ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ | ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ ᠶᠢᠨ ᠠᠷᠠᠪ | ᠬᠡᠯᠡ᠂ ᠫᠣᠷᠲ᠋ᠦ᠋ᠭᠠᠯ ᠬᠡᠯᠡ᠂ ᠭᠧᠷᠮᠠᠨ ᠬᠡᠯᠡ᠂ ᠰᠸᠠᠾᠢᠯᠢ | ᠬᠡᠯᠡ᠂ ᠦᠷᠳᠦ᠋ ᠬᠡᠯᠡ ᠵᠢᠴᠢ ᠸᠢᠶᠧᠳ᠋ᠨᠠᠮ ᠬᠡᠯᠡᠨ ᠤ ᠬᠡᠪᠯᠡᠯ ᠢ | ᠣᠶᠢᠷ᠎ᠠ ᠳᠤ ᠭᠠᠳᠠᠭᠠᠳᠤ ᠬᠡᠯᠡᠨ ᠤ ᠬᠡᠪᠯᠡᠯ ᠤᠨ | ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ | ᠰᠢ ᠶᠢᠨ ᠫᠢᠩ ᠤᠨ ᠬᠥᠮᠥᠨ ᠤ ᠡᠷᠬᠡ ᠶᠢ ᠬᠦᠨᠳᠦᠳᠬᠡᠨ | ᠪᠠᠲᠤᠯᠠᠬᠤ ᠲᠤᠬᠠᠢ ᠥᠭᠦᠯᠡᠯᠲᠡ ᠶᠢᠨ ᠲᠡᠭᠦᠪᠦᠷᠢ ᠶᠢ ᠨᠠᠮ ᠤᠨ | ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ | ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠵᠤ᠂ 9 ᠲᠤᠰᠬᠠᠢ | ᠰᠡᠳᠦᠪ ᠬᠤᠪᠢᠶᠠᠨ᠂ ᠰᠢ ᠶᠢᠨ ᠫᠢᠩ ᠨᠥᠬᠦᠷ ᠤᠨ ᠬᠥᠮᠥᠨ ᠤ | ᠡᠷᠬᠡ ᠶᠢ ᠬᠦᠨᠳᠦᠳᠬᠡᠨ ᠪᠠᠲᠤᠯᠠᠬᠤ ᠲᠣᠭᠤᠷᠢᠨ ᠳᠤ | ᠨᠡᠶᠢᠲᠡᠯᠡᠭᠰᠡᠨ ᠠᠯᠢ ᠣᠯᠠᠨ ᠴᠢᠬᠤᠯᠠ ᠥᠭᠦᠯᠡᠯᠲᠡ ᠶᠢ | ᠰᠢᠰᠲ᠋ᠧᠮ ᠲᠠᠢ ᠬᠤᠷᠢᠶᠠᠨ ᠣᠷᠣᠭᠤᠯᠪᠠ᠃ ᠲᠤᠰ ᠤᠳᠠᠭ᠎ᠠ ᠶᠢᠨ | ᠠᠷᠠᠪ ᠬᠡᠯᠡ ᠵᠡᠷᠭᠡ 6 ᠬᠡᠯᠡᠨ ᠤ ᠬᠡᠪᠯᠡᠯ ᠢ ᠬᠡᠪᠯᠡᠨ | ᠲᠠᠷᠬᠠᠭᠠᠭᠰᠠᠨ ᠨᠢ ᠤᠯᠤᠰ ᠤᠨ ᠭᠠᠳᠠᠭᠠᠳᠤ ᠶᠢᠨ | ᠤᠩᠰᠢᠭᠴᠢᠳ ᠤᠨ ᠰᠢ ᠶᠢᠨ ᠫᠢᠩ ᠤᠨ ᠬᠤᠯᠪᠣᠭᠳᠠᠯ ᠪᠦᠬᠦᠢ | ᠴᠢᠬᠤᠯᠠ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ | ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠬᠥᠮᠥᠨ ᠤ | ᠡᠷᠬᠡ ᠶᠢ ᠬᠦᠨᠳᠦᠳᠬᠡᠨ ᠪᠠᠲᠤᠯᠠᠭᠰᠠᠨ ᠠᠭᠤᠤ ᠶᠡᠭᠡ | ᠦᠢᠯᠡᠳᠦᠯᠭᠡ ᠵᠢᠴᠢ ᠪᠦᠭᠦ ᠪᠥᠮᠪᠥᠷᠴᠡᠭ ᠤᠨ ᠬᠥᠮᠥᠨ ᠤ | ᠡᠷᠬᠡ ᠶᠢᠨ ᠵᠠᠰᠠᠯᠲᠠ ᠳᠤ ᠬᠤᠪᠢ ᠨᠡᠮᠡᠷᠢ ᠦᠵᠡᠭᠦᠯᠦᠭᠰᠡᠨ | ᠳᠤᠮᠳᠠᠳᠤ ᠤᠯᠤᠰ ᠤᠨ ᠲᠥᠰᠥᠯ ᠢ ᠭᠦᠨᠵᠡᠭᠡᠢ ᠣᠶᠢᠯᠠᠭᠠᠵᠤ᠂ ᠤᠳᠤ | ᠦᠶ᠎ᠡ ᠶᠢᠨ ᠳᠤᠮᠳᠠᠳᠤ ᠤᠯᠤᠰ ᠤᠨ ᠬᠥᠮᠥᠨ ᠤ ᠡᠷᠬᠡ ᠶᠢᠨ | ᠦᠵᠡᠯᠲᠡ ᠶᠢᠨ ᠲᠠᠲᠠᠬᠤ ᠬᠦᠴᠦᠨ᠂ ᠨᠥᠯᠥᠭᠡᠯᠡᠬᠦ ᠬᠦᠴᠦᠨ ᠢ | ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠰ | ᠨᠣᠮ ᠤᠨ ᠠᠩᠭ᠍ᠯᠢ ᠬᠢᠲᠠᠳ᠂ ᠹᠷᠠᠨᠼᠢ ᠬᠢᠲᠠᠳ᠂ ᠤᠷᠤᠰ ᠬᠢᠲᠠᠳ᠂ | ᠢᠰᠫᠠᠨᠢ ᠬᠢᠲᠠᠳ᠂ ᠶᠠᠫᠤᠨ ᠬᠢᠲᠠᠳ ᠬᠠᠷᠢᠴᠠᠭᠤᠯᠤᠭᠰᠠᠨ | ᠬᠡᠪᠯᠡᠯ ᠢ 2022 ᠣᠨ ᠳᠤ ᠲᠥᠪ ᠤᠨ ᠨᠠᠶᠢᠷᠠᠭᠤᠯᠤᠨ ᠣᠷᠴᠢᠭᠤᠯᠬᠤ | ᠬᠡᠪᠯᠡᠯ ᠤᠨ ᠬᠤᠷᠢᠶ᠎ᠠ ᠠᠴᠠ ᠲᠠᠷᠬᠠᠭᠠᠪᠠ᠃ | | | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ | 19 ᠤ ᠴᠠᠭᠢᠯᠭᠠᠨ ᠮᠡᠳᠡᠭᠡ |