ᠲᠦᠷᠦᠭᠦᠬᠡᠨ᠂ 2024 ᠣᠨ ᠤ ᠳᠤᠮᠳᠠᠳᠤ ᠤᠯᠤᠰ ᠤᠨ ᠰᠣᠶᠣᠯ ᠤᠨ ᠣᠷᠳᠣᠨ ᠤ ᠨᠡᠶᠢᠭᠡᠮᠯᠢᠭ ᠤᠨ ᠪᠦᠭᠦ ᠤᠯᠤᠰ ᠤᠨ ᠬᠤᠲᠠ ᠶᠢᠨ ᠲᠠᠰ ᠤᠨ | ᠰᠣᠶᠣᠯ ᠤᠨ ᠣᠷᠳᠣᠨ ᠤ︽ᠵᠠᠭᠤᠨ ᠣᠷᠳᠣᠨ ᠬᠤᠯᠪᠤᠭᠠᠯᠠᠨ ᠬᠥᠳᠡᠯᠦᠯᠴᠡᠬᠦ︾ ᠵᠢᠴᠢ ︽ᠳᠣᠲᠣᠨᠣ ᠬᠤᠲᠠ︾ ᠶᠢᠨ ᠰᠣᠶᠣᠯ ᠵᠢᠭᠤᠯᠴᠢᠯᠠᠯ ᠤᠨ ᠤᠷᠠᠨ ᠰᠠᠶᠢᠬᠠᠨ ᠤ | ᠦᠵᠡᠭᠦᠯᠭᠡ ᠶᠢᠨ ᠲᠣᠬᠯᠠᠯᠲᠠ ᠶᠢᠨ ᠰᠢᠷᠢᠰ ᠠᠵᠢᠯᠯᠠᠭ᠎ᠠ ᠣᠷᠳᠣᠰ ᠬᠤᠳᠠ ᠳᠤ ᠶᠠᠪᠤᠭᠳᠠᠪᠠ᠃ | ᠣᠶᠢᠯᠠᠭᠠᠭᠰᠠᠨ ᠢᠶᠠᠷ᠂ ᠲᠣᠰ ᠠᠵᠢᠯᠯᠠᠭ᠎ᠠ ᠳᠤ 33 ᠮᠤᠵᠢ ᠣᠷᠣᠨ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠰᠣᠶᠣᠯ ᠤᠨ | ᠣᠷᠳᠣᠨ ︵ᠣᠯᠠᠨ ᠲᠦᠮᠡᠨ ᠤ ᠤᠷᠠᠯᠢᠭ ᠤᠨ ᠣᠷᠳᠣᠨ︶ ᠤ ᠬᠠᠷᠢᠭᠤᠴᠠᠯᠭᠠᠲᠠᠨ᠂ 246 ᠬᠤᠲᠠ ᠶᠢᠨ ᠲᠠᠰ ᠤᠨ ᠰᠣᠶᠣᠯ ᠤᠨ ᠣᠷᠳᠣᠨ ︵ᠣᠯᠠᠨ ᠲᠦᠮᠡᠨ ᠤ | ᠤᠷᠠᠯᠢᠭ ᠤᠨ ᠣᠷᠳᠣᠨ︶ ᠤ ᠬᠠᠷᠢᠭᠤᠴᠠᠯᠭᠠᠲᠠᠨ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠳᠠᠬᠢ ᠲᠤᠰᠬᠠᠢ ᠮᠡᠷᠭᠡᠵᠢᠯᠲᠡᠨ ᠡᠷᠳᠡᠮᠲᠡᠨ᠂ | ᠣᠷᠳᠣᠰ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠲᠣᠭᠤᠷᠢᠭ ᠤᠨ ᠰᠣᠶᠣᠯ ᠵᠢᠭᠤᠯᠴᠢᠯᠠᠯ ᠤᠨ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠦᠵᠡᠭᠦᠯᠭᠡ ᠶᠢᠨ ᠲᠣᠭᠯᠠᠭᠴᠢᠳ᠂ ᠪᠣᠳᠠᠰ ᠤᠨ ᠪᠤᠰᠤ | ᠰᠣᠶᠣᠯ ᠤᠨ ᠥᠪ ᠤᠨ ᠲᠥᠷᠥᠯ ᠵᠦᠢᠯ ᠤᠨ ᠲᠥᠯᠥᠭᠡᠯᠡᠬᠦ ᠴᠢᠨᠠᠷᠲᠠᠢ ᠤᠯᠠᠮᠵᠢᠯᠠᠭᠴᠢᠳ᠂ ᠰᠣᠶᠣᠯ ᠤᠨ ᠡᠭᠦᠳᠦᠯᠲᠡ ᠶᠢᠨ ᠠᠵᠤ ᠠᠬᠤᠶᠢᠯᠠᠯ᠂ ᠡᠯ᠎ᠡ ᠵᠠᠭᠤᠴᠢᠯᠠᠭᠤᠷ | ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠬᠠᠷᠢᠭᠤᠴᠠᠯᠭᠠᠲᠠᠨ᠂ ᠤᠷᠠᠨ ᠪᠦᠲᠦᠭᠡᠯᠴᠢᠳ ᠳᠤᠰ ᠠᠵᠢᠯᠯᠠᠭ᠎ᠠ ᠳᠤ ᠣᠷᠣᠯᠴᠠᠵᠠᠢ᠃ | ᠪᠦᠭᠦ ᠤᠯᠤᠰ ᠤᠨ ᠬᠤᠲᠠ ᠶᠢᠨ ᠲᠠᠰ ᠤᠨ ᠰᠣᠶᠣᠯ ᠤᠨ ᠣᠷᠳᠣᠨ ᠤ ︽ᠵᠠᠭᠤᠨ ᠣᠷᠳᠣᠨ ᠬᠤᠯᠪᠤᠭᠠᠯᠠᠨ ᠬᠥᠳᠡᠯᠦᠯᠴᠡᠬᠦ︾ ᠵᠢᠴᠢ ︽ᠳᠣᠲᠣᠨᠣ ᠬᠤᠲᠠ︾ | ᠰᠣᠶᠣᠯ ᠵᠢᠭᠤᠯᠴᠢᠯᠠᠯ ᠤᠨ ᠨᠠᠶᠢᠷ ᠨᠠᠭᠠᠳᠤᠮ 5 ᠡᠳᠦᠷ ᠦᠷᠭᠦᠯᠵᠢᠯᠡᠵᠦ᠂ ᠳᠡᠯᠭᠡᠨ ᠦᠵᠡᠭᠦᠯᠭᠡ ᠶᠢᠨ ᠲᠣᠬᠯᠠᠯᠲᠠ᠂ ᠬᠤᠲᠠ ᠶᠢᠨ ᠲᠠᠰ ᠤᠨ ᠰᠣᠶᠣᠯ ᠤᠨ ᠣᠷᠳᠣᠨ | ᠤ ᠣᠯᠠᠨ ᠲᠦᠮᠡᠨ ᠤ ᠤᠷᠠᠨ ᠰᠠᠶᠢᠬᠠᠨ ᠤ ᠪᠦᠲᠦᠭᠡᠯ ᠤᠨ ᠳᠡᠯᠭᠡᠨ ᠦᠵᠡᠭᠦᠯᠭᠡ ᠶᠢᠨ ᠲᠣᠬᠯᠠᠯᠲᠠ᠂ ᠰᠢᠷᠢᠰ ᠭᠤᠣᠯ ᠰᠡᠳᠦᠪᠲᠦ ᠤᠷᠠᠨ ᠪᠢᠴᠢᠯᠭᠡ ᠤᠷᠠᠨ ᠵᠢᠷᠤᠭ | ᠤᠨ ᠦᠵᠡᠭᠦᠯᠭᠡ᠂ ᠠᠷᠠᠳ ᠤᠨ ᠰᠣᠶᠣᠯ ᠤᠷᠠᠯᠢᠭ ᠤᠨ ᠪᠦᠲᠦᠭᠡᠯ ᠤᠨ ᠠᠷᠠᠳ ᠲᠤ ᠠᠰᠢᠭ ᠬᠦᠷᠲᠡᠭᠡᠬᠦ ᠲᠣᠭᠤᠷᠢᠨ ᠲᠣᠬᠯᠠᠯᠲᠠ ᠵᠡᠷᠭᠡ 25 ᠵᠦᠢᠯ ᠤᠨ ᠰᠣᠶᠣᠯ | ᠤᠨ ᠠᠵᠢᠯᠯᠠᠭ᠎ᠠ ᠶᠠᠪᠤᠭᠳᠠᠵᠤ᠂ ᠤᠯᠤᠰ ᠤᠨ ᠳᠣᠲᠣᠭᠠᠳᠤ ᠶᠢᠨ 95 ᠪᠦᠯᠭᠦᠮ ᠨᠡᠶᠢᠲᠡ᠂ 1293 ᠨᠡᠷᠡᠰ ᠪᠣᠳᠠᠰ ᠤᠨ ᠪᠤᠰᠤ ᠰᠣᠶᠣᠯ ᠤᠨ ᠤᠯᠠᠮᠵᠢᠯᠠᠭᠴᠢᠳ | ᠣᠷᠳᠣᠰ ᠬᠤᠲᠠ ᠶᠢᠨ 9 ᠬᠤᠰᠢᠭᠤ ᠲᠣᠭᠤᠷᠢᠭ ᠲᠤ 16 ᠲᠠᠯᠠᠪᠤᠷ ᠠᠷᠠᠳ ᠲᠤ ᠠᠰᠢᠭ ᠬᠦᠷᠲᠡᠭᠡᠬᠦ ᠦᠵᠡᠭᠦᠯᠭᠡ ᠶᠢᠨ ᠲᠣᠬᠯᠠᠯᠲᠠ ᠭᠠᠷᠭᠠᠵᠤ᠂ ᠣᠯᠠᠨ ᠲᠦᠮᠡᠨ ᠤ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠣᠯᠠᠨ ᠲᠦᠮᠡᠨ ᠳᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠭᠦᠢᠴᠡᠳ ᠡᠳ᠋ᠯᠡᠭᠦᠯᠦᠨ᠂ ᠣᠯᠠᠨ ᠲᠦᠮᠡᠨ | ᠤ ᠰᠣᠶᠣᠯ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠨᠡᠮᠡᠭᠳᠡᠭᠦᠯᠵᠡᠢ᠃ |