ᠪᠠᠶᠠᠵᠢᠯ ᠤᠷᠢᠭᠰᠠᠨ ︽ᠳᠤᠭᠤᠰ  ᠤᠨ ᠦᠳᠦ︾
ᠨᠡᠶᠢᠲᠡᠯᠡᠭᠰᠡᠨ ᠴᠠᠭ᠄
2024/10/8
          ᠵᠧᠦ ᠬᠠᠢ ᠶᠠᠨ ᠪᠣᠯ ︽ᠥᠪᠡᠷᠲᠡᠭᠡᠨ ᠵᠠᠰᠠᠬᠤ ᠣᠷᠣᠨ ᠤ ᠬᠥᠳᠡᠭᠡ ᠲᠤᠰᠬᠤᠨ ᠤ ᠰᠣᠶᠣᠯ ᠵᠢᠭᠤᠯᠴᠢᠯᠠᠯ ᠤᠨ ᠦᠢᠯᠡᠰ ᠤᠨ ᠳᠠᠭᠠᠭᠤᠯᠤᠭᠴᠢ︾᠂ ︽ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠨᠬᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠡᠷᠢᠭᠦᠨ ᠤ ᠬᠤᠪᠢ ᠬᠥᠮᠥᠨ︾᠂ ︽ᠬᠢᠩᠭᠠᠨ ᠤ ᠰᠠᠶᠢᠨ ᠬᠥᠮᠥᠨ︾᠂ ︽ᠠᠶᠢᠮᠠᠭ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠳᠤᠭᠤᠰ ᠤᠨ ᠦᠳᠥ ᠪᠠᠷ ᠭᠠᠷ ᠤᠷᠠᠯᠠᠯ ᠤᠨ ᠦᠢᠯᠡᠳᠬᠦᠨ ᠬᠢᠬᠦ ᠮᠡᠷᠭᠡᠵᠢᠯ ᠤᠨ ᠥᠪᠯᠡᠨ ᠤᠯᠠᠮᠵᠢᠯᠠᠭᠴᠢ︾᠂ ︽ᠠᠶᠢᠮᠠᠭ ᠤᠨ ᠳᠡᠰ ᠤᠨ ︿ᠰᠢᠶᠣᠣ ᠵᠢᠩ﹀ ᠮᠠᠶ᠋ᠢᠭ ᠤᠨ ᠬᠥᠳᠡᠭᠡ ᠲᠤᠰᠬᠤᠨ ᠤ ᠠᠵᠤ ᠦᠢᠯᠡᠰ ᠤᠨ ᠬᠥᠭᠵᠢᠯᠲᠡ ᠶᠢᠨ ᠳᠠᠭᠠᠭᠤᠯᠤᠭᠴᠢ︾ ᠵᠡᠷᠭᠡ ᠢᠷᠠᠭᠤ ᠠᠯᠳᠠᠷ ᠢ ᠭᠦᠷᠲᠡᠭᠴᠢ ᠶᠤᠮ᠃ ᠳᠡᠷᠡ 2011 ᠣᠨ ᠳᠤ ᠥᠪᠥᠷ ᠮᠣᠩᠭᠤᠯ ᠤᠨ ᠴᠤᠷ ᠤᠨ ᠭᠠᠭᠴᠠ ᠳᠤᠭᠤᠰ ᠲᠡᠵᠢᠭᠡᠨ ᠦᠷᠡᠵᠢᠭᠦᠯᠬᠦ ᠰᠠᠭᠤᠷᠢᠨ ᠪᠤᠯᠬᠤ ︽ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ︾ ᠢ ᠪᠠᠶᠢᠭᠤᠯᠤᠨ᠂ 1000 ᠭᠠᠷᠤᠢ ᠳᠤᠭᠤᠰ ᠲᠡᠵᠢᠭᠡᠨ ᠦᠷᠡᠵᠢᠭᠦᠯᠬᠦ ᠶᠢᠨ ᠬᠠᠮᠲᠤ ᠥᠬᠢᠨ ᠳᠡᠭᠦᠦ ᠵᠧᠦ ᠬᠠᠢ ᠨᠠᠨ ᠲᠠᠢ ᠪᠠᠨ ᠳᠤᠭᠤᠰ ᠤᠨ ᠦᠳᠥ ᠪᠠᠷ ᠲᠣᠯᠣᠭᠠᠢ ᠶᠢᠨ ᠵᠠᠰᠠᠯ᠂ ᠡᠭᠡᠮᠦᠭ᠂ ᠡᠯᠭᠦᠮᠡᠯ ᠵᠢᠷᠤᠭ ᠵᠡᠷᠭᠡ ᠵᠠᠭᠤ ᠭᠠᠷᠤᠢ ᠵᠦᠢᠯ ᠤᠨ ᠭᠠᠷ ᠤᠷᠠᠯᠠᠯ ᠤᠨ ᠦᠢᠯᠡᠳᠬᠦᠨ ᠬᠢᠵᠦ ᠪᠣᠷᠣᠯᠠᠭᠤᠯᠤᠨ ᠤᠷᠤᠯᠭ᠎ᠠ ᠪᠠᠨ ᠨᠡᠮᠡᠭᠳᠡᠭᠦᠯᠵᠡᠢ᠃          ᠵᠧᠦ ᠬᠠᠢ ᠶᠠᠨ ᠠᠩᠬ᠎ᠠ ᠡᠬᠢᠯᠡᠭᠡᠳ ᠳᠤᠭᠤᠰ ᠤᠨ ᠦᠳᠥ ᠪᠠᠷ ᠬᠢᠭᠰᠡᠨ 2.2 ᠮᠸᠲᠷ ᠤᠷᠳᠥ ᠳᠤᠭᠤᠰ ᠤᠨ ᠵᠠᠭᠪᠤᠷ ᠵᠣᠬᠢᠶᠠᠵᠤ᠂ 8800 ᠲᠥᠭᠦᠷᠢᠭ  ᠢᠶᠠᠷ ᠵᠠᠬ᠎ᠠ ᠳᠡᠯᠭᠡᠭᠦᠷ ᠲᠤ ᠪᠣᠷᠣᠯᠠᠭᠤᠯᠪᠠ᠃ ᠰᠡᠭᠦᠯᠡᠷ ᠨᠢ ᠲᠡᠭᠦᠨ ᠤ ᠵᠣᠬᠢᠶᠠᠭᠰᠠᠨ ᠳᠤᠭᠤᠰ ᠤᠨ ᠵᠠᠭᠪᠤᠷ ᠨᠢ ᠪᠦᠭᠦ ᠤᠯᠤᠰ ᠤᠨ ᠡᠯ᠎ᠡ ᠲᠣᠮᠣ ᠬᠤᠳᠠ ᠪᠠᠷ ᠥᠷᠭᠡᠨ ᠢᠶᠠᠷ ᠪᠣᠷᠣᠯᠠᠭᠤᠯᠤᠭᠳᠠᠬᠤ ᠪᠣᠯᠤᠭᠰᠠᠨ ᠢᠶᠠᠷ ᠦᠯᠦ ᠪᠠᠷᠠᠮ ᠠᠯᠤᠰ ᠬᠤᠯᠠ ᠺᠤᠷᠢᠶᠠ᠂ ᠶᠠᠫᠤᠨ ᠵᠡᠷᠭᠡ ᠭᠠᠳᠠᠭᠠᠳᠤ ᠤᠯᠤᠰ ᠲᠤ ᠪᠣᠷᠣᠯᠠᠭᠤᠯᠤᠭᠳᠠᠭᠰᠠᠨ ᠪᠠᠶᠢᠨ᠎ᠠ᠃ ᠤᠳᠥ ᠲᠡᠭᠦᠨ ᠤ ᠳᠤᠭᠤᠰ ᠤᠨ ᠦᠳᠥ ᠪᠠᠷ ᠵᠣᠬᠢᠶᠠᠭᠰᠠᠨ ᠭᠠᠷ ᠤᠷᠠᠯᠠᠯ ᠤᠨ ᠦᠢᠯᠡᠳᠬᠦᠨ ᠢ ᠵᠠᠬᠢᠶᠠᠯᠠᠬᠤ ᠠᠵᠤ ᠠᠬᠤᠶᠢᠯᠠᠯ 30 ᠭᠠᠷᠤᠢ ᠪᠣᠯᠵᠤ᠂ ᠶᠠᠭᠠᠷᠠᠤ ᠦᠶᠡᠰ ᠲᠡᠭᠡᠨ ᠬᠡᠳᠦᠨ ᠠᠵᠢᠯᠴᠢᠨ ᠴᠠᠭ ᠨᠡᠮᠡᠵᠦ ᠠᠵᠢᠯᠯᠠᠭᠰᠠᠨ ᠴᠦ ᠵᠠᠬᠢᠶᠠᠯᠠᠭ᠎ᠠ ᠪᠠᠨ ᠳᠠᠭᠤᠰᠬᠠᠬᠤ ᠳᠤ ᠪᠡᠷᠬᠡ ᠪᠤᠯᠳᠠᠭ᠃          ᠲᠡᠷᠡ ᠪᠠᠰᠠ ᠣᠶᠢᠷ᠎ᠠ ᠬᠠᠪᠢ ᠶᠢᠨ ᠲᠠᠷᠢᠶᠠᠴᠢᠳ ᠲᠤ ᠠᠵᠢᠯ ᠣᠯᠬᠤ ᠲᠠᠪᠴᠠᠩ ᠬᠠᠩᠭᠠᠬᠤ ᠵᠣᠷᠢᠯᠭ᠎ᠠ ᠪᠠᠷ 2016 ᠣᠨ ᠠᠴᠠ ᠡᠬᠢᠯᠡᠨ ᠵᠢᠯ ᠪᠦᠷᠢ ᠭᠡᠳᠥ ᠤᠳᠠᠭᠠᠨ ᠤ ᠪᠣᠯᠪᠠᠰᠤᠷᠠᠯ ᠤᠨ ᠠᠨᠬᠭᠢ ᠡᠷᠭᠢᠯᠡᠨ᠂ ᠭᠡᠷ ᠲᠡᠭᠡᠨ ᠵᠦᠭᠡᠷ ᠰᠠᠭᠤᠵᠤ ᠪᠠᠶᠢᠭ᠎ᠠ ᠲᠠᠷᠢᠶᠠᠴᠢᠳ ᠢ ᠳᠠᠶᠢᠴᠢᠯᠠᠨ ᠳᠤᠭᠤᠰ ᠤᠨ ᠦᠳᠥ ᠪᠠᠷ ᠭᠠᠷ ᠤᠷᠠᠯᠠᠯ ᠤᠨ ᠦᠢᠯᠡᠳᠬᠦᠨ ᠬᠢᠬᠦ ᠤᠷ᠎ᠠ ᠮᠡᠷᠭᠡᠵᠢᠯ ᠵᠢᠭᠠᠵᠤ ᠥᠭᠭᠦᠭᠰᠡᠨ ᠪᠠᠶᠢᠨ᠎ᠠ᠃ ᠵᠧᠦ ᠬᠠᠢ ᠶᠠᠨ ᠤᠳᠥ ᠪᠤᠯᠳᠠᠯ᠎ᠠ 3400 ᠭᠠᠷᠤᠢ ᠬᠥᠮᠥᠨ ᠳᠤ ᠪᠣᠯᠪᠠᠰᠤᠷᠠᠯ ᠬᠦᠷᠲᠡᠭᠡᠪᠡ᠂ ᠡᠭᠦᠨ ᠤ ᠳᠣᠲᠣᠷ᠎ᠠ ᠵᠡᠮᠳᠡᠭ ᠬᠥᠮᠥᠨ 680 ᠪᠠᠶᠢᠵᠤ᠂ ᠡᠳᠡᠭᠡᠷ ᠬᠥᠮᠥᠰ ᠨᠠᠷᠢᠯᠢᠭ ᠰᠢᠰᠲ᠋ᠧᠮ ᠲᠠᠢ ᠪᠣᠯᠪᠠᠰᠤᠷᠠᠯ ᠢᠶᠠᠷ ᠳᠠᠮᠵᠢᠨ ᠤᠯᠠᠨᠬᠭᠢ ᠨᠢ ᠪᠦᠷ ᠠᠵᠢᠯ ᠣᠯᠬᠤ ᠬᠢᠷᠢ ᠭᠡᠮ ᠤᠨ ᠦᠨᠡᠮᠯᠡᠯ ᠭᠠᠷᠳᠠᠵᠤ᠂ ︽ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ︾ ᠳᠤ ᠠᠵᠢᠯ ᠬᠢᠵᠦ ᠤᠷᠤᠯᠭ᠎ᠠ ᠪᠠᠨ ᠨᠡᠮᠡᠭᠳᠡᠭᠦᠯᠵᠦ ᠪᠤᠢ᠃          ᠵᠧᠦ ᠬᠠᠢ ᠶᠠᠨ ᠤ ᠴᠤᠴᠠᠯᠲᠠ ᠦᠭᠡᠢ ᠴᠢᠷᠮᠠᠶᠢᠯᠭ᠎ᠠ ᠪᠠᠷ ︽ᠮᠧᠩ ᠴᠢᠤᠸᠠᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ︾ ᠤᠨ ᠵᠢᠭᠤᠯᠴᠢᠯᠠᠯ ᠤᠨ ᠤᠷᠤᠯᠭ᠎ᠠ ᠪᠠ ᠭᠠᠷ ᠤᠷᠠᠯᠠᠯ ᠤᠨ ᠦᠢᠯᠡᠳᠬᠦᠨ ᠤ ᠪᠣᠷᠤᠯᠠᠭᠤᠯᠭ᠎ᠠ ᠶᠢᠨ ᠵᠢᠯ ᠤᠨ ᠤᠷᠤᠯᠭ᠎ᠠ ᠨᠢ ᠨᠡᠶᠢᠳᠡ 300 ᠲᠦᠮᠡᠨ ᠲᠥᠭᠦᠷᠢᠭ ᠲᠤ ᠬᠦᠷᠴᠦ᠂ ᠶᠣᠰᠣᠲᠠᠢ ᠤᠯᠤᠰ ᠣᠷᠣᠨ ᠳᠠᠭᠠᠨ ᠨᠡᠷ᠎ᠡ ᠠᠯᠳᠠᠷᠰᠢᠭᠰᠠᠨ ᠬᠥᠳᠡᠭᠡ ᠲᠤᠰᠬᠤᠨ ᠤ ᠤᠷᠠᠨ ᠳᠠᠷᠬᠠᠨ᠂ ᠪᠠᠶᠠᠵᠢᠯ ᠤᠨ ᠴᠢᠳᠠᠪᠤᠷᠢᠲᠠᠨ ᠪᠣᠯᠤᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ