ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤ ᠪᠦᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ | ᠪᠣᠯᠣᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ | ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠨ ᠪᠠᠶᠢᠭᠤᠯᠵᠤ᠂ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠡᠢ᠃1︱10 ᠰᠠᠷ᠎ᠠ ᠳᠤ᠂ ᠪᠦᠭᠦ ᠬᠤᠰᠢᠭᠤᠨ ᠤ ᠠᠵᠤ ᠠᠬᠤᠢ ︽ᠳᠠᠷᠤᠯᠲᠠ ᠶᠢ | ᠳᠠᠭᠠᠭᠠᠨ ᠲᠣᠭᠲᠠᠭᠤᠨ ᠢᠶᠠᠷ ᠤᠷᠤᠭᠰᠢᠯᠠᠵᠤ᠂ ᠬᠦᠴᠦᠨ ᠢᠶᠠᠨ ᠬᠤᠷᠠᠮᠳᠤᠭᠤᠯᠤᠨ ᠰᠢᠨ᠎ᠡ ᠲᠡᠶᠢᠰᠢ ᠵᠦᠭᠯᠡᠪᠡ︾᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠵᠤ ᠠᠵᠢᠯᠯᠠᠪᠠ | 1—10 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 10. | 5% ᠪᠠᠷ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ 77.9% ᠪᠠᠶᠢᠵᠤ᠂ ᠠᠳᠠᠯᠢ ᠬᠤᠭᠤᠴᠠᠭᠠᠨ ᠤ | ᠬᠢ ᠠᠴᠠ 25.3 ᠵᠠᠭᠤᠨ ᠤ ᠨᠢᠭᠡᠴᠢ ᠨᠡᠮᠡᠭᠳᠡᠪᠡ᠃ ᠴᠠᠬᠢᠯᠭᠠᠨ ᠭᠠᠷᠭᠠᠭᠰᠠᠨ ᠬᠡᠮᠵᠢᠶ᠎ᠡ 10373.5 ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 8.2% ᠪᠠᠭᠤᠷᠠᠪᠠ︔ ᠰᠢᠨ᠎ᠡ ᠰᠣᠷᠭᠤᠭ᠂ ᠬᠥᠯᠳᠡᠭᠡᠨ ᠬᠠᠳᠠᠭᠠᠯᠠᠭᠰᠠᠨ ᠮᠢᠬᠠᠨ ᠤ ᠭᠠᠷᠤᠯᠲᠠ 2958.5 ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 31.4% ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 2050 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39. | 3% ᠪᠠᠷ ᠪᠠᠭᠤᠷᠠᠪᠠ᠃ | ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ | 1—10 ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 6.6% ᠪᠠᠷ ᠨᠡᠮᠡᠭᠳᠡᠪᠡ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 63.5% ᠨᠡᠮᠡᠭᠳᠡᠵᠦ᠂ ᠭᠡᠷ | ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.1 ᠳᠠᠬᠢᠨ ᠨᠡᠮᠡᠭᠳᠡᠵᠡᠢ᠃ ᠲᠣᠰ ᠵᠢᠯ ᠤᠨ | ᠪᠠᠷᠢᠯᠭ᠎ᠠ ᠶᠢᠨ ᠲᠥᠷᠥᠯ ᠵᠦᠢᠯ 51 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 8᠂ 500 ︱ 5000 ᠲᠦᠮᠡᠨ | ᠲᠥᠭᠦᠷᠢᠭ ᠤᠨ ᠲᠥᠷᠥᠯ ᠵᠦᠢᠯ 39᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 4 ᠪᠣᠶ᠃1—10 ᠰᠠᠷ᠎ᠠ ᠳᠤ᠂ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 7340 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 40.4% ᠪᠠᠷ ᠨᠡᠮᠡᠭᠳᠡᠨ᠂ ᠪᠣᠷᠣᠯᠠᠭᠤᠯᠤᠯᠲᠠ ᠶᠢᠨ ᠬᠡᠮᠵᠢᠶ᠎ᠡ 2390 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 53.0% ᠪᠠᠷ | ᠨᠡᠮᠡᠭᠳᠡᠵᠡᠢ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ | 1—10 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.59 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 1.7% ᠪᠠᠷ ᠨᠡᠮᠡᠭᠳᠡᠪᠡ᠃ | ᠳᠥᠷᠪᠡ᠂ ᠡᠳ᠋ ᠤᠨ ᠵᠠᠰᠠᠭ ᠤᠨ ᠵᠠᠷᠤᠯᠭ᠎ᠠ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ | 1—10 ᠰᠠᠷ᠎ᠠ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 7927 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.5% ᠪᠠᠷ ᠪᠠᠭᠤᠷᠠᠪᠠ᠂ ᠡᠭᠦᠨ ᠳᠤ ᠭᠠᠶᠢᠯᠢ ᠶᠢᠨ ᠣᠷᠣᠯᠭ᠎ᠠ 5178 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 2749 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 21.8% ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 85679 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ | ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠪᠠᠶᠢᠨ᠎ᠠ | 10 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ | ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 150483 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.7% ᠪᠠᠷ ᠨᠡᠮᠡᠭᠳᠡᠪᠡ᠃ | ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 126876 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.6% ᠨᠡᠮᠡᠭᠳᠡᠪᠡ︔ | ᠳᠡᠯᠭᠡᠷᠡᠩᠭᠦᠢ ᠤᠳᠬ᠎ᠠ ᠶᠢᠨ ᠵᠠᠰᠠᠭ ᠤᠨ ᠣᠷᠳᠣᠨ ᠤ ᠬᠠᠳᠠᠭᠠᠯᠠᠮᠵᠢ 20081 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 11.4% | ᠳᠣᠷᠣᠭᠰᠢᠯᠠᠵᠠᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ | 130538 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.2% ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ | 116934 ᠲᠦᠮᠡᠨ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 21.2% ᠨᠡᠮᠡᠭᠳᠡᠪᠡ︔ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ | ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 13604 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.3% ᠪᠠᠷ ᠪᠠᠭᠤᠷᠠᠪᠠ᠃ | ᠶᠡᠷᠦᠩᠬᠡᠢ ᠳᠤᠨᠢ ᠠᠪᠴᠤ ᠦᠵᠡᠪᠡᠯ᠂ 1-10 ᠰᠠᠷ᠎ᠠ ᠳᠤ᠂ ᠪᠥᠬᠦ ᠬᠤᠰᠢᠭᠤᠨ ᠤ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ᠂ ᠴᠢᠨᠠᠷ | ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠷᠬᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠰᠢᠨ᠎ᠡ ᠬᠥᠳᠡᠯᠭᠡᠭᠴᠢ ᠬᠦᠴᠦᠨ ᠰᠢᠨ᠎ᠡ ᠳᠠᠪᠠᠭᠤᠯᠢᠭ ᠢ ᠲᠦᠷᠭᠡᠪᠴᠢᠯᠡᠨ ᠪᠣᠶᠢᠵᠢᠭᠤᠯᠪᠠ᠃ ᠲᠠᠷᠠᠭᠠᠴᠢ ᠶᠢᠨ ᠱᠠᠲᠤᠨ ᠳᠤ᠂ ᠰᠢᠨ᠎ᠡ | ᠪᠠᠷᠭᠤ ᠵᠡᠭᠦᠨ ᠬᠤᠰᠢᠭᠤ ᠠᠵᠤ ᠠᠬᠤᠢ ᠶᠢᠨ ᠠᠵᠢᠯᠯᠠᠭᠠᠨ ᠤ ᠨᠢᠭᠡᠳᠦᠭᠡᠷ ᠤᠯᠠᠷᠢᠯ ᠳᠤ ᠰᠠᠶᠢᠨ ᠡᠬᠢᠯᠡᠯᠲᠡ ᠲᠠᠢ ᠪᠣᠯᠬᠤ ᠶᠢ ᠦᠷᠭᠦᠯᠵᠢᠯᠡᠨ ᠠᠬᠢᠭᠤᠯᠵᠤ᠂ ᠲᠦᠷᠦᠭᠦᠸ | ᠬᠠᠭᠠᠰ ᠵᠢᠯ ᠳᠤ ᠲᠣᠭᠲᠠᠭᠤᠨ ᠤ ᠳᠤᠮᠳᠠ ᠰᠢᠯᠢᠳᠡᠭ ᠢᠶᠠᠷ ᠤᠷᠤᠭᠰᠢᠯᠠᠭᠰᠠᠨ ᠰᠠᠭᠤᠷᠢᠨ ᠳᠡᠭᠡᠷ᠎ᠡ᠂ ᠦᠷᠭᠦᠯᠵᠢᠯᠡᠨ ᠯᠠᠪᠳᠠᠭᠤᠨ ᠲᠣᠭᠲᠠᠭᠤᠨ ᠢᠶᠠᠷ ᠠᠵᠢᠯᠯᠠᠵᠤ᠂ | ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ |