2024 ᠣᠨ ᠤ 1 ᠰᠠᠷ᠎ᠠ ᠶᠢᠨ ᠡᠪᠦᠳᠦᠭ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ
ᠨᠡᠶᠢᠲᠡᠯᠡᠭᠰᠡᠨ ᠴᠠᠭ᠄
2024/12/11
          ᠡᠪᠦᠳᠦᠭ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ 2024 ᠣᠨ ᠤ 1 ᠰᠠᠷ᠎ᠠ ᠳᠤ᠄ ᠬᠢᠯᠢ ᠪᠠᠷ ᠣᠷᠣᠵᠤ ᠭᠠᠷᠬᠤ ᠬᠥᠮᠥᠨ ᠪᠠᠷᠤᠭ 3600 ᠤᠳᠠᠭ᠎ᠠ ᠬᠦᠷᠴᠦ᠂ ᠠᠳᠠᠯᠢ ᠬᠤᠭᠤᠴᠠᠭᠠᠨ ᠤ ᠬᠢ ᠠᠴᠠ 35.2% ᠨᠡᠮᠡᠭᠳᠡᠪᠡ᠃ ᠬᠢᠯᠢ ᠪᠠᠷ ᠣᠷᠣᠵᠤ ᠢᠷᠡᠭᠰᠡᠨ ᠬᠥᠮᠥᠨ ᠪᠠᠷᠤᠭ 1900 ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 43.7% ᠪᠠᠷ ᠨᠡᠮᠡᠭᠳᠡᠪᠡ᠃ ᠬᠢᠯᠢ ᠠᠴᠠ ᠭᠠᠷᠬᠤ ᠬᠥᠮᠥᠨ ᠪᠠᠷᠤᠭ 1700 ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.8% ᠪᠠᠷ ᠨᠡᠮᠡᠭᠳᠡᠪᠡ᠃ ᠬᠢᠯᠢ ᠪᠠᠷ ᠣᠷᠣᠵᠤ ᠭᠠᠷᠬᠤ ᠲᠡᠷᠭᠡ ᠪᠠᠷᠤᠭ 2600 ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.9% ᠪᠠᠷ ᠪᠠᠭᠤᠷᠠᠪᠠ᠃ ᠬᠢᠯᠢ ᠪᠠᠷ ᠣᠷᠣᠵᠤ ᠢᠷᠡᠭᠰᠡᠨ ᠮᠠᠰᠢᠨ ᠲᠡᠷᠭᠡ ᠪᠠᠷᠤᠭ 1300 ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.3% ᠪᠠᠷ ᠪᠠᠭᠤᠷᠠᠪᠠ᠃ ᠬᠢᠯᠢ ᠠᠴᠠ ᠭᠠᠷᠬᠤ ᠲᠡᠷᠭᠡ ᠪᠠᠷᠤᠭ 1300 ᠤᠳᠠᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.5% ᠪᠠᠷ ᠪᠠᠭᠤᠷᠠᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ 46876.623 ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 1.7% ᠪᠠᠷ ᠪᠠᠭᠤᠷᠠᠪᠠ᠃ ᠭᠠᠳᠠᠭᠠᠳᠤ  ᠠᠴᠠ ᠣᠷᠣᠭᠤᠯᠤᠭᠰᠠᠨ ᠪᠠᠷᠠᠭ᠎ᠠ 46873.49 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.6% ᠪᠠᠭᠤᠷᠠᠵᠠᠢ᠃ ᠭᠠᠳᠠᠭᠠᠳᠤ ᠳᠤ ᠭᠠᠷᠭᠠᠭᠰᠠᠨ ᠪᠠᠷᠠᠭ᠎ᠠ 3.133 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 99% ᠪᠠᠷ ᠪᠠᠭᠤᠷᠠᠪᠠ᠃ ᠡᠭᠦᠨ ᠳᠤ ᠲᠦᠭᠦᠬᠡᠢ ᠴᠢᠯᠠᠭᠤᠨ ᠲᠣᠰᠣᠨ ᠤ ᠭᠠᠳᠠᠭᠠᠳᠤ  ᠠᠴᠠ ᠣᠷᠣᠭᠤᠯᠤᠭᠰᠠᠨ ᠬᠡᠮᠵᠢᠶ᠎ᠡ 45954.84 ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 2.1% ᠳᠣᠷᠣᠭᠰᠢᠯᠠᠵᠠᠢ᠃ ᠡᠪᠦᠳᠦᠭ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠭᠤᠷᠠᠭᠰᠠᠨ ᠰᠢᠯᠲᠠᠭᠠᠨ᠄ 2023 ᠳ᠋ᠠᠴᠢᠩ ᠤᠨ ᠮᠣᠩᠭᠤᠯ ᠤᠯᠤᠰ ᠤᠨ ᠲᠠᠮᠴᠠᠭᠪᠣᠯᠠᠭ ᠤᠨ ᠴᠢᠯᠠᠭᠤᠨ ᠲᠣᠰᠣᠨ ᠤ ᠠᠭᠤᠷᠬᠠᠢ ᠶᠢᠨ ᠵᠢᠯ ᠤᠨ ᠭᠠᠷᠤᠯᠲᠠ ᠶᠢᠨ ᠲᠦᠭᠦᠬᠡᠢ ᠴᠢᠯᠠᠭᠤᠨ ᠲᠣᠰᠣᠨ ᠤ ᠭᠠᠷᠭᠠᠯᠲᠠ 1 ᠳ᠋ᠦᠭᠡᠷ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ 2024 ᠣᠨ ᠤ 1 ᠳ᠋ᠦᠭᠡᠷ ᠰᠠᠷ᠎ᠠ ᠶᠢᠨ ᠬᠢ ᠠᠴᠠ ᠨᠡᠯᠢᠶᠡᠳ ᠥᠨᠳᠥᠷ ᠪᠠᠶᠢᠵᠤ᠂ ᠭᠠᠳᠠᠭᠠᠳᠤ ᠳᠤ ᠭᠠᠷᠭᠠᠬᠤ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ ᠡᠳ᠋ ᠪᠣᠳᠠᠰ ᠤᠨ ᠭᠠᠷᠭᠠᠯᠲᠠ 2023 ᠣᠨ ᠤ ᠬᠢ ᠠᠴᠠ ᠡᠳᠦᠢ ᠲᠡᠳᠦᠢ ᠪᠠᠭᠠᠰᠤᠭᠰᠠᠨ ᠪᠠᠶᠢᠨ᠎ᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ