ᠰᠢᠨᠬᠤᠸᠠ ᠬᠤᠷᠢᠶᠠᠨ ᠤ ᠪᠡᠭᠡᠵᠢᠩ ᠤᠨ 9 ᠳ᠋ᠦ᠋ᠭᠡᠷ | ᠰᠠᠷ᠎ᠠ ᠶᠢᠨ 20 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 9 | ᠳ᠋ᠦ᠋ᠭᠡᠷ ᠰᠠᠷ᠎ᠠ ᠶᠢᠨ 20 ᠤ ᠡᠳᠦᠷ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠲᠤᠬᠠᠢ | ᠬᠤᠯᠪᠣᠭᠳᠠᠯ ᠪᠦᠬᠦᠢ ᠠᠵᠢᠯ ᠢ ᠰᠤᠳᠤᠯᠵᠤ᠂ ᠠᠵᠤ ᠠᠬᠤᠶᠢᠯᠠᠯ ᠳᠤ | ᠥᠷᠢᠲᠦᠵᠦ ᠪᠠᠶᠢᠭ᠎ᠠ ᠳᠠᠩᠰᠠ ᠶᠢ ᠴᠠᠶᠢᠷᠠᠭᠤᠯᠬᠤ ᠲᠤᠰᠬᠠᠢ | ᠠᠵᠢᠯᠯᠠᠭᠠᠨ ᠤ ᠲᠥᠰᠥᠯ ᠬᠢᠨᠠᠨ ᠪᠠᠲᠤᠯᠠᠵᠤ᠂ ᠠᠵᠤ | ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠶᠢ | ᠰᠢᠮᠳᠠᠭᠤᠯᠤᠨ ᠪᠠᠶᠢᠴᠠᠭᠠᠵᠤ ᠰᠤᠳᠤᠯᠤᠭᠰᠠᠨ ᠪᠠᠶᠢᠳᠠᠯ ᠤᠨ | ᠮᠡᠳᠡᠭᠦᠯᠦᠯᠲᠡ ᠶᠢ ᠰᠣᠨᠣᠰᠴᠤ᠂ ᠨᠠᠰᠤᠨ ᠳᠤ ᠥᠯᠥ | ᠭᠦᠷᠦᠭᠰᠡᠳ ᠤᠨ ᠰᠦᠯᠵᠢᠶᠡᠨ ᠤ ᠬᠠᠮᠠᠭᠠᠯᠠᠯᠲᠠ ᠶᠢᠨ ᠳᠦᠷᠢᠮ | ᠲᠥᠰᠥᠯ ᠢ ᠬᠢᠨᠠᠨ ᠪᠠᠲᠤᠯᠠᠪᠠ᠃ | ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠤᠨ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠠᠬᠢᠭᠤᠯᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠪᠠᠶᠢᠳᠠᠯ ᠤᠨ ᠬᠤᠪᠢᠷᠠᠯᠲᠠ ᠪᠣᠯᠣᠨ ᠮᠠᠨ ᠤ | ᠤᠯᠤᠰ ᠤᠨ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠱᠠᠲᠤᠴᠢ ᠴᠢᠨᠠᠷᠲᠠᠢ ᠣᠨᠴᠠᠯᠢᠭ ᠢ | ᠭᠦᠨᠵᠡᠭᠡᠢ ᠵᠠᠳᠠᠯᠤᠨ ᠡᠵᠡᠮᠳᠡᠵᠦ᠂ ᠡᠯ᠎ᠡ ᠵᠦᠢᠯ ᠤᠨ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠶᠠᠰᠤ | ᠴᠢᠨᠠᠷ᠂ ᠦᠷ᠎ᠡ ᠠᠰᠢᠭ ᠬᠢᠭᠡᠳ ᠳᠡᠯᠡᠬᠡᠢ ᠳᠡᠭᠡᠷᠡᠬᠢ | ᠥᠷᠢᠰᠦᠯᠳᠦᠬᠦ ᠬᠦᠴᠦᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠠᠬᠢᠭᠤᠯᠬᠤ | ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠬᠤ ᠶᠢ ᠵᠡᠷᠭᠡ ᠳᠤ ᠨᠢ ᠠᠳᠬᠤᠬᠤ ᠶᠢ | ᠪᠠᠷᠢᠮᠲᠠᠯᠠᠵᠤ᠂ ᠲᠡᠷᠢᠭᠦᠨ ᠤ ᠦᠢᠯᠡᠳᠬᠡᠯ ᠤᠨ ᠦᠢᠯᠡᠰ ᠢ | ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ | ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠯᠲᠠ ᠶᠢ | ᠬᠠᠮᠵᠢᠯᠴᠠᠭᠤᠯᠤᠨ ᠠᠬᠢᠭᠤᠯᠵᠤ᠂ ᠳᠤᠲᠠᠭᠳᠠᠯ ᠢ | ᠨᠥᠬᠦᠪᠦᠷᠢᠯᠡᠨ᠂ ᠳᠠᠪᠠᠭᠤᠯᠢᠭ ᠢ ᠪᠠᠳᠠᠷᠠᠭᠤᠯᠵᠤ᠂ ᠰᠢᠨ᠎ᠡ | ᠳᠠᠪᠠᠭᠤᠯᠢᠭ ᠡᠭᠦᠳᠬᠦ ᠳᠤ ᠬᠦᠴᠦᠯᠡᠬᠦ ᠬᠡᠷᠡᠭᠲᠡᠢ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ | ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ | ᠢᠳᠡᠪᠬᠢᠵᠢᠯ ᠢ ᠭᠦᠢᠴᠡᠳ ᠲᠠᠶᠢᠴᠢᠯᠠᠨ᠂ ᠪᠦᠬᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠲᠤᠰᠠᠯᠠᠬᠤ | ᠦᠢᠯᠡᠳᠦᠯ ᠢ ᠪᠠᠳᠠᠷᠠᠭᠤᠯᠵᠤ᠂ ᠭᠤᠣᠯ ᠴᠣᠭᠴᠠ ᠶᠢᠨ | ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠠᠷ ᠠᠵᠤ | ᠦᠢᠯᠡᠰ ᠤᠨ ᠵᠦᠢ ᠵᠣᠬᠢᠰᠲᠠᠢ ᠪᠠᠶᠢᠷᠢᠯᠠᠭᠤᠯᠤᠯᠲᠠ ᠶᠢ | ᠳᠠᠭᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ | ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ | ᠰᠠᠶᠢᠲᠤᠷ ᠠᠰᠢᠭᠯᠠᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢ ᠠᠬᠢᠭᠤᠯᠬᠤ ᠬᠥᠳᠡᠯᠭᠡᠭᠴᠢ ᠬᠦᠴᠦᠨ ᠪᠠ | ᠠᠮᠢᠵᠢᠷᠠᠯ ᠤᠨ ᠬᠦᠴᠦᠨ ᠢ ᠦᠨᠡᠨ ᠬᠦ ᠨᠡᠮᠡᠭᠳᠡᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠠᠵᠤ ᠠᠬᠤᠶᠢᠯᠠᠯ ᠤᠨ ᠳᠠᠩᠰᠠᠨ | ᠵᠣᠭᠤᠰ ᠢ ᠥᠷᠢᠲᠦᠬᠦ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠪᠣᠯ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠬᠢᠭᠡᠳ ᠪᠡᠯᠡ ᠣᠷᠣᠭᠤᠯᠤᠯᠲᠠ ᠶᠢᠨ ᠵᠢᠱᠢᠯᠲᠡ᠂ | ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠲᠠᠢ | ᠬᠤᠯᠪᠣᠭᠳᠠᠵᠤ ᠪᠠᠶᠢᠭ᠎ᠠ ᠪᠣᠯᠬᠤᠷ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠮᠤᠵᠢ ᠶᠢᠨ | ᠱᠠᠲᠤᠨ ᠤ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠥᠷᠢ | ᠰᠢᠷᠢ ᠶᠢ ᠴᠠᠶᠢᠷᠠᠭᠤᠯᠬᠤ ᠠᠵᠢᠯ ᠳᠤ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ᠂ ᠵᠠᠰᠠᠭ ᠤᠨ ᠣᠷᠳᠣᠨ ᠤ | ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠠᠰᠠᠭᠤᠳᠠᠯ ᠢ | ᠰᠢᠮᠳᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠳ ᠤᠨ | ᠬᠤᠭᠤᠷᠣᠨᠳᠣᠬᠢ ᠬᠠᠷᠢᠯᠴᠠᠨ ᠥᠷᠢᠲᠦᠵᠦ ᠪᠠᠶᠢᠭ᠎ᠠ ᠬᠡᠯᠬᠢᠶ᠎ᠡ | ᠶᠢ ᠠᠯᠳᠠᠷᠠᠭᠠᠵᠤ᠂ ᠲᠥᠪ ᠤᠨ ᠠᠵᠤ ᠠᠬᠤᠶᠢᠯᠠᠯ ᠤᠯᠤᠰ ᠤᠨ | ᠥᠮᠴᠢᠯᠡᠯᠲᠦ ᠠᠵᠤ ᠠᠬᠤᠶᠢᠯᠠᠯ ᠲᠦᠷᠦᠭᠦᠯᠡᠨ ᠲᠥᠯᠥᠬᠦ | ᠬᠡᠷᠡᠭᠲᠡᠢ᠃ ᠦᠨᠡᠨ ᠪᠣᠳᠠᠲᠠᠢ ᠪᠠᠷ ᠲᠥᠯᠥᠵᠦ ᠳᠠᠭᠤᠰᠬᠠᠬᠤ ᠶᠢ | ᠲᠤᠪᠤᠶᠢᠯᠭᠠᠵᠦ᠂ ᠲᠦᠷᠦ ᠶᠢᠨ ᠪᠣᠳᠣᠯᠭ᠎ᠠ ᠪᠠᠷ ᠳᠡᠮᠵᠢᠬᠦ᠂ | ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠ ᠬᠢᠨᠠᠯᠲᠠ | ᠲᠠᠯᠪᠢᠵᠤ ᠬᠢᠨᠠᠨ ᠰᠢᠯᠭᠠᠬᠤ ᠶᠢ ᠴᠢᠩᠭᠠᠳᠬᠠᠵᠤ᠂ ᠲᠥᠯᠥᠬᠦ | ᠶᠣᠰᠣᠲᠠᠢ ᠶᠢ ᠨᠢ ᠪᠦᠬᠦᠨ ᠢ ᠴᠢᠷᠮᠠᠶᠢᠨ ᠲᠥᠯᠥᠵᠦ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠬᠦᠴᠦᠯᠡᠨ | ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ᠂ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠬᠤ ᠶᠢ ᠰᠢᠮᠳᠠᠭᠤᠯᠤᠨ | ᠪᠠᠶᠢᠴᠠᠭᠠᠵᠤ ᠰᠤᠳᠤᠯᠤᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠠᠢ᠃ ᠬᠤᠷᠠᠯ ᠳᠡᠭᠡᠷ᠎ᠡ᠂ | ᠰᠢᠮᠳᠠᠭᠤᠯᠤᠨ ᠪᠠᠶᠢᠴᠠᠭᠠᠨ ᠰᠤᠳᠤᠯᠤᠯᠲᠠ ᠪᠠᠷ | ᠢᠯᠡᠷᠡᠭᠦᠯᠦᠭᠰᠡᠨ ᠠᠰᠠᠭᠤᠳᠠᠯ ᠢ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ᠂ ᠢᠮᠠᠭᠲᠠ ᠠᠩᠬᠠᠷᠴᠤ᠂ ᠠᠰᠠᠭᠤᠳᠠᠯ ᠤᠨ ᠨᠠᠷᠢᠨ | ᠳᠠᠩᠰᠠ ᠬᠠᠷᠢᠭᠤᠴᠠᠯᠭ᠎ᠠ ᠶᠢᠨ ᠨᠠᠷᠢᠨ ᠳᠠᠩᠰᠠ ᠪᠣᠯᠭᠠᠵᠤ᠂ | ᠨᠢᠭᠡᠳ ᠨᠢᠭᠡ ᠪᠠᠷ ᠰᠠᠶᠢᠲᠤᠷ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠨ᠂ ᠨᠢᠭᠡ ᠠᠴᠠ ᠨᠥᠭᠦᠭᠡ ᠶᠢ ᠮᠡᠳᠡᠵᠦ | ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ | ᠥᠷᠭᠡᠳᠬᠡᠨ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ | ᠴᠠᠭ ᠢ ᠨᠢ ᠲᠠᠭᠠᠷᠠᠭᠤᠯᠤᠨ ᠳᠠᠬᠢᠨ ᠪᠠᠶᠢᠴᠠᠭᠠᠵᠤ᠂ | ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠬᠦᠴᠦᠯᠡᠨ ᠠᠬᠢᠭᠤᠯᠬᠤ ᠬᠡᠷᠡᠭᠲᠡᠢ᠃ | ᠰᠢᠮᠳᠠᠭᠤᠯᠤᠨ ᠪᠠᠶᠢᠴᠠᠭᠠᠨ ᠰᠤᠳᠤᠯᠤᠯᠲᠠ ᠪᠠᠷ | ᠴᠤᠭᠯᠠᠭᠤᠯᠤᠭᠰᠠᠨ ᠰᠠᠨᠠᠯ ᠰᠠᠨᠠᠭᠤᠯᠭ᠎ᠠ ᠨᠤᠭᠤᠳ ᠶᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ | ᠢᠷᠡᠬᠦ ᠵᠢᠯ ᠤᠨ ᠠᠵᠤ ᠠᠬᠤᠢ ᠶᠢᠨ ᠠᠵᠢᠯ ᠤᠨ | ᠲᠥᠯᠥᠪᠯᠡᠭᠡ ᠲᠠᠢ ᠪᠠᠨ ᠤᠶᠠᠯᠳᠤᠭᠤᠯᠤᠨ ᠨᠢᠭᠡᠳᠦᠯᠲᠡᠢ | ᠲᠥᠯᠥᠪᠯᠡᠨ ᠪᠣᠳᠣᠯᠬᠢᠯᠠᠵᠤ᠂ ᠭᠦᠨᠵᠡᠭᠡᠢ ᠰᠤᠳᠤᠯᠵᠤ᠂ | ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ | ᠨᠡᠶᠢᠲᠡᠯᠡᠬᠦ ᠪᠠ ᠠᠵᠢᠯ ᠤᠨ ᠨᠠᠶᠢᠳᠠᠪᠤᠷᠢᠵᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠦᠷᠭᠦᠯᠵᠢᠯᠡᠨ | ᠰᠠᠶᠢᠵᠢᠷᠠᠬᠤ ᠬᠠᠨᠳᠤᠰᠢ ᠶᠢ ᠤᠯᠠᠮ ᠪᠠᠬᠢᠵᠢᠭᠦᠯᠬᠦ | ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠤ᠂ ᠨᠠᠰᠤᠨ ᠳᠤ | ᠥᠯᠥ ᠬᠦᠷᠦᠭᠰᠡᠳ ᠪᠣᠯ ᠤᠯᠤᠰ ᠣᠷᠣᠨ ᠤ ᠢᠷᠡᠭᠡᠳᠦᠢ᠂ | ᠦᠨᠳᠦᠰᠦᠲᠡᠨ ᠤ ᠬᠦᠰᠡᠯ ᠮᠥᠨ᠃ ᠨᠠᠰᠤᠨ ᠳᠤ ᠥᠯᠥ ᠭᠦᠷᠦᠭᠰᠡᠳ ᠤᠨ | ᠰᠦᠯᠵᠢᠶᠡᠨ ᠤ ᠬᠠᠮᠠᠭᠠᠯᠠᠯᠲᠠ ᠶᠢᠨ ᠬᠠᠤᠯᠢᠵᠢᠯ ᠤᠨ | ᠲᠤᠰᠠᠯᠠᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠡᠯ᠎ᠡ | ᠲᠠᠯ᠎ᠠ ᠠᠴᠠ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ | ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠤᠯᠪᠣᠭᠳᠠᠯ ᠪᠦᠬᠦᠢ | ᠠᠵᠤ ᠠᠬᠤᠶᠢᠯᠠᠯ ᠤᠳ ᠳᠦᠷᠢᠮ ᠢ ᠢᠳᠡᠪᠬᠢᠲᠡᠢ | ᠨᠠᠶᠢᠳᠠᠪᠤᠷᠢᠵᠢᠭᠤᠯᠬᠤ᠂ ᠲᠣᠭᠲᠠᠭᠠᠯ ᠳᠤ ᠨᠡᠶᠢᠴᠡᠭᠦᠯᠦᠨ | ᠡᠵᠡᠩᠨᠡᠬᠦ ᠶᠢ ᠵᠢᠯᠣᠭᠤᠳᠤᠨ ᠳᠡᠮᠵᠢᠵᠦ᠂ ᠨᠠᠰᠤᠨ ᠳᠤ ᠥᠯᠥ | ᠭᠦᠷᠦᠭᠰᠡᠳ ᠤᠨ ᠲᠣᠷᠨᠢᠨ ᠪᠤᠶᠢᠵᠢᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃ | | |