ᠣᠶᠢᠷ᠎ᠠ ᠶᠢᠨ ᠬᠤᠭᠤᠴᠠᠭᠠᠨ ᠳᠤ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠨᠡᠶᠢᠲᠡᠯᠡᠪᠡ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ 0.5 ᠵᠠᠭᠤᠨ ᠤ ᠴᠡᠭ ᠢᠶᠠᠷ ᠪᠠᠭᠤᠷᠠᠭᠤᠯᠪᠠ | ᠳᠤᠮᠳᠠᠳᠤ ᠤᠯᠤᠰ ᠤᠨ ᠠᠷᠠᠳ ᠤᠨ ᠪᠠᠩᠬᠢ 27 ᠤ ᠡᠳᠦᠷ ᠲᠤ ᠨᠡᠶᠢᠲᠡᠯᠡᠭᠰᠡᠨ ᠢᠶᠠᠷ᠂ 2024 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠠᠴᠠ | ᠡᠬᠢᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ 0.5 ᠵᠠᠭᠤᠨ ᠤ ᠴᠡᠭ ᠢᠶᠠᠷ ᠪᠠᠭᠤᠷᠠᠭᠤᠯᠬᠤ ᠪᠠᠷ | ᠲᠣᠭᠲᠠᠪᠠ | ᠤᠷᠲᠤ ᠬᠤᠭᠤᠴᠠᠭᠠᠨ ᠤ ᠬᠥᠳᠡᠯᠦᠩᠭᠦᠢ ᠴᠢᠨᠠᠷ ᠢ ᠪᠠᠷᠤᠭ 1 ᠲᠦᠮᠡᠨ ᠳ᠋ᠦᠩᠰᠢᠭᠤᠷ ᠲᠥᠭᠦᠷᠢᠭ ᠰᠤᠯᠠᠯᠠᠬᠤ ᠪᠠᠷ ᠵᠢᠱᠢᠵᠦ ᠪᠣᠢ | ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ ᠬᠤᠳᠠᠯᠳᠤᠨ ᠠᠪᠬᠤ ᠠᠵᠢᠯᠯᠠᠭ᠎ᠠ ᠶᠢᠨ ᠬᠦᠦ ᠶᠢᠨ ᠨᠤᠷᠮ᠎ᠠ | 20 ᠰᠠᠭᠤᠷᠢ ᠴᠡᠭ ᠪᠠᠭᠤᠷᠠᠪᠠ | 9 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ᠂ ᠢᠯᠡ ᠵᠠᠬ᠎ᠠ ᠳᠡᠯᠭᠡᠭᠦᠷ ᠤᠨ 7 ᠡᠳᠦᠷ ᠤᠨ ᠬᠤᠭᠤᠴᠠᠭ᠎ᠠ ᠲᠠᠢ ᠰᠥᠷᠭᠡᠦ ᠪᠠᠷ ᠡᠭᠡᠭᠦᠯᠦᠨ | ᠬᠤᠳᠠᠯᠳᠤᠨ ᠠᠪᠬᠤ ᠠᠵᠢᠯᠯᠠᠭ᠎ᠠ ᠶᠢᠨ ᠬᠦᠦ ᠶᠢᠨ ᠨᠣᠷᠮ᠎ᠠ ᠶᠢ ᠤᠤᠯ ᠤᠨ 1.70% ᠪᠠᠶᠢᠭᠰᠠᠨ ᠠᠴᠠ 1.50% ᠪᠣᠯᠭᠠᠨ ᠲᠣᠬᠢᠷᠠᠭᠤᠯᠵᠤ᠂ 20 ᠰᠠᠭᠤᠷᠢ ᠴᠡᠭ | ᠪᠠᠭᠤᠷᠠᠭᠤᠯᠪᠠ | ᠲᠤᠰ ᠤᠳᠠᠭᠠᠨ ᠤ ᠲᠦᠷᠦ ᠶᠢᠨ ᠪᠣᠳᠣᠯᠭ᠎ᠠ ᠶᠢᠨ ᠬᠦᠦ ᠶᠢᠨ ᠨᠤᠷᠮ᠎ᠠ ᠶᠢᠨ ᠳᠣᠷᠣᠭᠰᠢᠯᠠᠭᠤᠯᠤᠭᠰᠠᠨ ᠬᠡᠮᠵᠢᠶ᠎ᠡ ᠨᠢ ᠣᠶᠢᠷ᠎ᠠ ᠶᠢᠨ ᠳᠦᠷᠪᠡᠨ ᠵᠢᠯ ᠳᠠᠬᠢ | ᠬᠠᠮᠤᠭ ᠤᠨ ᠶᠡᠭᠡ ᠨᠢᠭᠡ ᠤᠳᠠᠭᠠᠨ ᠤ ᠲᠣᠬᠢᠷᠠᠭᠤᠯᠤᠯᠲᠠ ᠪᠣᠯᠪᠠ | ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ | ᠬᠦᠷᠲᠡᠯ᠎ᠡ ᠪᠠᠭᠤᠷᠠᠭᠤᠯᠤᠨ᠎ᠠ | ᠳᠤᠮᠳᠠᠴᠢ ᠪᠠᠷ 0.5 ᠵᠠᠭᠤᠨ ᠤ ᠴᠡᠭ ᠣᠷᠴᠢᠮ ᠪᠠᠭᠤᠷᠠᠭᠤᠯᠬᠤ ᠪᠠᠷ ᠵᠢᠱᠢᠵᠦ ᠪᠣᠢ | ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠦᠯᠡᠳᠡᠭᠡᠯ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠶᠢᠨ ᠨᠤᠷᠮ᠎ᠠ ᠶᠢ | ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠬᠦᠦ ᠶᠢᠨ ᠨᠤᠷᠮ᠎ᠠ ᠣᠷᠴᠢᠮ ᠳᠤ ᠬᠦᠷᠲᠡᠯ᠎ᠡ ᠪᠠᠭᠤᠷᠠᠭᠤᠯᠵᠤ᠂ ᠳᠤᠮᠳᠠᠴᠢ ᠪᠠᠷ 0.5 ᠵᠠᠭᠤᠨ ᠤ ᠴᠡᠭ ᠣᠷᠴᠢᠮ | ᠪᠠᠭᠤᠷᠠᠭᠤᠯᠬᠤ ᠪᠠᠷ ᠵᠢᠱᠢᠵᠦ ᠪᠣᠢ | ᠡᠨᠡ ᠬᠦ ᠳᠦᠷᠤ ᠶᠢᠨ ᠪᠣᠳᠣᠯᠭ᠎ᠠ ᠨᠢ 5000 ᠲᠦᠮᠡᠨ ᠡᠷᠣᠭᠡ ᠭᠡᠷ ᠪᠦᠯᠢ᠂ 1.5 ᠳ᠋ᠦᠩᠰᠢᠭᠤᠷ ᠬᠥᠮᠥᠨ ᠠᠮᠠ ᠳᠤ ᠠᠰᠢᠭ ᠬᠦᠷᠲᠡᠭᠡᠵᠦ᠂ ᠭᠡᠷ | ᠪᠦᠯᠢ ᠶᠢᠨ ᠬᠦᠦ ᠮᠥᠩᠭᠦᠨ ᠤ ᠵᠠᠷᠤᠯᠭ᠎ᠠ ᠶᠢᠨ ᠶᠡᠷᠦᠩᠬᠡᠢ ᠲᠤᠭ᠎ᠠ ᠶᠢ ᠳᠤᠮᠳᠠᠴᠢ ᠪᠠᠷ ᠵᠢᠯ ᠪᠦᠷᠢ 1500 ᠳ᠋ᠦᠩᠰᠢᠭᠤᠷ ᠲᠥᠭᠦᠷᠢᠭ ᠣᠷᠴᠢᠮ ᠪᠠᠭᠠᠰᠬᠠᠬᠤ ᠪᠠᠷ | ᠵᠢᠱᠢᠵᠦ ᠪᠣᠢ | ᠠᠩᠬᠠᠳᠠᠭᠴᠢ ᠢᠵᠢ ᠣᠷᠣᠨ ᠰᠠᠭᠤᠴᠠ᠂ ᠬᠤᠶᠠᠳᠤᠭᠠᠷ ᠢᠵᠢ ᠣᠷᠣᠨ ᠰᠠᠭᠤᠴᠠ ᠭᠡᠵᠦ ᠳᠠᠬᠢᠵᠤ ᠢᠯᠭᠠᠬᠤ ᠦᠭᠡᠢ | ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ15% ᠠᠴᠠ ᠳᠣᠣᠷ᠎ᠠ ᠪᠠᠶᠢᠯᠭᠠᠬᠤ ᠦᠭᠡᠢ | ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠪᠠᠶᠢᠯᠭᠠᠬᠤ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠬᠦ ᠲᠤᠬᠠᠢ ᠳᠤᠮᠳᠠᠳᠤ ᠤᠯᠤᠰ ᠤᠨ ᠠᠷᠠᠳ ᠤᠨ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠮᠡᠳᠡᠭᠳᠡᠯ ᠳᠤ᠂ ᠵᠢᠭᠡᠯᠡᠯᠭᠡ ᠪᠠᠷ ᠣᠷᠣᠨ ᠰᠠᠭᠤᠴᠠ ᠬᠤᠳᠠᠯᠳᠤᠨ ᠠᠪᠤᠭᠰᠠᠨ ᠰᠠᠭᠤᠭᠠᠯᠢ ᠠᠷᠠᠳ ᠤᠨ ᠭᠡᠷ ᠪᠦᠯᠢ ᠳᠤ᠂ | ᠬᠤᠳᠠᠯᠳᠤᠭᠠᠨ ᠤ ᠴᠢᠨᠠᠷᠲᠠᠢ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ ᠠᠩᠬᠠᠳᠠᠭᠴᠢ ᠢᠵᠢ ᠪᠠ ᠬᠤᠶᠠᠳᠤᠭᠠᠷ ᠢᠵᠢ ᠣᠷᠣᠨ ᠰᠠᠭᠤᠴᠠ ᠭᠡᠵᠦ | ᠳᠠᠬᠢᠵᠤ ᠢᠯᠭᠠᠬᠤ ᠦᠭᠡᠢ ᠪᠠᠷ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ᠬᠠᠮᠤᠭ ᠤᠨ ᠳᠣᠣᠷ᠎ᠠ ᠳᠤ ᠪᠠᠨ 15% ᠠᠴᠠ ᠳᠣᠣᠷ᠎ᠠ ᠪᠠᠶᠢᠯᠭᠠᠬᠤ ᠦᠭᠡᠢ ᠭᠡᠵᠡᠢ | ᠭᠡᠷ ᠪᠠᠶᠢᠰᠢᠩ ᠭᠠᠵᠠᠷ ᠬᠥᠷᠥᠩᠭᠡ ᠳᠤ ᠬᠤᠯᠪᠣᠭᠳᠠᠬᠤ ᠬᠤᠶᠠᠷ ᠵᠦᠢᠯ ᠤᠨ ᠮᠥᠩᠭᠦᠨ ᠭᠦᠢᠯᠭᠡᠭᠡᠨ ᠤ ᠲᠦᠷᠦ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ ᠤᠷᠲᠤᠳᠬᠠᠪᠠ | ᠡᠨᠡ ᠵᠢᠯ ᠤᠨ ᠰᠡᠭᠦᠯᠴᠢ ᠠᠴᠠ ᠡᠮᠦᠨ᠎ᠡ ᠬᠤᠭᠤᠴᠠᠭ᠎ᠠ ᠨᠢ ᠳᠠᠭᠤᠰᠬᠤ ᠡᠵᠡᠩᠨᠡᠯᠲᠡ ᠶᠢᠨ ᠴᠢᠨᠠᠷᠲᠠᠢ ᠠᠳᠠᠯ ᠠᠬᠤᠢ ᠶᠢᠨ ᠵᠢᠭᠡᠯᠡᠯᠭᠡ ᠪᠠ ︽ᠮᠥᠩᠭᠦᠨ | ᠭᠦᠢᠯᠭᠡᠭᠡᠨ ᠤ 16 ᠵᠤᠷᠪᠤᠰ︾ ᠡᠨᠡ ᠬᠤᠶᠠᠷ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ 2026 ᠣᠨ ᠤ ᠡᠴᠦᠰ ᠪᠣᠯᠲᠠᠯ᠎ᠠ ᠤᠷᠲᠤᠳᠬᠠᠨ᠎ᠠ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠲᠦᠷᠦ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ | 5 ᠳ᠋ᠤᠭᠠᠷ ᠰᠠᠷ᠎ᠠ ᠳᠤ ᠠᠷᠠᠳ ᠤᠨ ᠪᠠᠩᠬᠢ ᠶᠢᠨ ᠪᠠᠶᠢᠭᠤᠯᠤᠭᠰᠠᠨ 3000 ᠳ᠋ᠦᠩᠰᠢᠭᠤᠷ ᠲᠥᠭᠦᠷᠢᠭ ᠤᠨ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠳᠠᠬᠢᠨᠲᠠ ᠵᠢᠭᠡᠯᠡᠯᠭᠡ ᠲᠠᠯᠪᠢᠬᠤ ᠳᠤ ᠲᠥᠪ ᠤᠨ ᠪᠠᠩᠬᠢ ᠶᠢᠨ ᠪᠡᠯᠡ ᠮᠥᠩᠭᠦᠨ ᠤ ᠳᠡᠮᠵᠢᠯᠭᠡ ᠶᠢᠨ ᠬᠠᠷᠢᠴᠠᠯ ᠢ ᠤᠤᠯ ᠤᠨ 60% ᠪᠠᠶᠢᠭᠰᠠᠨ ᠠᠴᠠ | 100% ᠳᠤ ᠬᠦᠷᠲᠡᠯ᠎ᠡ ᠳᠡᠭᠡᠭᠰᠢᠯᠡᠭᠦᠯᠦᠨ᠎ᠡ | ᠭᠡᠷ ᠪᠠᠶᠢᠰᠢᠩ ᠭᠠᠵᠠᠷ ᠬᠥᠷᠥᠩᠭᠡ ᠶᠢᠨ ᠠᠵᠤ ᠠᠬᠤᠶᠢᠯᠠᠯ ᠤᠨ ᠦᠯᠡᠳᠡᠭᠡᠯ ᠭᠠᠵᠠᠷ ᠰᠢᠷᠣᠢ ᠶᠢ ᠬᠤᠳᠠᠯᠳᠤᠨ ᠠᠪᠬᠤ ᠶᠢ ᠳᠡᠮᠵᠢᠨ᠎ᠡ | ᠲᠦᠷᠦ ᠶᠢᠨ ᠪᠣᠳᠣᠯᠭ᠎ᠠ ᠶᠢᠨ ᠴᠢᠨᠠᠷᠲᠠᠢ ᠪᠠᠩᠬᠢ ᠪᠠ ᠬᠤᠳᠠᠯᠳᠤᠭᠠᠨ ᠤ ᠪᠠᠩᠬᠢ ᠨᠢ ᠨᠥᠬᠦᠴᠡᠯ ᠲᠠᠢ ᠠᠵᠤ ᠠᠬᠤᠶᠢᠯᠠᠯ ᠤᠳ ᠤᠨ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠠᠬᠤᠶᠢᠯᠠᠯ ᠤᠨ ᠭᠠᠵᠠᠷ ᠰᠢᠷᠣᠢ ᠶᠢ ᠵᠠᠬ᠎ᠠ ᠳᠡᠯᠭᠡᠭᠦᠷᠴᠢᠯᠡᠨ ᠬᠤᠳᠠᠯᠳᠤᠨ ᠠᠪᠬᠤ ᠳᠤ ᠵᠢᠭᠡᠯᠡᠯᠭᠡ ᠪᠠᠷ ᠳᠡᠮᠵᠢᠬᠦ ᠶᠢ ᠰᠤᠳᠤᠯᠤᠨ ᠵᠥᠪᠰᠢᠶᠡᠷᠡᠵᠦ᠂ | ᠦᠯᠡᠳᠡᠭᠡᠯ ᠭᠠᠵᠠᠷ ᠰᠢᠷᠣᠢ ᠶᠢ ᠴᠢᠯᠦᠭᠡᠲᠡᠢ ᠭᠦᠢᠯᠭᠡᠭᠡᠵᠦ᠂ ᠭᠡᠷ ᠪᠠᠶᠢᠰᠢᠩ ᠤᠨ ᠠᠵᠤ ᠠᠬᠤᠶᠢᠯᠠᠯ ᠤᠨ ᠪᠡᠯᠡ ᠮᠥᠩᠭᠦᠨ ᠤ ᠳᠠᠷᠤᠭᠠᠰᠤ ᠶᠢ ᠨᠢ ᠬᠥᠩᠭᠡᠷᠡᠭᠦᠯᠦᠨ᠎ᠡ | ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠬᠤᠭᠤᠷᠣᠨᠳᠤ ᠪᠠᠨ ᠳᠥᠭᠦᠮᠯᠡᠵᠦ ᠰᠣᠯᠢᠯᠴᠠᠬᠤ ᠶᠢ ᠨᠢ ᠴᠣᠭᠴᠠᠯᠠᠨ ᠪᠠᠶᠢᠭᠤᠯᠤᠨ᠎ᠠ | ᠨᠥᠬᠦᠴᠡᠯ ᠳᠤ ᠨᠡᠶᠢᠴᠡᠬᠦ ᠦᠨᠡᠲᠦ ᠲᠡᠮᠳᠡᠭᠲᠦ᠂ ᠰᠠᠭᠤᠷᠢ ᠮᠥᠩᠭᠦ᠂ ᠳᠠᠭᠠᠳᠬᠠᠯ ᠤᠨ ᠺᠣᠮᠫᠠᠨᠢ ᠶᠢᠨ ᠡᠳ᠋ ᠬᠥᠷᠥᠩᠭᠡ ᠳᠠᠨᠵᠢᠯᠠᠬᠤ ᠪᠠᠷ ᠳᠠᠮᠵᠢᠨ᠂ | ᠲᠥᠪ ᠤᠨ ᠪᠠᠩᠬᠢ ᠠᠴᠠ ᠬᠥᠳᠡᠯᠦᠩᠭᠦᠢ ᠴᠢᠨᠠᠷ ᠣᠯᠵᠤ ᠠᠪᠬᠤ ᠶᠢ ᠨᠢ ᠳᠡᠮᠵᠢᠨ᠎ᠡ | ᠠᠩᠬᠠᠨ ᠤ ᠬᠤᠭᠤᠴᠠᠭᠠᠨ ᠤ ᠠᠵᠢᠯᠯᠠᠭᠠᠨ ᠤ ᠬᠡᠪᠴᠢᠶ᠎ᠡ ᠨᠢ 5000 ᠳ᠋ᠦᠩᠰᠢᠭᠤᠷ ᠲᠥᠭᠦᠷᠢᠭ ᠪᠣᠯᠣᠨ᠎ᠠ | ᠰᠲ᠋ᠣᠺ ᠢ ᠡᠭᠡᠭᠦᠯᠦᠨ ᠬᠤᠳᠠᠯᠳᠤᠨ ᠠᠪᠬᠤ ᠶᠢ ᠴᠣᠭᠴᠠᠯᠠᠨ ᠪᠠᠶᠢᠭᠤᠯᠤᠨ᠂ ᠲᠤᠰᠬᠠᠢ ᠵᠦᠢᠯ ᠢᠶᠠᠷ ᠳᠠᠬᠢᠨᠲᠠ ᠵᠢᠭᠡᠯᠡᠯᠭᠡ ᠲᠠᠯᠪᠢᠬᠤ ᠶᠢ ᠨᠢ ᠨᠡᠮᠡᠭᠳᠡᠭᠦᠯᠪᠡ | ᠬᠤᠳᠠᠯᠳᠤᠭᠠᠨ ᠤ ᠪᠠᠩᠬᠢ ᠶᠢ ᠬᠥᠲᠥᠯᠥᠨ ᠵᠢᠯᠤᠭᠤᠳᠴᠤ ᠪᠠᠶᠢᠭᠠᠳ ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ ᠪᠣᠯᠣᠨ ᠭᠤᠣᠯ ᠬᠤᠪᠢ | ᠣᠷᠣᠭᠤᠯᠤᠭᠴᠢ ᠳᠤ ᠵᠢᠭᠡᠯᠡᠯᠭᠡ ᠬᠠᠩᠭᠠᠵᠤ᠂ ᠰᠲ᠋ᠣᠺ ᠤᠨ ᠵᠠᠬ᠎ᠠ ᠳᠤ ᠭᠠᠷᠤᠭᠰᠠᠨ ᠺᠣᠮᠫᠠᠨᠢ ᠶᠢᠨ ᠰᠲ᠋ᠣᠺ ᠢ ᠡᠭᠡᠭᠦᠯᠦᠨ ᠬᠤᠳᠠᠯᠳᠤᠨ ᠠᠪᠬᠤ ᠪᠠ ᠨᠡᠮᠡᠵᠦ ᠠᠪᠬᠤ ᠳᠤ | ᠬᠡᠷᠡᠭᠯᠡᠨ᠎ᠡ | ᠠᠩᠬᠠᠨ ᠤ ᠬᠤᠭᠤᠴᠠᠭᠠᠨ ᠤ ᠵᠣᠭᠤᠰ ᠤᠨ ᠲᠤᠭ᠎ᠠ ᠨᠢ 3000 ᠳ᠋ᠦᠩᠰᠢᠭᠤᠷ ᠲᠥᠭᠦᠷᠢᠭ | ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠤᠭᠤᠯᠬᠤ ᠶᠢ ᠶᠡᠭᠡ ᠪᠠᠷ ᠬᠥᠲᠥᠯᠥᠨ ᠵᠢᠯᠣᠭᠤᠳᠤᠨ᠎ᠠ | 9 ᠳ᠋ᠦ᠋ᠭᠡᠷ ᠰᠠᠷ᠎ᠠ ᠶᠢᠨ 26 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯᠳᠤᠭᠠᠨ ᠢᠶᠠᠷ ᠬᠥᠷᠥᠩᠭᠡ ᠶᠢᠨ ᠵᠠᠬ᠎ᠠ ᠳᠡᠯᠭᠡᠭᠦᠷ ᠢ ᠴᠢᠷᠮᠠᠶᠢᠨ ᠬᠥᠭᠵᠢᠭᠡᠵᠦ᠂ ᠳᠤᠮᠳᠠ ᠤᠷᠳᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ | ᠣᠷᠣᠭᠤᠯᠬᠤ ᠶᠢ ᠶᠡᠭᠡ ᠪᠠᠷ ᠬᠥᠲᠥᠯᠥᠨ ᠵᠢᠯᠤᠭᠤᠳᠴᠤ᠂ ᠨᠡᠶᠢᠭᠡᠮ ᠤᠨ ᠪᠠᠲᠤᠯᠠᠭ᠎ᠠ᠂ ᠳᠠᠭᠠᠳᠬᠠᠯ᠂ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠪᠡᠯᠡ ᠮᠥᠩᠭᠦ ᠶᠢᠨ ᠵᠠᠬ᠎ᠠ | ᠳᠡᠯᠭᠡᠭᠦᠷ ᠲᠤ ᠣᠷᠣᠬᠤ ᠲᠦᠭᠵᠢᠷᠡᠯ ᠢ ᠨᠡᠪᠲᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠨᠢ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠡᠪᠯᠡᠯ ᠯᠦᠭᠡ ᠬᠤᠯᠪᠤᠭᠠᠯᠠᠨ ︽ᠳᠤᠮᠳᠠ ᠤᠷᠲᠤ ᠬᠤᠭᠤᠴᠠᠭᠠᠨ ᠤ ᠪᠡᠯᠡ ᠮᠥᠩᠭᠦ ᠶᠢ ᠵᠠᠬ᠎ᠠ ᠳᠡᠯᠭᠡᠭᠦᠷ ᠲᠤ ᠣᠷᠣᠭᠤᠯᠬᠤ ᠶᠢ ᠠᠬᠢᠭᠤᠯᠬᠤ ᠲᠤᠬᠠᠢ ᠵᠢᠯᠤᠭᠤᠳᠬᠤ | ᠰᠠᠨᠠᠯ︾ ᠢ ᠳᠠᠷᠤᠮᠠᠯᠯᠠᠨ ᠲᠠᠷᠬᠠᠭᠠᠪᠠ | ᠤᠷᠲᠤ ᠬᠤᠭᠤᠴᠠᠭᠠᠨ ᠤ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠬᠥᠷᠥᠩᠭᠡ ᠶᠢᠨ ᠵᠠᠬ᠎ᠠ ᠳᠡᠯᠭᠡᠭᠦᠷ ᠤᠨ ᠠᠮᠢ ᠠᠬᠤᠢ ᠶᠢ ᠪᠦᠲᠦᠭᠡᠨ ᠪᠠᠶᠢᠭᠤᠯᠵᠤ | ᠪᠣᠶᠢᠵᠢᠭᠤᠯᠤᠨ᠎ᠠ | ᠡᠷᠬᠡ ᠠᠰᠢᠭ ᠤᠨ ᠲᠥᠷᠥᠯ ᠤᠨ ᠢᠯᠡ ᠪᠠᠷ ᠴᠤᠭᠯᠠᠭᠤᠯᠬᠤ ᠰᠠᠭᠤᠷᠢ ᠮᠥᠩᠭᠦ ᠶᠢ ᠶᠡᠭᠡ ᠪᠠᠷ ᠬᠥᠭᠵᠢᠭᠦᠯᠵᠦ᠂ ᠬᠤᠪᠢ ᠪᠠᠷ ᠢᠶᠠᠨ ᠴᠤᠭᠯᠠᠭᠤᠯᠬᠤ ᠦᠨᠡᠲᠦ | ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦᠨ ᠤ ᠲᠣᠭᠲᠠᠭᠤᠨ ᠢᠶᠠᠷ ᠬᠥᠭᠵᠢᠬᠦ ᠶᠢ ᠳᠡᠮᠵᠢᠨ᠎ᠡ | ᠡᠯ᠎ᠡ ᠲᠥᠷᠥᠯ ᠤᠨ ᠳᠤᠮᠳᠠ ᠤᠷᠲᠤ ᠬᠤᠭᠤᠴᠠᠭᠠᠨ ᠤ ᠪᠡᠯᠡ ᠮᠥᠩᠭᠦᠨ ᠤ ᠵᠠᠬ᠎ᠠ ᠳᠡᠯᠭᠡᠭᠦᠷ ᠲᠤ ᠣᠷᠣᠬᠤ ᠢᠵᠢ ᠪᠦᠷᠢᠳᠦᠭᠰᠡᠨ ᠲᠥᠷᠥ ᠶᠢᠨ | ᠪᠣᠳᠣᠯᠭ᠎ᠠ ᠶᠢᠨ ᠳᠦᠷᠢᠮ ᠢ ᠬᠦᠴᠦᠯᠡᠨ ᠲᠡᠭᠦᠯᠳᠡᠷᠵᠢᠭᠦᠯᠦᠨ᠎ᠡ | ᠵᠢᠵᠢᠭ ᠪᠢᠴᠢᠯ ᠠᠵᠤ ᠠᠬᠤᠶᠢᠯᠠᠯ ᠤᠨ ᠭᠠᠷᠳᠠᠮ ᠤᠨ ᠰᠦᠢᠳᠬᠡᠯ ᠢ ᠪᠠᠭᠤᠷᠠᠭᠤᠯᠬᠤ ᠶᠢ ᠵᠣᠷᠢᠭᠵᠢᠭᠤᠯᠤᠨ᠎ᠠ | 9 ᠳ᠋ᠦ᠋ᠭᠡᠷ ᠰᠠᠷ᠎ᠠ ᠶᠢᠨ 29 ᠤ ᠡᠳᠦᠷ᠂ ᠳᠤᠮᠳᠠᠳᠤ ᠤᠯᠤᠰ ᠤᠨ ᠲᠣᠭᠠᠴᠠᠭ᠎ᠠ ᠬᠢᠬᠦ ᠢᠯᠭᠠᠷᠠᠭᠤᠯᠤᠨ ᠪᠤᠳᠤᠬᠤ ᠨᠡᠶᠢᠭᠡᠮᠯᠢᠭ᠂ ᠳᠤᠮᠳᠠᠳᠤ ᠤᠯᠤᠰ ᠤᠨ | ᠪᠠᠩᠬᠢ ᠶᠢᠨ ᠦᠢᠯᠡᠰ ᠤᠨ ᠨᠡᠶᠢᠭᠡᠮᠯᠢᠭ ︽ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠰᠦᠢᠳᠬᠡᠯ ᠢ ᠪᠠᠭᠤᠷᠠᠭᠤᠯᠬᠤ ᠶᠢ | ᠵᠣᠷᠢᠭᠵᠢᠭᠤᠯᠬᠤ ᠲᠤᠬᠠᠢ ᠰᠠᠨᠠᠭᠠᠴᠢᠯᠠᠭ᠎ᠠ︾ ᠶᠢ ᠨᠡᠶᠢᠲᠡᠯᠡᠵᠦ᠂ ᠵᠢᠵᠢᠭ ᠪᠢᠴᠢᠯ ᠠᠵᠤ ᠠᠬᠤᠶᠢᠯᠠᠯ ᠤᠨ ᠲᠣᠭᠠᠴᠠᠭ᠎ᠠ ᠬᠢᠬᠦ ᠭᠠᠷ ᠭᠦᠢᠴᠡᠳᠬᠡᠯ ᠤᠨ ᠵᠠᠷᠤᠳᠠᠯ ᠢ | ᠪᠠᠭᠤᠷᠠᠭᠤᠯᠬᠤ ᠶᠢ ᠵᠣᠷᠢᠭᠵᠢᠭᠤᠯᠪᠠ | 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠶᠢ ᠲᠤᠰᠬᠠᠶᠢᠯᠠᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠳᠤ | ᠬᠡᠷᠡᠭᠯᠡᠭᠦᠯᠦᠨ᠎ᠡ | ᠡᠨᠡ ᠵᠢᠯ ᠤᠨ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠶᠢ ᠪᠦᠬᠦ ᠬᠦᠴᠦ ᠪᠠᠷ ᠪᠠᠲᠤᠯᠠᠬᠤ ᠶᠢᠨ ᠲᠥᠯᠥᠭᠡ᠂ ᠳᠤᠮᠳᠠᠳᠤ ᠤᠯᠤᠰ ᠤᠨ | ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠤᠷᠢᠳ ᠢᠶᠠᠷ 2000 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢᠨ ᠪᠡᠯᠡ ᠮᠥᠩᠭᠦ ᠶᠢ ᠲᠤᠰᠬᠠᠶᠢᠯᠠᠨ ᠨᠠᠮᠤᠷ ᠤᠨ | ᠠᠮᠤ ᠪᠤᠳᠠᠭ᠎ᠠ ᠬᠤᠳᠠᠯᠳᠤᠨ ᠠᠪᠬᠤ ᠳᠤ ᠬᠡᠷᠡᠭᠯᠡᠭᠦᠯᠬᠦ ᠪᠠᠷ ᠲᠣᠬᠢᠷᠠᠭᠤᠯᠵᠤ᠂ ᠳᠠᠷᠠᠭ᠎ᠠ ᠪᠠᠷ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠴᠠᠭ | ᠲᠤᠬᠠᠢ ᠳᠤ ᠨᠢ ᠪᠡᠯᠡ ᠮᠥᠩᠭᠦ ᠲᠣᠬᠢᠷᠠᠭᠤᠯᠵᠤ᠂ ᠲᠠᠷᠢᠶᠠᠴᠢᠳ ᠤᠨ ︽ᠠᠮᠤ ᠪᠤᠳᠠᠭ᠎ᠠ ᠶᠢ ᠨᠢ ᠬᠤᠳᠠᠯᠳᠤᠵᠤ ᠭᠠᠷᠭᠠᠬᠤ᠂ ᠵᠣᠭᠤᠰ ᠢ ᠨᠢ ᠭᠠᠷ ᠲᠤ ᠨᠢ ᠠᠳᠬᠤᠭᠤᠯᠬᠤ︾ | ᠶᠢ ᠨᠢ ᠪᠠᠲᠤᠯᠠᠨ᠎ᠠ | ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠤᠷᠲᠤ ᠬᠤᠭᠤᠴᠠᠭᠠᠨ ᠤ ᠵᠢᠭᠡᠯᠡᠯᠭᠡ ᠶᠢ 6 ᠬᠤᠪᠢ ᠦᠷᠭᠦᠯᠵᠢᠯᠡᠨ | ᠲᠠᠷᠬᠠᠭᠠᠬᠤ ᠪᠠᠷ ᠲᠥᠯᠥᠪᠯᠡᠵᠦ ᠪᠠᠶᠢᠨ᠎ᠠ | 9 ᠳ᠋ᠦ᠋ᠭᠡᠷ ᠰᠠᠷ᠎ᠠ ᠶᠢᠨ 30 ᠤ ᠡᠳᠦᠷ᠂ ᠡᠳ᠋ ᠤᠨ ᠵᠠᠰᠠᠭ ᠤᠨ ᠶᠠᠮᠤᠨ 2024 ᠣᠨ ᠤ ᠳᠥᠷᠪᠡᠳᠦᠭᠡᠷ ᠤᠯᠠᠷᠢᠯ ᠤᠨ ᠤᠯᠤᠰ ᠤᠨ ᠵᠢᠭᠡᠯᠡᠯᠭᠡ ᠶᠢ | ᠲᠠᠷᠬᠠᠭᠠᠬᠤ ᠬᠤᠯᠪᠣᠭᠳᠠᠯ ᠪᠦᠬᠦᠢ ᠲᠣᠬᠢᠷᠠᠭᠤᠯᠤᠯᠲᠠ ᠶᠢ ᠨᠡᠶᠢᠲᠡᠯᠡᠵᠦ᠂ ᠳᠥᠷᠪᠡᠳᠦᠭᠡᠷ ᠤᠯᠠᠷᠢᠯ ᠳᠤ ᠤᠯᠤᠰ ᠠᠴᠠ ᠣᠨᠴᠠᠭᠠᠶᠢᠯᠠᠨ ᠬᠡᠷᠡᠭᠯᠡᠭᠦᠯᠬᠦ ᠣᠨᠴᠠ ᠣᠷᠳᠣ | ᠬᠤᠭᠤᠴᠠᠭᠠᠨ ᠤ ᠵᠢᠭᠡᠯᠡᠯᠭᠡ ᠶᠢ 6 ᠬᠤᠪᠢ ᠦᠷᠭᠦᠯᠵᠢᠯᠡᠨ ᠲᠠᠷᠬᠠᠭᠠᠬᠤ ᠪᠠᠷ ᠲᠥᠯᠥᠪᠯᠡᠵᠦ ᠪᠠᠶᠢᠨ᠎ᠠ | ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ ᠭᠠᠶᠢᠯᠢ ᠶᠢ ᠬᠡᠯᠲᠦᠷᠢᠭᠦᠯᠬᠦ ᠳᠡᠯᠭᠡᠭᠦᠷ ᠠᠴᠠ ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ | ᠬᠤᠳᠠᠯᠳᠤᠨ ᠠᠪᠬᠤ ᠳᠤ ᠲᠣᠭᠲᠠᠭᠰᠠᠨ ᠲᠤᠭ᠎ᠠ ᠭᠡᠵᠦ ᠦᠭᠡᠢ | ᠪᠣᠭᠤᠮᠲᠠ ᠶᠢᠨ ᠶᠡᠷᠦᠩᠬᠡᠢ ᠵᠠᠬᠢᠷᠭ᠎ᠠ ᠣᠷᠴᠢᠮᠬᠠᠨ ︽ᠪᠦᠭᠦᠲᠡ ᠨᠠᠶᠢᠷᠠᠮᠳᠠᠬᠤ ᠲᠤᠮᠲᠠᠲᠤ ᠠᠷᠠᠳ ᠤᠯᠤᠰ ᠤᠨ ᠪᠣᠭᠤᠮᠲᠠ ᠬᠤᠲᠠ ᠶᠢᠨ ᠳᠣᠲᠣᠷᠠᠬᠢ | ᠭᠠᠶᠢᠯᠢ ᠠᠴᠠ ᠬᠡᠯᠲᠦᠷᠢᠭᠦᠯᠬᠦ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠪᠡ᠃ ᠬᠢᠯᠢ ᠠᠴᠠ ᠭᠠᠷᠬᠤ ᠠᠶᠠᠨᠴᠢᠳ ᠬᠤᠲᠠ ᠶᠢᠨ ᠳᠣᠲᠣᠷᠠᠬᠢ | ᠭᠠᠶᠢᠯᠢ ᠶᠢ ᠬᠡᠯᠲᠦᠷᠢᠭᠦᠯᠬᠦ ᠳᠡᠯᠭᠡᠭᠦᠷ ᠠᠴᠠ ᠭᠠᠶᠢᠯᠢ ᠶᠢ ᠬᠡᠯᠲᠦᠷᠢᠭᠦᠯᠦᠭᠰᠡᠨ ᠪᠠᠷᠠᠭ᠎ᠠ ᠬᠤᠳᠠᠯᠳᠤᠨ ᠠᠪᠬᠤ ᠳᠤ ᠨᠢ ᠪᠠᠷᠠᠭ᠎ᠠ ᠬᠤᠳᠠᠯᠳᠤᠨ ᠠᠪᠬᠤ ᠲᠣᠭᠲᠠᠭᠰᠠᠨ | ᠲᠤᠭ᠎ᠠ ᠲᠣᠭᠲᠠᠭᠠᠬᠤ ᠦᠭᠡᠢ᠂ ᠭᠡᠪᠡᠴᠦ ᠠᠶᠠᠨᠴᠢᠳ ᠤᠨ ᠠᠪᠴᠤ ᠶᠠᠪᠤᠭ᠎ᠠ ᠡᠳ᠋ ᠪᠠᠷᠠᠭ᠎ᠠ ᠨᠢ ᠬᠢᠯᠢ ᠪᠠᠷ ᠣᠷᠣᠭᠤᠯᠵᠤ ᠭᠠᠷᠭᠠᠬᠤ ᠳᠤ ᠥᠪᠡᠷᠲᠡᠭᠡᠨ ᠬᠡᠷᠡᠭᠯᠡᠬᠦ᠂ ᠵᠦᠢ | ᠵᠣᠬᠢᠰᠲᠠᠢ ᠲᠤᠭ᠎ᠠ ᠪᠠᠷ ᠬᠢᠵᠠᠭᠠᠷᠯᠠᠬᠤ ᠪᠣᠭᠤᠳᠠᠯ ᠪᠠᠭᠯᠠᠭ᠎ᠠ ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ | ᠪᠡᠭᠡᠵᠢᠩ | ᠭᠡᠷ ᠪᠠᠶᠢᠰᠢᠩ ᠭᠠᠵᠠᠷ ᠬᠥᠷᠥᠩᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠣᠬᠢᠷᠠᠭᠤᠯᠪᠠ | ᠬᠤᠶᠠᠳᠤᠭᠠᠷ ᠢᠵᠢ ᠭᠡᠷ ᠪᠠᠶᠢᠰᠢᠩ ᠤᠨ ᠬᠤᠳᠠᠯᠳᠤᠭᠠᠨ ᠤ ᠵᠢᠭᠡᠯᠡᠯᠭᠡ ᠶᠢᠨ ᠠᠩᠬ᠎ᠠ ᠲᠤᠰᠢᠶᠠᠬᠤ ᠮᠥᠩᠭᠦ ᠶᠢ ᠬᠠᠮᠤᠭ ᠤᠨ ᠳᠣᠣᠷ᠎ᠠ ᠳᠤ ᠪᠠᠨ | 20% ᠠᠴᠠ ᠳᠣᠣᠷ᠎ᠠ ᠪᠠᠶᠢᠯᠭᠠᠬᠤ ᠦᠭᠡᠢ | ᠪᠡᠭᠡᠵᠢᠩ ᠠᠴᠠ ᠪᠤᠰᠤᠳ ᠡᠷᠦᠬᠡ ᠠᠮᠠ ᠲᠠᠢ ᠬᠥᠮᠥᠨ ᠭᠡᠷ ᠪᠠᠶᠢᠰᠢᠩ ᠬᠤᠳᠠᠯᠳᠤᠨ ᠠᠪᠬᠤ ᠳᠤ ᠨᠡᠶᠢᠭᠡᠮ ᠤᠨ ᠪᠠᠲᠤᠯᠠᠭ᠎ᠠ ᠲᠤᠰᠢᠶᠠᠬᠤ ᠬᠤᠭᠤᠴᠠᠭ᠎ᠠ ᠶᠢ | ᠨᠢ ᠳᠣᠷᠣᠭᠰᠢᠯᠠᠭᠤᠯᠪᠠ | ᠪᠡᠭᠡᠵᠢᠩ ᠤᠨ ᠡᠷᠦᠬᠡ ᠠᠮᠠ ᠲᠠᠢ ᠬᠤᠶᠠᠷ ᠠᠴᠠ ᠳᠡᠭᠡᠭᠰᠢ ᠬᠡᠦᠬᠡᠳ ᠲᠠᠢ ᠭᠡᠷ ᠪᠦᠯᠢ ᠨᠢ ᠭᠡᠷ ᠪᠠᠶᠢᠰᠢᠩ ᠬᠤᠳᠠᠯᠳᠤᠨ ᠠᠪᠬᠤ ᠳᠤ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠥᠭᠬᠦ ᠬᠡᠮᠵᠢᠶ᠎ᠡ ᠶᠢ 40 ᠲᠦᠮᠡᠨ ᠲᠥᠭᠦᠷᠢᠭ ᠥᠰᠬᠡᠪᠡ | 1000 ᠲᠦᠮᠡᠨ ᠲᠥᠭᠦᠷᠢᠭ ᠤᠨ ᠺᠢᠨᠣ᠋ ᠦᠵᠡᠬᠦ ᠨᠥᠬᠦᠪᠦᠷᠢ ᠣᠯᠭᠤᠨ᠎ᠠ | ᠪᠦᠬᠦ ᠬᠤᠲᠠ ᠶᠢᠨ 250 ᠭᠠᠷᠤᠢ ᠡᠵᠡᠩᠨᠡᠵᠦ ᠪᠠᠶᠢᠭ᠎ᠠ ᠺᠢᠨᠣ᠋ ᠲᠢᠶᠠᠲᠷ ᠢ ᠬᠠᠮᠤᠷᠴᠤ᠂ 100 ᠲᠦᠮᠡ ᠰᠢᠬᠠᠮ ᠬᠥᠮᠥᠨ ᠤᠳᠠᠭ᠎ᠠ ᠳᠤ ᠠᠰᠢᠭ | ᠬᠦᠷᠲᠡᠭᠡᠬᠦ ᠪᠠᠷ ᠵᠢᠱᠢᠵᠦ ᠪᠣᠢ | ᠱᠠᠩᠬᠠᠢ | ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠪᠡ | ᠱᠠᠩᠬᠠᠢ ᠠᠴᠠ ᠪᠤᠰᠤᠳ ᠡᠷᠦᠬᠡ ᠠᠮᠠ ᠲᠠᠢ ᠰᠠᠭᠤᠭᠠᠯᠢ ᠠᠷᠠᠳ ᠭᠠᠳᠠᠷ ᠴᠠᠭᠠᠷᠢᠭ ᠠᠴᠠ ᠭᠠᠳᠠᠨᠠᠬᠢ ᠣᠷᠣᠨ ᠰᠠᠭᠤᠴᠠ ᠶᠢ ᠬᠤᠳᠠᠯᠳᠤᠨ ᠠᠪᠬᠤ ᠳᠤ | ᠬᠡᠷᠡᠭᠰᠡᠬᠦ ᠨᠡᠶᠢᠭᠡᠮ ᠤᠨ ᠪᠠᠲᠤᠯᠠᠭ᠎ᠠ ᠪᠤᠶᠤ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢᠨ ᠣᠨ ᠤ ᠬᠢᠵᠠᠭᠠᠷ ᠢ ᠨᠢ ᠪᠣᠭᠤᠨᠢᠰᠬᠠᠪᠠ | ᠬᠤᠶᠠᠳᠤᠭᠠᠷ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠠᠩᠬ᠎ᠠ ᠲᠤᠰᠢᠶᠠᠬᠤ ᠵᠣᠭᠤᠰ ᠤᠨ ᠬᠠᠷᠢᠴᠠᠯ ᠢ ︽25% ᠠᠴᠠ ᠳᠣᠣᠷ᠎ᠠ ᠪᠠᠶᠢᠯᠭᠠᠬᠤ | ᠦᠭᠡᠢ︾ ᠭᠡᠵᠦ ᠲᠣᠬᠢᠷᠠᠭᠤᠯᠪᠠ | ᠬᠤᠪᠢ ᠬᠥᠮᠥᠨ ᠤ ᠭᠠᠳᠠᠭᠰᠢ ᠪᠣᠷᠣᠯᠠᠭᠤᠯᠤᠭᠰᠠᠨ ᠣᠷᠣᠨ ᠰᠠᠭᠤᠴᠠ ᠶᠢᠨ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠵᠢᠯ ᠤᠨ ᠬᠢᠵᠠᠭᠠᠷ ᠢ 5 | ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ | ᠲᠣᠰ ᠬᠤᠲᠠ ᠶᠢᠨ ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠬᠦᠴᠦᠯᠡᠨ ᠳᠡᠮᠵᠢᠨ᠎ᠡ | ᠮᠠᠰᠢᠨ ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠲᠠᠮᠵᠢᠵᠤ᠂ ᠬᠠᠮᠤᠭ ᠤᠨ ᠥᠨᠳᠥᠷ ᠲᠤ ᠪᠠᠨ 2 ᠲᠦᠮᠡᠨ ᠲᠥᠭᠦᠷᠢᠭ ᠤᠨ ᠨᠥᠬᠦᠪᠦᠷᠢ | ᠣᠯᠭᠤᠨ᠎ᠠ | ᠬᠥᠬᠡᠨᠠᠭᠤᠷ ᠮᠤᠵᠢ | ᠡᠯ᠎ᠡ ᠬᠤᠲᠠ ᠶᠢᠨ ᠵᠠᠰᠠᠭ ᠤᠨ ᠣᠷᠳᠣᠨ ᠤ ᠭᠤᠣᠯ ᠴᠣᠭᠴᠠ ᠭᠡᠷ ᠪᠠᠶᠢᠰᠢᠩ ᠬᠤᠳᠠᠯᠳᠤᠨ ᠠᠪᠬᠤ ᠳᠤ ᠨᠥᠬᠦᠪᠦᠷᠢ ᠣᠯᠭᠤᠬᠤ ᠲᠦᠷᠦ ᠶᠢᠨ ᠪᠣᠳᠣᠯᠭ᠎ᠠ | ᠲᠣᠭᠲᠠᠭᠠᠬᠤ ᠶᠢ ᠵᠣᠷᠢᠭᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠭᠡᠷ ᠪᠦᠯᠢ ᠳᠤ ᠨᠥᠬᠦᠪᠦᠷᠢ ᠣᠯᠭᠤᠨ᠎ᠠ | ᠹᠦᠵᠢᠶᠠᠨ ᠮᠤᠵᠢ | ᠡᠯ᠎ᠡ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠶᠢ ᠬᠢᠵᠠᠭᠠᠷᠯᠠᠬᠤ᠂ ᠬᠤᠳᠠᠯᠳᠤᠬᠤ ᠶᠢ ᠬᠢᠵᠠᠭᠠᠷᠯᠠᠬᠤ᠂ ᠦᠨ᠎ᠡ ᠶᠢ ᠬᠢᠵᠠᠭᠠᠷᠯᠠᠬᠤ ᠶᠢ | ᠴᠤᠴᠠᠯᠬᠤ ᠶᠢ ᠳᠡᠮᠵᠢᠵᠦ᠂ ᠨᠢᠭᠡᠨᠲᠡ ᠴᠤᠴᠠᠯᠤᠭᠰᠠᠨ ᠢ ᠨᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠤᠴᠠᠯᠤᠭᠠᠳᠤᠢ ᠶᠢ ᠨᠢ ᠰᠢᠮᠳᠠᠭᠤᠯᠤᠨ ᠦᠨᠡᠯᠡᠨ᠎ᠡ | ᠨᠥᠬᠦᠴᠡᠯ ᠲᠠᠢ ᠬᠤᠲᠠ ᠶᠢᠨ ᠣᠷᠣᠨ ᠰᠠᠭᠤᠴᠠ ᠬᠤᠳᠠᠯᠳᠤᠨ ᠠᠪᠬᠤ ᠨᠥᠬᠦᠪᠦᠷᠢ ᠣᠯᠭᠤᠬᠤ ᠶᠢ ᠨᠢ ᠳᠡᠮᠵᠢᠵᠦ᠂ ᠭᠡᠷ ᠪᠠᠶᠢᠰᠢᠩ ᠭᠠᠵᠠᠷ | ᠬᠥᠷᠥᠩᠭᠡ ᠶᠢᠨ ᠠᠵᠤ ᠠᠬᠤᠶᠢᠯᠠᠯ ᠤᠳ ᠪᠦᠯᠬᠦᠮ ᠢᠶᠠᠷ ᠬᠤᠳᠠᠯᠳᠤᠨ ᠠᠪᠬᠤ ᠳᠤ ᠬᠠᠷᠠᠭᠠᠯᠵᠠᠯ ᠦᠵᠡᠭᠦᠯᠬᠦ ᠶᠢ ᠨᠢ ᠵᠣᠷᠢᠭᠵᠢᠭᠤᠯᠤᠨ᠎ᠠ | ᠰᠢᠶᠠᠮᠧᠨ | ᠣᠷᠣᠨ ᠰᠠᠭᠤᠴᠠ ᠬᠤᠳᠠᠯᠳᠤᠬᠤ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠪᠠ | ᠣᠷᠣᠨ ᠰᠠᠭᠤᠴᠠ ᠶᠢᠨ ᠢᠵᠢ ᠲᠤᠭ᠎ᠠ ᠶᠢ ᠣᠷᠣᠨ ᠰᠠᠭᠤᠴᠠ ᠬᠤᠳᠠᠯᠳᠤᠨ ᠠᠪᠬᠤ ᠪᠠᠷ ᠪᠠᠶᠢᠭ᠎ᠠ ᠭᠠᠵᠠᠷ ᠤᠨ ᠲᠣᠭᠤᠷᠢᠭ ᠤᠨ ᠬᠡᠪᠴᠢᠶᠡᠨ ᠳᠤ | ᠦᠨᠡᠮᠰᠢᠨ᠎ᠡ | ᠾᠧᠨᠠᠨ ᠮᠤᠵᠢ | ᠬᠤᠳᠠᠯᠳᠤᠨ ᠠᠪᠬᠤ ᠬᠢᠵᠠᠭᠠᠷᠯᠠᠯ ᠢ ᠪᠥᠬᠦ ᠲᠠᠯ᠎ᠠ ᠪᠠᠷ ᠴᠤᠴᠠᠯᠪᠠ | ᠡᠯ᠎ᠡ ᠭᠠᠵᠠᠷ ᠤᠨ ᠬᠢᠨ ᠪᠡᠶ᠎ᠡ ᠪᠠᠨ ᠳᠠᠭᠠᠭᠠᠵᠤ ᠨᠥᠬᠦᠪᠦᠷᠢ ᠣᠯᠭᠤᠬᠤ ᠠᠷᠭ᠎ᠠ ᠬᠡᠮᠵᠢᠶ᠎ᠡ ᠲᠣᠭᠲᠠᠭᠠᠬᠤ ᠶᠢ ᠨᠢ ᠵᠣᠷᠢᠭᠵᠢᠭᠤᠯᠵᠤ᠂ ᠬᠠᠭᠤᠴᠢᠨ ᠭᠡᠷ | ᠪᠠᠶᠢᠰᠢᠩ ᠢ ᠵᠠᠰᠠᠵᠤ ᠴᠢᠮᠡᠬᠦ᠂ ᠲᠣᠭᠤᠭᠠᠨ ᠭᠡᠷ ᠵᠣᠷᠯᠣᠩ ᠵᠡᠷᠭᠡ ᠬᠡᠰᠡᠭ ᠭᠠᠵᠠᠷ ᠢ ᠥᠭᠡᠷᠡᠴᠢᠯᠡᠨ ᠵᠠᠰᠠᠬᠤ ᠪᠠ ᠨᠠᠰᠤᠵᠢᠯᠲᠠ ᠳᠤ ᠲᠣᠬᠢᠷᠠᠭᠤᠯᠤᠨ ᠥᠭᠡᠷᠡᠴᠢᠯᠡᠨ | ᠵᠠᠰᠠᠬᠤ ᠵᠡᠷᠭᠡ ᠳᠤ ᠬᠡᠷᠡᠭᠰᠡᠬᠦ ᠡᠳ᠋ ᠪᠣᠳᠠᠰ ᠪᠣᠯᠣᠨ ᠮᠠᠲ᠋ᠧᠷᠢᠶᠠᠯ ᠳᠤ ᠨᠥᠬᠦᠪᠦᠷᠢ ᠣᠯᠭᠤᠵᠤ᠂ ᠢᠵᠢ ᠪᠦᠷᠢ ᠳᠤ ᠬᠠᠮᠤᠭ ᠤᠨ ᠥᠨᠳᠥᠷ ᠲᠤ ᠪᠠᠨ 2 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ | ᠡᠯ᠎ᠡ ᠭᠠᠵᠠᠷ ᠤᠨ ᠬᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦᠨ ᠤ ᠵᠢᠭᠡᠯᠡᠯᠭᠡ ᠶᠢᠨ ᠲᠤᠭ᠎ᠠ ᠶᠢᠨ ᠳᠡᠭᠡᠳᠦ ᠬᠢᠵᠠᠭᠠᠷ ᠢ ᠵᠦᠢ | ᠵᠣᠬᠢᠰᠲᠠᠢ ᠳᠡᠭᠡᠭᠰᠢᠯᠡᠭᠦᠯᠬᠦ ᠶᠢ ᠨᠢ ᠳᠡᠮᠵᠢᠵᠦ᠂ ᠣᠯᠠᠨ ᠬᠡᠦᠬᠡᠳ ᠲᠠᠢ ᠭᠡᠷ ᠪᠦᠯᠢ᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠠᠪᠴᠢᠷᠠᠬᠤ ᠵᠡᠷᠭᠡ ᠳᠤ | 20% ᠪᠠᠷ ᠵᠢᠭᠡᠯᠡᠯᠭᠡ ᠶᠢᠨ ᠲᠤᠭ᠎ᠠ ᠶᠢ ᠨᠢ ᠳᠡᠭᠡᠭᠰᠢᠯᠡᠭᠦᠯᠵᠦ ᠪᠣᠯᠣᠨ᠎ᠠ | ᠭᠤᠸᠠᠩᠳᠦ᠋ᠩ ᠮᠤᠵᠢ | ᠭᠤᠸᠠᠩᠵᠧᠦ | ᠪᠦᠬᠦ ᠬᠤᠲᠠ ᠶᠢᠨ ᠬᠡᠪᠴᠢᠶᠡᠨ ᠳᠤ ᠣᠷᠣᠨ ᠰᠠᠭᠤᠴᠠ ᠬᠤᠳᠠᠯᠳᠤᠨ ᠠᠪᠬᠤ ᠳᠤ ᠭᠡᠷ ᠪᠠᠶᠢᠰᠢᠩ ᠬᠤᠳᠠᠯᠳᠤᠨ ᠠᠪᠬᠤ ᠬᠢᠷᠢ ᠬᠡᠮ ᠢ ᠨᠢ ᠳᠠᠬᠢᠵᠤ | ᠬᠢᠨᠠᠨ ᠬᠠᠷᠭᠤᠭᠤᠯᠬᠤ ᠦᠭᠡᠢ ᠪᠣᠯᠵᠤ᠂ ᠭᠡᠷ ᠪᠠᠶᠢᠰᠢᠩ ᠬᠤᠳᠠᠯᠳᠤᠨ ᠠᠪᠬᠤ ᠲᠤᠭ᠎ᠠ ᠶᠢ ᠨᠢ ᠳᠠᠬᠢᠵᠤ ᠬᠢᠵᠠᠭᠠᠷᠯᠠᠬᠤ ᠦᠭᠡᠢ ᠪᠣᠯᠪᠠ | ᠱᠧᠨᠵᠧᠨ | ᠲᠣᠭᠤᠷᠢᠭ ᠬᠤᠪᠢᠶᠠᠨ ᠣᠷᠣᠨ ᠰᠠᠭᠤᠴᠠ ᠬᠤᠳᠠᠯᠳᠤᠨ ᠠᠪᠬᠤ ᠶᠢ ᠨᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠪᠡ | ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠰᠢᠯᠵᠢᠭᠦᠯᠦᠨ ᠥᠭᠬᠦ ᠬᠢᠵᠠᠭᠠᠷᠯᠠᠯ ᠢ ᠴᠤᠴᠠᠯᠪᠠ | ᠲᠠᠸᠠᠷ ᠤᠨ ᠣᠷᠣᠨ ᠰᠠᠭᠤᠴᠠ ᠪᠠ ᠬᠤᠳᠠᠯᠳᠤᠭᠠᠨ ᠤ ᠶᠠᠪᠤᠳᠠᠯ ᠤᠨ ᠨᠡᠶᠢᠲᠡ ᠶᠢᠨ ᠪᠠᠶᠢᠷᠢ ᠶᠢᠨ ᠦᠨ᠎ᠡ ᠬᠠᠩᠰᠢ ᠶᠢ ᠳᠠᠩᠰᠠᠯᠠᠬᠤ ᠴᠤᠪᠤᠷᠠᠯ ᠢ | ᠰᠢᠯᠢᠳᠡᠭᠵᠢᠭᠦᠯᠪᠡ | ᠬᠤᠪᠢ ᠬᠥᠮᠥᠨ ᠤ ᠣᠷᠣᠨ ᠰᠠᠭᠤᠴᠠ ᠶᠢᠨ ᠰᠢᠯᠵᠢᠭᠦᠯᠦᠨ ᠥᠭᠬᠦ ᠥᠷᠲᠡᠭ ᠨᠡᠮᠡᠭᠳᠡᠯ ᠤᠨ ᠭᠠᠶᠢᠯᠢ ᠶᠢᠨ ᠲᠠᠲᠠᠪᠤᠷᠢᠯᠠᠬᠤ ᠠᠴᠠ ᠬᠡᠯᠲᠦᠷᠢᠭᠦᠯᠬᠦ ᠵᠢᠯ ᠤᠨ | ᠬᠢᠵᠠᠭᠠᠷ ᠢ 5 ᠵᠢᠯ ᠪᠠᠶᠢᠭᠰᠠᠨ ᠠᠴᠠ 2 ᠵᠢᠯ ᠪᠣᠯᠭᠠᠨ ᠲᠣᠬᠢᠷᠠᠭᠤᠯᠪᠠ | ᠹᠥᠸᠧ ᠱᠠᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ ᠭᠠᠷᠭᠠᠨ ᠠᠪᠴᠤ ᠣᠷᠣᠨ ᠰᠠᠭᠤᠴᠠ ᠬᠤᠳᠠᠯᠳᠤᠨ ᠠᠪᠬᠤ ᠠᠩᠬ᠎ᠠ ᠲᠤᠰᠢᠶᠠᠬᠤ | ᠵᠣᠭᠤᠰ ᠲᠥᠯᠥᠬᠦ ᠶᠢ ᠨᠢ ᠵᠥᠪᠰᠢᠶᠡᠷᠡᠨ᠎ᠡ | ᠵᠢᠶᠠᠩᠰᠤ ᠮᠤᠵᠢ | ᠨᠠᠨᠵᠢᠩ | 20 ᠳ᠋ᠦᠩᠰᠢᠭᠤᠷ ᠲᠥᠭᠦᠷᠢᠭ ᠣᠷᠴᠢᠮ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠡᠶᠢᠳᠬᠡᠵᠦ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ | ᠵᠡᠷᠭᠡ 9 ᠲᠠᠯ᠎ᠠ ᠶᠢᠨ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠨᠢ ᠳᠡᠮᠵᠢᠨ᠎ᠡ | ᠦ᠋ ᠰᠢ | ᠪᠠᠶᠢᠭ᠎ᠠ ᠲᠣᠭᠤᠷᠢᠭ ᠢᠶᠠᠷ ᠨᠢ ᠠᠩᠬᠠᠳᠠᠭᠴᠢ ᠢᠵᠢ ᠣᠷᠣᠨ ᠰᠠᠭᠤᠴᠠ ᠶᠢ ᠨᠢ ᠦᠨᠡᠮᠰᠢᠨ᠎ᠡ | ᠲᠤᠷᠰᠢᠯᠲᠠ ᠶᠢᠨ ᠴᠡᠭ ᠨᠢ ᠬᠠᠮᠲᠤ ᠪᠠᠷ ᠥᠮᠴᠢᠯᠡᠬᠦ ᠡᠷᠬᠡ ᠶᠢᠨ ᠬᠡᠯᠪᠡᠷᠢ ᠪᠠᠷ ᠣᠨᠴᠠ ᠲᠣᠭᠲᠠᠭᠰᠠᠨ ᠬᠥᠮᠥᠰ ᠲᠤ ᠲᠠᠸᠠᠷ ᠤᠨ ᠣᠷᠣᠨ ᠰᠠᠭᠤᠴᠠ | ᠬᠤᠳᠠᠯᠳᠤᠨ᠎ᠠ | ᠬᠤᠪᠧᠢ ᠮᠤᠵᠢ | ᠦᠬᠠᠨ | 10 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠣᠷᠣᠨ ᠰᠠᠭᠤᠴᠠ ᠬᠤᠳᠠᠯᠳᠤᠨ | ᠠᠪᠬᠤ ᠬᠠᠷᠠᠭᠠᠯᠵᠠᠯ ᠤᠨ ᠳᠡᠮᠵᠢᠯᠭᠡ ᠦᠵᠡᠭᠦᠯᠵᠦ᠂ ᠠᠩᠬᠠᠳᠠᠭᠴᠢ ᠢᠵᠢ ᠣᠷᠣᠨ ᠰᠠᠭᠤᠴᠠ ᠳᠤ ᠣᠷᠣᠨ ᠰᠠᠭᠤᠴᠠ ᠬᠤᠳᠠᠯᠳᠤᠨ ᠠᠪᠬᠤ ᠭᠡᠷ᠎ᠡ ᠶᠢᠨ ᠭᠠᠶᠢᠯᠢ ᠶᠢ | ᠬᠠᠮᠤᠭ ᠤᠨ ᠥᠨᠳᠥᠷ ᠲᠤ ᠪᠠᠨ ᠪᠥᠬᠦ ᠲᠤᠭ᠎ᠠ ᠪᠠᠷ ᠨᠢ ᠨᠥᠬᠦᠪᠦᠷᠢᠯᠡᠵᠦ ᠪᠣᠯᠣᠨ᠎ᠠ | ᠡᠩ ᠤᠨ ᠣᠷᠣᠨ ᠰᠠᠭᠤᠴᠠ ᠪᠣᠯᠣᠨ ᠡᠩ ᠤᠨ ᠪᠤᠰᠤ ᠣᠷᠣᠨ ᠰᠠᠭᠤᠴᠠ ᠶᠢᠨ ᠪᠠᠷᠢᠮᠵᠢᠶ᠎ᠠ ᠶᠢ ᠪᠦᠬᠦ ᠲᠠᠯ᠎ᠠ ᠪᠠᠷ ᠴᠤᠴᠠᠯᠪᠠ | ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠳ ᠢᠵᠢ ᠳᠣᠲᠣᠷᠠᠬᠢ ᠳᠡᠯᠡᠪᠡᠢ ᠪᠤᠶᠤ ᠢᠵᠢ ᠪᠠᠷ ᠦᠨ᠎ᠡ ᠪᠤᠳᠣᠬᠤ ᠠᠷᠭ᠎ᠠ ᠮᠠᠶ᠋ᠢᠭ ᠢ ᠰᠣᠩᠭᠤᠵᠤ | ᠲᠠᠸᠠᠷ ᠤᠨ ᠣᠷᠣᠨ ᠰᠠᠭᠤᠴᠠ ᠪᠠᠨ ᠪᠣᠷᠣᠯᠠᠭᠤᠯᠬᠤ ᠶᠢ ᠨᠢ ᠵᠣᠷᠢᠭᠵᠢᠭᠤᠯᠤᠨ᠎ᠠ | ᠱᠠᠨᠳᠦ᠋ᠩ ᠮᠤᠵᠢ | ᠵᠢᠨᠠᠨ | ᠬᠤᠶᠠᠷ ᠵᠢᠴᠢ ᠲᠡᠭᠦᠨ ᠠᠴᠠ ᠳᠡᠭᠡᠭᠰᠢᠬᠢ ᠬᠡᠦᠬᠡᠳ ᠲᠠᠢ ᠭᠡᠷ ᠪᠦᠯᠢ ᠨᠢ ᠵᠢᠨᠠᠨ ᠬᠤᠲᠠ ᠠᠴᠠ ᠥᠪᠡᠰᠦᠪᠡᠨ ᠰᠠᠭᠤᠬᠤ ᠡᠩ ᠤᠨ ᠣᠷᠣᠨ ᠰᠠᠭᠤᠴᠠ | ᠬᠤᠳᠠᠯᠳᠤᠨ ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠭᠤᠶᠤᠴᠢᠯᠠᠭᠰᠠᠨ ᠪᠣᠯ᠂ ᠬᠠᠮᠤᠭ ᠤᠨ ᠥᠨᠳᠥᠷ ᠵᠢᠭᠡᠯᠡᠯᠭᠡ ᠶᠢᠨ ᠲᠤᠭ᠎ᠠ ᠶᠢ | ᠭᠡᠷ ᠪᠦᠯᠢ ᠶᠢᠨ ᠲᠤᠰ ᠬᠤᠭᠤᠴᠠᠭᠠᠨ ᠤ ᠬᠠᠮᠤᠭ ᠤᠨ ᠥᠨᠳᠥᠷ ᠵᠢᠭᠡᠯᠡᠯᠭᠡ ᠶᠢᠨ ᠬᠢᠵᠠᠭᠠᠷ ᠲᠤᠭ᠎ᠠ ᠶᠢ ᠦᠨᠳᠦᠰᠦᠯᠡᠨ 30% ᠪᠠᠷ ᠥᠰᠬᠡᠨ᠎ᠡ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠬᠡᠷᠡᠭᠯᠡᠵᠦ ᠥᠩᠭᠡᠷᠡᠭᠰᠡᠨ ᠦᠭᠡᠢ ᠲᠤᠰᠢᠶᠠᠨ ᠬᠠᠳᠠᠭᠠᠯᠠᠭᠤᠯᠬᠤ ᠠᠵᠢᠯᠲᠠᠨ ᠠᠵᠢᠯᠴᠢᠨ ᠤ | ᠭᠡᠷ ᠪᠦᠯᠢ ᠨᠢ ᠬᠤᠶᠠᠳᠤᠭᠠᠷ ᠢᠵᠢ ᠣᠷᠣᠨ ᠰᠠᠭᠤᠴᠠ ᠬᠤᠳᠠᠯᠳᠤᠨ ᠠᠪᠬᠤ ᠪᠠᠷ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠵᠢᠭᠡᠯᠡᠯᠭᠡ ᠭᠤᠶᠤᠴᠢᠯᠠᠭᠰᠠᠨ | ᠪᠣᠯ᠂ ᠠᠩᠬᠠᠳᠠᠭᠴᠢ ᠣᠷᠣᠨ ᠰᠠᠭᠤᠴᠠ ᠪᠠᠷ ᠦᠨᠡᠮᠰᠢᠨ᠎ᠡ |