2024 ᠣᠨ ᠤ 1 ᠰᠠᠷ᠎ᠠ ᠶᠢᠨ ᠶᠡᠭᠡ ᠬᠡᠷᠡᠭ ᠶᠠᠪᠤᠳᠠᠯ ᠤᠨ ᠲᠡᠮᠳᠡᠭᠯᠡᠯ
ᠨᠡᠶᠢᠲᠡᠯᠡᠭᠰᠡᠨ ᠴᠠᠭ᠄
2024/12/11
          3᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠠᠨᠳᠠᠭᠠᠢ ᠰᠤᠮᠤ᠂ ᠦᠪᠦᠷᠪᠣᠯᠠᠭ ᠰᠤᠮᠤ ᠳᠤ ᠭᠦᠨᠵᠡᠭᠡᠶᠢᠷᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠬᠠᠳᠠ᠂ ᠰᠤᠮᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ ᠦ᠋ ᠰᠢᠤᠸᠠᠢ ᠶᠦᠩ ᠤᠷᠢᠳ ᠬᠤᠵᠢᠳ ᠬᠠᠨᠳᠠᠭᠠᠢ ᠶᠢᠨ ᠷᠧᠨ ᠰᠢᠶᠠᠩ ᠪᠠᠭᠤᠳᠠᠯ ᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠭᠤᠸᠠᠩ ᠴᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠦᠢᠲᠡᠨ ᠣᠷᠣᠨ ᠤ ᠲᠤᠷᠰᠢᠯᠲᠠ ᠶᠢᠨ ᠲᠠᠯᠠᠪᠠᠢ ︵ᠨᠣᠭᠤᠭᠠᠨ ᠨᠠᠭᠤᠷ︶᠎ ᠳᠤ ᠬᠦᠷᠴᠦ᠂ ᠠᠵᠤ ᠦᠢᠯᠡᠰ ᠤᠨ ᠲᠦᠷᠦᠯ ᠵᠦᠢᠯ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠠᠰᠢᠭᠯᠠᠯᠲᠠ ᠳᠤ ᠣᠷᠣᠭᠤᠯᠤᠨ ᠡᠵᠡᠩᠨᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃          3᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ︽ᠴᠠᠭᠠᠨ‌ᠢᠳᠡᠭᠡ ︵ᠪᠠᠷᠭᠤ ᠶᠢᠨ ᠤᠯᠠᠮᠵᠢᠯᠠᠯᠲᠤ ᠡᠭᠡᠳᠡᠭᠰᠡᠨ ᠰᠦ ᠬᠢᠬᠦ ᠤᠷ᠎ᠠ ᠮᠡᠷᠭᠡᠵᠢᠯ︶︾ ︽ᠲᠦᠩ ᠯᠧ ᠹᠦ᠋ ᠶᠢᠨ ᠬᠠᠭᠤᠴᠢᠨ ᠮᠠᠶ᠋ᠢᠭ ᠤᠨ ᠵᠢᠭᠤᠷᠠᠮᠠᠯ ᠶᠧᠪᠡᠩ ᠬᠢᠬᠦ ᠤᠷ᠎ᠠ ᠮᠡᠷᠭᠡᠵᠢᠯ︾᠎ ᠤᠨ ᠲᠥᠷᠥᠯ ᠵᠦᠢᠯ ᠨᠢ ᠨᠠᠢᠮᠠᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠲᠤ ᠵᠢᠭᠰᠠᠭᠠᠭᠳᠠᠪᠠ ︵ᠨᠡᠶᠢᠲᠡ 29 ᠵᠦᠢᠯ︶᠃ ᠢᠩᠭᠢᠭᠡᠳ ᠰᠢᠨ᠎ᠡ ᠪᠠᠷᠭᠤ ᠵᠡᠭᠦᠨ ᠬᠤᠰᠢᠭᠤ ᠤᠯᠤᠰ ᠤᠨ ᠲᠠᠰ ᠤᠨ ᠨᠡᠷᠡᠰ ᠤᠨ ᠵᠢᠭᠰᠠᠭᠠᠯᠲᠠ 1 ᠲᠦᠷᠦᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠷᠡᠰ ᠤᠨ ᠵᠢᠭᠰᠠᠭᠠᠯᠲᠠ 12 ᠲᠦᠷᠦᠯ᠂ ᠬᠤᠲᠠ ᠶᠢᠨ ᠲᠠᠰ ᠤᠨ ᠨᠡᠷᠡᠰ ᠤᠨ ᠵᠢᠭᠰᠠᠭᠠᠯᠲᠠ 22 ᠲᠦᠷᠦᠯ᠂ ᠬᠤᠰᠢᠭᠤᠨ ᠤ ᠲᠠᠰ ᠤᠨ ᠨᠡᠷᠡᠰ ᠤᠨ ᠵᠢᠭᠰᠠᠭᠠᠯᠲᠠ 1 ᠲᠦᠷᠦᠯ᠂ ᠨᠡᠶᠢᠲᠡ 36 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃          6᠎ ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠤ ᠰᠦᠯᠵᠢᠶᠡᠨ ᠳᠡᠭᠡᠷ᠎ᠡ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤᠨ ᠤ ᠨᠡᠷᠡᠰ ᠢ ᠨᠡᠶᠢᠲᠡᠯᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤᠨ ᠳᠤ ᠰᠣᠩᠭᠤᠭᠳᠠᠪᠠ᠃ ᠬᠠᠨᠳᠠᠭᠠᠢ ᠰᠤᠮᠤ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠬᠥᠭᠵᠢᠯᠲᠡ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠢ ᠪᠠᠲᠤᠯᠠᠬᠤ᠂ ᠡᠶ᠎ᠡ ᠵᠣᠬᠢᠴᠠᠩᠭᠤᠢ ᠶᠢ ᠠᠬᠢᠭᠤᠯᠬᠤ ᠪᠠᠷ ᠬᠥᠭᠵᠢᠯᠲᠡ ᠶᠢᠨ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠴᠢᠬᠤᠯᠠ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠨᠡᠩ ᠳᠤᠯᠠᠭᠠᠬᠠᠨ ᠪᠣᠯᠭᠠᠵᠤ᠂ ᠠᠷᠠᠳ ᠤᠯᠠᠨ ᠤ ᠵᠣᠯ ᠵᠢᠷᠭᠠᠯ ᠢ ᠨᠡᠩ ᠶᠠᠰᠤ ᠴᠢᠨᠠᠷ ᠤᠨ ᠲᠥᠷᠥᠭᠳᠡᠯ ᠲᠠᠢ ᠪᠣᠯᠭᠠᠪᠠ᠃          6᠎ ᠤ ᠡᠳᠦᠷ᠂ ᠳᠥᠷᠪᠡᠳᠦᠭᠡᠷ ᠬᠤᠭᠤᠴᠠᠭᠠᠨ ᠤ ︽ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠬᠡᠷᠡᠭ ᠤᠨ ᠵᠢᠱᠢᠶ᠎ᠡ ᠶᠢ ᠴᠤᠭᠯᠠᠭᠤᠯᠬᠤ ᠠᠵᠢᠯᠯᠠᠭ᠎ᠠ︾᠎ ᠶᠢᠨ ᠱᠠᠩᠨᠠᠯ ᠬᠦᠷᠲᠡᠭᠰᠡᠳ ᠤᠨ ᠨᠡᠷᠡᠰ ᠢ ᠨᠡᠶᠢᠲᠡᠯᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠵᠢᠵᠢᠭ ᠡᠮ ᠤᠨ ᠬᠠᠶᠢᠷᠴᠠᠭ ᠤᠨ ᠢᠨᠵᠧᠨᠧᠷᠢᠩ ᠨᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠮᠠᠰᠢ ᠤᠯᠠᠨ ᠬᠡᠷᠡᠭ ᠤᠨ ᠵᠢᠱᠢᠶ᠎ᠡ ᠠᠴᠠ ᠴᠣᠯᠭᠤᠷᠠᠨ ᠭᠠᠷᠴᠤ᠂ ᠥᠪᠥᠷ ᠮᠣᠩᠭᠤᠯ ᠤᠨ 4 ᠰᠣᠩᠭᠤᠭᠳᠠᠭᠰᠠᠨ ᠬᠡᠷᠡᠭ ᠤᠨ ᠵᠢᠱᠢᠶ᠎ᠡ ᠶᠢᠨ ᠨᠢᠭᠡ ᠪᠣᠯᠵᠠᠢ᠃ ᠵᠢᠵᠢᠭ ᠡᠮ ᠤᠨ ᠬᠠᠶᠢᠷᠴᠠᠭ ᠤᠨ ᠢᠨᠵᠧᠨᠧᠷᠢᠩ ᠎ ᠢ 2011 ᠣᠨ ᠎ ᠠᠴᠠ ᠡᠬᠢᠯᠡᠨ ᠪᠠᠶᠢᠭᠤᠯᠤᠭᠰᠠᠨ ᠎ ᠠᠴᠠ ᠠᠪᠤᠭᠠᠳ ︽ᠵᠠᠬ᠎ᠠ ᠬᠢᠵᠠᠭᠠᠷ ᠣᠷᠣᠨ ᠤ ᠮᠠᠯᠴᠢᠳ ᠤᠨ ᠡᠷᠡᠭᠦᠯ ᠮᠡᠨᠳᠦ ᠎ ᠶᠢ ᠬᠠᠮᠠᠭᠠᠯᠠᠬᠤ︾ ᠠᠶᠠᠨ ᠳᠤ ᠮᠣᠷᠳᠠᠵᠤ᠂ ᠠᠷᠪᠠ ᠭᠠᠷᠤᠢ ᠵᠢᠯ ᠤᠨ ᠲᠠᠰᠤᠷᠠᠯᠲᠠ ᠦᠭᠡᠢ ᠬᠤᠪᠢᠷᠠᠯᠲᠠ ᠎ ᠶᠢᠨ ᠳᠤᠮᠳᠠ ᠬᠠᠷᠢᠭᠤᠴᠠᠯᠭ᠎ᠠ᠂ ᠬᠠᠯᠠᠮᠵᠢᠯᠠᠯ ᠪᠠ ᠪᠠᠲᠤ ᠰᠠᠬᠢᠬᠤ ᠎ ᠶᠢ ᠲᠠᠶᠢᠯᠪᠤᠷᠢᠯᠠᠭᠰᠠᠨ ᠪᠠᠶᠢᠨ᠎ᠠ᠃          10᠎ ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠶᠢᠨ ᠰᠤᠳᠤᠯᠭᠠᠨ ᠤ ᠲᠠᠰᠤᠭ ︵ ᠥᠭᠡᠷᠡᠴᠢᠯᠡᠯᠲᠡ ᠶᠢᠨ ᠠᠯᠪᠠᠨ ᠭᠡᠷ︶᠎ ᠤᠨ ᠳᠡᠳ᠋ ᠡᠷᠬᠢᠯᠡᠭᠴᠢ ᠵᠢᠶᠣᠣ ᠲᠦᠩ ᠵᠢᠶᠠᠩ ᠨᠠᠷ ᠢᠪᠡᠭᠡᠯ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ ᠠᠵᠢᠯ ᠪᠠᠶᠢᠴᠠᠭᠠᠨ ᠵᠢᠯᠣᠭᠤᠳᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠴᠣᠯᠮᠣᠨ ᠂ ᠠᠮᠤᠭᠤᠯᠠᠩ ᠪᠠᠯᠭᠠᠰᠤᠨ ᠤ ᠬᠠᠷᠢᠭᠤᠴᠠᠯᠭᠠᠲᠠᠨ ᠪᠠᠷ᠎ᠠ ᠪᠣᠯᠪᠠ᠃ ᠵᠢᠶᠣᠣ ᠲᠦᠩ ᠵᠢᠶᠠᠩ ᠨᠠᠷ ᠬᠠᠷᠢᠶ᠎ᠠ ᠲᠣᠭᠤᠷᠢᠭ ᠤᠨ ᠠᠮᠤᠭᠤᠯᠠᠩ ᠪᠠᠯᠭᠠᠰᠤ ᠶᠢᠨ ᠨᠠᠰᠤᠲᠠᠶᠢᠴᠤᠳ ᠲᠤ ᠦᠢᠯᠡᠴᠢᠯᠡᠬᠦ ᠲᠥᠪ᠂ ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠠᠬᠢ ᠨᠠᠮ ᠤᠨ ᠭᠡᠰᠢᠭᠦᠨ ᠤ ᠰᠤᠷᠭᠠᠨ ᠬᠥᠮᠦᠵᠢᠯ ᠤᠨ ᠲᠠᠰᠤᠭ᠂ ᠬᠡᠦᠬᠡᠳ ᠤᠨ ᠭᠡᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ᠂ ᠨᠠᠮ ᠤᠨ ᠭᠡᠰᠢᠭᠦᠨ ᠤ ᠬᠤᠷᠠᠯ ᠤᠨ ᠭᠡᠷ᠂ ᠠᠵᠢᠯᠯᠠᠭᠠᠨ ᠤ ᠦᠷᠦᠭᠡ᠂ ᠨᠣᠮ ᠪᠢᠴᠢᠭ ᠤᠨ ᠦᠷᠦᠭᠡ᠂ ᠰᠡᠳᠬᠢᠴᠡ ᠶᠢᠨ ᠠᠰᠠᠭᠤᠨ ᠯᠠᠪᠯᠠᠬᠤ ᠦᠷᠦᠭᠡ᠂ ᠶᠡᠷᠦᠩᠬᠡᠶᠢᠯᠡᠨ ᠵᠠᠰᠠᠬᠤ ᠠᠵᠢᠯ ᠤᠨ ᠦᠷᠲᠡᠭᠡ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢᠨ ᠪᠠᠶᠢᠳᠠᠯ ᠢ ᠭᠦᠢᠴᠡᠳ ᠮᠡᠳᠡᠷᠡᠬᠦ ᠶᠢᠨ ᠬᠠᠮᠲᠤ ᠪᠣᠯᠣᠮᠵᠢᠲᠤ ᠰᠠᠨᠠᠯ ᠰᠠᠨᠠᠭᠤᠯᠭ᠎ᠠ ᠳᠤᠷᠠᠳᠪᠠ᠃          10᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠠᠮᠤᠭᠤᠯᠠᠩ ᠪᠠᠯᠭᠠᠰᠤᠨ ᠳᠤ ᠭᠦᠨᠵᠡᠭᠡᠶᠢᠷᠡᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠯᠲᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠶᠢᠨ ᠦᠢᠯᠡᠳᠪᠦᠷᠢᠯᠡᠯ ᠵᠡᠷᠭᠡ ᠳᠤ ᠪᠠᠶᠢᠴᠠᠭᠠᠨ ᠰᠤᠳᠤᠯᠤᠯᠲᠠ ᠬᠢᠪᠡ᠃ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ ᠦ᠋ ᠰᠢᠤᠸᠠᠢ ᠶᠦᠩ ᠠᠮᠤᠭᠤᠯᠠᠩ ᠪᠠᠯᠭᠠᠰᠤ ᠶᠢᠨ ᠨᠠᠰᠤᠲᠠᠶᠢᠴᠤᠳ ᠲᠤ ᠦᠢᠯᠡᠴᠢᠯᠡᠬᠦ ᠲᠥᠪ᠂ ᠰᠢᠯᠢᠨ ᠨᠡᠶᠢᠭᠡᠮ ᠲᠣᠭᠤᠷᠢᠭ᠂ ︽ᠵᠡᠭᠦᠨ ᠬᠤᠰᠢᠭᠤᠨ ᠤ ᠲᠠᠷᠢᠶᠠᠯᠠᠩ ᠤᠨ ᠲᠠᠯᠠᠪᠠᠢ︾᠎ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠥᠪ ᠤᠨ ᠦᠷᠭᠦᠯᠵᠢᠯᠡᠬᠦ ᠬᠥᠭᠵᠢᠯᠲᠡ ᠶᠢᠨ ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠢ ᠰᠣᠯᠢᠯᠴᠠᠭ᠎ᠠ ᠬᠢᠪᠡ᠃ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠦ᠋ ᠰᠢᠤᠸᠠᠢ ᠶᠦᠩ ᠪᠠᠰᠠ ᠠᠮᠤᠭᠤᠯᠠᠩ ᠪᠠᠯᠭᠠᠰᠤ ᠶᠢᠨ ᠪᠠᠶᠠᠨᠣ᠋ᠪᠣᠭ᠎ᠠ ᠭᠠᠴᠠᠭ᠎ᠠ ᠶᠢᠨ ᠴᠣᠯᠮᠣᠨ ᠤ ᠭᠡᠷ ᠲᠤ ᠬᠦᠷᠴᠦ᠂ ᠮᠠᠯᠴᠢᠳ ᠤᠨ ᠡᠪᠦᠯ ᠤᠨ ᠤᠯᠠᠷᠢᠯ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠠᠶᠢᠴᠠᠭᠠᠨ ᠰᠤᠳᠤᠯᠵᠠᠢ᠃ ᠡᠭᠦᠨ ᠤ ᠬᠠᠮᠲᠤ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠠᠷᠭ᠎ᠠ ᠶᠢ ᠰᠤᠳᠤᠯᠤᠨ ᠰᠦᠪᠡᠭᠴᠢᠯᠡᠪᠡ᠃          11᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠵᠢᠩ ᠭᠠᠨᠵᠤᠤᠷ ᠰᠤᠮᠤ ᠳᠤ ᠭᠦᠨᠵᠡᠭᠡᠶᠢᠷᠡᠵᠦ᠂ ᠪᠦᠭᠦ ᠬᠤᠲᠠ ᠶᠢᠨ ︽ᠶᠣᠰᠣ ᠰᠤᠷᠲᠠᠬᠤᠨ ᠤ ᠵᠢᠱᠢᠶᠡᠴᠢ︾ ᠎ ᠶᠢᠨ ᠲᠥᠯᠥᠭᠡᠯᠡᠭᠴᠢ ᠰᠧᠪᠡᠭᠳᠣᠷᠵᠢ ᠶᠢ ᠪᠣᠯᠭᠤᠭᠠᠨ ᠲᠣᠬᠤᠨᠢᠭᠤᠯᠵᠤ᠂ ᠲᠡᠭᠦᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠦᠭᠡᠯ ᠳᠡᠪᠰᠢᠭᠦᠯᠵᠡᠢ᠃          11᠎ ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠎ ᠠᠴᠠ ᠭᠤᠣᠯᠯᠠᠨ ᠡᠷᠭᠢᠯᠡᠵᠦ᠂ ᠬᠤᠰᠢᠭᠤᠨ ᠲᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ ᠤ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ᠮᠠᠲ᠋ᠧᠷᠢᠶᠠᠯ ᠤᠨ ᠬᠡᠯᠪᠡᠷᠢ ᠶᠢᠨ ᠣᠨ ᠤ ᠰᠡᠳᠬᠦᠯ ︽ᠰᠢᠨ᠎ᠡ ᠪᠠᠷᠭᠤ ᠵᠡᠭᠦᠨ ᠬᠤᠰᠢᠭᠤᠨ ᠤ ᠣᠨ ᠤ ᠲᠣᠯᠢ ︵2022︶᠎ ᠶᠢᠨ ᠪᠣᠳᠢ︾᠎ ᠶᠢ ᠬᠡᠪᠯᠡᠨ ᠲᠠᠷᠬᠠᠭᠠᠪᠠ᠃ ︽ᠰᠢᠨ᠎ᠡ ᠪᠠᠷᠭᠤ ᠵᠡᠭᠦᠨ ᠬᠤᠰᠢᠭᠤᠨ ᠤ ᠣᠨ ᠤ ᠲᠣᠯᠢ ︵2022 ᠪᠣᠳᠢ︶︾᠎ ᠳᠤ ᠰᠢᠨ᠎ᠡ ᠪᠠᠷᠭᠤ ᠵᠡᠭᠦᠨ ᠬᠤᠰᠢᠭᠤᠨ ᠤ ᠣᠷᠣᠨ ᠪᠦᠰᠡ ᠶᠢᠨ ᠪᠠᠶᠢᠭᠠᠯᠢ᠂ ᠲᠡᠦᠬᠡ᠂ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ ᠵᠡᠷᠭᠡ ᠪᠠᠶᠢᠳᠠᠯ ᠢ ᠰᠢᠰᠲ᠋ᠧᠮ ᠲᠠᠢ ᠲᠡᠮᠳᠡᠭᠯᠡᠨ ᠲᠣᠭᠠᠴᠢᠭᠰᠠᠨ ᠪᠥᠭᠡᠳ ᠪᠥᠬᠦ ᠨᠣᠮ ᠨᠢ ᠪᠠᠷᠤᠭ 52 ᠲᠦᠮᠡᠨ ᠥᠰᠥᠭ ᠲᠠᠢ᠃          12᠎ ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠮᠤᠭᠤᠯᠠᠩ ᠪᠠᠯᠭᠠᠰᠤᠨ ᠳᠤ ᠬᠤᠷᠠᠯᠳᠤᠪᠠ᠃          12᠎ ᠤᠨ ᠡᠳᠦᠷ᠂ ᠮᠤᠵᠢ ᠶᠢᠨ ᠳᠡᠰ ᠤᠨ ᠵᠠᠰᠠᠮᠠᠯ ᠵᠠᠮ 203 ᠱᠤᠭᠤᠮ ︵ᠤᠳᠤ ᠶᠢᠨ ᠤᠯᠤᠰ ᠤᠨ ᠳᠡᠰ ᠤᠨ ᠵᠠᠰᠠᠮᠠᠯ ᠵᠠᠮ 331 ᠱᠤᠭᠤᠮ︶ ᠋ ᠤᠨ ᠮᠠᠨᠵᠤᠤᠷ ᠠᠴᠠ ᠠᠯᠳ᠋ᠬᠠᠮᠡᠭᠡᠯ ᠬᠦᠷᠬᠦ ᠬᠡᠰᠡᠭ᠂ ᠠᠯᠳ᠋ᠬᠠᠮᠡᠭᠡᠯ ᠠᠴᠠ ᠠᠮᠤᠭᠤᠯᠠᠩ ᠬᠦᠷᠬᠦ ᠬᠡᠰᠡᠭ ᠤᠨ 2 ᠵᠠᠰᠠᠮᠠᠯ ᠵᠠᠮ ᠵᠢᠩᠬᠢᠨᠢ ᠪᠠᠷ ᠲᠡᠷᠭᠡ ᠨᠡᠪᠲᠡᠷᠡᠵᠤ ᠠᠰᠢᠭᠯᠠᠯᠲᠠ ᠳᠤ ᠣᠷᠣᠪᠠ᠃ ᠳᠡᠭᠡᠷᠡᠬᠢ ᠬᠤᠶᠠᠷ ᠵᠤᠷᠪᠤᠰ ᠵᠠᠰᠠᠮᠠᠯ ᠵᠠᠮ ᠪᠣᠯ ᠪᠥᠬᠦ ᠤᠯᠤᠰ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠬᠤ ᠮᠠᠨᠵᠤᠤᠷ ᠎ ᠠᠴᠠ ᠣᠷᠣᠰ ᠬᠦᠷᠬᠦ ᠪᠣᠭᠤᠮᠲᠠ ᠵᠢᠴᠢ ᠠᠷᠣᠬᠠᠰᠢᠶᠠᠲᠣ ᠠᠴᠠ ᠮᠣᠩᠭᠤᠯ ᠬᠦᠷᠬᠦ ᠪᠣᠭᠤᠮᠲᠠ᠂ ᠡᠪᠦᠳᠦᠭ ᠪᠣᠭᠤᠮᠲᠠ ᠶᠢ ᠬᠤᠯᠪᠣᠭᠰᠠᠨ ᠵᠠᠮ ᠲᠡᠭᠡᠭᠡᠪᠦᠷᠢ ᠶᠢᠨ ᠭᠤᠣᠯ ᠱᠤᠭᠤᠮ ᠪᠣᠯᠣᠨ᠎ᠠ᠂ ᠰᠦᠢ ᠹᠧᠨ ᠾᠧ ᠮᠠᠨᠵᠤᠤᠷ ᠶᠢᠨ ᠤᠯᠤᠰ ᠤᠨ ᠵᠠᠮ ᠤᠨ ᠭᠤᠣᠯ ᠱᠤᠭᠤᠮ ᠢ ᠬᠤᠯᠪᠣᠭᠰᠠᠨ ᠪᠠ ᠬᠢᠩᠭᠠᠨ ᠠᠶᠢᠮᠠᠭ ᠢᠶᠠᠷ ᠳᠡᠮᠵᠢᠨ ᠵᠡᠭᠦᠨ ᠬᠤᠶᠢᠲᠤ ᠣᠷᠣᠨ ᠤ ᠳᠣᠲᠣᠷ᠎ᠠ ᠭᠠᠵᠠᠷ ᠲᠤ ᠣᠷᠣᠬᠤ ᠴᠢᠬᠤᠯᠠ ᠵᠠᠮ ᠬᠠᠷᠢᠯᠴᠠᠭᠠᠨ ᠤ ᠭᠤᠣᠯ ᠱᠤᠭᠤᠮ ᠪᠣᠯᠣᠨ᠎ᠠ᠃ ᠬᠤᠶᠠᠷ ᠵᠠᠰᠠᠮᠠᠯ ᠵᠠᠮ ᠢ ᠵᠢᠩᠬᠢᠨᠢ ᠪᠠᠷ ᠲᠡᠷᠭᠡ ᠨᠡᠪᠲᠡᠷᠡᠭᠦᠯᠦᠨ ᠠᠵᠢᠯᠯᠠᠭᠤᠯᠬᠤ ᠨᠢ ᠵᠠᠰᠠᠮᠠᠯ ᠵᠠᠮ + ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠪᠠ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠂ ᠬᠥᠯᠥᠨ ᠪᠤᠶᠢᠷ ᠬᠤᠲᠠ ᠶᠢᠨ ᠵᠢᠭᠤᠯᠴᠢᠯᠠᠯ ᠤᠨ ᠠᠵᠤ ᠠᠬᠤᠢ ᠶᠢ ᠬᠥᠭᠵᠢᠶᠡᠨᠲᠡᠢ ᠪᠣᠯᠭᠠᠬᠤ᠂ ᠨᠡᠶᠢᠭᠡᠮ ᠤᠨ ᠠᠵᠢᠯ ᠣᠯᠭᠤᠯᠲᠠ ᠶᠢ ᠥᠷᠭᠡᠳᠬᠡᠬᠦ᠂ ᠬᠥᠯᠥᠨ ᠪᠤᠶᠢᠷ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠳᠤ ᠴᠢᠬᠤᠯᠠ ᠢᠳᠡᠪᠬᠢ ᠠᠴᠢ ᠬᠤᠯᠪᠣᠭᠳᠠᠯ ᠲᠠᠢ ᠶᠤᠮ᠃          18᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ 2024 ᠣᠨ ᠤ ︽ᠰᠣᠶᠣᠯ ᠢ ᠲᠦᠮᠡᠨ ᠡᠷᠦᠬᠡ ᠳᠤ ᠬᠦᠷᠭᠡᠨ᠎ᠡ ︱ ᠸᠢᠳᠢᠤ᠋ ᠪᠠᠷ ᠨᠤᠲᠤᠭ ᠤᠰᠤ ᠪᠠᠨ ᠰᠢᠭᠤᠳ ᠨᠡᠪᠲᠡᠷᠡᠭᠦᠯᠬᠦ︾ ᠠᠵᠢᠯᠯᠠᠭ᠎ᠠ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭᠠᠨ ᠤ ᠦᠵᠡᠭᠦᠯᠦᠯᠭᠡ ᠶᠢᠨ ᠡᠬᠢᠯᠡᠯᠲᠡ ᠶᠢᠨ ᠶᠣᠰᠣᠯᠠᠯ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠲᠤ ᠶᠠᠪᠤᠭᠳᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠴᠦᠨ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠩ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠠᠷᠠᠭ᠎ᠠ ᠪᠠᠨ ᠳᠡᠯᠭᠡᠨ ᠦᠵᠡᠭᠦᠯᠬᠦ ᠬᠤᠭᠤᠴᠠᠭ᠎ᠠ ᠨᠢ 20 ᠡᠳᠦᠷ ᠶᠠᠪᠤᠭᠳᠠᠵᠤ᠂ ᠨᠡᠶᠢᠲᠡ 46 ᠬᠤᠳᠠᠯᠳᠤᠭᠠᠨ ᠤ ᠡᠷᠦᠬᠡ ᠳᠤ ᠣᠷᠣᠵᠤ᠂ ᠪᠠᠷᠠᠭ᠎ᠠ ᠪᠣᠷᠣᠯᠠᠭᠤᠯᠬᠤ ᠳᠠᠭᠠᠨ ᠰᠢᠨ᠎ᠡ ᠪᠠᠷᠭᠤ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠣᠨᠴᠠᠯᠢᠭᠲᠤ ᠤᠯᠠᠮᠵᠢᠯᠠᠯᠲᠤ ᠢᠳᠡᠭᠡᠨ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ᠂ ᠤᠯᠠᠮᠵᠢᠯᠠᠯᠲᠤ ᠬᠤᠪᠴᠠᠰᠤ ᠵᠠᠰᠠᠯ ᠵᠡᠷᠭᠡ ᠪᠠᠷᠠᠭ᠎ᠠ ᠪᠠᠭᠲᠠᠨ᠎ᠠ᠃          18᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ 2024 ᠣᠨ ᠤ ︽ᠳᠤᠮᠳᠠᠳᠤ ᠶᠢᠨ ᠦᠨᠳᠦᠰᠦᠲᠡᠨ ᠪᠦᠬᠦᠨ ᠤ ᠭᠡᠷ ᠪᠦᠯᠢ ᠶᠢᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠴᠠᠭᠠᠨ ᠰᠠᠷ᠎ᠠ ᠶᠢ ᠪᠡᠯᠭᠡᠯᠡᠨ᠎ᠡ︾ ︽ᠰᠣᠶᠣᠯ ᠢ ᠲᠦᠮᠡᠨ ᠡᠷᠦᠬᠡ ᠳᠤ ᠬᠦᠷᠭᠡᠨ᠎ᠡ ︱ ᠸᠢᠳᠢᠤ᠋ ᠪᠠᠷ ᠨᠤᠲᠤᠭ ᠤᠰᠤ ᠪᠠᠨ ᠰᠢᠭᠤᠳ ᠨᠡᠪᠲᠡᠷᠡᠭᠦᠯᠦᠨ᠎ᠡ︾ ︽ᠵᠡᠭᠦᠨ ᠬᠤᠰᠢᠭᠤᠨ ᠤ ᠴᠠᠭᠠᠨ ᠰᠠᠷ᠎ᠠ ᠶᠢᠨ ᠪᠠᠷᠠᠭ᠎ᠠ ᠶᠢ ᠬᠢᠨᠠᠨ ᠰᠣᠩᠭᠤᠬᠤ ᠪᠠᠶᠠᠷ︾᠎ ᠤᠨ ᠠᠵᠢᠯᠯᠠᠭ᠎ᠠ ᠦᠨᠳᠦᠰᠦᠲᠡᠨ ᠤ ᠠᠵᠤ ᠦᠢᠯᠡᠰ ᠤᠨ ᠰᠠᠭᠤᠷᠢᠨ ᠭᠠᠵᠠᠷ ᠲᠤ ᠶᠠᠪᠤᠭᠳᠠᠪᠠ᠃ ︽ ᠭᠠᠯᠠᠭᠤᠲᠤ ︾ ︽ᠶᠠᠨ ᠽᠦᠨ ᠠᠷᠢᠬᠢ︾ ︽ᠲᠦᠩ ᠯᠧ ᠹᠦ᠋ ᠶᠧᠪᠡᠩ︾ ᠵᠡᠷᠭᠡ ᠲᠣᠰ ᠭᠠᠵᠠᠷ ᠤᠨ ᠣᠨᠴᠠᠯᠢᠭᠲᠤ ᠨᠠᠷᠠᠲᠤ ᠲᠡᠮᠳᠡᠭᠲᠦ ᠶᠢᠨ ᠠᠵᠢᠯᠯᠠᠭ᠎ᠠ ᠳᠤ ᠣᠷᠣᠯᠴᠠᠪᠠ᠃ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠰᠦᠯᠵᠢᠶᠡᠨ ᠠᠴᠠ ᠭᠠᠳᠠᠨ᠎ᠠ ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ ᠬᠡᠯᠪᠡᠷᠢ ᠪᠠᠷ ᠬᠡᠷᠡᠭᠯᠡᠭᠡ ᠶᠢ ᠳᠠᠶᠢᠴᠢᠯᠠᠨ᠂ ᠰᠢᠨ᠎ᠡ ᠪᠠᠷᠭᠤ ᠵᠡᠭᠦᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠣᠨᠴᠠᠯᠢᠭᠲᠤ ᠦᠢᠯᠡᠳᠬᠦᠨ ᠤ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠣᠨᠴᠠᠯᠢᠭᠲᠤ ᠦᠢᠯᠡᠳᠬᠦᠨ ᠢ ᠭᠠᠳᠠᠭᠰᠢ ᠪᠣᠷᠣᠯᠠᠭᠤᠯᠬᠤ ᠶᠢ ᠳᠠᠶᠢᠴᠢᠯᠠᠨ᠂ ︽ᠪᠣᠷᠤᠯᠠᠭᠤᠯᠭ᠎ᠠ ᠶᠢ ᠠᠬᠢᠭᠤᠯᠬᠤ᠂ ᠵᠠᠬ᠎ᠠ ᠳᠡᠯᠭᠡᠭᠦᠷ ᠢ ᠠᠮᠢᠳᠤᠯᠢᠭ ᠪᠣᠯᠭᠠᠬᠤ᠂ ᠠᠵᠤ ᠠᠬᠤᠢ ᠶᠢ ᠲᠣᠭᠲᠠᠪᠤᠷᠢᠵᠢᠭᠤᠯᠬᠤ︾ ᠦᠢᠯᠡᠳᠦᠯ ᠳᠤ ᠬᠦᠷᠦᠭᠦᠯᠦᠨ᠎ᠡ᠃          22᠎ ᠤᠨ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠤᠨ 13 ᠲᠣᠭᠯᠠᠭᠴᠢ ᠵᠡᠭᠦᠨ ᠦᠵᠦᠮᠦᠴᠢᠨ ᠬᠤᠰᠢᠭᠤᠨ ᠤ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠤᠷᠢᠯᠭ᠎ᠠ ᠪᠠᠷ 2024 ᠣᠨ ᠤ ︽ᠮᠢᠩᠭᠠᠨ ᠭᠠᠵᠠᠷ ᠤᠨ ᠬᠢᠵᠠᠭᠠᠷ ᠣᠷᠣᠨ ᠤ ᠮᠥᠩᠭᠦᠨ ᠦᠵᠦᠮᠦᠴᠢᠨ︾ ᠵᠡᠭᠦᠨ ᠦᠵᠦᠮᠦᠴᠢᠨ ᠬᠤᠰᠢᠭᠤᠨ ᠤ ᠯᠣᠣ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠲᠣᠭᠯᠠᠯᠲᠠ ᠳᠤ ᠣᠷᠣᠯᠴᠠᠪᠠ᠃ ᠲᠣᠭᠯᠠᠯᠲᠠ ᠶᠢᠨ ᠳᠠᠭᠤᠤ ︽ᠪᠠᠶᠠᠰᠬᠤᠯᠠᠩᠲᠤ ᠳᠠᠭᠤᠤ︾ ︽ᠳᠠᠶᠢᠯᠠᠯᠭ᠎ᠠ ᠎ ᠶᠢᠨ ᠳᠠᠭᠤᠤ︾᠎ ᠨᠢ ︽ᠵᠧ ᠷᠧᠨ ᠬᠠᠢ︾ ᠵᠡᠷᠭᠡ ᠪᠥᠵᠢᠭ ᠎ ᠢ ᠵᠣᠬᠢᠶᠠᠭᠰᠠᠨ ᠶᠤᠮ᠃ ᠦᠳᠡᠰᠢᠯᠡᠭᠡ ᠶᠢ 2 ᠳ᠋ᠤᠭᠠᠷ ᠰᠠᠷ᠎ᠠ ᠶᠢᠨ 11᠎ ᠤ ᠡᠳᠦᠷ ᠥᠪᠥᠷ ᠮᠣᠩᠭᠤᠯ ᠤᠨ ᠮᠣᠩᠭᠤᠯ ᠬᠡᠯᠡᠨ ᠤ ᠣᠳᠣᠨ ᠲᠧᠯᠸᠢᠰ ᠢᠶᠠᠷ ᠨᠡᠪᠲᠡᠷᠡᠭᠦᠯᠪᠡ᠃          23᠎ ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠠᠮᠤᠭᠤᠯᠠᠩ ᠳᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠨᠠᠢ ᠪᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠦ᠋ ᠰᠢᠤᠸᠠᠢ ᠶᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠲᠡᠭᠰᠢᠪᠤᠶᠠᠨ ᠵᠡᠷᠭᠡ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠪᠡ᠂ ᠬᠤᠰᠢᠭᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠭᠤᠣᠯ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠪᠠᠢ ᠵᠧᠨ ᠰᠢᠶᠠᠨ ᠬᠤᠷᠠᠯ ᠡᠷᠭᠢᠯᠡᠵᠦ᠂ ᠴᠢᠩ ᠯᠦᠩ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠪᠡ᠃ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 89 ᠬᠥᠮᠥᠨ᠂ ᠪᠣᠳᠠᠲᠠᠢ ᠣᠷᠣᠯᠴᠠᠭᠰᠠᠨ ᠨᠢ 79 ᠬᠥᠮᠥᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃          23᠎ ᠤ ᠡᠳᠦᠷ ᠠᠴᠠ 25᠎ ᠤ ᠡᠳᠦᠷ ᠪᠣᠯᠲᠠᠯ᠎ᠠ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠨᠢ ᠬᠤᠰᠢᠭᠤᠨ ᠤ ᠮᠣᠩᠭᠤᠯ ᠬᠡᠯᠡᠨ ᠤ ᠣᠷᠴᠢᠭᠤᠯᠭ᠎ᠠ ᠶᠢᠨ ᠰᠠᠭᠤᠷᠢᠨ ᠭᠠᠵᠠᠷ ᠤᠨ ᠮᠡᠳᠡᠭᠦᠯᠦᠯᠲᠡ ᠶᠢᠨ ᠲᠢᠩᠬᠢᠮ ᠳᠤ ᠡᠬᠢᠯᠡᠪᠡ᠂ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 89 ᠬᠥᠮᠥᠨ᠂ ᠪᠣᠳᠠᠲᠠᠢ ᠣᠷᠣᠯᠴᠠᠭᠰᠠᠨ ᠨᠢ 79 ᠬᠥᠮᠥᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃ ᠬᠤᠷᠠᠯ ᠎ ᠠᠴᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠥᠪᠯᠡᠯᠭᠡ ᠶᠢ ᠪᠠᠲᠤᠯᠠᠬᠤ ᠠᠷᠭ᠎ᠠ ︵ᠲᠥᠰᠥᠯ︶᠎ ᠶᠢ ᠪᠠᠲᠤᠯᠠᠪᠠ︔ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠠᠵᠢᠯ ᠤᠨ ᠡᠳᠦᠷ ᠤᠨ ᠳᠠᠷᠠᠭᠠᠯᠠᠯ ︵ᠲᠥᠰᠥᠯ︶︔ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ ︵ᠲᠥᠰᠥᠯ︶᠎ ᠢ ᠪᠠᠲᠤᠯᠠᠪᠠ︔ ᠬᠤᠰᠢᠭᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶︔ ᠬᠤᠰᠢᠭᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠪᠦᠷᠢᠯᠳᠦᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ︵ᠲᠥᠰᠥᠯ︶︔ ᠬᠤᠰᠢᠭᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠪᠦᠷᠢᠯᠳᠦᠭᠦᠨ ᠤ ᠨᠡᠷᠡᠰ ︵ᠲᠥᠰᠥᠯ︶︔ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠥᠪᠯᠡᠯᠭᠡ ᠶᠢ ᠳᠠᠭᠤᠰᠬᠠᠬᠤ ᠡᠳᠦᠷ ᠬᠤᠭᠤᠴᠠᠭ᠎ᠠ ᠶᠢᠨ ᠲᠤᠬᠠᠢ ᠲᠣᠭᠲᠠᠭᠠᠯ ︵ᠲᠥᠰᠥᠯ︶︔ ᠶᠡᠭᠡ ᠬᠤᠷᠠᠯ ᠤᠨ ︽ᠰᠣᠩᠭᠤᠭᠤᠯᠢ ᠶᠢᠨ ᠠᠷᠭ᠎ᠠ ︵ᠲᠥᠰᠥᠯ︶︾᠂ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠢᠯᠧᠲ ᠥᠭᠬᠦ ᠠᠷᠭ᠎ᠠ ︵ᠲᠥᠰᠥᠯ︶︾᠎ ᠶᠢ ᠪᠠᠲᠤᠯᠠᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ︔ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠵᠢᠱᠢᠭᠳᠡᠭᠴᠢ ᠶᠢ ᠲᠠᠨᠢᠯᠴᠠᠭᠤᠯᠤᠭᠰᠠᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ᠂ ᠵᠢᠱᠢᠭᠳᠡᠭᠴᠢ ᠶᠢᠨ ᠨᠡᠷᠡᠰ ︵ᠲᠥᠰᠥᠯ︶᠎ ᠢ ᠪᠠᠲᠤᠯᠠᠬᠤ ᠶᠢᠨ ᠬᠠᠮᠲᠤ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠦᠨ ᠶᠠᠷᠢᠯᠴᠠᠭᠤᠯᠬᠤ ᠪᠠᠷ ᠲᠣᠭᠲᠠᠪᠠ᠃          26᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ 4 ᠥᠷᠲᠡᠭᠡ ︽ᠪᠥᠬᠦ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠵᠢᠱᠢᠶ᠎ᠡ ᠦᠵᠡᠭᠦᠯᠬᠦ ᠭᠠᠵᠠᠷ ︵ᠥᠷᠲᠡᠭᠡ︶︾᠎ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠲᠤᠬᠠᠶᠢᠯᠠᠪᠠᠯ ᠬᠠᠨᠳᠠᠭᠠᠢ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ᠂ ᠠᠮᠤᠭᠤᠯᠠᠩ ᠪᠠᠯᠭᠠᠰᠤ ᠶᠢᠨ ᠱᠤᠸᠠᠩ ᠶᠦᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠠᠮᠤᠭᠤᠯᠠᠩ ᠪᠠᠯᠭᠠᠰᠤ ᠶᠢᠨ ᠢᠪᠡᠭᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠠᠮᠤᠭᠤᠯᠠᠩ ᠪᠠᠯᠭᠠᠰᠤ ᠶᠢᠨ ᠰᠢᠯᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠣᠯᠣᠨ᠎ᠠ᠃          26᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ︽ᠠᠨᠠᠷ ᠤᠨ ᠦᠷ᠎ᠡ ᠵᠠᠯᠠᠭᠤᠴᠤᠳ ᠤᠨ ᠭᠡᠷ︾ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠬᠤᠰᠢᠭᠤᠨ ᠤ ᠤᠳᠤᠷᠢᠳᠤᠯᠭ᠎ᠠ ᠸᠠᠩ ᠨᠠᠢ ᠪᠢᠨ᠂ ᠦ᠋ ᠰᠢᠤᠸᠠᠢ ᠶᠦᠩ᠂ ᠲᠡᠭᠰᠢᠪᠤᠶᠠᠨ᠂ ᠪᠠᠢ ᠵᠧᠨ ᠰᠢᠶᠠᠨ᠂ ᠠᠮᠤᠷᠪᠠᠲᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠳ ᠶᠣᠰᠣᠯᠠᠯ ᠳᠤ ᠣᠷᠣᠯᠴᠠᠵᠠᠢ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ᠂ ᠡᠪᠦᠳᠦᠭ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠨᠠᠮ ᠤᠨ ᠬᠤᠷᠢᠶᠠᠨ ᠤ ᠱᠦᠵᠢ᠂ ᠥᠷᠲᠡᠭᠡᠨ ᠳᠠᠷᠤᠭ᠎ᠠ ᠯᠢᠦ ᠰᠢᠶᠠᠩ ᠬᠠᠢ ᠬᠠᠮᠲᠤ ᠪᠠᠷ ︽ᠠᠨᠠᠷ ᠤᠨ ᠦᠷ᠎ᠡ ᠶᠢᠨ ᠵᠠᠯᠠᠭᠤᠴᠤᠳ ᠤᠨ ᠭᠡᠷ︾᠎ ᠤᠨ ᠫᠠᠶᠢᠰᠠ ᠶᠢ ᠰᠡᠬᠦᠪᠡ᠃ ︽ᠠᠨᠠᠷ ᠤᠨ ᠦᠷ᠎ᠡ ᠶᠢᠨ ᠵᠠᠯᠠᠭᠤᠴᠤᠳ ᠤᠨ ᠭᠡᠷ︾ ᠪᠠᠶᠢᠭᠤᠯᠤᠭᠳᠠᠭᠰᠠᠨ ᠨᠢ᠂ ᠡᠪᠦᠳᠦᠭ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠵᠢᠴᠢ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠥᠬᠦ ᠦᠨᠳᠦᠰᠦᠲᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠡᠶ᠎ᠡ ᠵᠣᠬᠢᠴᠠᠯᠲᠠᠢ ᠪᠠᠷ ᠬᠥᠭᠵᠢᠬᠦ ᠶᠢ ᠪᠢᠴᠢᠭᠯᠡᠬᠦ ᠳᠤ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃          29᠎ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ 2 ᠲᠠᠷᠢᠶᠠᠯᠠᠩ ᠤᠨ ᠲᠠᠯᠠᠪᠠᠶ ᠨᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ ᠶᠢᠨ ᠲᠠᠷᠢᠶᠠᠯᠠᠩ ᠤᠨ ᠲᠠᠯᠠᠪᠠᠶ︾᠎ ᠶᠢᠨ ᠢᠷᠠᠭᠤ ᠠᠯᠳᠠᠷ ᠤᠨ ᠴᠣᠯᠠ ᠭᠥᠷᠳᠡᠪᠡ ︵ᠬᠥᠯᠥᠨ ᠪᠤᠶᠢᠷ ᠨᠡᠶᠢᠲᠡ 6 ᠪᠣᠶ︶᠂ ᠲᠣᠰ ᠲᠣᠰ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ ᠶᠢᠨ ‍ᠳᠣᠯᠠᠭᠠᠷ᠎ᠠ ᠲᠠᠷᠢᠶᠠᠯᠠᠩ ᠤᠨ ᠲᠠᠯᠠᠪᠠᠶ᠂ ᠰᠢᠨ᠎ᠡ ᠪᠠᠷᠭᠤ ᠵᠡᠭᠦᠨ ᠬᠤᠰᠢᠭᠤᠨ ᠤ 9827 ᠲᠠᠷᠢᠶᠠᠯᠠᠩ ᠤᠨ ᠲᠠᠯᠠᠪᠠᠶ᠂ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠶᠠᠷ ᠲᠠᠷᠢᠶᠠᠯᠠᠩ ᠤᠨ ᠲᠠᠯᠠᠪᠠᠶ ᠳᠤ ᠦᠨᠡᠮᠯᠡᠯ ᠣᠯᠭᠤᠪᠠ᠃          31᠎ ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠥᠩ ᠱᠧᠦ ᠴᠢᠥᠸᠠᠨ ᠠᠮᠤᠭᠤᠯᠠᠩ ᠪᠠᠯᠭᠤᠰᠣᠨ ᠤ ᠲᠦᠭᠡᠭᠡᠯ ᠤᠰᠤᠨ ᠤ ᠺᠣᠮᠫᠠᠨᠢ᠂ ᠢ ᠶᠦᠨ ᠢᠯᠴᠢ ᠶᠢᠨ ᠴᠠᠬᠢᠯᠭᠠᠨ ᠤ ᠺᠣᠮᠫᠠᠨᠢ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃          31᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠪᠦᠯᠬᠦᠮ ᠳᠠᠭᠠᠭᠤᠯᠤᠨ ᠠᠮᠤᠭᠤᠯᠠᠩ ᠪᠠᠯᠭᠠᠰᠤᠨ ᠤ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ᠂ ᠲᠣᠬᠢᠷᠠᠭᠤᠯᠤᠯᠲᠠ ᠶᠢᠨ ᠵᠢᠵᠢᠭᠦᠷᠯᠡᠨ ᠰᠠᠬᠢᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠵᠠᠩ ᠮᠢᠩ᠂ ᠴᠣᠯᠮᠣᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ᠂ ᠸᠠᠩ ᠨᠠᠢ ᠪᠢᠨ ᠨᠠᠷ 120 ᠪᠠᠴᠢᠮ ᠠᠪᠤᠷᠠᠯᠳᠠ᠂ ᠭᠠᠯ ᠤᠨᠲᠠᠷᠠᠭᠠᠬᠤ ᠡᠵᠡᠮᠰᠢᠯ ᠤᠨ ᠲᠠᠰᠤᠭ ᠵᠡᠷᠭᠡ ᠭᠠᠵᠠᠷ ᠢ ᠪᠠᠶᠢᠴᠠᠭᠠᠨ ᠦᠵᠡᠵᠦ ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠬᠢᠨᠠᠨ ᠡᠵᠡᠮᠳᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠤᠨ ᠲᠣᠬᠢᠷᠠᠭᠤᠯᠤᠯᠲᠠ᠂ ᠠᠦ᠋ᠲ᠋ᠣᠴᠢᠯᠠᠭᠰᠠᠨ ᠰᠢᠰᠲ᠋ᠧᠮ ᠤᠨ ᠠᠵᠢᠯᠯᠠᠭᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠳᠦᠷᠢᠮ ᠲᠣᠭᠲᠠᠴᠠ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃          31᠎ ᠤ ᠡᠳᠦᠷ᠂ ᠬᠠᠨᠳᠠᠭᠠᠢ ᠰᠤᠮᠤ ᠶᠢᠨ ᠨᠣᠮᠣᠬᠠᠨ ᠪᠦᠷᠢᠳᠦ ᠭᠠᠴᠠᠭ᠎ᠠ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢᠨ ᠪᠡᠯᠡ ᠮᠥᠩᠭᠦ 100 ᠲᠦᠮᠡᠨ ᠲᠥᠭᠦᠷᠢᠭ ᠭᠠᠷᠭᠠᠵᠤ ᠭᠠᠴᠠᠭᠠᠨ ᠤ ᠬᠤᠪᠢ ᠣᠷᠣᠭᠤᠯᠤᠭᠰᠠᠨ ᠬᠤᠷᠰᠢᠶ᠎ᠠ ᠶᠢᠨ ᠪᠥᠬᠦ ᠭᠡᠰᠢᠭᠦᠨ 353 ᠬᠥᠮᠥᠨ ᠳᠤ ᠠᠰᠢᠭ ᠬᠤᠪᠢᠶᠠᠨ ᠥᠭᠴᠦ᠂ ᠬᠠᠮᠲᠤ ᠶᠢᠨ ᠥᠮᠴᠢᠯᠡᠯ᠂ ᠬᠤᠷᠰᠢᠨ ᠡᠵᠡᠩᠨᠡᠯᠲᠡ᠂ ᠠᠷᠠᠳᠴᠢᠯᠠᠯ ᠢᠶᠠᠷ ᠬᠠᠮᠢᠶᠠᠷᠤᠯᠲᠠ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ᠬᠠᠷᠠᠯᠲᠠ ᠶᠢ ᠪᠡᠶᠡᠯᠡᠭᠦᠯᠪᠡ᠃ ᠨᠣᠮᠣᠬᠠᠨ ᠪᠦᠷᠢᠳᠦ ᠭᠠᠴᠠᠭ᠎ᠠ ᠨᠢ ᠰᠡᠳᠬᠢᠴᠡ ᠪᠠᠨ ᠰᠢᠨ᠎ᠡ ᠪᠠᠷ ᠡᠭᠦᠳᠴᠦ᠂ ᠠᠵᠠ ᠲᠣᠬᠢᠶᠠᠯ ᠢ ᠠᠮᠵᠢᠨ᠂ ᠭᠠᠴᠠᠭ᠎ᠠ ᠶᠢᠨ ᠬᠠᠮᠲᠤ ᠶᠢᠨ ᠡᠳ᠋ ᠬᠥᠷᠥᠩᠭᠡ ᠶᠢ ᠢᠳᠡᠪᠬᠢᠲᠡᠢ ᠪᠠᠷ ᠠᠮᠢᠯᠠᠭᠤᠯᠵᠤ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ︽ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠵᠤ᠂ ᠮᠠᠯᠴᠢᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠵᠤ᠂ ᠠᠰᠢᠭ ᠣᠷᠣᠯᠭ᠎ᠠ ᠶᠢ ᠨᠢ ᠠᠰᠢᠭ ᠬᠤᠪᠢᠶᠠᠬᠤ︾ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ ᠬᠤᠷᠰᠢᠶ᠎ᠠ ᠶᠢᠨ ᠬᠥᠭᠵᠢᠯᠲᠡ ᠶᠢᠨ ᠵᠠᠮ ᠢ ᠨᠡᠭᠡᠭᠡᠵᠡᠢ᠃ 2023 ᠣᠨ ᠳᠤ ︽ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠥᠯᠢᠭᠡᠷ ᠳᠠᠭᠤᠷᠢᠶᠠᠯ ᠲᠣᠰᠬᠤᠨ︾᠎ ᠢᠶᠠᠷ ᠦᠨᠡᠯᠡᠭᠳᠡᠪᠡ᠃ ᠰᠢᠨ᠎ᠡ ᠪᠠᠷᠭᠤ ᠵᠡᠭᠦᠨ ᠬᠤᠰᠢᠭᠤ ᠨᠢ ᠨᠣᠮᠣᠬᠠᠨ ᠪᠦᠷᠢᠳᠦ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢᠶᠠᠷ ︽ᠥᠯᠢᠭᠡᠷ ᠳᠠᠭᠤᠷᠢᠶᠠᠯ︾ ᠪᠣᠯᠭᠠᠵᠤ᠂ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠢᠳᠡᠪᠬᠢᠲᠡᠢ ᠪᠠᠷ ᠬᠤᠪᠢᠷᠠᠭᠤᠯᠤᠨ᠂ ᠮᠠᠯ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠨᠠᠩ ᠶᠡᠭᠡ ᠡᠷᠴᠢᠮ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠵᠤ᠂ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠤᠨ᠎ᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ