ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤ ᠪᠦᠬᠦ ᠬᠤᠰᠢᠭᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠵᠢᠴᠢ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠴᠢᠬᠤᠯᠠ︾ ︽ᠬᠤᠶᠠᠷ ᠰᠢᠨ᠎ᠡ︾ ᠵᠡᠷᠭᠡ ᠴᠢᠬᠤᠯᠠ | ᠶᠡᠭᠡ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ | ᠰᠠᠶᠢᠲᠤᠷ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ | ᠪᠠᠶᠢᠬᠤ ᠶᠢᠨ ᠵᠡᠷᠭᠡ ᠳᠤ ᠤᠷᠤᠭᠰᠢᠯᠠᠪᠠ᠃ ᠲᠦᠷᠦᠭᠦᠦ ᠭᠤᠷᠪᠠᠨ ᠤᠯᠠᠷᠢᠯ ᠳᠤ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠵᠤ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠦᠷᠭᠦᠯᠵᠢᠯᠡᠨ | ᠬᠦᠴᠦᠯᠡᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠤ ᠳᠤᠮᠳᠠ ᠤᠷᠤᠭᠰᠢᠯᠠᠬᠤ ᠬᠥᠭᠵᠢᠯᠲᠡ ᠶᠢᠨ ᠬᠠᠨᠳᠤᠰᠢ ᠶᠢ ᠢᠯᠡᠷᠡᠭᠦᠯᠵᠡᠢ᠃ | ᠬᠤᠰᠢᠭᠤ ᠬᠤᠲᠠ ᠲᠣᠭᠤᠷᠢᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ | ᠦᠨᠳᠦᠰᠦᠯᠡᠪᠡᠯ᠂ ᠲᠦᠷᠦᠭᠦᠸ ᠭᠤᠷᠪᠠᠨ ᠤᠯᠠᠷᠢᠯ ᠤᠨ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 18. | 45 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠷᠠᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 4.6% ᠪᠠᠷ ᠨᠡᠮᠡᠭᠳᠡᠪᠡ᠃ | ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 5.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2.90 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9.91 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠠᠷᠤᠯᠲᠠ ᠶᠢ ᠳᠠᠭᠠᠭᠠᠨ ᠠᠵᠢᠯᠯᠠᠪᠠ | ᠲᠦᠷᠦᠭᠦᠸ ᠭᠤᠷᠪᠠᠨ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 11% ᠪᠠᠷ ᠪᠠᠭᠤᠷᠠᠪᠠ᠃ ᠴᠠᠬᠢᠯᠭᠠᠨ ᠭᠠᠷᠭᠠᠭᠰᠠᠨ ᠬᠡᠮᠵᠢᠶ᠎ᠡ 17210.96 ᠲᠦᠮᠡᠨ ᠺᠢᠯᠣᠸᠠᠲ ᠤᠨ ᠦᠶ᠎ᠡ ᠳᠤ᠂ ᠠᠳᠠᠯᠢ ᠬᠤᠭᠤᠴᠠᠭᠠᠨ ᠤ | ᠬᠢ ᠠᠴᠠ 7.8% ᠪᠠᠷ ᠪᠠᠭᠤᠷᠠᠪᠠ︔ ᠰᠢᠨ᠎ᠡ ᠰᠣᠷᠭᠤᠭ᠂ ᠬᠥᠯᠳᠡᠭᠡᠨ ᠬᠠᠳᠠᠭᠠᠯᠠᠭᠰᠠᠨ ᠮᠢᠬᠠᠨ ᠤ ᠭᠠᠷᠤᠯᠲᠠ 2040.98 ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 47.1% ᠪᠠᠷ ᠨᠡᠮᠡᠭᠳᠡᠪᠡ︔ ᠴᠠᠭᠠᠨ ᠢᠳᠡᠭᠡᠨ ᠤ ᠭᠠᠷᠤᠯᠲᠠ 2037 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 35.5% ᠪᠠᠷ ᠪᠠᠭᠤᠷᠠᠪᠠ᠃ | ᠬᠤᠶᠠᠷ᠂ ᠪᠦᠲᠦᠮᠵᠢᠲᠡᠶ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠪᠠ | ᠲᠦᠷᠦᠭᠦᠸ ᠭᠤᠷᠪᠠᠨ ᠤᠯᠠᠷᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 8.7% ᠪᠠᠷ ᠨᠡᠮᠡᠭᠳᠡᠵᠡᠢ᠃ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.6 ᠳᠠᠬᠢᠨ | ᠨᠡᠮᠡᠭᠳᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.2 ᠳᠠᠬᠢᠨ ᠨᠡᠮᠡᠭᠳᠡᠵᠡᠢ᠃ ᠲᠣᠰ ᠵᠢᠯ ᠤᠨ | ᠪᠠᠷᠢᠯᠭ᠎ᠠ ᠶᠢᠨ ᠲᠥᠷᠥᠯ ᠵᠦᠢᠯ 49 ᠪᠠᠶᠢᠵᠤ᠂ ᠡᠭᠦᠨ ᠳᠤ 5000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 8᠂ 500 ︱ 5000 ᠲᠦᠮᠡᠨ | ᠲᠥᠭᠦᠷᠢᠭ ᠤᠨ ᠲᠥᠷᠥᠯ ᠵᠦᠢᠯ 37᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ 4 ᠪᠣᠶ᠃ ᠲᠦᠷᠦᠭᠦᠸ ᠭᠤᠷᠪᠠᠨ ᠤᠯᠠᠷᠢᠯ ᠳᠤ᠂ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠣᠷᠣᠯᠠᠭᠤᠯᠤᠯᠲᠠ ᠶᠢᠨ ᠲᠠᠯᠠᠪᠠᠶ 7340 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.0 ᠳᠠᠬᠢᠨ ᠨᠡᠮᠡᠭᠳᠡᠨ᠂ ᠪᠣᠷᠣᠯᠠᠭᠤᠯᠤᠯᠲᠠ ᠶᠢᠨ ᠬᠡᠮᠵᠢᠶ᠎ᠡ 2390 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 1.9 ᠳᠠᠬᠢᠨ ᠨᠡᠮᠡᠭᠳᠡᠵᠡᠢ᠃ | ᠭᠤᠷᠪᠠ᠂ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠨᠡᠮᠡᠭᠳᠡᠪᠡ | ᠲᠦᠷᠦᠭᠦᠸ ᠭᠤᠷᠪᠠᠨ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 5.10 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠵᠡᠢ᠃ | ᠳᠥᠷᠪᠡ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠵᠡᠷᠭᠡᠪᠡᠷ ᠪᠠᠭᠤᠷᠠᠪᠠ | ᠲᠦᠷᠦᠭᠦᠸ ᠭᠤᠷᠪᠠᠨ ᠤᠯᠠᠷᠢᠯ ᠳᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 7136 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.4% ᠪᠠᠷ ᠪᠠᠭᠤᠷᠠᠪᠠ᠂ ᠡᠭᠦᠨ ᠳᠤ ᠭᠠᠶᠢᠯᠢ ᠶᠢᠨ ᠣᠷᠣᠯᠭ᠎ᠠ 4815 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 15.1% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 2321 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 24.0% ᠪᠠᠷ ᠪᠠᠭᠤᠷᠠᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ 77233 ᠲᠦᠮᠡᠨ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 0.1% ᠪᠠᠷ ᠪᠠᠭᠤᠷᠠᠪᠠ᠃ | ᠲᠠᠪᠤ᠂ ᠮᠥᠩᠭᠦᠨ ᠭᠦᠢᠯᠭᠡᠭᠡᠨ ᠤ ᠬᠠᠳᠠᠭᠠᠯᠠᠮᠵᠢ ᠵᠢᠭᠡᠯᠡᠯᠭᠡ ᠶᠢᠨ ᠠᠵᠢᠯᠯᠠᠭᠠᠨ ᠯᠠᠪᠳᠠᠭᠤᠨ ᠲᠣᠭᠲᠠᠭᠤᠨ ᠪᠠᠶᠢᠨ᠎ᠠ | 9 ᠰᠠᠷ᠎ᠠ ᠶᠢᠨ ᠰᠡᠭᠦᠯᠴᠢ ᠪᠠᠷ᠂ ᠰᠢᠨ᠎ᠡ ᠪᠠᠷᠭᠤ ᠵᠡᠭᠦᠨ ᠬᠤᠰᠢᠭᠤᠨ ᠤ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ | ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ 149576 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠪᠠᠷ ᠪᠠᠭᠤᠷᠠᠪᠠ᠃ | ᠡᠭᠦᠨ ᠳᠤ᠄ ᠰᠠᠭᠤᠭᠠᠯᠢ ᠡᠷᠦᠬᠡ ᠶᠢᠨ ᠬᠠᠳᠠᠭᠠᠯᠠᠮᠵᠢ 125836 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.0% ᠪᠠᠷ | ᠨᠡᠮᠡᠭᠳᠡᠪᠡ︔ ᠳᠡᠯᠭᠡᠷᠡᠩᠭᠦᠢ ᠤᠳᠬ᠎ᠠ ᠶᠢᠨ ᠵᠠᠰᠠᠭ ᠤᠨ ᠣᠷᠳᠣᠨ ᠤ ᠬᠠᠳᠠᠭᠠᠯᠠᠮᠵᠢ 18831 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ | 41.1% ᠪᠠᠷ ᠳᠣᠷᠣᠭᠰᠢᠯᠠᠵᠠᠢ᠃ ᠪᠥᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ | 127554 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠪᠠᠷ ᠨᠡᠮᠡᠭᠳᠡᠪᠡ᠃ ᠡᠭᠦᠨ ᠳᠤ᠄ ᠰᠠᠭᠤᠭᠠᠯᠢ ᠡᠷᠦᠬᠡ ᠶᠢᠨ | ᠵᠢᠭᠡᠯᠡᠯᠭᠡ 113950 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 17.3% ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ | ᠠᠵᠤ ᠠᠬᠤᠶᠢᠯᠠᠯ ᠵᠢᠴᠢ ᠪᠠᠶᠢᠭᠤᠯᠤᠯᠭ᠎ᠠ ᠪᠦᠯᠬᠦᠮ ᠤᠨ ᠵᠢᠭᠡᠯᠡᠯᠭᠡ 13604 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.8% | ᠪᠠᠷ ᠪᠠᠭᠤᠷᠠᠪᠠ᠃ | ᠵᠢᠷᠭᠤᠭ᠎ᠠ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠠᠳᠠᠯᠢ ᠠᠯᠬᠤᠮ ᠲᠠᠢ ᠪᠣᠯᠬᠤ ᠬᠠᠨᠳᠤᠰᠢ ᠢᠯᠡᠷᠡᠪᠡ | ᠲᠦᠷᠦᠭᠦᠸ ᠭᠤᠷᠪᠠᠨ ᠤᠯᠠᠷᠢᠯ ᠳᠤ᠂ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23210 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠵᠡᠢ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ | ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23236 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ︔ | ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 23174 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠨᠡᠮᠡᠭᠳᠡᠪᠡ᠃ | ᠶᠡᠷᠦᠩᠬᠡᠢ ᠳᠤᠨᠢ ᠠᠪᠴᠤ ᠦᠵᠡᠪᠡᠯ᠂ ᠲᠦᠷᠦᠭᠦᠸ ᠭᠤᠷᠪᠠᠨ ᠤᠯᠠᠷᠢᠯ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠦᠢᠯᠡᠳᠪᠦᠷᠢᠯᠡᠯ ᠬᠠᠩᠭᠠᠯᠭ᠎ᠠ | ᠲᠣᠭᠲᠠᠭᠤᠨ ᠢᠶᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠦᠷᠭᠦᠯᠵᠢᠯᠡᠨ ᠰᠡᠷᠭᠦᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠲᠦᠷᠭᠡᠨ ᠬᠤᠷᠠᠮᠳᠤᠵᠤ᠂ | ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠳᠠᠯ ᠢ ᠢᠯᠡᠷᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠰᠢᠨ᠎ᠡ ᠪᠠᠷᠭᠤ ᠵᠡᠭᠦᠨ | ᠬᠤᠰᠢᠭᠤ ᠦᠷᠭᠦᠯᠵᠢᠯᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠦᠴᠦᠯᠡᠨ ᠠᠬᠢᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠣᠯᠣᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠦᠷᠭᠡᠨ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠬᠢᠵᠢᠭᠦᠯᠦᠨ᠎ᠡ᠃ |