ᠥᠪᠥᠷ ᠮᠣᠩᠭᠤᠯ ᠤᠨ ᠭᠤᠶᠢᠳᠠ ᠰᠠᠶᠢᠬᠠᠨ
ᠨᠡᠶᠢᠲᠡᠯᠡᠭᠰᠡᠨ ᠴᠠᠭ᠄
2024/11/15
          2024 ᠣᠨ ᠤ 11 ᠳ᠋ᠦ᠋ᠭᠡᠷ ᠰᠠᠷ᠎ᠠ ᠶᠢᠨ 9 ᠤ ᠡᠳᠦᠷ᠂ ᠰᠢᠨᠬᠤᠸᠠ ᠬᠤᠷᠢᠶᠠᠨ ᠤ ᠬᠡᠷᠡᠭᠯᠡᠭᠴᠢ ᠶᠢᠨ ᠦᠵᠦᠭᠦᠷ ︽ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠪᠠᠶᠢᠴᠠᠭᠠᠨ ᠰᠤᠳᠤᠯᠤᠯᠲᠠ ᠶᠢᠨ ᠠᠶᠠᠯᠠᠯ — ᠣᠷᠣᠨ ᠪᠦᠰᠡ ᠶᠢ ᠦᠵᠡᠬᠦᠢ · ᠪᠠᠷᠠᠭᠤᠨ ᠣᠷᠣᠨ ᠤ ᠪᠦᠯᠦᠭ | ᠥᠪᠥᠷ ᠮᠣᠩᠭᠤᠯ ᠤᠨ ᠭᠤᠶᠢᠳᠠ ᠰᠠᠶᠢᠬᠠᠨ︾ ᠢ ᠮᠡᠳᠡᠭᠡᠯᠡᠨ ᠨᠡᠶᠢᠲᠡᠯᠡᠪᠡ᠃ ᠪᠥᠬᠦ ᠵᠣᠬᠢᠶᠠᠯ ᠨᠢ ᠳᠠᠷᠠᠭᠠᠬᠢ ᠮᠡᠲᠦ᠄          ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠢᠨ ᠠᠮᠢ ᠠᠬᠤᠢ ᠶᠢᠨ ᠵᠢᠷᠤᠭ ᠢ ᠳᠡᠯᠭᠡᠬᠦᠶ᠎ᠡ᠂ ᠠᠭᠤᠯᠠ ᠨᠢᠷᠤᠭᠤ ᠨᠢ ᠰᠦᠨᠳᠡᠷᠯᠡᠨ ᠰᠡᠬᠦᠶᠢᠵᠦ᠂ ᠭᠤᠣᠯ ᠮᠥᠷᠡᠨ ᠨᠢ ᠤᠭᠠᠯᠵᠠᠯᠠᠨ ᠰᠦᠯᠵᠢᠯᠳᠦᠵᠦ᠂ ᠣᠢ ᠰᠢᠭᠤᠢ ᠨᠢ ᠬᠥᠬᠡᠷᠡᠨ ᠰᠠᠬᠤᠯᠢᠭᠵᠢᠨ᠂ ᠠᠮᠤ ᠲᠠᠷᠢᠶ᠎ᠠ ᠨᠢ ᠦᠷᠡᠯᠡᠨ ᠬᠠᠯᠢᠭᠤᠷᠠᠵᠤ᠂ ᠨᠠᠭᠤᠷ ᠪᠦᠷᠢᠳᠦ ᠨᠢ ᠴᠡᠩᠬᠡᠷᠯᠡᠨ ᠲᠤᠨᠤᠷᠠᠵᠤ᠂ ᠡᠪᠡᠰᠦ ᠤᠷᠭᠤᠮᠠᠯ ᠨᠢ ᠰᠠᠬᠤᠯᠢᠭ ᠤᠷᠭᠤᠵᠤ᠂ ᠡᠯᠡᠰᠦ ᠮᠠᠩᠬ᠎ᠠ ᠨᠢ ᠰᠢᠷᠭᠠᠯᠲᠤᠨ ᠨᠡᠯᠦᠶᠢᠨ᠎ᠡ᠃ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠪᠠᠬᠢᠵᠢᠭᠦᠯᠬᠦ ᠳᠤ ᠰᠠᠭᠤᠷᠢᠯᠠᠨ᠂ ᠥᠪᠥᠷ ᠮᠣᠩᠭᠤᠯ ᠤᠨ ᠠᠭᠤᠯᠠ ᠤᠰᠤ ᠣᠶ ᠲᠠᠷᠢᠶ᠎ᠠ ᠨᠠᠭᠤᠷ ᠪᠡᠯᠴᠢᠭᠡᠷ ᠡᠯᠡᠰᠦ ᠶᠢ ᠡᠶ᠎ᠡ ᠵᠣᠬᠢᠴᠠᠯ ᠲᠠᠢ ᠬᠠᠮᠲᠤ ᠣᠷᠣᠰᠢᠨ ᠬᠥᠭᠵᠢᠭᠦᠯᠵᠦ᠂ ᠬᠠᠮᠲᠤ ᠳᠤ ᠨᠢ ᠭᠤᠶᠣ ᠠᠴᠠ ᠭᠤᠶᠣ ᠪᠣᠯᠭᠠᠵᠤ ᠪᠠᠭ᠋ᠠᠷᠬᠠᠨ᠂ ᠡᠬᠡ ᠤᠯᠤᠰ ᠤᠨ ᠤᠮᠠᠷᠠᠲᠤ ᠬᠢᠯᠢ ᠶᠢᠨ ᠬᠠᠮᠤᠭ ᠤᠨ ︽ᠭᠤᠶᠢᠳᠠ ᠰᠠᠶᠢᠬᠠᠨ︾ ᠦᠵᠡᠮᠵᠢ ᠶᠢᠨ ᠣᠷᠣᠨ ᠢ ᠵᠢᠷᠤᠭᠯᠠᠪᠠ᠃
20241115-2-1.jpg
20241115-2-2.jpg
20241115-2-3.jpg
20241115-2-4.jpg
20241115-2-5.jpg
20241115-2-6.jpg
20241115-2-7.jpg
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ