ᠳᠣᠯᠣᠲᠤ ᠶᠢᠨ ᠵᠤᠰᠠᠯᠠᠩ ᠤᠨ ᠵᠢᠭᠤᠯᠴᠢᠯᠠᠯ ᠤᠨ ᠦᠵᠡᠮᠵᠢᠲᠦ ᠣᠷᠣᠨ
ᠨᠡᠶᠢᠲᠡᠯᠡᠭᠰᠡᠨ ᠴᠠᠭ᠄
2024/11/13
          ︽ᠳᠣᠯᠣᠲᠤ ᠪᠤᠶᠤ ᠳᠣᠯᠣᠭᠠᠳᠤ︾ ᠭᠡᠳᠡᠭ ᠨᠢ ᠰᠢᠨ᠎ᠡ ᠪᠠᠷᠭᠤ ᠵᠡᠭᠦᠨ ᠬᠤᠰᠢᠭᠤᠨ ᠤ ᠤᠤᠯ ᠤᠨ ᠵᠤᠰᠠᠯᠠᠩ ᠤᠨ ᠨᠤᠲᠤᠭ ᠪᠣᠯᠣᠨ᠎ᠠ᠃ ᠡᠨᠡ ᠨᠢ ᠦᠪᠦᠷᠪᠤᠯᠠᠭ ᠰᠤᠮᠤ ᠬᠢᠭᠡᠳ ᠨᠣᠮᠤᠨ ᠬᠠᠨ ᠪᠦᠷᠢᠳᠦ ᠰᠤᠮᠤ ᠶᠢᠨ ᠨᠤᠲᠤᠭ ᠤᠨ ᠳᠤᠮᠳᠠ ᠬᠡᠰᠡᠭ  ᠲᠠᠬᠢ︽ᠪᠠᠷᠰᠲᠤ᠂ ᠰᠢᠭᠤᠶᠢᠲᠤ᠂ ᠥᠯᠥᠩᠲᠦ᠂ ᠬᠠᠰᠢᠶᠠᠲᠤ᠂ ᠵᠠᠮᠲᠤ᠂ ᠬᠤᠰᠣᠲᠤ᠂ ᠲᠣᠭᠤᠭᠠᠲᠤ︾ ᠭᠡᠬᠦ ᠳᠣᠯᠤᠭᠠᠨ︽ ᠳᠤ︾ ᠲᠠᠢ ᠣᠨᠴᠠᠯᠢᠭ ᠪᠦᠬᠦᠢ ᠭᠠᠵᠠᠷ ᠤᠨ ᠬᠤᠷᠢᠶᠠᠩᠭᠤᠢ ᠨᠡᠷᠡᠶᠢᠳᠦᠯ ᠪᠣᠯᠣᠨ᠎ᠠ᠃          20 ᠳ᠋ᠤᠭᠠᠷ ᠵᠠᠭᠤᠨ ᠤ ᠰᠡᠭᠦᠯᠴᠢ᠂21 ᠳ᠋ᠦ᠋ᠭᠡᠷ ᠵᠠᠭᠤᠨ ᠤ ᠡᠬᠢᠨ ᠢᠶᠠᠷ ᠰᠢᠨ᠎ᠡ ᠪᠠᠷᠭᠤ ᠵᠡᠭᠦᠨ ᠬᠤᠰᠢᠭᠤ︽ᠳᠣᠯᠤᠲᠤ ᠨᠤᠲᠤᠭ︾ ᠢ ᠨᠡᠭᠡᠭᠡᠨ ᠠᠰᠢᠭᠯᠠᠵᠤ᠂ ᠬᠥᠷᠰᠢ ᠵᠡᠷᠭᠡᠯᠡᠳᠡᠭᠡ ᠠᠶᠢᠮᠠᠭ᠂ ᠬᠤᠲᠠ ᠲᠠᠢ ᠬᠤᠯᠪᠤᠭᠠᠯᠠᠨ ᠵᠢᠭᠤᠯᠴᠢᠯᠠᠯ ᠤᠨ ᠱᠤᠭᠤᠮ  ᠤᠨ ᠦᠢᠯᠡᠰ ᠢ ᠬᠥᠭᠵᠢᠭᠦᠯᠦᠭᠰᠡᠨ ᠢᠶᠠᠷ ᠪᠠᠷᠭᠤ ᠶᠠᠰᠤᠲᠠᠨ ᠤ ᠥᠪᠡᠷᠮᠢᠴᠡ ᠵᠠᠩ ᠦᠢᠯᠡ᠂ ᠰᠣᠶᠣᠯ᠂ ᠠᠵᠤ ᠠᠮᠢᠳᠤᠷᠠᠯ ᠢ ᠢᠯᠡᠳᠬᠡᠭᠰᠡᠨ ᠵᠢᠭᠤᠯᠴᠢᠯᠠᠯ ᠤᠨ ᠴᠡᠭ᠂ ᠵᠤᠭᠠᠴᠠᠯ ᠤᠨ ᠲᠣᠭᠤᠷᠢᠭ ᠤᠳ ᠪᠤᠢ ᠪᠣᠯᠤᠭᠰᠠᠨ ᠪᠠᠶᠢᠨ᠎ᠠ᠃          ︽ᠳᠣᠯᠤᠲᠤ ᠶᠢᠨ ᠵᠤᠰᠠᠯᠠᠩ︾ ᠤᠨ ᠵᠢᠷᠤᠭ ᠰᠢᠭ᠋ ᠥᠩᠭᠡ ᠦᠵᠡᠮᠵᠢ᠂ ᠴᠡᠪᠡᠷ ᠠᠷᠢᠭᠤᠨ ᠪᠠᠶᠢᠭᠠᠯᠢ᠂ ᠵᠡᠭᠦᠨ ᠪᠠᠷᠠᠭᠤᠨ᠂ ᠡᠮᠦᠨ᠎ᠡ ᠤᠮᠠᠷᠠᠰᠢ ᠨᠡᠪᠲᠡᠷᠡᠭᠰᠡᠨ ᠴᠠᠷᠳᠠᠮᠠᠯ ᠵᠠᠮ ᠵᠢᠴᠢ ᠬᠦᠳᠡᠯᠮᠦᠷᠢᠴᠢ ᠮᠠᠯᠴᠢᠳ ᠤᠨ ᠬᠥᠭᠵᠢᠯᠲᠦ ᠠᠮᠢᠳᠤᠷᠠᠯ ᠤᠨ ᠬᠥᠭ ᠨᠠᠮᠪᠠ᠂ ᠡᠩᠬᠡ ᠨᠠᠶᠢᠷᠠᠮᠳᠠᠭᠤ ᠣᠷᠴᠢᠨ ᠠᠬᠤᠢ ᠨᠢ ᠵᠢᠭᠤᠯᠴᠢᠯᠠᠭᠴᠢᠳ ᠤᠨ ᠰᠣᠨᠢᠷᠬᠠᠯ ᠢ ᠲᠠᠲᠠᠵᠤ᠂ ᠪᠠᠶᠠᠷ ᠪᠠᠭ᠋ᠠᠳᠤᠯ  ᠳᠤ ᠲᠠᠭᠠᠯᠠᠭᠳᠠᠵᠠᠢ᠃ ᠠᠳᠡ ᠠᠭᠤᠯᠠ ᠬᠠᠶᠢᠷᠬᠠᠨ᠂ ᠠᠮᠪᠠᠨ ᠨᠠᠷᠠᠰᠤ᠂ ᠣᠢ ᠰᠢᠭᠤᠢ᠂ ᠤᠰᠤ ᠨᠠᠭᠤᠷ᠂ ᠷᠠᠰᠢᠶᠠᠨ ᠪᠤᠯᠠᠭ᠂ ᠭᠤᠣᠯ ᠭᠤᠷᠤᠬ᠎ᠠ᠂ ᠥᠭᠡᠳᠡᠩ ᠲᠣᠷᠭᠠᠨ ᠲᠠᠯ᠎ᠠ ᠪᠠᠶᠢᠳᠠᠭ ᠪᠥᠭᠡᠳ ᠡᠮᠲᠦ ᠤᠷᠭᠤᠮᠠᠯ᠂ ᠬᠡᠭᠡᠷ᠎ᠡ ᠶᠢᠨ ᠵᠢᠮᠢᠰ ᠨᠣᠭᠤᠭ᠎ᠠ ᠡᠯᠪᠡᠭ᠂ ᠠᠷᠢᠶᠠᠲᠠᠨ ᠵᠢᠭᠦᠷᠲᠡᠨ ᠤ ᠴᠡᠩᠭᠡᠯ ᠤᠨ ᠳᠠᠷᠬᠠᠨ ᠣᠷᠣᠨ ᠶᠤᠮ᠃          ᠳᠣᠯᠣᠲᠤ ᠶᠢᠨ ᠵᠤᠰᠠᠯᠠᠩ ᠨᠢ ᠠᠮᠤᠭᠤᠯᠠᠩ ᠪᠠᠯᠭᠠᠰᠤ ᠠᠴᠠ ᠷᠠᠰᠢᠶᠠᠨ ᠬᠤᠲᠠ ᠬᠦᠷᠬᠦ ᠵᠠᠰᠠᠮᠠᠯ ᠵᠠᠮ ᠤᠨ ᠳᠤᠮᠳᠠ ᠬᠡᠰᠡᠭ  ᠲᠤ ᠣᠷᠣᠰᠢᠵᠤ᠂ ᠴᠦᠢᠨᠵᠢᠨ ᠴᠠᠭᠠᠨ ᠨᠠᠭᠤᠷ ᠤᠨ ᠵᠢᠭᠤᠯᠴᠢᠯᠠᠯ ᠤᠨ ᠣᠷᠣᠨ᠂ ᠢᠷᠠᠭᠤ ᠨᠠᠶᠢᠷᠠᠭ ᠤᠨ ᠣᠪᠣᠭ᠎ᠠ᠂ ᠪᠦᠬᠡ ᠶᠢᠨ ᠣᠪᠣᠭ᠎ᠠ᠂ ᠳᠠᠭᠤᠴᠢᠳ ᠤᠨ ᠣᠪᠣᠭ᠎ᠠ ᠨᠢ ᠴᠦ ᠡᠭᠦᠨ ᠳᠤ ᠪᠠᠭᠲᠠᠭᠳᠠᠵᠤ ᠪᠠᠶᠢᠳᠠᠭ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠪᠣᠳᠢ