︽ᠤᠮᠠᠷᠠᠲᠤ ᠬᠢᠯᠢ ᠶᠢ ᠣᠶᠢᠯᠠᠭᠠᠬᠤᠢ - ᠭᠦᠭᠡᠬᠤᠲᠠ ᠶᠢᠨ ᠠᠩᠬᠠᠳᠤᠭᠠᠷ ᠬᠤᠭᠤᠴᠠᠭᠠᠨ ᠤ ᠱᠤᠭᠤᠮᠠᠯ ᠤᠨ ᠪᠦᠲᠦᠭᠡᠯ ᠤᠨ ᠬᠤᠸᠠᠷᠠᠨ ᠪᠠ ᠭᠤᠣᠯ | ᠰᠡᠳᠦᠪᠲᠦ ᠱᠤᠭᠤᠮᠠᠯ ᠤᠨ ᠦᠵᠡᠭᠦᠯᠭᠡ︾ ᠣᠶᠢᠷ᠎ᠠ ᠳᠤ ᠭᠦᠭᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠳᠤ ᠶᠠᠪᠤᠭᠳᠠᠵᠤ᠂ ᠭᠦᠭᠡᠬᠤᠳᠠ ᠶᠢᠨ ᠰᠣᠶᠣᠯ | ᠤᠷᠠᠯᠢᠭ ᠤᠨ ᠪᠠᠶᠢᠭᠤᠯᠤᠯᠲᠠ ᠳᠤ ᠴᠢᠬᠤᠯᠠ ᠠᠬᠢᠭᠤᠯᠬᠤ ᠦᠢᠯᠡᠳᠦᠯ ᠦᠵᠡᠭᠦᠯᠦᠭᠰᠡᠨ ᠢᠶᠠᠷ ᠪᠠᠷᠠᠬᠤ ᠦᠭᠡᠢ ᠤᠮᠠᠷᠠᠲᠤ ᠬᠢᠯᠢ ᠶᠢᠨ ᠰᠣᠶᠣᠯ ᠤᠨ ᠰᠣᠳᠣᠨ ᠰᠠᠶᠢᠬᠠᠨ | ᠢ ᠤᠬᠠᠭᠤᠯᠤᠨ ᠳᠡᠯᠭᠡᠷᠡᠭᠦᠯᠪᠡ᠃ | ᠤᠮᠠᠷᠠᠲᠤ ᠬᠢᠯᠢ ᠶᠢᠨ ᠰᠣᠶᠣᠯ ᠢ ᠭᠦᠨᠵᠡᠭᠡᠢ ᠠᠭᠤᠳᠠᠯᠤᠨ ᠪᠠᠶᠠᠯᠢᠭᠵᠢᠭᠤᠯᠵᠤ᠂ ᠭᠦᠭᠡᠬᠤᠲᠠ ᠶᠢᠨ ᠰᠣᠶᠣᠯ ᠤᠷᠠᠯᠢᠭ ᠤᠨ ᠴᠢᠨᠠᠷ ᠲᠠᠰ ᠪᠠ | ᠠᠭᠤᠯᠤᠭᠳᠠᠬᠤᠨ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠪᠠᠷ ᠵᠣᠷᠢᠯᠭ᠎ᠠ ᠪᠠᠨ ᠪᠤᠯᠭᠠᠬᠰᠠᠨ ᠡᠨᠡ ᠬᠦ ᠠᠵᠢᠯᠯᠠᠭ᠎ᠠ ᠶᠢᠨ ᠲᠤᠬᠠᠢ ᠶᠢᠨ ᠡᠳᠦᠷ᠂ ᠤᠯᠤᠰ ᠤᠨ | ᠳᠣᠲᠣᠭᠠᠳᠤ ᠶᠢᠨ 6 ᠨᠠᠷᠠᠲᠤ ᠱᠤᠭᠤᠮᠠᠯᠴᠢᠨ ᠣᠷᠳᠣᠨ ᠳᠤ ᠰᠠᠭᠤᠵᠤ ᠤᠮᠠᠷᠠᠲᠤ ᠬᠢᠯᠢ ᠶᠢᠨ ᠰᠣᠶᠣᠯ ᠤᠨ ᠭᠤᠣᠯ ᠰᠡᠳᠦᠪ ᠤᠨ ᠲᠣᠭᠤᠷᠢᠨ ᠳᠤ ᠱᠤᠭᠤᠮᠠᠯ ᠱᠤᠭᠤᠵᠠᠢ᠃ | ᠳᠡᠳᠡ ᠪᠠᠭᠰᠢ᠂ ᠠᠷᠠᠳ ᠤᠨ ᠴᠠᠭᠳᠠᠭ᠎ᠠ᠂ ᠣᠷᠴᠢᠨ ᠲᠣᠭᠤᠷᠢᠨ ᠤ ᠠᠵᠢᠯᠴᠢᠨ᠂ ᠭᠠᠯ ᠤᠨᠲᠠᠷᠠᠭᠠᠭᠴᠢ᠂ ᠡᠮᠴᠢ ᠰᠤᠪᠢᠯᠠᠭᠴᠢ᠂ ᠰᠣᠶᠣᠯ ᠵᠢᠭᠤᠯᠴᠢᠯᠠᠯ ᠤᠨ ᠠᠵᠢᠯᠴᠢᠨ | ᠵᠡᠷᠭᠡ 6 ᠠᠵᠢᠯ ᠲᠥᠷᠥᠯ ᠤᠨ ᠰᠢᠯᠢᠳᠡᠭ ᠲᠥᠯᠥᠭᠡᠯᠡᠭᠴᠢᠳ ᠢᠶᠠᠷ ᠳᠦᠷᠢ ᠡᠰᠬᠡᠨ᠂ ︽ᠰᠢᠨ᠎ᠡ ᠴᠠᠭ ᠦᠶ᠎ᠡ ᠶᠢᠨ ᠵᠢᠱᠢᠶᠡᠴᠢ ᠬᠥᠮᠥᠰ︾ ᠢ ᠱᠤᠭᠤᠬᠤ ᠪᠠᠷ ᠳᠠᠮᠵᠢᠨ | ᠭᠦᠭᠡᠬᠤᠲᠠ ᠶᠢᠨ ᠰᠡᠳᠬᠢᠯ ᠬᠥᠳᠡᠯᠭᠡᠮ᠎ᠡ᠂ ᠤᠷᠮᠠᠰᠢᠭᠤᠯᠤᠨ ᠵᠣᠷᠢᠭᠵᠢᠭᠤᠯᠤᠭᠰᠠᠨ ᠥᠯᠢᠭᠡᠷ ᠢ ᠶᠠᠷᠢᠵᠠᠢ᠃ ᠡᠭᠦᠨ ᠠᠴᠠ ᠭᠠᠳᠠᠨ᠎ᠠ ᠠᠵᠢᠯᠯᠠᠭ᠎ᠠ ᠶᠢᠨ ᠬᠤᠭᠤᠴᠠᠭᠠᠨ ᠳᠤ | 60 ᠨᠠᠷᠢᠯᠢᠭ ᠰᠠᠶᠢᠬᠠᠨ ᠱᠤᠭᠤᠮᠠᠯ ᠤᠨ ᠤᠷᠠᠯᠢᠭ ᠤᠨ ᠪᠦᠲᠦᠭᠡᠯ ᠢ ᠭᠦᠭᠡᠬᠤᠲᠠ ᠶᠢᠨ ᠱᠤᠭᠤᠮᠠᠯ ᠤᠨ ᠤᠷᠠᠯᠢᠭ ᠤᠨ ᠬᠦᠷᠢᠶᠡᠯᠡᠩ ᠳᠤ ᠳᠡᠯᠭᠡᠨ ᠦᠵᠡᠭᠦᠯᠵᠦ᠂ | ᠬᠤᠳᠠ ᠶᠢᠨ ᠠᠷᠠᠳ᠂ ᠵᠢᠭᠤᠯᠴᠢᠯᠠᠬᠰᠠᠳ᠂ ᠵᠠᠯᠠᠭᠤᠴᠤᠳ ᠪᠠᠭᠠᠴᠤᠳ ᠲᠤ ᠰᠣᠶᠣᠯ ᠤᠨ ᠰᠢᠮ᠎ᠡ ᠬᠦᠷᠲᠡᠭᠡᠨ᠂ ᠱᠤᠭᠤᠮᠠᠯ ᠤᠨ ᠤᠷᠠᠯᠢᠭ ᠢ ᠨᠡᠩ ᠤᠯᠠᠨ ᠬᠥᠮᠥᠨ ᠳᠤ | ᠮᠡᠳᠡᠷᠡᠭᠦᠯᠦᠭᠰᠡᠨ ᠪᠠᠶᠢᠨ᠎ᠠ᠃ ᠭᠦᠭᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠨᠢ 2.5 ᠲᠦᠮᠡᠨ ᠲᠡᠭᠰᠢ ᠳᠥᠷᠪᠡᠯᠵᠢᠨ ᠮᠧᠲᠷ ᠳᠠᠯᠠᠪᠠᠢ ᠲᠠᠢ ᠪᠠᠶᠢᠵᠤ᠂ | ᠪᠠᠶᠢᠭᠤᠯᠤᠭᠳᠠᠭᠰᠠᠨ ᠠᠴᠠ ᠨᠠᠭᠠᠰᠢ ᠤᠷᠢᠳ ᠬᠤᠵᠢᠳ ︽ᠭᠤᠣᠯ ᠰᠡᠳᠦᠪᠲᠦ ᠱᠤᠭᠤᠮᠠᠯ ᠤᠨ ᠦᠵᠡᠰᠭᠦᠯᠡᠩ︾᠂ ︽ᠰᠣᠶᠣᠯ ᠢᠷᠭᠡᠨᠰᠢᠯ ᠤᠷᠠᠯᠢᠭ ᠤᠨ ᠴᠤᠭᠯᠠᠭᠠᠨ︾᠂ | ︽ᠤᠷᠠᠯᠢᠭ ᠤᠨ ᠰᠠᠶᠢᠬᠠᠨ ᠤᠮᠠᠷᠠᠲᠤ ᠬᠢᠯᠢ ᠶᠢᠨ ᠶᠠᠷᠢᠶᠠᠨ ᠤ ᠲᠠᠪᠴᠠᠩ︾ ᠵᠡᠷᠭᠡ ᠡᠯ᠎ᠡ ᠵᠦᠢᠯ ᠤᠨ ᠠᠵᠢᠯᠯᠠᠭ᠎ᠠ ᠶᠢ 43 ᠲᠠᠯᠠᠪᠠᠶ ᠤᠳᠠᠭ᠎ᠠ ᠡᠷᠭᠢᠯᠡᠵᠦ᠂ 420 | ᠪᠦᠯᠭᠦᠮ ᠤᠨ 48.08 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠠᠢ᠃ |