ᠡᠪᠦᠳᠦᠭ ᠪᠣᠭᠤᠮᠲᠠ 2023 ᠣᠨ ᠤ 5 ᠰᠠᠷ᠎ᠠ ᠳᠤ᠄ ᠬᠢᠯᠢ ᠪᠠᠷ ᠥᠩᠭᠡᠷᠡᠭᠰᠡᠨ ᠬᠥᠮᠦᠨ 2906 ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ | ᠣᠷᠣᠵᠤ ᠢᠷᠡᠭᠰᠡᠨ ᠬᠥᠮᠦᠨ 1446 ᠤᠳᠠᠭ᠎ᠠ ᠳᠤ ᠬᠦᠷᠴᠦ᠂ ᠬᠢᠯᠢ ᠪᠠᠷ ᠭᠠᠷᠤᠭᠰᠠᠨ ᠬᠥᠮᠦᠨ 1460 ᠤᠳᠠᠭ᠎ᠠ ᠳᠤ ᠬᠦᠷᠴᠡᠶ᠃ ᠬᠢᠯᠢ ᠪᠠᠷ ᠥᠩᠭᠡᠷᠡᠭᠰᠡᠨ | ᠮᠠᠰᠢᠨ ᠲᠡᠷᠭᠡ 2898 ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ ᠣᠷᠣᠵᠤ ᠢᠷᠡᠭᠰᠡᠨ ᠮᠠᠰᠢᠨ ᠲᠡᠷᠭᠡ 1444 ᠤᠳᠠᠭ᠎ᠠ᠂ ᠬᠢᠯᠢ ᠠᠴᠠ ᠭᠠᠷᠤᠭᠰᠠᠨ ᠮᠠᠰᠢᠨ | ᠲᠡᠷᠭᠡ 1454 ᠤᠳᠠᠭ᠎ᠠ ᠳᠤ ᠬᠦᠷᠴᠡᠶ᠃ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 49359.3 ᠲᠣᠨ᠂ ᠭᠠᠳᠠᠭᠠᠳᠤ ᠳᠤ ᠭᠠᠷᠭᠠᠭᠰᠠᠨ ᠪᠠᠷᠠᠭ᠎ᠠ 3351. | 11 ᠲᠣᠨ ᠳᠤ ᠬᠦᠷᠴᠦ᠂ ᠡᠭᠦᠨ ᠤ ᠳᠣᠲᠣᠷ᠎ᠠ ᠭᠠᠳᠠᠭᠠᠳᠤ ᠠᠴᠠ ᠣᠷᠣᠭᠤᠯᠤᠭᠰᠠᠨ ᠲᠦᠭᠦᠬᠡᠶ ᠴᠢᠯᠠᠭᠤᠨ ᠲᠤᠰᠤ 49320.8 ᠲᠣᠨ ᠳᠤ ᠬᠦᠷᠴᠦ᠂ | ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 49359.3 ᠲᠣᠨ ᠨᠡᠮᠡᠭᠳᠡᠵᠡᠶ᠃ | ᠡᠪᠦᠳᠦᠭ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ 2023 ᠣᠨ ᠤ 1 ᠠᠴᠠ 5 ᠰᠠᠷ᠎ᠠ ︵1 ᠳ᠋ᠦᠭᠡᠷ ᠰᠠᠷ᠎ᠠ ᠶᠢᠨ 1 ᠤ ᠡᠳᠦᠷ — 5 ᠳ᠋ᠤᠭᠠᠷ | ᠰᠠᠷ᠎ᠠ ᠶᠢᠨ 31 ᠤ ᠡᠳᠦᠷ︶᠄ | ᠬᠢᠯᠢ ᠪᠠᠷ ᠣᠷᠣᠭᠤᠯᠵᠤ ᠭᠠᠷᠭᠠᠭᠰᠠᠨ ᠠᠶᠠᠨᠴᠢᠳ ᠤᠨ ᠲᠡᠭᠡᠭᠡᠪᠦᠷᠢ ᠶᠢᠨ ᠨᠡᠶᠢᠲᠡ ᠬᠡᠮᠵᠢᠶ᠎ᠡ ᠄ ᠬᠢᠯᠢ ᠪᠠᠷ ᠥᠩᠭᠡᠷᠡᠭᠰᠡᠨ ᠬᠥᠮᠦᠨ 13871 ᠬᠥᠮᠦᠨ | ᠤᠳᠠᠭ᠎ᠠ ᠳᠤ ᠬᠦᠷᠴᠦ᠂ ᠡᠭᠦᠨ ᠳᠤ ᠬᠢᠯᠢ ᠪᠠᠷ ᠣᠷᠣᠵᠤ ᠢᠷᠡᠭᠰᠡᠨ ᠬᠥᠮᠦᠨ 6949 ᠬᠥᠮᠦᠨ ᠤᠳᠠᠭ᠎ᠠ᠂ ᠬᠢᠯᠢ ᠠᠴᠠ ᠭᠠᠷᠤᠭᠰᠠᠨ ᠬᠥᠮᠦᠨ 6922 ᠬᠥᠮᠦᠨ | ᠤᠳᠠᠭ᠎ᠠ ᠪᠠᠶᠢᠨ᠎ᠠ᠃ | ᠬᠢᠯᠢ ᠪᠠᠷ ᠥᠩᠭᠡᠷᠡᠭᠰᠡᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠠᠭᠠᠵᠢ ᠶᠢᠨ ᠨᠡᠶᠢᠲᠡ ᠬᠡᠮᠵᠢᠶ᠎ᠡ᠄ ᠬᠢᠯᠢ ᠪᠠᠷ ᠥᠩᠭᠡᠷᠡᠭᠰᠡᠨ ᠲᠡᠷᠭᠡ ᠬᠥᠰᠬᠡ 13862 | ᠤᠳᠠᠭ᠎ᠠ ᠪᠠᠶᠢᠵᠤ᠂ ᠡᠭᠦᠨ ᠳᠤ ᠬᠢᠯᠢ ᠪᠠᠷ ᠣᠷᠣᠵᠤ ᠢᠷᠡᠭᠰᠡᠨ ᠲᠡᠷᠭᠡ ᠬᠥᠰᠬᠡ 6920 ᠤᠳᠠᠭ᠎ᠠ᠂ ᠬᠢᠯᠢ ᠠᠴᠠ ᠭᠠᠷᠤᠭᠰᠠᠨ ᠲᠡᠷᠭᠡ ᠬᠥᠰᠬᠡ 6942 ᠤᠳᠠᠭ᠎ᠠ | ᠪᠠᠶᠢᠨ᠎ᠠ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠶᠡᠷᠦᠩᠬᠡᠶ ᠬᠡᠮᠵᠢᠶ᠎ᠡ᠄ ᠶᠡᠷᠦᠩᠬᠡᠶ ᠬᠡᠮᠵᠢᠶ᠎ᠡ ᠨᠢ 248998.64 ᠲᠣᠨ᠂ | ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ 244015.32 ᠲᠣᠨ᠂ ᠭᠠᠳᠠᠭᠠᠳᠤ ᠳᠤ ᠭᠠᠷᠭᠠᠭᠰᠠᠨ ᠪᠠᠷᠠᠭ᠎ᠠ 4983.32 ᠲᠣᠨ ᠪᠣᠯᠤᠨ᠎ᠠ᠃ | 2023 ᠣᠨ ᠤ 1 — 5 ᠰᠠᠷ᠎ᠠ ᠳᠤ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠰᠢᠯᠲᠠᠭᠠᠨ᠄ | ᠡᠪᠦᠳᠦᠭ ᠪᠣᠭᠤᠮᠲᠠ ᠶᠢᠨ ᠲᠦᠭᠦᠬᠡᠶ ᠴᠢᠯᠠᠭᠤᠨ ᠲᠣᠰᠣᠨ ᠤ ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ ᠠᠯᠬᠤᠮ ᠠᠯᠬᠤᠮ ᠢᠶᠠᠷ ᠨᠡᠮᠡᠭᠳᠡᠬᠦ ᠬᠠᠨᠳᠤᠰᠢ ᠲᠠᠢ ᠪᠣᠯᠵᠣ᠂ | ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠳᠤ ᠲᠥᠬᠦᠮ ᠦᠵᠡᠭᠦᠯᠬᠦ ᠬᠢᠷᠢ ᠲᠦᠪᠰᠢᠨ ᠢ | ᠳᠡᠭᠡᠭᠰᠢᠯᠡᠭᠦᠯᠦᠨ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃ |