2024 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ᠂ ᠰᠢᠨ᠎ᠡ ᠪᠠᠷᠭᠤ | ᠵᠡᠭᠦᠨ ᠬᠤᠰᠢᠭᠤᠨ ᠤ ᠡᠪᠦᠳᠦᠭ ᠪᠣᠭᠤᠮᠲᠠ ᠶᠢᠨ ᠬᠢᠯᠢ ᠪᠠᠷ ᠣᠷᠣᠭᠤᠯᠵᠤ ᠭᠠᠷᠭᠠᠬᠤ ᠠᠵᠢᠯᠯᠠᠭᠠᠨ ᠤ ᠪᠠᠶᠢᠳᠠᠯ ᠳᠣᠣᠷᠠᠬᠢ ᠮᠡᠲᠦ᠄ | ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠦᠷᠢᠳᠬᠡᠯ ᠢ ᠦᠨᠳᠦᠰᠦᠯᠡᠪᠡᠯ᠂ 2024 ᠣᠨ ᠤ ᠡᠪᠦᠳᠦᠭ ᠪᠣᠭᠤᠮᠲᠠ ᠶᠢᠨ 1—10 | ᠰᠠᠷ᠎ᠠ ᠳᠤ ᠬᠢᠯᠢ ᠪᠠᠷ ᠣᠷᠣᠭᠤᠯᠵᠤ ᠭᠠᠷᠭᠠᠭᠰᠠᠨ ᠬᠥᠮᠥᠨ ᠨᠡᠶᠢᠲᠡ 4.45 ᠲᠦᠮᠡᠨ ᠬᠥᠮᠥᠨ ᠤᠳᠠᠭ᠎ᠠ ︵ᠬᠢᠯᠢ ᠪᠠᠷ ᠣᠷᠣᠵᠤ ᠢᠷᠡᠭᠰᠡᠨ ᠬᠥᠮᠥᠨ 2.22 ᠲᠦᠮᠡᠨ | ᠬᠥᠮᠥᠨ ᠤᠳᠠᠭ᠎ᠠ᠂ ᠬᠢᠯᠢ ᠪᠠᠷ ᠭᠠᠷᠴᠤ ᠶᠠᠪᠤᠭᠰᠠᠨ ᠬᠥᠮᠥᠨ 2.23 ᠲᠦᠮᠡᠨ ᠬᠥᠮᠥᠨ ᠤᠳᠠᠭ᠎ᠠ︶ ᠳᠤ ᠬᠦᠷᠴᠡᠢ︔ ᠬᠢᠯᠢ ᠪᠠᠷ ᠣᠷᠣᠭᠤᠯᠵᠤ ᠭᠠᠷᠭᠠᠬᠤ ᠲᠡᠷᠭᠡ | ᠨᠡᠶᠢᠲᠡ 2.97 ᠲᠦᠮᠡᠨ ᠤᠳᠠᠭ᠎ᠠ ︵ᠬᠢᠯᠢ ᠪᠠᠷ ᠣᠷᠣᠵᠤ ᠢᠷᠡᠭᠰᠡᠨ ᠲᠡᠷᠭᠡ 1.48 ᠲᠦᠮᠡᠨ ᠤᠳᠠᠭ᠎ᠠ᠂ ᠬᠢᠯᠢ ᠪᠠᠷ ᠭᠠᠷᠴᠤ ᠶᠠᠪᠤᠭᠰᠠᠨ ᠲᠡᠷᠭᠡ 1.49 ᠲᠦᠮᠡᠨ | ᠤᠳᠠᠭ᠎ᠠ︶︔ᠬᠢᠯᠢ ᠪᠠᠷ ᠣᠷᠣᠭᠤᠯᠵᠤ ᠭᠠᠷᠭᠠᠭᠰᠠᠨ ᠪᠠᠷᠠᠭᠠᠨ ᠤ ᠬᠡᠮᠵᠢᠶ᠎ᠡ ᠨᠡᠶᠢᠲᠡ 46.2 ᠲᠦᠮᠡᠨ ᠲᠣᠨ ᠳᠤ ᠬᠦᠷᠴᠦ᠂ ᠣᠳᠣᠬᠠᠨ ᠳᠤ ᠪᠣᠭᠤᠮᠲᠠ ᠶᠢᠨ ᠣᠨ ᠤ | ᠡᠭᠦᠷᠭᠡ ᠪᠠᠨ ᠨᠢᠭᠡᠨᠲᠡ 66% ᠪᠠᠷ ᠪᠡᠶᠡᠯᠡᠭᠦᠯᠵᠡᠢ᠃ |