢᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠢ ᠰᠢᠯᠤᠭᠤᠳᠬᠠᠵᠤ᠂ ᠦᠨᠡᠨᠴᠢ ᠰᠢᠳᠤᠷᠭᠤ᠂ ᠠᠷᠢᠭᠤᠨ ᠴᠢᠭᠡᠴᠢ᠂  ᠬᠠᠷᠢᠭᠤᠴᠠᠯᠭ᠎ᠠ ᠲᠠᠢ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠪᠠᠲᠤᠯᠠᠨ᠎ᠠ᠃     ︵ᠬᠤᠶᠠᠷ︶ ᠪᠤᠳᠠᠳᠤ ᠠᠵᠢᠯᠯᠠᠭ᠎ᠠ ᠶᠢ ᠡᠷᠬᠢᠮᠯᠡᠬᠦ ᠦᠨᠳᠦᠷ ᠪᠦᠲᠦᠮᠵᠢᠲᠡᠢ ᠵᠠᠰᠠᠭ ᠤᠨ ᠤᠷᠳᠤᠨ ᠢ ᠪᠠᠶᠢᠭᠤᠯᠤᠨ᠎ᠠ᠃ ᠵᠤᠷᠢᠯᠳᠡ ᠶᠢᠨ ᠤᠬᠠᠮᠰᠠᠷ ᠢᠶᠠᠨ ᠴᠢᠩᠭᠠᠳᠬᠠᠵᠤ᠂ ᠠᠷᠠᠳ ᠢᠶᠠᠷ ᠦᠨᠳᠦᠰᠦ ᠪᠤᠯᠭᠠᠬᠤ ᠬᠠᠶᠢᠷ᠎ᠠ ᠰᠡᠳᠭᠢᠯᠭᠡ ᠪᠠᠨ ᠪᠠᠳᠤᠳᠬᠠᠨ᠂ ᠨᠠᠮ ᠤᠨ ᠤᠯᠠᠨ ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠬᠢᠯ ᠠᠴᠠ ᠰᠣᠨᠣᠰᠴᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠪᠠᠷ ᠪᠠᠷᠢᠮᠵᠢᠶ᠎ᠠ ᠪᠤᠯᠭᠠᠨ᠂ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ ᠦᠢᠯᠡᠴᠢᠯᠡᠨ᠂ ᠤᠯᠠᠨ ᠲᠦᠮᠡᠨ ᠤ ᠪᠠᠴᠢᠮ ᠬᠦᠴᠢᠷ ᠲᠠᠢ ᠠᠰᠠᠭᠤᠳᠠᠯ ᠢ ᠪᠦᠬᠦ ᠬᠦᠴᠦᠨ ᠢᠶᠠᠷ ᠰᠠᠶᠢᠲᠤᠷ ᠰᠢᠢᠳᠪᠤᠷᠢᠯᠡᠨ᠎ᠡ᠃ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠬᠤ᠂ ᠲᠠᠩᠰᠠ ᠲᠤᠰᠢᠶᠠᠵᠤ ᠰᠢᠯᠭᠠᠯᠳᠠ ᠬᠠᠷᠢᠭᠤᠯᠬᠤ ᠢᠯᠠ ᠲᠤᠳᠤ ᠤᠳᠤᠷᠢᠳᠤᠮᠵᠢ ᠶᠢ ᠪᠤᠢ ᠪᠤᠯᠭᠠᠵᠤ᠂ ᠵᠤᠷᠢᠭᠳᠠᠢ ᠪᠠᠷ ᠲᠦᠷᠦᠬᠦᠯᠡᠬᠦ᠂ ᠲᠠᠪᠠᠵᠤ ᠬᠦᠢᠴᠡᠬᠦ᠂ ᠲᠠᠪᠠᠵᠤ ᠭᠠᠷᠬᠤ ᠵᠤᠷᠢᠭ ᠢ ᠬᠦᠪᠴᠢᠯᠡᠵᠤ᠂ ᠠᠭᠤᠯᠠ ᠲᠠᠭᠠᠷᠠᠪᠠᠯ ᠵᠠᠮ ᠨᠠᠭᠡᠭᠡᠬᠦ᠂ ᠤᠰᠤ ᠲᠠᠭᠠᠷᠠᠪᠠᠯ ᠬᠦᠬᠦᠷᠭᠡ ᠲᠠᠯᠪᠢᠬᠤ ᠡᠷᠴᠢ ᠵᠤᠷᠢᠭ ᠢ ᠬᠦᠪᠴᠢᠯᠡᠨ᠂ ᠪᠤᠳᠠᠳᠠᠢ ᠶᠢ ᠡᠷᠬᠢᠮᠯᠡᠵᠤ ᠦᠨᠳᠦᠷ ᠪᠦᠳᠦᠮᠵᠢᠳᠡᠢ ᠪᠠᠶᠢᠬᠤ᠂ ᠦᠨᠡᠨᠬᠦ ᠠᠳᠬᠤᠵᠤ ᠪᠤᠳᠠᠳᠠᠢ ᠠᠵᠢᠯᠯᠠᠬᠤ ᠰᠤᠷᠳᠠᠯ ᠢ ᠪᠠᠳᠠᠷᠠᠭᠤᠯᠵᠤ᠂ ᠰᠡᠳᠬᠢᠯ ᠢᠶᠠᠨ ᠨᠢᠭᠡᠳᠭᠡᠨ ᠬᠦᠴᠦ ᠪᠠᠨ ᠬᠠᠮᠳᠤᠳᠬᠠᠵᠤ ᠬᠦᠭᠵᠢᠯᠳᠡ ᠶᠢ ᠠᠳᠬᠤᠨ᠂ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠬᠢᠭᠤᠯᠤᠨ᠎ᠠ᠃    ︵ᠭᠤᠷᠪᠠ︶  ᠠᠷᠢᠭᠤᠨ ᠴᠢᠭᠡᠴᠢ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠠᠶᠢᠭᠤᠯᠤᠨ᠎ᠠ᠃ ᠵᠠᠰᠠᠭ ᠤᠨ ᠣᠷᠳᠤᠨ ᠤ ᠰᠢᠰᠲ᠋ᠧᠮ ᠤᠨ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠢᠭᠤᠷᠬᠠᠢ ᠡᠭᠦᠷᠭᠡᠯᠡᠵᠦ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭᠠᠳᠤ ᠲᠦᠷᠢᠮ ᠢ ᠨᠠᠷᠢᠨ ᠬᠢᠨᠠᠮᠠᠭᠠᠢ ᠲᠤᠤᠱᠯᠠᠭᠤᠯᠵᠤ᠂ ᠰᠠᠬᠢᠯᠭ᠎ᠠ ᠪᠠᠳᠤ ᠪᠠ ᠶᠤᠰᠤ ᠲᠦᠷᠢᠮ ᠢ ᠲᠡᠷᠢᠬᠦᠨ ᠳᠤ ᠲᠠᠯᠪᠢᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶ᠎ᠡ ᠶᠢᠨ ᠨᠠᠢᠮᠠᠨ ᠵᠦᠢᠯ ᠤᠨ ᠲᠣᠭᠳᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ︽ᠳᠦᠷᠪᠡᠨ ᠰᠤᠷᠳᠠᠯ︾ ᠣᠨᠴᠠᠭᠠᠶᠢᠯᠠᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠴᠦᠭᠦᠷᠡᠰᠢ ᠦᠭᠡᠢ ᠵᠠᠯᠠᠷᠠᠭᠤᠯᠵᠤ᠂ ︽ᠭᠤᠷᠪᠠ ᠣᠯᠠᠨ ᠭᠤᠷᠪᠠ ᠴᠦᠭᠡᠨ ᠭᠤᠷᠪᠠ ᠤᠳᠠᠭᠠᠨ︾ ᠤ ᠠᠰᠠᠭᠤᠳᠠᠯ ᠢ ᠬᠥᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠪᠠ ᠪᠢᠴᠢᠭ ᠮᠠᠲ᠋ᠧᠷᠢᠶᠠᠯ ᠢ ᠨᠠᠷᠢᠯᠢᠭᠵᠢᠭᠤᠯᠤᠨ ᠬᠤᠷᠠᠯ ᠢ ᠴᠤᠮᠠᠳᠬᠠᠬᠤ ᠠᠵᠢᠯ  ᠢ ᠦᠷᠭᠦᠯᠵᠢᠯᠡᠨ ᠰᠠᠶᠢᠲᠤᠷ ᠠᠳᠬᠤᠨ᠎ᠠ᠃ ᠬᠠᠤᠯᠢ ᠶᠣᠰᠤᠭᠠᠷ ᠵᠠᠰᠠᠭ ᠪᠠᠷᠢᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠳᠦᠷᠢᠮᠵᠢᠭᠦᠯᠵᠤ᠂ ᠬᠠᠤᠯᠢ ᠪᠠᠷ ᠵᠠᠰᠠᠬᠤ ᠰᠡᠳᠬᠢᠭᠦᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠣᠴᠢᠷ ᠶᠠᠪᠤᠳᠠᠯ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠤᠨ ᠤ ᠬᠢᠨᠠᠯᠲᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠡᠯ᠎ᠠ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠤ᠂ ᠵᠠᠰᠠᠭ ᠤᠨ ᠣᠷᠳᠤᠨ ᠤ ᠠᠵᠢᠯᠯᠠᠭᠠᠨ ᠢ ᠬᠠᠤᠯᠢ ᠪᠠᠷ ᠵᠠᠰᠠᠬᠤ ᠵᠠᠮ ᠳᠤ  ᠪᠦᠬᠦ ᠲᠠᠯ᠎ᠠ ᠪᠠᠷ ᠣᠷᠤᠭᠤᠯᠤᠨ᠂ ᠵᠠᠰᠠᠭ ᠤᠨ ᠣᠷᠳᠤᠨ ᠤ ᠨᠡᠶᠢᠲᠡ ᠶᠢᠨ ᠢᠲᠡᠭᠡᠮᠵᠢ ᠶᠢᠨ ᠬᠦᠴᠦᠨ ᠢ ᠪᠦᠬᠦ ᠳᠠᠯ᠎ᠠ ᠪᠠᠷ ᠳᠡᠭᠡᠭᠰᠢᠯᠡᠭᠦᠯᠦᠨ᠎ᠠ᠃    ᠲᠦᠯᠦᠭᠡᠯᠡᠭᠴᠢᠳ ᠡ᠂ ᠬᠦᠴᠢᠷ ᠢ ᠳᠤᠭᠤᠯᠤᠨ ᠴᠤᠴᠠᠯᠲᠠ ᠦᠭᠡᠢ ᠣᠷᠤᠭᠰᠢᠯᠠᠬᠤ ᠴᠠᠭ ᠬᠦᠷᠴᠤ ᠢᠷᠡᠯ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶ᠎ᠡ ᠶᠢᠨ ᠲᠣᠭᠤᠷᠢᠨ ᠳᠤ  ᠨᠢᠭᠳᠠᠷᠠᠨ ᠪᠦᠯᠭᠦᠮᠳᠡᠵᠤ᠂ ᠬᠤᠰᠢᠭᠤᠨ ᠤ ᠨᠠᠮ ᠤᠨ ᠬᠤᠷᠢᠶ᠎ᠡ ᠶᠢᠨ ᠳᠠᠶᠢᠴᠢᠯᠠᠭ᠎ᠠ ᠳᠣᠣᠷ᠎ᠠ᠂ ᠢᠳᠡᠭᠡᠯ ᠵᠤᠷᠢᠭ ᠢᠶᠠᠨ ᠪᠠᠳᠤᠳᠬᠠᠵᠤ᠂ ᠡᠷᠡᠯᠬᠡᠭᠯᠡᠨ ᠤᠷᠤᠭᠰᠢᠯᠠᠵᠤ᠂ ᠰᠢᠨ᠎ᠠ ᠪᠠᠷᠭᠤ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ  ᠴᠢᠨᠠᠷ ᠰᠠᠶᠢᠲᠠᠢ ᠬᠦᠭᠵᠢᠯᠲᠡ ᠶᠢᠨ ᠰᠢᠨ᠎ᠠ ᠪᠠᠶᠢᠳᠠᠯ ᠢ ᠨᠡᠭᠡᠭᠡᠵᠤ᠂ ᠳᠤᠮᠳᠠᠳᠤ ᠶᠢᠨ ᠣᠨᠴᠠᠯᠢᠭᠲᠤ ᠣᠳᠤᠬᠢᠴᠢᠯᠠᠭᠰᠠᠨ ᠰᠢᠨ᠎ᠠ ᠪᠠᠷᠭᠤ ᠵᠡᠭᠦᠨ ᠬᠤᠰᠢᠭᠤᠨ ᠤ ᠰᠢᠨ᠎ᠠ ᠬᠠᠭᠤᠳᠠᠰᠤ ᠶᠢ ᠪᠢᠴᠢᠭᠯᠡᠬᠦ ᠶᠢᠨ ᠲᠦᠯᠦᠭᠡ ᠪᠦᠯᠭᠦᠮᠳᠡᠨ ᠲᠡᠮᠡᠴᠡᠵᠡᠭᠡᠶ᠎ᠡ︕ᠳᠠᠭᠠᠯᠳᠤᠭᠤᠯᠤᠯ᠄                     ︽ᠵᠠᠰᠠᠭ ᠤᠨ ᠣᠷᠳᠤᠨ ᠤ ᠠᠵᠢᠯ ᠤᠨ ᠬᠠᠷᠢᠭᠤ ᠮᠡᠳᠡᠭᠦᠯᠦᠯᠲᠡ︾ ᠶᠢᠨ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢ    ⒈︽ᠲᠠᠪᠤᠨ ᠲᠤᠮᠤ ᠡᠭᠦᠷᠭᠡ︾᠄ ᠰᠢ ᠶᠢᠨ ᠫᠢᠩ ᠶᠡᠷᠦᠩᠬᠡᠢ ᠱᠦᠵᠢ ᠶᠢᠨ ᠦᠪᠤᠷ ᠮᠣᠩᠭᠤᠯ ᠳᠤ ᠲᠤᠰᠢᠶᠠᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢᠨ ᠡᠭᠦᠷᠭᠡ ᠶᠢ ᠵᠢᠭᠠᠵᠤ ᠪᠣᠢ᠂ ᠲᠤᠬᠠᠶᠢᠯᠠᠪᠠᠯ᠂ ᠦᠪᠤᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠣᠭᠳᠠᠭᠤᠨ ᠤ ᠬᠠᠯᠬᠠᠪᠴᠢ᠂ ᠤᠯᠤᠰ ᠤᠨ ᠴᠢᠬᠤᠯᠠ ᠡᠨᠧᠷᠬᠢ ᠪᠠ ᠪᠠᠶᠢᠯᠳᠤᠬᠤ ᠪᠣᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠤᠯᠤᠰ ᠤᠨ ᠴᠢᠬᠤᠯᠠ ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠭᠠᠨ ᠪᠦᠲᠦᠭᠡᠨ ᠪᠠᠶᠢᠭᠤᠯᠬᠤ ᠶᠢ ᠵᠢᠭᠠᠵᠤ ᠪᠣᠢ᠃    ⒉ ︽ᠵᠢᠷᠭᠤᠭ᠎ᠠ ᠶᠢ ᠲᠣᠭᠳᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾᠄ ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠲᠦᠰᠦᠪᠯᠡᠭᠰᠡᠨ ᠠᠵᠢᠯ ᠢ ᠲᠣᠭᠳᠠᠪᠤᠷᠢᠵᠢᠭᠤᠯᠤᠨ᠂ ᠰᠠᠭᠤᠭᠠᠯᠢ ᠠᠷᠠᠳ ᠤᠨ ᠠᠵᠢᠯ ᠣᠯᠭᠤᠯᠲᠠ᠂ ᠦᠨᠳᠦᠰᠦᠨ ᠠᠷᠠᠳ ᠤᠨ ᠠᠮᠢᠳᠤᠷᠠᠯ᠂ ᠵᠠᠬ᠎ᠠ ᠳᠡᠯᠭᠡᠭᠦᠷ ᠤᠨ ᠭᠤᠣᠯ ᠴᠤᠭᠴᠠ᠂ ᠠᠮᠤ ᠪᠣᠳᠠᠭ᠎ᠠ ᠡᠨᠧᠷᠬᠢ ᠶᠢᠨ ᠠᠮᠤᠷ ᠲᠦᠪᠰᠢᠨ᠂ ᠠᠵᠤ ᠦᠢᠯᠡᠰ ᠤᠨ ᠬᠡᠯᠬᠢᠶᠡᠵᠢᠯ ᠵᠢᠴᠢ ᠬᠠᠩᠭᠠᠯᠭ᠎ᠠ ᠶᠢᠨ ᠬᠡᠯᠬᠢᠶᠡᠵᠢᠯ ᠤᠨ ᠲᠣᠭᠳᠠᠭᠤᠨ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠶᠢ ᠵᠢᠭᠠᠵᠤ ᠪᠣᠢ᠃   ⒊ ︽ᠳᠦᠷᠪᠡᠨ ᠨᠤᠷᠮ᠎ᠠ︾᠄ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠪᠠᠲᠤᠳᠬᠠᠭᠰᠠᠨ ᠨᠤᠷᠮ᠎ᠠ᠂ ᠪᠠᠭ᠎ᠠ ᠰᠤᠷᠭᠠᠭᠤᠯᠢ ᠳᠤ ᠣᠷᠣᠭᠰᠠᠨ ᠨᠤᠷᠮ᠎ᠠ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳᠠᠬᠢ ᠳᠤᠮᠳᠠᠳᠤ ᠪᠠᠭ᠎ᠠ ᠰᠤᠷᠭᠠᠭᠤᠯᠢ ᠲᠡᠭᠦᠰᠦᠭᠰᠡᠨ ᠨᠤᠷᠮ᠎ᠠ᠂ ᠠᠩᠬ᠎ᠠ ᠳᠤᠮᠳᠠᠳᠤ ᠶᠢᠨ ᠱᠠᠲᠤᠨ  ᠳᠠᠬᠢ ᠰᠤᠷᠭᠠᠭᠤᠯᠢ ᠳᠤ ᠳᠡᠪᠰᠢᠭᠰᠡᠨ ᠨᠤᠷᠮ᠎ᠠ ᠶᠢ ᠵᠢᠭᠠᠵᠤ ᠪᠣᠢ᠃   ⒋ ︽ᠬᠤᠶᠠᠷ ᠳᠡᠭᠡᠭᠰᠢᠯᠡᠯᠲᠡ ᠬᠤᠶᠠᠷ ᠪᠠᠭᠤᠷᠠᠯᠲᠠ︾᠄ ᠬᠡᠷᠡᠭ ᠡᠭᠦᠰᠬᠦ ᠨᠤᠷᠮ᠎ᠠ ᠶᠢ ᠪᠠᠭᠤᠷᠠᠭᠤᠯᠵᠤ᠂ ᠬᠡᠷᠡᠭ ᠰᠢᠢᠳᠪᠦᠷᠢᠯᠡᠬᠦ ᠲᠤᠭ᠎ᠠ ᠶᠢ ᠳᠡᠭᠡᠭᠰᠢᠯᠡᠭᠦᠯᠵᠦ᠂ ᠡᠳ᠋ ᠬᠦᠷᠦᠩᠭᠡ ᠶᠢᠨ ᠬᠤᠬᠢᠷᠠᠯ ᠤᠨ ᠲᠤᠭ᠎ᠠ ᠬᠡᠮᠵᠢᠶ᠎ᠡ ᠶᠢ ᠪᠠᠭᠤᠷᠠᠭᠤᠯᠤᠨ᠂ ᠡᠳ᠋ ᠬᠦᠷᠦᠩᠭᠡ ᠶᠢᠨ ᠬᠤᠬᠢᠷᠠᠯ ᠢ ᠡᠭᠡᠭᠦᠯᠦᠨ ᠠᠪᠴᠢᠷᠠᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠬᠦ ᠶᠢ ᠵᠢᠭᠠᠵᠤ ᠪᠣᠢ᠃   ⒌ ︽ᠭᠤᠷᠪᠠ ᠶᠢ ᠪᠠᠲᠤᠯᠠᠬᠤ︾᠄ ᠦᠨᠳᠦᠰᠦᠨ ᠠᠷᠠᠳ ᠤᠨ ᠠᠮᠢᠳᠤᠷᠠᠯ᠂ ᠴᠠᠯᠢᠩ᠂ ᠠᠵᠢᠯᠯᠠᠭᠠᠨ ᠢ ᠪᠠᠲᠤᠯᠠᠬᠤ ᠶᠢ ᠵᠢᠭᠠᠵᠤ ᠪᠣᠢ᠃    ⒍ ︽ᠲᠠᠪᠤᠨ ᠲᠤᠮᠤ ᠠᠵᠢᠯᠯᠠᠭᠠᠨ ᠤ ᠲᠥᠯᠥᠪᠯᠡᠭᠡ︾᠄ ᠬᠤᠳᠠ ᠶᠢᠨ ᠨᠠᠮ ᠤᠨ ᠬᠤᠷᠢᠶ᠎ᠡ ᠶᠢᠨ ᠳᠠᠪᠤᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠭᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠠᠴᠠ ᠳᠤᠷᠠᠳᠤᠭᠰᠠᠨ ᠰᠣᠶᠤᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠨᠡᠮᠡᠭᠳᠡᠯ ᠪᠠ ᠶᠠᠰᠤ ᠴᠢᠨᠠᠷ ᠢ ᠨᠡᠮᠡᠭᠳᠡᠭᠦᠯᠦᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠰᠢᠨ᠎ᠠ ᠪᠠᠷ ᠬᠦᠭᠵᠢᠭᠰᠡᠨ ᠠᠵᠤ ᠦᠢᠯᠡᠰ ᠢ ᠡᠷᠴᠢᠮᠵᠢᠭᠦᠯᠦᠨ ᠲᠦᠪᠯᠡᠷᠡᠭᠦᠯᠵᠤ ᠬᠦᠭᠵᠢᠭᠦᠯᠬᠦ ᠠᠵᠢᠯᠯᠠᠭᠠᠨ ᠤ  ᠲᠥᠯᠥᠪᠯᠡᠭᠡ᠂ ᠠᠮᠢ ᠠᠬᠤᠢ ᠶᠢᠨ ᠠᠵᠤ ᠦᠢᠯᠡᠰ ᠢ ᠴᠠᠭ ᠤᠨ ᠪᠠᠶᠢᠳᠠᠯ ᠲᠠᠢ ᠠᠮᠵᠢᠭᠤᠯᠤᠨ ᠬᠦᠭᠵᠢᠭᠦᠯᠬᠦ ᠠᠵᠢᠯᠯᠠᠭᠠᠨ ᠤ ᠲᠥᠯᠥᠪᠯᠡᠭᠡ᠂ ᠤᠯᠠᠮᠵᠢᠯᠠᠯᠲᠤ ᠠᠵᠤ ᠦᠢᠯᠡᠰ ᠢ ᠰᠢᠨᠡᠴᠢᠯᠡᠵᠤ ᠰᠢᠯᠢᠳᠡᠭᠵᠢᠭᠦᠯᠦᠨ ᠬᠦᠭᠵᠢᠭᠦᠯᠬᠦ  ᠠᠵᠢᠯᠯᠠᠭᠠᠨ ᠤ  ᠲᠥᠯᠥᠪᠯᠡᠭᠡ ᠶᠢ ᠵᠢᠭᠠᠵᠤ ᠪᠣᠢ᠃   ⒎ ︽ᠳᠦᠷᠪᠡᠨ ᠬᠡᠪᠴᠢᠶᠠᠵᠢᠯ ᠠᠴᠠ ᠳᠡᠭᠡᠭᠰᠢᠬᠢ ᠠᠵᠤ ᠠᠬᠤᠶᠢᠯᠠᠯ︾᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ᠂ ᠬᠢᠷᠢ ᠬᠡᠮ ᠤᠨ ᠵᠡᠷᠭᠡ ᠳᠡᠰ ᠪᠦᠬᠦᠢ ᠪᠠᠷᠢᠯᠭ᠎ᠠ ᠶᠢᠨ ᠠᠵᠤ ᠠᠬᠤᠶᠢᠯᠠᠯ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠪᠠ ᠵᠢᠵᠢᠭᠯᠡᠨ ᠪᠣᠷᠤᠯᠠᠭᠤᠯᠬᠤ ᠬᠤᠨᠤᠭ ᠬᠤᠭᠤᠯᠠ ᠤᠮᠳᠠᠭᠠᠨ ᠤ ᠠᠵᠤ ᠠᠬᠤᠶᠢᠯᠠᠯ ᠵᠢᠴᠢ ᠬᠡᠪᠴᠢᠶᠠᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠵᠡᠷᠭᠡ ᠳᠥᠷᠪᠡᠨ ᠲᠦᠷᠦᠯ  ᠤᠨ ᠬᠡᠪᠴᠢᠶᠠᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠶᠡᠷᠦᠩᠬᠡᠢ ᠨᠡᠷᠡᠶᠢᠳᠦᠯ ᠢ ᠵᠢᠭᠠᠵᠤ ᠪᠣᠢ᠃   ⒏ ︽ᠣᠷᠣᠨ ᠠᠯᠤᠰᠯᠠᠭᠰᠠᠨ ᠠᠵᠤ ᠠᠬᠤᠢ  ᠶᠢᠨ ᠬᠠᠮᠲᠤᠷᠠᠯᠴᠠᠭ᠎ᠠ︾᠄ ᠬᠠᠷᠢᠯᠴᠠᠨ ᠲᠤᠰᠠᠭᠠᠷᠯᠠᠭᠰᠠᠨ᠂ ᠠᠵᠤ ᠠᠬᠤᠢ ᠶᠢᠨ ᠬᠦᠭᠵᠢᠯᠲᠡ ᠵᠦᠷᠢᠶ᠎ᠡ ᠲᠠᠢ ᠬᠤᠶᠠᠷ ᠵᠠᠰᠠᠭ ᠵᠠᠬᠢᠷᠭᠠᠨ ᠤ ᠭᠠᠵᠠᠷ ᠣᠷᠤᠨ᠂ ᠣᠷᠤᠨ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠨ᠂ ᠨᠡᠭᠡᠭᠡᠯᠲᠡ ᠶᠢᠨ ᠲᠣᠭᠤᠷᠢᠭ ᠢᠶᠠᠷ ᠭᠤᠣᠯ ᠠᠴᠢᠶᠠᠯᠠᠪᠤᠷᠢ ᠪᠣᠯᠭᠠᠵᠤ᠂ ᠡᠷᠬᠡ ᠲᠡᠭᠰᠢ ᠵᠦᠪᠳᠡᠯᠴᠡᠭᠡ᠂ ᠰᠠᠶᠢᠨ ᠳᠤᠷ᠎ᠠ ᠶᠢᠨ ᠬᠠᠮᠲᠤᠷᠠᠯᠴᠠᠭ᠎ᠠ ᠶᠢᠨ ᠰᠠᠭᠤᠷᠢᠨ ᠳᠡᠭᠡᠷ᠎ᠡ᠂ ᠦᠢᠯᠡᠳᠪᠦᠷᠢᠯᠡᠯ ᠤᠨ ᠡᠯᠧᠮᠧᠨ᠋ᠲ ᠢ  ᠬᠠᠷᠢᠯᠴᠠᠨ ᠪᠠ ᠦᠨᠳᠦᠷ ᠪᠦᠲᠦᠮᠵᠢᠲᠡᠢ ᠪᠠᠷ ᠠᠰᠢᠭᠯᠠᠬᠤ ᠪᠠᠷ ᠵᠣᠷᠢᠯᠭ᠎ᠠ ᠪᠣᠯᠭᠠᠨ᠂ ᠣᠨᠴᠠ ᠲᠣᠭᠲᠠᠭᠠᠭᠰᠠᠨ ᠣᠷᠤᠨ ᠪᠦᠰᠡ ᠳᠤ ᠠᠵᠤ ᠦᠢᠯᠡᠰ ᠤᠨ ᠬᠦᠷᠢᠶᠡᠯᠡᠩ ᠲᠣᠭᠤᠷᠢᠭ ᠬᠠᠮᠲᠤᠷᠠᠨ ᠪᠠᠶᠢᠭᠤᠯᠵᠤ᠂ ᠲᠥᠯᠥᠪᠵᠢᠭᠦᠯᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠪᠠ ᠦᠷ᠎ᠡ ᠠᠰᠢᠭ ᠢ ᠬᠤᠪᠢᠶᠠᠷᠢᠯᠠᠬᠤ ᠵᠡᠷᠭᠡ ᠬᠠᠮᠳᠤᠷᠠᠯᠴᠠᠭᠠᠨ ᠤ ᠲᠣᠭᠳᠠᠴᠠ  ᠶᠢ ᠪᠠᠶᠢᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠣᠷᠤᠨ ᠪᠦᠰᠡ ᠶᠢᠨ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠪᠡᠶᠡᠯᠡᠭᠦᠯᠬᠦ ᠶᠢ ᠵᠢᠭᠠᠵᠤ ᠪᠣᠢ᠃   ⒐ ︽ᠵᠢᠷᠭᠤᠭᠠᠨ ᠪᠦᠰᠡ ᠭᠤᠷᠪᠠᠨ ᠰᠠᠭᠤᠷᠢᠨ ᠭᠠᠵᠠᠷ ᠨᠢᠭᠡ ᠭᠡᠷ ᠣᠷᠤᠨ︾᠄ ︽ᠵᠢᠷᠭᠤᠭᠠᠨ ᠪᠦᠰᠡ︾ ᠭᠡᠳᠡᠭ ᠨᠢ ᠬᠢᠯᠢ ᠬᠢᠵᠠᠭᠠᠷ ᠤᠨ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠤᠶᠠᠷ ᠵᠠᠭᠤᠨ ᠤ ᠵᠢᠱᠢᠶ᠎ᠡ ᠦᠵᠡᠭᠦᠯᠬᠦ ᠪᠦᠰᠡ᠂ ᠦᠨᠳᠦᠰᠦᠲᠡᠨ ᠤ ᠣᠷᠤᠨ ᠤ ᠥᠪᠡᠷᠲᠡᠭᠡᠨ ᠵᠠᠰᠠᠬᠤ ᠳᠦᠷᠢᠮ ᠤᠨ ᠦᠨᠳᠦᠰᠦᠨ ᠱᠠᠲᠤᠨ ᠤ ᠦᠢᠯᠡᠳᠦᠯᠭᠡ  ᠵᠢᠱᠢᠶ᠎ᠡ ᠦᠵᠡᠭᠦᠯᠬᠦ ᠪᠦᠰᠡ᠂ ᠣᠷᠤᠨ ᠨᠤᠲᠤᠭ ᠠᠵᠤ ᠠᠬᠤᠶᠢᠯᠠᠯ ᠬᠤᠯᠪᠤᠭᠠᠯᠠᠨ ᠬᠠᠮᠳᠤᠪᠠᠷ ᠡᠭᠦᠳᠬᠦ ᠵᠢᠱᠢᠶ᠎ᠡ ᠦᠵᠡᠭᠦᠯᠬᠦ ᠪᠦᠰᠡ᠂ ᠵᠢᠭᠤᠯᠴᠢᠯᠠᠯ ᠤᠨ ᠬᠠᠷᠢᠯᠴᠠᠭ᠎ᠠ ᠰᠤᠯᠢᠯᠴᠠᠭ᠎ᠠ ᠠᠭᠤᠰᠤᠯᠴᠠᠭ᠎ᠠ  ᠶᠢᠨ ᠵᠢᠱᠢᠶ᠎ᠡ ᠦᠵᠡᠭᠦᠯᠬᠦ ᠪᠦᠰᠡ ᠪᠠ ᠠᠮᠢ ᠠᠬᠤᠢ ᠶᠢ ᠲᠡᠷᠢᠭᠦᠨ ᠳᠤ ᠪᠣᠳᠣᠯᠬᠢᠯᠠᠵᠤ᠂ ᠪᠣᠬᠢᠷᠳᠤᠯ ᠦᠭᠡᠢ ᠬᠦᠭᠵᠢᠭᠦᠯᠬᠦ ᠵᠢᠱᠢᠶ᠎ᠡ ᠦᠵᠡᠭᠦᠯᠬᠦ ᠪᠦᠰᠡ ᠶᠢ ᠵᠢᠭᠠᠵᠤ ᠪᠣᠢ᠃ ︽ᠭᠤᠷᠪᠠᠨ ᠰᠠᠭᠤᠷᠢᠨ ᠭᠠᠵᠠᠷ︾ ᠭᠡᠳᠡᠭ ᠨᠢ ᠡᠬᠡ ᠤᠯᠤᠰ ᠤᠨ ᠤᠮᠠᠷᠠᠲᠤ ᠬᠢᠯᠢ ᠶᠢᠨ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠬᠦᠮᠦᠵᠢᠯ ᠤᠨ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠰᠤᠳᠤᠯᠭᠠᠨ ᠤ ᠰᠠᠭᠤᠷᠢᠨ ᠭᠠᠵᠠᠷ᠂ ᠳᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ ᠵᠠᠯᠠᠭᠤ ᠪᠠᠭᠠᠴᠤᠳ ᠤᠨ ᠰᠤᠳᠤᠯᠤᠨ ᠰᠤᠷᠤᠯᠴᠠᠬᠤ ᠰᠠᠭᠤᠷᠢᠨ ᠭᠠᠵᠠᠷ ᠪᠠᠶᠢᠭᠤᠯᠬᠤ ᠶᠢ ᠵᠢᠭᠠᠵᠤ ᠪᠣᠢ᠃ ︽ᠨᠢᠭᠡ ᠭᠡᠷ ᠣᠷᠤᠨ︾ ᠭᠡᠳᠡᠭ ᠨᠢ ᠡᠯ᠎ᠠ ᠦᠨᠳᠦᠰᠦᠲᠡᠨ ᠬᠠᠷᠢᠯᠴᠠᠭ᠎ᠠ ᠰᠣᠯᠢᠯᠴᠠᠭ᠎ᠠ ᠠᠭᠤᠰᠤᠯᠴᠠᠭᠰᠠᠨ ᠵᠣᠯ ᠵᠢᠷᠭᠠᠯᠲᠤ ᠡᠶ᠎ᠡ ᠨᠠᠶᠢᠷᠠᠮᠳᠠᠭᠤ ᠭᠡᠷ ᠣᠷᠤᠨ ᠢ ᠪᠠᠶᠢᠭᠤᠯᠬᠤ ᠶᠢ ᠵᠢᠭᠠᠵᠤ ᠪᠣᠢ᠃   ⒑ ︽ᠶᠢᠰᠦ ᠶᠢ ᠣᠷᠤᠭᠤᠯᠬᠤ︾᠄ ᠦᠨᠳᠦᠰᠦᠲᠡᠨ ᠤ ᠪᠦᠯᠭᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠠᠮ ᠤᠨ ᠪᠠᠶᠢᠭᠤᠯᠤᠯᠲᠠ ᠳᠤ ᠣᠷᠣᠭᠤᠯᠬᠤ᠂ ᠲᠠᠨᠢᠯᠲᠠ ᠤᠬᠠᠮᠰᠠᠷ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠬᠤ᠂ ᠤᠯᠤᠰ ᠲᠦᠷᠦ ᠶᠢᠨ  ᠴᠠᠭᠳᠠᠨ ᠪᠠᠶᠢᠴᠠᠭᠠᠯᠲᠠ ᠳᠤ ᠣᠷᠣᠭᠤᠯᠬᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠳᠤ ᠣᠷᠣᠭᠤᠯᠬᠤ᠂ ᠵᠠᠰᠠᠭ ᠤᠨ ᠠᠵᠢᠯ ᠤᠨ ᠪᠦᠲᠦᠮᠵᠢ ᠶᠢᠨ ᠬᠢᠨᠠᠨ ᠰᠢᠯᠭᠠᠯᠲᠠ ᠳᠤ ᠣᠷᠣᠭᠤᠯᠬᠤ ᠂ ᠨᠡᠶᠢᠭᠡᠮ ᠤᠨ ᠵᠠᠰᠠᠯᠲᠠ ᠳᠤ ᠣᠷᠣᠭᠤᠯᠬᠤ᠂ ᠰᠢᠨ᠎ᠠ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠣᠷᠣᠭᠤᠯᠬᠤ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠳᠤ ᠣᠷᠣᠭᠤᠯᠬᠤ᠂ ᠬᠢᠯᠢ ᠬᠢᠵᠠᠭᠠᠷ ᠢ ᠲᠣᠭᠳᠠᠪᠤᠷᠢᠵᠢᠭᠤᠯᠤᠨ ᠠᠷᠠᠳ ᠢ ᠪᠠᠶᠠᠵᠢᠭᠤᠯᠬᠤ ᠠᠵᠢᠯ ᠳᠤ ᠣᠷᠤᠭᠤᠯᠬᠤ ᠶᠢ ᠵᠢᠭᠠᠵᠤ ᠪᠣᠢ᠃    ⒒ ︽ᠭᠤᠷᠪᠠ ᠣᠯᠠᠨ᠂ ᠭᠤᠷᠪᠠ ᠴᠥᠭᠡᠨ᠂ ᠭᠤᠷᠪᠠ ᠤᠳᠠᠭᠠᠨ︾᠄ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠡ ᠶᠢᠨ ᠳᠤᠷᠠᠳᠤᠭᠰᠠᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠠᠰᠠᠭᠤᠳᠠᠯ ᠤᠨ ᠪᠣᠳᠠᠲᠠᠢ  ᠢᠯᠡᠷᠡᠬᠦ ᠬᠡᠯᠪᠡᠷᠢ ᠶᠢ ᠵᠢᠭᠠᠵᠤ ᠪᠣᠢ᠃ ︽ᠭᠤᠷᠪᠠ ᠣᠯᠠᠨ︾ ᠭᠡᠳᠡᠭ ᠨᠢ ᠬᠤᠷᠠᠯ ᠣᠯᠠᠨ᠂ ᠬᠦᠳᠡᠯᠭᠡᠭᠡᠨ ᠣᠯᠠᠨ᠂ ᠭᠠᠳᠠᠭᠰᠢ ᠭᠠᠷᠬᠤ ᠨᠢ ᠣᠯᠠᠨ ᠢ ᠵᠢᠭᠠᠵᠤ ᠪᠣᠢ᠃ ︽ᠭᠤᠷᠪᠠ ᠴᠥᠭᠡᠨ︾ ᠭᠡᠳᠡᠭ ᠨᠢ ᠰᠤᠳᠤᠯᠤᠨ ᠪᠠᠶᠢᠴᠠᠭᠠᠯᠲᠠ ᠬᠠᠷᠢᠭᠤ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠴᠠ ᠴᠥᠭᠡᠨ᠂ ᠪᠣᠳᠠᠲᠠᠢ ᠠᠰᠠᠭᠤᠳᠠᠯ ᠰᠢᠢᠳᠪᠦᠷᠢᠯᠡᠭᠰᠡᠨ ᠨᠢ ᠴᠥᠭᠡᠨ ᠢ ᠵᠢᠭᠠᠵᠤ ᠪᠣᠢ᠃ ︽ᠭᠤᠷᠪᠠ ᠤᠳᠠᠭᠠᠨ︾ ᠭᠡᠳᠡᠭ ᠨᠢ  ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠤᠳᠠᠭᠠᠨ᠂ ᠠᠵᠢᠯᠯᠠᠭ᠎ᠠ ᠳᠠᠭᠠᠨ ᠤᠳᠠᠭᠠᠨ᠂ ᠦᠷ᠎ᠡ ᠳ᠋ᠦᠩ ᠤᠳᠠᠭᠠᠨ ᠢ ᠵᠢᠭᠠᠵᠤ ᠪᠣᠢ᠃ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ