ᠪᠦᠭᠦ ᠣᠷᠣᠨ ᠤ ᠡᠯ᠎ᠡ ᠭᠠᠵᠠᠷ ᠤᠨ ᠬᠢᠨ ᠤᠯᠠᠨ ᠠᠷᠭ᠎ᠠ ᠬᠡᠮᠵᠢᠶ᠎ᠡ ᠠᠪᠴᠤ ᠨᠠᠮᠤᠷ ᠤᠨ ᠵᠢᠭᠤᠯᠴᠢᠯᠠᠯ ᠢ ᠬᠥᠭᠵᠢᠭᠡᠵᠦ ᠪᠠᠶᠢᠨ᠎ᠠ
ᠨᠡᠶᠢᠲᠡᠯᠡᠭᠰᠡᠨ ᠴᠠᠭ᠄
2024/11/1
          ᠠᠭᠤᠯᠠ ᠶᠢᠨ ᠲᠣᠯᠣᠭᠠᠢ ᠰᠢᠷᠭᠠᠯᠲᠤᠨ ᠨᠠᠮᠤᠷ ᠤᠨ ᠥᠩᠭᠡ ᠥᠳᠬᠡᠷᠡᠵᠡᠢ᠃ ᠪᠦᠭᠦ ᠣᠷᠣᠨ ᠤ ᠡᠯ᠎ᠡ ᠭᠠᠵᠠᠷ ᠤᠨ ᠬᠢᠨ ᠨᠠᠮᠤᠷ ᠤᠨ ᠤᠯᠠᠷᠢᠯ ᠤᠨ ᠵᠢᠭᠤᠯᠴᠢᠯᠠᠯ ᠢ ᠬᠥᠭᠵᠢᠭᠡᠬᠦ ᠠᠯᠢ ᠣᠯᠠᠨ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠲᠥᠰᠥᠪᠯᠡᠨ ᠬᠡᠷᠡᠭᠵᠢᠭᠦᠯᠵᠦ᠂ ᠵᠢᠭᠤᠯᠴᠢᠯᠠᠬᠰᠠᠳ ᠲᠤ ᠨᠠᠩ ᠡᠯᠪᠡᠭ ᠪᠠᠶᠠᠯᠢᠭ᠂ ᠨᠡᠩ ᠭᠦᠨᠵᠡᠭᠡᠢ ᠣᠶᠢᠯᠠᠭᠠᠯᠲᠠ ᠪᠦᠬᠦᠢ ᠥᠪᠥᠷ ᠮᠣᠩᠭᠤᠯ ᠤᠨ ᠨᠠᠮᠤᠷ ᠤᠨ ᠵᠢᠭᠤᠯᠴᠢᠯᠠᠯ ᠢ ᠡᠳ᠋ᠯᠡᠭᠦᠯᠵᠦ ᠪᠠᠶᠢᠨ᠎ᠠ᠃                 ᠡᠵᠡᠨ᠎ᠡ ᠶᠢᠨ ᠲᠣᠣᠷᠠᠢ ᠶᠢᠨ ᠤᠢ ᠳᠤ ᠰᠢᠷᠠᠮᠠᠯ ᠠᠯᠳᠠ ᠰᠢᠭ᠋ ᠰᠢᠷ᠎ᠠ ᠨᠠᠪᠴᠢᠰ ᠪᠥᠵᠢᠵᠦ᠂ ᠭᠦᠷᠦᠭᠰᠡᠨ ᠪᠦᠭᠦᠨ ᠳᠤ ᠨᠠᠮᠤᠷ ᠤᠨ ᠰᠠᠶᠢᠬᠠᠨ ᠢ ᠪᠦᠷᠢᠨ ᠬᠠᠷᠠᠭᠤᠯᠤᠨ᠎ᠠ᠃ ᠲᠣᠣᠷᠠᠢ ᠶᠢᠨ ᠣᠶ 10 ᠰᠠᠷ᠎ᠠ ᠶᠢᠨ ᠡᠬᠢ ᠠᠴᠠ ᠡᠬᠢᠯᠡᠨ ᠰᠢᠵᠢᠷᠳᠡᠨ ᠰᠢᠷᠭᠠᠯᠲᠤᠵᠤ᠂ ᠡᠵᠡᠨ᠎ᠡ ᠬᠤᠰᠢᠭᠤᠨ ᠤ ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠨᠢᠭᠡ ᠪᠢᠯᠧᠲ ᠢ 30 ᠡᠳᠦᠷ ᠬᠡᠷᠡᠭᠯᠡᠵᠦ ᠪᠤᠯᠬᠤ ᠳᠦᠷᠢᠮ ᠭᠠᠷᠭᠠᠨ ᠵᠢᠭᠤᠯᠴᠢᠯᠠᠭᠴᠢᠳ ᠤᠨ ᠬᠦᠷᠢᠶᠡᠯᠡᠯ ᠢ ᠣᠯᠵᠠᠢ᠃ ᠪᠦᠷᠢᠳᠬᠡᠯ ᠢ ᠦᠨᠳᠦᠰᠦᠯᠡᠪᠡᠯ᠂ ᠤᠯᠤᠰ ᠤᠨ ᠪᠠᠶᠠᠷ ᠤᠨ ᠠᠮᠠᠷᠠᠯᠲᠠ ᠶᠢᠨ ᠳᠠᠷᠠᠭ᠎ᠠ ᠡᠵᠡᠨ᠎ᠡ ᠶᠢᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠥᠭᠵᠢᠶᠡᠨ ᠨᠠᠷᠭᠢᠶᠠᠨ ᠮᠥᠨ ᠬᠦ ᠦᠷᠭᠦᠯᠵᠢᠯᠡᠵᠤ᠂ 10 ᠰᠠᠷ᠎ᠠ ᠶᠢᠨ 11 ᠤ ᠨᠢᠭᠡ ᠯᠡ ᠡᠳᠦᠷ ᠲᠤ 4.7 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠠᠶ; 10 ᠰᠠᠷ᠎ᠠ ᠶᠢᠨ 11 ᠠᠴᠠ 12  ᠤᠨ ᠡᠳᠦᠷ ᠪᠤᠯᠲᠠᠯ᠎ᠠ᠂ ᠪᠤᠭᠤᠲᠤ ᠬᠤᠲᠠ ︽ᠤᠷᠤᠯᠳᠤᠭᠠᠨ ᠦᠵᠡᠵᠦ ᠵᠢᠭᠤᠯᠴᠢᠯᠠᠶ᠎ᠠ - 2024 ᠮᠣᠩᠭᠤᠯ ᠮᠣᠷᠢᠨ ᠤ ᠤᠷᠤᠯᠳᠤᠭᠠᠨ︾ ᠶᠠᠪᠤᠭᠳᠠᠭᠤᠯᠵᠤ᠂ 84 ᠤᠨᠤᠭᠠᠴᠢ ᠭᠦᠯᠦᠭ ᠤᠨ ᠬᠤᠷᠳᠤᠨ ᠢ ᠭᠠᠶᠢᠬᠠᠭᠤᠯᠤᠨ᠂ ᠦᠢ ᠣᠯᠠᠨ ᠵᠢᠭᠤᠯᠴᠢᠯᠠᠬᠰᠠᠳ ᠤᠨ ᠠᠩᠬᠠᠷᠤᠯ ᠢ ᠲᠠᠲᠠᠪᠠ᠃                 ᠪᠤᠭᠤᠲᠤ ᠬᠤᠳᠠ ᠬᠠᠯᠠᠮᠰᠢᠯ ᠵᠢᠭᠤᠯᠴᠢᠯᠠᠯ ᠤᠨ ᠦᠵᠡᠮᠵᠢ ᠶᠢᠨ ᠣᠷᠣᠨ ᠦᠵᠡᠮᠵᠢ ᠶᠢᠨ ᠭᠠᠵᠠᠷ᠂ ᠰᠥᠨᠢ ᠶᠢᠨ ᠬᠤᠳᠠ ᠵᠡᠭᠡᠯᠢ ᠪᠣᠯᠣᠨ ᠬᠤᠳᠠᠯᠳᠤᠭᠠᠨ ᠤ ᠭᠤᠣᠯ ᠲᠣᠭᠤᠷᠢᠭ ᠵᠡᠷᠭᠡ ᠭᠠᠵᠠᠷ ᠲᠤ 70 ᠭᠠᠷᠤᠢ ᠵᠦᠢᠯ ᠤᠨ ᠭᠤᠣᠯᠳᠠᠯᠭ᠎ᠠ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ ᠪᠠᠶᠢᠨ᠎ᠠ; 10 ᠰᠠᠷ᠎ᠠ  ᠠᠴᠠ ᠨᠠᠭᠠᠰᠢ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠸᠠᠨ ᠵᠢᠶᠠ ᠬᠤᠶ ᠪᠠᠶᠠᠰᠤᠯᠳᠤ ᠶᠢᠷᠲᠢᠨᠴᠦ ᠠᠴᠠ ᠨᠢᠭᠡ ᠥᠨᠵᠢᠬᠦ᠂ ᠬᠤᠶᠠᠷ ᠥᠨᠵᠢᠬᠦ ᠡᠷᠡᠭᠦᠯᠵᠢᠯ ᠰᠤᠪᠢᠯᠠᠯᠲᠠ ᠰᠡᠯᠡᠭᠦᠴᠡᠯ ᠵᠢᠭᠤᠯᠴᠢᠯᠠᠯ ᠤᠨ ᠢᠵᠢ ᠦᠢᠯᠡᠴᠢᠯᠡᠭᠡ᠂ 50 ᠭᠠᠷᠤᠢ ᠵᠦᠢᠯ ᠤᠨ ᠡᠷᠡᠭᠦᠯᠵᠢᠯ ᠰᠤᠪᠢᠯᠠᠯᠲᠠ ᠶᠢᠨ ᠦᠢᠯᠡᠳᠬᠦᠨ ᠭᠠᠷᠭᠠᠵᠤ᠂ ᠡᠷᠭᠢᠨ ᠲᠣᠭᠤᠷᠢᠨ ᠵᠢᠴᠢ ᠭᠠᠳᠠᠷ ᠣᠷᠣᠨ ᠤ ᠵᠢᠭᠤᠯᠴᠢᠯᠠᠬᠰᠠᠳ ᠢ ᠲᠠᠲᠠᠵᠤ ᠪᠠᠶᠢᠨ᠎ᠠ᠃ ᠣᠷᠳᠣᠰ ᠬᠤᠳᠠ ᠶᠢᠨ ᠵᠢᠦ ᠴᠧᠩ ᠭᠦᠩ ᠦᠵᠡᠮᠵᠢ ᠶᠢᠨ ᠣᠷᠣᠨ ᠨᠢ ᠲᠠᠯ᠎ᠠ ᠨᠤᠲᠤᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠣᠬᠯᠠᠯᠲᠠ᠂ ᠰᠦᠯᠵᠢᠶᠡᠨ ᠬᠠᠯᠠᠮᠰᠢᠯ ᠦᠵᠡᠮᠵᠢ ᠶᠢᠨ ᠴᠡᠭ ᠲᠤ ᠳᠤᠷᠠᠰᠬᠠᠯ ᠦᠯᠡᠳᠡᠭᠡᠬᠦ᠂ ᠠᠮᠲᠠᠲᠤ ᠢᠳᠡᠭᠡᠨ ᠠᠮᠲᠠᠯᠠᠬᠤ ᠵᠡᠷᠭᠡ ᠠᠵᠢᠯᠯᠠᠭ᠎ᠠ ᠥᠷᠨᠢᠭᠦᠯᠵᠦ ᠪᠤᠢ᠃ 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠤᠨ