ᠰᠣᠶᠣᠯ ᠵᠢᠭᠤᠯᠴᠢᠯᠠᠯ ᠤᠨ ᠶᠠᠮᠤᠨ ᠦᠶᠡᠷ ᠤᠨ ᠬᠤᠭᠤᠴᠠᠭᠠᠨ ᠳᠠᠬᠢ ᠭᠠᠳᠠᠭᠰᠢ ᠵᠢᠭᠤᠯᠴᠢᠯᠠᠬᠤ ᠲᠠᠯ᠎ᠠ ᠪᠠᠷ ᠬᠢ ᠠᠮᠤᠷ ᠲᠦᠪᠰᠢᠨ ᠤ ᠰᠠᠨᠠᠭᠤᠯᠤᠮᠵᠢ ᠶᠢ | ᠨᠡᠶᠢᠲᠡᠯᠡᠪᠡ | ᠣᠳᠣᠬᠠᠨ ᠳᠤ᠂ ᠮᠠᠨ ᠤ ᠤᠯᠤᠰ ᠶᠠᠭ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠪᠠ᠂ ᠡᠨᠡ ᠬᠦ ᠬᠤᠭᠤᠴᠠᠭᠠᠨ ᠳᠤ ᠬᠡᠴᠡᠭᠦᠦ | ᠠᠭᠤᠷ ᠠᠮᠢᠰᠬᠤᠯ ᠣᠯᠠᠨᠲᠠ ᠡᠭᠦᠰᠳᠡᠭ ᠪᠣᠯᠬᠤᠷ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠥᠷᠭᠡᠨ ᠣᠯᠠᠨ ᠵᠢᠭᠤᠯᠴᠢᠯᠠᠭᠴᠢᠳ ᠲᠤ ᠵᠢᠭᠤᠯᠴᠢᠯᠠᠯ ᠤᠨ | ᠲᠠᠯ᠎ᠠ ᠪᠠᠷ ᠬᠢ ᠠᠮᠤᠷ ᠲᠦᠪᠰᠢᠨ ᠢᠶᠠᠨ ᠣᠨᠴᠠ ᠠᠩᠬᠠᠷᠬᠤ ᠶᠢ ᠰᠠᠨᠠᠭᠤᠯᠪᠠ᠄ ᠨᠢᠭᠡ ᠳᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠠᠩᠬᠠᠷᠤᠨ᠎ᠠ᠃ | ᠵᠢᠭᠤᠯᠴᠢᠯᠠᠨ ᠣᠴᠢᠬᠤ ᠭᠠᠵᠠᠷ ᠵᠢᠴᠢ ᠵᠠᠮ ᠳᠠᠭᠠᠤ ᠶᠢᠨ ᠠᠭᠤᠷ ᠠᠮᠢᠰᠬᠤᠯ ᠤᠨ ᠪᠠᠶᠢᠳᠠᠯ᠂ ᠢᠯᠠᠩᠭᠤᠶ᠎ᠠ ᠴᠠᠭ ᠠᠭᠤᠷ ᠪᠣᠯᠣᠨ ᠭᠠᠵᠠᠷ ᠬᠥᠷᠥᠰᠥᠨ ᠤ ᠭᠠᠮᠰᠢᠭ ᠤᠨ | ᠲᠠᠯ᠎ᠠ ᠪᠠᠷ ᠬᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠨᠴᠠ ᠠᠩᠬᠠᠷᠴᠤ᠂ ᠠᠶᠠᠯᠠᠵᠤ ᠵᠢᠭᠤᠯᠴᠢᠯᠠᠬᠤ ᠪᠠᠨ ᠵᠣᠬᠢᠰᠲᠠᠢ ᠲᠥᠯᠥᠪᠵᠢᠭᠦᠯᠵᠦ ᠴᠠᠭ ᠲᠤᠬᠠᠢ ᠳᠤ ᠨᠢ | ᠵᠣᠬᠢᠴᠠᠭᠤᠯᠬᠤ ᠬᠡᠷᠡᠭᠲᠡᠢ᠃ ᠬᠤᠶᠠᠷ ᠲᠤ᠂ ᠬᠤᠪᠢ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠬᠤ ᠠᠵᠢᠯ ᠢ ᠰᠠᠶᠢᠲᠤᠷ ᠬᠢᠨ᠎ᠡ᠃ ᠮᠠᠰᠢᠨ ᠲᠡᠷᠭᠡ ᠵᠢᠯᠤᠭᠤᠳᠬᠤ ᠪᠤᠶᠤ | ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠭᠠᠳᠠᠭᠰᠢ ᠭᠠᠷᠬᠤ ᠳᠤ ᠪᠠᠨ ᠵᠠᠪᠠᠯ ᠠᠶᠤᠯ ᠦᠭᠡᠢ ᠪᠦᠰᠡ ᠶᠢ ᠪᠦᠰᠡᠯᠡᠬᠦ ᠬᠡᠷᠡᠭᠲᠡᠢ᠃ ᠭᠤᠷᠪᠠ ᠳᠤ᠂ ᠰᠡᠷᠭᠡᠶᠢᠯᠡᠬᠦ | ᠦᠵᠡᠯ ᠤᠬᠠᠮᠰᠠᠷ ᠢᠶᠠᠨ ᠳᠡᠭᠡᠭᠰᠢᠯᠡᠭᠦᠯᠦᠨ᠎ᠡ᠃ ᠵᠢᠭᠤᠯᠴᠢᠯᠠᠭᠰᠠᠨ ᠭᠠᠵᠠᠷ ᠲᠤ ᠪᠠᠨ ᠬᠤᠨᠣᠭᠯᠠᠬᠤ ᠳᠤ ᠭᠠᠯ ᠠᠴᠠ ᠵᠠᠶᠢᠯᠠᠵᠤ ᠵᠢᠭᠤᠲᠠᠬᠤ ᠵᠠᠮ ᠵᠢᠴᠢ ᠣᠷᠣᠨ | ᠰᠠᠭᠤᠴᠠ ᠶᠢᠨ ᠡᠷᠬᠢᠨ ᠲᠣᠭᠤᠷᠢᠨ ᠳᠠᠬᠢ ᠠᠮᠤᠷ ᠲᠦᠪᠰᠢᠨ ᠢᠶᠠᠨ ᠪᠠᠲᠤᠯᠠᠬᠤ ᠪᠠᠶᠢᠳᠠᠯ ᠢ ᠴᠠᠭ ᠲᠤᠬᠠᠢ ᠳᠤ ᠨᠢ ᠣᠶᠢᠯᠠᠭᠠᠵᠤ ᠠᠪᠤᠭᠰᠠᠨ ᠪᠠᠶᠢᠬᠤ ᠬᠡᠷᠡᠭᠲᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ ᠤᠨ ᠵᠢᠵᠢᠭ ᠫᠷᠣᠭ᠍ᠷᠠᠮ ᠤᠨ ︽ᠦᠶᠡᠷ ᠢ ᠰᠡᠷᠭᠡᠶᠢᠯᠡᠬᠦ ᠦᠢᠯᠡᠴᠢᠯᠡᠭᠡᠨ ᠤ ᠲᠤᠰᠬᠠᠢ | ᠪᠣᠯᠣᠩ︾ | ᠦᠶᠡᠷ ᠤᠨ ᠰᠡᠷᠡᠮᠵᠢᠯᠡᠭᠦᠯᠦᠯ᠂ ᠦᠶᠡᠷ ᠤᠨ ᠪᠠᠶᠢᠳᠠᠯ ᠢ ᠮᠡᠳᠡᠭᠡᠯᠡᠨ᠎ᠡ → |