2024 ᠣᠨ ᠤ ᠲᠦᠷᠦᠭᠦᠸ ᠭᠤᠷᠪᠠᠨ ᠤᠯᠠᠷᠢᠯ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/11/5
          ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤ ᠪᠦᠬᠦ ᠬᠤᠰᠢᠭᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠴᠢᠬᠤᠯᠠ︾ ︽ᠬᠤᠶᠠᠷ ᠰᠢᠨ᠎ᠡ︾ ᠵᠡᠷᠭᠡ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾᠎ ᠢ ᠰᠠᠶᠢᠲᠤᠷ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠪᠠ᠃ ᠲᠦᠷᠦᠭᠦᠦ ᠭᠤᠷᠪᠠᠨ ᠤᠯᠠᠷᠢᠯ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠦᠷᠭᠦᠯᠵᠢᠯᠡᠨ ᠬᠦᠴᠦᠯᠡᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠤ ᠳᠤᠮᠳᠠ ᠤᠷᠤᠭᠰᠢᠯᠠᠬᠤ ᠬᠥᠭᠵᠢᠯᠲᠡ ᠶᠢᠨ ᠬᠠᠨᠳᠤᠰᠢ ᠎ ᠶᠢ ᠢᠯᠡᠷᠡᠭᠦᠯᠵᠡᠢ᠃          ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠲᠦᠷᠦᠭᠦᠸ ᠭᠤᠷᠪᠠᠨ ᠤᠯᠠᠷᠢᠯ ᠤᠨ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 18.45 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠷᠠᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.6% ᠎ ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 5.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7%᠎ ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2.90 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠎ ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠎ ᠪᠠᠷ ᠨᠡᠮᠡᠭᠳᠡᠪᠡ᠃          ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠪᠠ          ᠲᠦᠷᠦᠭᠦᠸ ᠭᠤᠷᠪᠠᠨ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠎ ᠬᠢ ᠠᠴᠠ 11%᠎ ᠪᠠᠷ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 17210.96 ᠲᠦᠮᠡᠨ ᠺᠢᠯᠣᠸᠠᠲ ᠤᠨ ᠦᠶ᠎ᠡ ᠳᠤ᠂ ᠠᠳᠠᠯᠢ ᠬᠤᠭᠤᠴᠠᠭᠠᠨ ᠤ ᠎ ᠬᠢ ᠠᠴᠠ 7.8%᠎ ᠪᠠᠷ ᠪᠠᠭᠤᠷᠠᠪᠠ︔ ᠰᠢᠨ᠎ᠡ ᠰᠣᠷᠭᠤᠭ᠂ ᠬᠥᠯᠳᠡᠭᠡᠨ ᠬᠠᠳᠠᠭᠠᠯᠠᠭᠰᠠᠨ ᠮᠢᠬᠠᠨ ᠤ ᠭᠠᠷᠤᠯᠲᠠ 2040.98 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 47.1% ᠎ ᠪᠠᠷ ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 2037 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 35.5%᠎ ᠪᠠᠷ ᠪᠠᠭᠤᠷᠠᠪᠠ᠃          ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ          ᠲᠦᠷᠦᠭᠦᠸ ᠭᠤᠷᠪᠠᠨ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠎ ᠠᠴᠠ ᠳᠡᠭᠡᠭᠰᠢᠬᠢ ᠲᠣᠭᠲᠠᠮᠠᠯ ᠬᠥᠷᠥᠩᠭᠡ ᠎ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 8.7% ᠎ ᠪᠠᠷ ᠨᠡᠮᠡᠭᠳᠡᠵᠡᠢ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.6 ᠳᠠᠬᠢᠨ ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.2 ᠳᠠᠬᠢᠨ ᠨᠡᠮᠡᠭᠳᠡᠵᠡᠢ᠃ ᠲᠣᠰ ᠵᠢᠯ ᠤᠨ ᠪᠠᠷᠢᠯᠭ᠎ᠠ ᠶᠢᠨ ᠲᠥᠷᠥᠯ ᠵᠦᠢᠯ 49 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 8᠂ 500 ︱ 5000 ᠲᠦᠮᠡᠨ ᠲᠥᠭᠦᠷᠢᠭ ᠤᠨ ᠲᠥᠷᠥᠯ ᠵᠦᠢᠯ 37᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 4 ᠪᠣᠶ᠃ ᠲᠦᠷᠦᠭᠦᠸ ᠭᠤᠷᠪᠠᠨ ᠤᠯᠠᠷᠢᠯ ᠳᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 7340 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.0 ᠳᠠᠬᠢᠨ ᠨᠡᠮᠡᠭᠳᠡᠨ᠂ ᠪᠣᠷᠣᠯᠠᠭᠤᠯᠤᠯᠲᠠ ᠶᠢᠨ ᠬᠡᠮᠵᠢᠶ᠎ᠡ 2390 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 1.9 ᠳᠠᠬᠢᠨ ᠨᠡᠮᠡᠭᠳᠡᠵᠡᠢ᠃          ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ          ᠲᠦᠷᠦᠭᠦᠸ ᠭᠤᠷᠪᠠᠨ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.10 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠎ ᠪᠠᠷ ᠨᠡᠮᠡᠭᠳᠡᠵᠡᠢ᠃          ᠳᠥᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡᠪᠡᠷ ᠪᠠᠭᠤᠷᠠᠪᠠ          ᠲᠦᠷᠦᠭᠦᠸ ᠭᠤᠷᠪᠠᠨ ᠤᠯᠠᠷᠢᠯ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 7136 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4%᠎ ᠪᠠᠷ ᠪᠠᠭᠤᠷᠠᠪᠠ᠂ ᠡᠭᠦᠨ ᠳᠤ ᠭᠠᠶᠢᠯᠢ ᠶᠢᠨ ᠣᠷᠣᠯᠭ᠎ᠠ 4815 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.1%᠎ ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 2321 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 24.0%᠎ ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 77233 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.1%᠎ ᠪᠠᠷ ᠪᠠᠭᠤᠷᠠᠪᠠ᠃          ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠪᠠᠶᠢᠨ᠎ᠠ          9 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 149576 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0%᠎ ᠪᠠᠷ ᠪᠠᠭᠤᠷᠠᠪᠠ᠃ ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 125836 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠎ ᠪᠠᠷ ᠨᠡᠮᠡᠭᠳᠡᠪᠡ︔ ᠳᠡᠯᠭᠡᠷᠡᠩᠭᠦᠢ ᠤᠳᠬ᠎ᠠ ᠎ ᠶᠢᠨ ᠵᠠᠰᠠᠭ ᠤᠨ ᠣᠷᠳᠣᠨ ᠤ ᠬᠠᠳᠠᠭᠠᠯᠠᠮᠵᠢ 18831 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠎ ᠠᠴᠠ 41.1% ᠎ ᠪᠠᠷ ᠳᠣᠷᠣᠭᠰᠢᠯᠠᠵᠠᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ 127554 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3%᠎ ᠪᠠᠷ ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ ᠵᠢᠭᠡᠯᠡᠯᠭᠡ 113950 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% ᠎ ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 13604 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.8% ᠎ ᠪᠠᠷ ᠪᠠᠭᠤᠷᠠᠪᠠ᠃          ᠵᠢᠷᠭᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠠᠳᠠᠯᠢ ᠠᠯᠬᠤᠮ ᠲᠠᠢ ᠪᠣᠯᠬᠤ ᠬᠠᠨᠳᠤᠰᠢ ᠢᠯᠡᠷᠡᠪᠡ          ᠲᠦᠷᠦᠭᠦᠸ ᠭᠤᠷᠪᠠᠨ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23210 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1%᠎ ᠪᠠᠷ ᠨᠡᠮᠡᠭᠳᠡᠵᠡᠢ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23236 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠎ ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23174 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠎ ᠪᠠᠷ ᠨᠡᠮᠡᠭᠳᠡᠪᠡ᠃          ᠶᠡᠷᠦᠩᠬᠡᠢ ᠳᠤᠨᠢ ᠠᠪᠴᠤ ᠦᠵᠡᠪᠡᠯ᠂ ᠲᠦᠷᠦᠭᠦᠸ ᠭᠤᠷᠪᠠᠨ ᠤᠯᠠᠷᠢᠯ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠦᠢᠯᠡᠳᠪᠦᠷᠢᠯᠡᠯ ᠬᠠᠩᠭᠠᠯᠭ᠎ᠠ ᠲᠣᠭᠲᠠᠭᠤᠨ ᠢᠶᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠦᠷᠭᠦᠯᠵᠢᠯᠡᠨ ᠰᠡᠷᠭᠦᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠲᠦᠷᠭᠡᠨ ᠬᠤᠷᠠᠮᠳᠤᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠳᠠᠯ ᠎ ᠢ ᠢᠯᠡᠷᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠰᠢᠨ᠎ᠡ ᠪᠠᠷᠭᠤ ᠵᠡᠭᠦᠨ ᠬᠤᠰᠢᠭᠤ ᠦᠷᠭᠦᠯᠵᠢᠯᠡᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠣᠯᠣᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠭᠡᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠬᠢᠵᠢᠭᠦᠯᠦᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ