3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠠᠨᠳᠠᠭᠠᠢ ᠰᠤᠮᠤ᠂ ᠦᠪᠦᠷᠪᠣᠯᠠᠭ | ᠰᠤᠮᠤ ᠳᠤ ᠭᠦᠨᠵᠡᠭᠡᠶᠢᠷᠡᠨ᠂ ᠰᠣᠶᠣᠯ ᠵᠢᠭᠤᠯᠴᠢᠯᠠᠯ ᠤᠨ ᠠᠵᠤ ᠦᠢᠯᠡᠰ᠂ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠠᠵᠢᠯ ᠢ ᠪᠠᠶᠢᠴᠠᠭᠠᠨ | ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠬᠠᠳᠠ᠂ ᠰᠤᠮᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ ᠦ᠋ ᠰᠢᠤᠸᠠᠢ | ᠶᠦᠩ ᠤᠷᠢᠳ ᠬᠤᠵᠢᠳ ᠬᠠᠨᠳᠠᠭᠠᠢ ᠶᠢᠨ ᠷᠧᠨ ᠰᠢᠶᠠᠩ ᠪᠠᠭᠤᠳᠠᠯ ᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠭᠤᠸᠠᠩ ᠴᠢ ᠶᠢᠨ | ᠮᠠᠰᠢᠨ ᠲᠡᠷᠭᠡᠨ ᠤ ᠪᠦᠯᠦᠭᠯᠡᠯ ᠤᠨ ᠬᠦᠢᠲᠡᠨ ᠣᠷᠣᠨ ᠤ ᠲᠤᠷᠰᠢᠯᠲᠠ ᠶᠢᠨ ᠲᠠᠯᠠᠪᠠᠢ ︵ᠨᠣᠭᠤᠭᠠᠨ ᠨᠠᠭᠤᠷ︶ ᠳᠤ ᠬᠦᠷᠴᠦ᠂ ᠠᠵᠤ ᠦᠢᠯᠡᠰ ᠤᠨ ᠲᠦᠷᠦᠯ ᠵᠦᠢᠯ ᠤᠨ | ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ᠂ ᠠᠰᠢᠭᠯᠠᠯᠲᠠ ᠳᠤ ᠣᠷᠣᠭᠤᠯᠤᠨ ᠡᠵᠡᠩᠨᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ | 3 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ︽ᠴᠠᠭᠠᠨᠢᠳᠡᠭᠡ ︵ᠪᠠᠷᠭᠤ ᠶᠢᠨ ᠤᠯᠠᠮᠵᠢᠯᠠᠯᠲᠤ ᠡᠭᠡᠳᠡᠭᠰᠡᠨ ᠰᠦ ᠬᠢᠬᠦ ᠤᠷ᠎ᠠ ᠮᠡᠷᠭᠡᠵᠢᠯ︶︾ | ︽ᠲᠦᠩ ᠯᠧ ᠹᠦ᠋ ᠶᠢᠨ ᠬᠠᠭᠤᠴᠢᠨ ᠮᠠᠶ᠋ᠢᠭ ᠤᠨ ᠵᠢᠭᠤᠷᠠᠮᠠᠯ ᠶᠧᠪᠡᠩ ᠬᠢᠬᠦ ᠤᠷ᠎ᠠ ᠮᠡᠷᠭᠡᠵᠢᠯ︾ ᠤᠨ ᠲᠥᠷᠥᠯ ᠵᠦᠢᠯ ᠨᠢ ᠨᠠᠢᠮᠠᠳᠤᠭᠠᠷ ᠪᠦᠯᠦᠭ ᠤᠨ ᠪᠣᠳᠠᠰ ᠤᠨ | ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠲᠤ ᠵᠢᠭᠰᠠᠭᠠᠭᠳᠠᠪᠠ ︵ᠨᠡᠶᠢᠲᠡ 29 ᠵᠦᠢᠯ︶᠃ ᠢᠩᠭᠢᠭᠡᠳ ᠰᠢᠨ᠎ᠡ ᠪᠠᠷᠭᠤ | ᠵᠡᠭᠦᠨ ᠬᠤᠰᠢᠭᠤ ᠤᠯᠤᠰ ᠤᠨ ᠲᠠᠰ ᠤᠨ ᠨᠡᠷᠡᠰ ᠤᠨ ᠵᠢᠭᠰᠠᠭᠠᠯᠲᠠ 1 ᠲᠦᠷᠦᠯ᠂ ᠥᠪᠡᠷᠲᠡᠭᠡᠨ ᠵᠠᠰᠠᠬᠤ ᠣᠷᠣᠨ ᠤ ᠲᠠᠰ ᠤᠨ ᠨᠡᠷᠡᠰ ᠤᠨ ᠵᠢᠭᠰᠠᠭᠠᠯᠲᠠ 12 | ᠲᠦᠷᠦᠯ᠂ ᠬᠤᠲᠠ ᠶᠢᠨ ᠲᠠᠰ ᠤᠨ ᠨᠡᠷᠡᠰ ᠤᠨ ᠵᠢᠭᠰᠠᠭᠠᠯᠲᠠ 22 ᠲᠦᠷᠦᠯ᠂ ᠬᠤᠰᠢᠭᠤᠨ ᠤ ᠲᠠᠰ ᠤᠨ ᠨᠡᠷᠡᠰ ᠤᠨ ᠵᠢᠭᠰᠠᠭᠠᠯᠲᠠ 1 ᠲᠦᠷᠦᠯ᠂ ᠨᠡᠶᠢᠲᠡ 36 | ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠠᠮᠵᠢᠯᠲᠠ ᠲᠠᠢ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃ | 6 ᠤ ᠡᠳᠦᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠯᠪᠠᠨ ᠤ ᠰᠦᠯᠵᠢᠶᠡᠨ ᠳᠡᠭᠡᠷ᠎ᠡ ᠭᠤᠷᠪᠠᠳᠤᠭᠠᠷ ᠪᠦᠯᠦᠭ ᠤᠨ ᠪᠥᠬᠦ ᠤᠯᠤᠰ ᠤᠨ | ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤᠨ ᠤ ᠨᠡᠷᠡᠰ ᠢ ᠨᠡᠶᠢᠲᠡᠯᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠬᠠᠨᠳᠠᠭᠠᠢ ᠰᠤᠮᠤ | ᠭᠤᠷᠪᠠᠳᠤᠭᠠᠷ ᠪᠦᠯᠦᠭ ᠤᠨ ᠪᠥᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠰᠢᠶᠠᠩ ᠪᠠᠯᠭᠠᠰᠤᠨ ᠳᠤ ᠰᠣᠩᠭᠤᠭᠳᠠᠪᠠ᠃ ᠬᠠᠨᠳᠠᠭᠠᠢ | ᠰᠤᠮᠤ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠠᠷ ᠬᠥᠭᠵᠢᠯᠲᠡ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠲᠣᠭᠲᠠᠭᠤᠨ ᠢ ᠪᠠᠲᠤᠯᠠᠬᠤ᠂ ᠡᠶ᠎ᠡ ᠵᠣᠬᠢᠴᠠᠩᠭᠤᠢ ᠶᠢ ᠠᠬᠢᠭᠤᠯᠬᠤ ᠪᠠᠷ ᠬᠥᠭᠵᠢᠯᠲᠡ ᠶᠢᠨ ᠬᠠᠷᠠᠯᠲᠠ ᠪᠣᠯᠭᠠᠬᠤ ᠶᠢ ᠪᠠᠷᠢᠮᠲᠠᠯᠠᠵᠤ᠂ | ᠴᠢᠬᠤᠯᠠ ᠬᠦᠷᠢᠶ᠎ᠡ ᠬᠡᠪᠴᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠨᠡᠩ ᠳᠤᠯᠠᠭᠠᠬᠠᠨ | ᠪᠣᠯᠭᠠᠵᠤ᠂ ᠠᠷᠠᠳ ᠤᠯᠠᠨ ᠤ ᠵᠣᠯ ᠵᠢᠷᠭᠠᠯ ᠢ ᠨᠡᠩ ᠶᠠᠰᠤ ᠴᠢᠨᠠᠷ ᠤᠨ ᠲᠥᠷᠥᠭᠳᠡᠯ ᠲᠠᠢ ᠪᠣᠯᠭᠠᠪᠠ᠃ | 6 ᠤ ᠡᠳᠦᠷ᠂ ᠳᠥᠷᠪᠡᠳᠦᠭᠡᠷ ᠬᠤᠭᠤᠴᠠᠭᠠᠨ ᠤ ︽ᠪᠦᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠬᠡᠷᠡᠭ ᠤᠨ | ᠵᠢᠱᠢᠶ᠎ᠡ ᠶᠢ ᠴᠤᠭᠯᠠᠭᠤᠯᠬᠤ ᠠᠵᠢᠯᠯᠠᠭ᠎ᠠ︾ ᠶᠢᠨ ᠱᠠᠩᠨᠠᠯ ᠬᠦᠷᠲᠡᠭᠰᠡᠳ ᠤᠨ ᠨᠡᠷᠡᠰ ᠢ ᠨᠡᠶᠢᠲᠡᠯᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠵᠢᠵᠢᠭ ᠡᠮ ᠤᠨ | ᠬᠠᠶᠢᠷᠴᠠᠭ ᠤᠨ ᠢᠨᠵᠧᠨᠧᠷᠢᠩ ᠨᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠮᠠᠰᠢ ᠤᠯᠠᠨ ᠬᠡᠷᠡᠭ ᠤᠨ ᠵᠢᠱᠢᠶ᠎ᠡ ᠠᠴᠠ ᠴᠣᠯᠭᠤᠷᠠᠨ ᠭᠠᠷᠴᠤ᠂ | ᠥᠪᠥᠷ ᠮᠣᠩᠭᠤᠯ ᠤᠨ 4 ᠰᠣᠩᠭᠤᠭᠳᠠᠭᠰᠠᠨ ᠬᠡᠷᠡᠭ ᠤᠨ ᠵᠢᠱᠢᠶ᠎ᠡ ᠶᠢᠨ ᠨᠢᠭᠡ ᠪᠣᠯᠵᠠᠢ᠃ ᠵᠢᠵᠢᠭ ᠡᠮ ᠤᠨ ᠬᠠᠶᠢᠷᠴᠠᠭ ᠤᠨ ᠢᠨᠵᠧᠨᠧᠷᠢᠩ ᠢ 2011 ᠣᠨ ᠠᠴᠠ | ᠡᠬᠢᠯᠡᠨ ᠪᠠᠶᠢᠭᠤᠯᠤᠭᠰᠠᠨ ᠠᠴᠠ ᠠᠪᠤᠭᠠᠳ ︽ᠵᠠᠬ᠎ᠠ ᠬᠢᠵᠠᠭᠠᠷ ᠣᠷᠣᠨ ᠤ ᠮᠠᠯᠴᠢᠳ ᠤᠨ ᠡᠷᠡᠭᠦᠯ ᠮᠡᠨᠳᠦ ᠶᠢ ᠬᠠᠮᠠᠭᠠᠯᠠᠬᠤ︾ ᠠᠶᠠᠨ ᠳᠤ ᠮᠣᠷᠳᠠᠵᠤ᠂ ᠠᠷᠪᠠ | ᠭᠠᠷᠤᠢ ᠵᠢᠯ ᠤᠨ ᠲᠠᠰᠤᠷᠠᠯᠲᠠ ᠦᠭᠡᠢ ᠬᠤᠪᠢᠷᠠᠯᠲᠠ ᠶᠢᠨ ᠳᠤᠮᠳᠠ ᠬᠠᠷᠢᠭᠤᠴᠠᠯᠭ᠎ᠠ᠂ ᠬᠠᠯᠠᠮᠵᠢᠯᠠᠯ ᠪᠠ ᠪᠠᠲᠤ ᠰᠠᠬᠢᠬᠤ ᠶᠢ ᠲᠠᠶᠢᠯᠪᠤᠷᠢᠯᠠᠭᠰᠠᠨ ᠪᠠᠶᠢᠨ᠎ᠠ᠃ | 10 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠤᠯᠤᠰ ᠲᠥᠷᠥ ᠶᠢᠨ ᠰᠤᠳᠤᠯᠭᠠᠨ ᠤ ᠲᠠᠰᠤᠭ ︵ ᠥᠭᠡᠷᠡᠴᠢᠯᠡᠯᠲᠡ ᠶᠢᠨ ᠠᠯᠪᠠᠨ | ᠭᠡᠷ︶ ᠤᠨ ᠳᠡᠳ᠋ ᠡᠷᠬᠢᠯᠡᠭᠴᠢ ᠵᠢᠶᠣᠣ ᠲᠦᠩ ᠵᠢᠶᠠᠩ ᠨᠠᠷ ᠢᠪᠡᠭᠡᠯ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ | ᠭᠦᠨᠵᠡᠭᠡᠶᠢᠷᠡᠨ ᠠᠵᠢᠯ ᠪᠠᠶᠢᠴᠠᠭᠠᠨ ᠵᠢᠯᠣᠭᠤᠳᠪᠠ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠴᠣᠯᠮᠣᠨ ᠂ ᠠᠮᠤᠭᠤᠯᠠᠩ ᠪᠠᠯᠭᠠᠰᠤᠨ ᠤ | ᠬᠠᠷᠢᠭᠤᠴᠠᠯᠭᠠᠲᠠᠨ ᠪᠠᠷ᠎ᠠ ᠪᠣᠯᠪᠠ᠃ ᠵᠢᠶᠣᠣ ᠲᠦᠩ ᠵᠢᠶᠠᠩ ᠨᠠᠷ ᠬᠠᠷᠢᠶ᠎ᠠ ᠲᠣᠭᠤᠷᠢᠭ ᠤᠨ ᠠᠮᠤᠭᠤᠯᠠᠩ ᠪᠠᠯᠭᠠᠰᠤ ᠶᠢᠨ ᠨᠠᠰᠤᠲᠠᠶᠢᠴᠤᠳ ᠲᠤ ᠦᠢᠯᠡᠴᠢᠯᠡᠬᠦ ᠲᠥᠪ᠂ | ᠨᠡᠶᠢᠭᠡᠮ ᠲᠣᠭᠤᠷᠢᠭ ᠤᠨ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠲᠠᠬᠢ ᠨᠠᠮ ᠤᠨ ᠭᠡᠰᠢᠭᠦᠨ ᠤ ᠰᠤᠷᠭᠠᠨ ᠬᠥᠮᠦᠵᠢᠯ ᠤᠨ ᠲᠠᠰᠤᠭ᠂ ᠬᠡᠦᠬᠡᠳ ᠤᠨ ᠭᠡᠷ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠰᠠᠭᠤᠷᠢᠨ ᠭᠠᠵᠠᠷ᠂ ᠨᠠᠮ ᠤᠨ ᠭᠡᠰᠢᠭᠦᠨ ᠤ ᠬᠤᠷᠠᠯ ᠤᠨ ᠭᠡᠷ᠂ | ᠠᠵᠢᠯᠯᠠᠭᠠᠨ ᠤ ᠦᠷᠦᠭᠡ᠂ ᠨᠣᠮ ᠪᠢᠴᠢᠭ ᠤᠨ ᠦᠷᠦᠭᠡ᠂ ᠰᠡᠳᠬᠢᠴᠡ ᠶᠢᠨ ᠠᠰᠠᠭᠤᠨ ᠯᠠᠪᠯᠠᠬᠤ ᠦᠷᠦᠭᠡ᠂ ᠶᠡᠷᠦᠩᠬᠡᠶᠢᠯᠡᠨ ᠵᠠᠰᠠᠬᠤ ᠠᠵᠢᠯ ᠤᠨ ᠦᠷᠲᠡᠭᠡ ᠵᠡᠷᠭᠡ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ | ᠲᠥᠪ ᠤᠨ ᠪᠠᠶᠢᠭᠤᠯᠤᠯᠲᠠ ᠶᠢᠨ ᠪᠠᠶᠢᠳᠠᠯ ᠢ ᠭᠦᠢᠴᠡᠳ ᠮᠡᠳᠡᠷᠡᠬᠦ ᠶᠢᠨ ᠬᠠᠮᠲᠤ ᠪᠣᠯᠣᠮᠵᠢᠲᠤ ᠰᠠᠨᠠᠯ ᠰᠠᠨᠠᠭᠤᠯᠭ᠎ᠠ ᠳᠤᠷᠠᠳᠪᠠ᠃ | 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠠᠮᠤᠭᠤᠯᠠᠩ ᠪᠠᠯᠭᠠᠰᠤᠨ ᠳᠤ | ᠭᠦᠨᠵᠡᠭᠡᠶᠢᠷᠡᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠨ ᠱᠠᠲᠤᠨ ᠤ ᠵᠠᠰᠠᠯᠲᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠮᠠᠯ ᠠᠵᠤ ᠠᠬᠤᠢ ᠶᠢᠨ ᠦᠢᠯᠡᠳᠪᠦᠷᠢᠯᠡᠯ ᠵᠡᠷᠭᠡ ᠳᠤ ᠪᠠᠶᠢᠴᠠᠭᠠᠨ ᠰᠤᠳᠤᠯᠤᠯᠲᠠ ᠬᠢᠪᠡ᠃ ᠰᠤᠮᠤ ᠪᠠᠯᠭᠠᠰᠤ᠂ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠪᠠᠷ᠎ᠠ ᠪᠣᠯᠪᠠ᠃ ᠦ᠋ ᠰᠢᠤᠸᠠᠢ ᠶᠦᠩ ᠠᠮᠤᠭᠤᠯᠠᠩ ᠪᠠᠯᠭᠠᠰᠤ ᠶᠢᠨ ᠨᠠᠰᠤᠲᠠᠶᠢᠴᠤᠳ ᠲᠤ ᠦᠢᠯᠡᠴᠢᠯᠡᠬᠦ ᠲᠥᠪ᠂ ᠰᠢᠯᠢᠨ ᠨᠡᠶᠢᠭᠡᠮ ᠲᠣᠭᠤᠷᠢᠭ᠂ | ︽ᠵᠡᠭᠦᠨ ᠬᠤᠰᠢᠭᠤᠨ ᠤ ᠲᠠᠷᠢᠶᠠᠯᠠᠩ ᠤᠨ ᠲᠠᠯᠠᠪᠠᠢ︾ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠲᠥᠪ ᠤᠨ ᠦᠷᠭᠦᠯᠵᠢᠯᠡᠬᠦ ᠬᠥᠭᠵᠢᠯᠲᠡ ᠶᠢᠨ | ᠠᠰᠠᠭᠤᠳᠠᠯ ᠤᠨ ᠲᠤᠬᠠᠢ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠭᠦᠨᠵᠡᠭᠡᠢ ᠰᠣᠯᠢᠯᠴᠠᠭ᠎ᠠ ᠬᠢᠪᠡ᠃ ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ᠂ ᠦ᠋ | ᠰᠢᠤᠸᠠᠢ ᠶᠦᠩ ᠪᠠᠰᠠ ᠠᠮᠤᠭᠤᠯᠠᠩ ᠪᠠᠯᠭᠠᠰᠤ ᠶᠢᠨ ᠪᠠᠶᠠᠨᠣ᠋ᠪᠣᠭᠠ ᠭᠠᠴᠠᠭ᠎ᠠ ᠶᠢᠨ ᠴᠣᠯᠮᠣᠨ ᠤ ᠭᠡᠷ ᠲᠤ ᠬᠦᠷᠴᠦ᠂ ᠮᠠᠯᠴᠢᠳ ᠤᠨ ᠡᠪᠦᠯ ᠤᠨ ᠤᠯᠠᠷᠢᠯ ᠤᠨ | ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠠᠶᠢᠴᠠᠭᠠᠨ ᠰᠤᠳᠤᠯᠵᠠᠢ᠃ ᠡᠭᠦᠨ ᠤ ᠬᠠᠮᠲᠤ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠰᠣᠶᠣᠯ ᠵᠢᠭᠤᠯᠴᠢᠯᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠠᠷᠭ᠎ᠠ ᠶᠢ ᠰᠤᠳᠤᠯᠤᠨ | ᠰᠦᠪᠡᠭᠴᠢᠯᠡᠪᠡ᠃ | 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠵᠢᠩ ᠭᠠᠨᠵᠤᠤᠷ | ᠰᠤᠮᠤ ᠳᠤ ᠭᠦᠨᠵᠡᠭᠡᠶᠢᠷᠡᠵᠦ᠂ ᠪᠦᠭᠦ ᠬᠤᠲᠠ ᠶᠢᠨ ︽ᠶᠣᠰᠣ ᠰᠤᠷᠲᠠᠬᠤᠨ ᠤ ᠵᠢᠱᠢᠶᠡᠴᠢ︾ ᠶᠢᠨ ᠲᠥᠯᠥᠭᠡᠯᠡᠭᠴᠢ ᠰᠧᠪᠡᠭᠳᠣᠷᠵᠢ ᠶᠢ ᠪᠣᠯᠭᠤᠭᠠᠨ ᠲᠣᠬᠤᠨᠢᠭᠤᠯᠵᠤ᠂ | ᠲᠡᠭᠦᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ ᠢᠷᠦᠭᠡᠯ ᠳᠡᠪᠰᠢᠭᠦᠯᠵᠡᠢ᠃ | 11 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ᠂ ᠰᠢᠨ᠎ᠡ ᠪᠠᠷᠭᠤ ᠵᠡᠭᠦᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠰᠢᠭᠤᠨ ᠲᠠᠩᠰᠠ ᠡᠪᠬᠡᠮᠡᠯ ᠤᠨ ᠲᠡᠦᠬᠡ ᠣᠶᠢᠯᠠᠯᠭ᠎ᠠ ᠶᠢᠨ ᠣᠷᠳᠣᠨ ᠤ | ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ᠮᠠᠲ᠋ᠧᠷᠢᠶᠠᠯ ᠤᠨ ᠬᠡᠯᠪᠡᠷᠢ ᠶᠢᠨ ᠣᠨ ᠤ ᠰᠡᠳᠬᠦᠯ ︽ᠰᠢᠨ᠎ᠡ ᠪᠠᠷᠭᠤ ᠵᠡᠭᠦᠨ ᠬᠤᠰᠢᠭᠤᠨ ᠤ ᠣᠨ ᠤ ᠲᠣᠯᠢ ︵2022︶ | ᠶᠢᠨ ᠪᠣᠳᠢ︾ ᠶᠢ ᠬᠡᠪᠯᠡᠨ ᠲᠠᠷᠬᠠᠭᠠᠪᠠ᠃ ︽ᠰᠢᠨ᠎ᠡ ᠪᠠᠷᠭᠤ ᠵᠡᠭᠦᠨ ᠬᠤᠰᠢᠭᠤᠨ ᠤ ᠣᠨ ᠤ ᠲᠣᠯᠢ ︵2022 ᠪᠣᠳᠢ︶︾ ᠳᠤ ᠰᠢᠨ᠎ᠡ ᠪᠠᠷᠭᠤ ᠵᠡᠭᠦᠨ | ᠬᠤᠰᠢᠭᠤᠨ ᠤ ᠣᠷᠣᠨ ᠪᠦᠰᠡ ᠶᠢᠨ ᠪᠠᠶᠢᠭᠠᠯᠢ᠂ ᠲᠡᠦᠬᠡ᠂ ᠤᠯᠤᠰ ᠲᠥᠷᠥ᠂ ᠠᠵᠤ ᠠᠬᠤᠢ᠂ ᠰᠣᠶᠣᠯ᠂ ᠨᠡᠶᠢᠭᠡᠮ ᠵᠡᠷᠭᠡ ᠪᠠᠶᠢᠳᠠᠯ ᠢ ᠰᠢᠰᠲ᠋ᠧᠮ ᠲᠠᠢ ᠲᠡᠮᠳᠡᠭᠯᠡᠨ | ᠲᠣᠭᠠᠴᠢᠭᠰᠠᠨ ᠪᠥᠭᠡᠳ ᠪᠥᠬᠦ ᠨᠣᠮ ᠨᠢ ᠪᠠᠷᠤᠭ 52 ᠲᠦᠮᠡᠨ ᠥᠰᠥᠭ ᠲᠠᠢ᠃ | 12 ᠤᠨ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠮᠤᠭᠤᠯᠠᠩ ᠪᠠᠯᠭᠠᠰᠤᠨ ᠳᠤ ᠬᠤᠷᠠᠯᠳᠤᠪᠠ᠃ | 12 ᠤᠨ ᠡᠳᠦᠷ᠂ ᠮᠤᠵᠢ ᠶᠢᠨ ᠳᠡᠰ ᠤᠨ ᠵᠠᠰᠠᠮᠠᠯ ᠵᠠᠮ 203 ᠱᠤᠭᠤᠮ ︵ᠤᠳᠤ ᠶᠢᠨ ᠤᠯᠤᠰ ᠤᠨ ᠳᠡᠰ ᠤᠨ ᠵᠠᠰᠠᠮᠠᠯ ᠵᠠᠮ 331 ᠱᠤᠭᠤᠮ︶ ᠋ ᠤᠨ | ᠮᠠᠨᠵᠤᠤᠷ ᠠᠴᠠ ᠠᠯᠳ᠋ᠬᠠᠮᠡᠭᠡᠯ ᠬᠦᠷᠬᠦ ᠬᠡᠰᠡᠭ᠂ ᠠᠯᠳ᠋ᠬᠠᠮᠡᠭᠡᠯ ᠠᠴᠠ ᠠᠮᠤᠭᠤᠯᠠᠩ ᠬᠦᠷᠬᠦ ᠬᠡᠰᠡᠭ ᠤᠨ 2 ᠵᠠᠰᠠᠮᠠᠯ ᠵᠠᠮ ᠵᠢᠩᠬᠢᠨᠢ ᠪᠠᠷ ᠲᠡᠷᠭᠡ ᠨᠡᠪᠲᠡᠷᠡᠵᠤ | ᠠᠰᠢᠭᠯᠠᠯᠲᠠ ᠳᠤ ᠣᠷᠣᠪᠠ᠃ ᠳᠡᠭᠡᠷᠡᠬᠢ ᠬᠤᠶᠠᠷ ᠵᠤᠷᠪᠤᠰ ᠵᠠᠰᠠᠮᠠᠯ ᠵᠠᠮ ᠪᠣᠯ ᠪᠥᠬᠦ ᠤᠯᠤᠰ ᠤᠨ ᠬᠠᠮᠤᠭ ᠤᠨ ᠶᠡᠭᠡ ᠬᠠᠭᠤᠷᠠᠢ ᠵᠠᠮ ᠤᠨ ᠪᠣᠭᠤᠮᠲᠠ ᠪᠣᠯᠬᠤ ᠮᠠᠨᠵᠤᠤᠷ | ᠠᠴᠠ ᠣᠷᠣᠰ ᠬᠦᠷᠬᠦ ᠪᠣᠭᠤᠮᠲᠠ ᠵᠢᠴᠢ ᠠᠷᠣᠬᠠᠰᠢᠶᠠᠲᠣ ᠠᠴᠠ ᠮᠣᠩᠭᠤᠯ ᠬᠦᠷᠬᠦ ᠪᠣᠭᠤᠮᠲᠠ᠂ ᠡᠪᠦᠳᠦᠭ ᠪᠣᠭᠤᠮᠲᠠ ᠶᠢ ᠬᠤᠯᠪᠣᠭᠰᠠᠨ ᠵᠠᠮ ᠲᠡᠭᠡᠭᠡᠪᠦᠷᠢ ᠶᠢᠨ ᠭᠤᠣᠯ | ᠱᠤᠭᠤᠮ ᠪᠣᠯᠣᠨ᠎ᠠ᠂ ᠰᠦᠢ ᠹᠧᠨ ᠾᠧ ᠮᠠᠨᠵᠤᠤᠷ ᠶᠢᠨ ᠤᠯᠤᠰ ᠤᠨ ᠵᠠᠮ ᠤᠨ ᠭᠤᠣᠯ ᠱᠤᠭᠤᠮ ᠢ ᠬᠤᠯᠪᠣᠭᠰᠠᠨ ᠪᠠ ᠬᠢᠩᠭᠠᠨ ᠠᠶᠢᠮᠠᠭ ᠢᠶᠠᠷ ᠳᠡᠮᠵᠢᠨ ᠵᠡᠭᠦᠨ | ᠬᠤᠶᠢᠲᠤ ᠣᠷᠣᠨ ᠤ ᠳᠣᠲᠣᠷ᠎ᠠ ᠭᠠᠵᠠᠷ ᠲᠤ ᠣᠷᠣᠬᠤ ᠴᠢᠬᠤᠯᠠ ᠵᠠᠮ ᠬᠠᠷᠢᠯᠴᠠᠭᠠᠨ ᠤ ᠭᠤᠣᠯ ᠱᠤᠭᠤᠮ ᠪᠣᠯᠣᠨ᠎ᠠ᠃ ᠬᠤᠶᠠᠷ ᠵᠠᠰᠠᠮᠠᠯ ᠵᠠᠮ ᠢ ᠵᠢᠩᠬᠢᠨᠢ ᠪᠠᠷ ᠲᠡᠷᠭᠡ | ᠨᠡᠪᠲᠡᠷᠡᠭᠦᠯᠦᠨ ᠠᠵᠢᠯᠯᠠᠭᠤᠯᠬᠤ ᠨᠢ ᠵᠠᠰᠠᠮᠠᠯ ᠵᠠᠮ + ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠪᠠ ᠡᠬᠢ ᠪᠠᠶᠠᠯᠢᠭ ᠤᠨ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ | ᠂ ᠬᠥᠯᠥᠨ ᠪᠤᠶᠢᠷ ᠬᠤᠲᠠ ᠶᠢᠨ ᠵᠢᠭᠤᠯᠴᠢᠯᠠᠯ ᠤᠨ ᠠᠵᠤ ᠠᠬᠤᠢ ᠶᠢ ᠬᠥᠭᠵᠢᠶᠡᠨᠲᠡᠢ ᠪᠣᠯᠭᠠᠬᠤ᠂ ᠨᠡᠶᠢᠭᠡᠮ ᠤᠨ ᠠᠵᠢᠯ ᠣᠯᠭᠤᠯᠲᠠ ᠶᠢ ᠥᠷᠭᠡᠳᠬᠡᠬᠦ᠂ ᠬᠥᠯᠥᠨ ᠪᠤᠶᠢᠷ | ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠳᠤ ᠴᠢᠬᠤᠯᠠ ᠢᠳᠡᠪᠬᠢ ᠠᠴᠢ | ᠬᠤᠯᠪᠣᠭᠳᠠᠯ ᠲᠠᠢ ᠶᠤᠮ᠃ | 18 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ 2024 ᠣᠨ ᠤ ︽ᠰᠣᠶᠣᠯ ᠢ ᠲᠦᠮᠡᠨ ᠡᠷᠦᠬᠡ ᠳᠤ ᠬᠦᠷᠭᠡᠨ᠎ᠡ ︱ ᠸᠢᠳᠢᠤ᠋ ᠪᠠᠷ ᠨᠤᠲᠤᠭ | ᠤᠰᠤ ᠪᠠᠨ ᠰᠢᠭᠤᠳ ᠨᠡᠪᠲᠡᠷᠡᠭᠦᠯᠬᠦ︾ ᠠᠵᠢᠯᠯᠠᠭ᠎ᠠ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠴᠠᠭᠠᠨ ᠰᠠᠷ᠎ᠠ ᠶᠢᠨ ᠪᠠᠷᠠᠭᠠᠨ ᠤ ᠦᠵᠡᠭᠦᠯᠦᠯᠭᠡ ᠶᠢᠨ | ᠡᠬᠢᠯᠡᠯᠲᠡ ᠶᠢᠨ ᠶᠣᠰᠣᠯᠠᠯ ᠦᠨᠳᠦᠰᠦᠲᠡᠨ ᠤ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠲᠤ ᠶᠠᠪᠤᠭᠳᠠᠵᠤ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠢ ᠴᠦᠨ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠴᠢᠩ ᠯᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠪᠠᠷᠠᠭ᠎ᠠ ᠪᠠᠨ ᠳᠡᠯᠭᠡᠨ ᠦᠵᠡᠭᠦᠯᠬᠦ ᠬᠤᠭᠤᠴᠠᠭ᠎ᠠ ᠨᠢ 20 ᠡᠳᠦᠷ ᠶᠠᠪᠤᠭᠳᠠᠵᠤ᠂ | ᠨᠡᠶᠢᠲᠡ 46 ᠬᠤᠳᠠᠯᠳᠤᠭᠠᠨ ᠤ ᠡᠷᠦᠬᠡ ᠳᠤ ᠣᠷᠣᠵᠤ᠂ ᠪᠠᠷᠠᠭ᠎ᠠ ᠪᠣᠷᠣᠯᠠᠭᠤᠯᠬᠤ ᠳᠠᠭᠠᠨ ᠰᠢᠨ᠎ᠡ ᠪᠠᠷᠭᠤ ᠵᠡᠭᠦᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ | ᠥᠪ ᠤᠨ ᠣᠨᠴᠠᠯᠢᠭᠲᠤ ᠤᠯᠠᠮᠵᠢᠯᠠᠯᠲᠤ ᠢᠳᠡᠭᠡᠨ᠂ ᠤᠯᠠᠮᠵᠢᠯᠠᠯᠲᠤ ᠭᠠᠷ ᠤᠷᠠᠯᠠᠯ ᠤᠨ ᠪᠦᠲᠦᠭᠡᠭᠳᠡᠬᠦᠨ᠂ ᠤᠯᠠᠮᠵᠢᠯᠠᠯᠲᠤ ᠬᠤᠪᠴᠠᠰᠤ ᠵᠠᠰᠠᠯ ᠵᠡᠷᠭᠡ ᠪᠠᠷᠠᠭ᠎ᠠ | ᠪᠠᠭᠲᠠᠨ᠎ᠠ᠃ | 18 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ 2024 ᠣᠨ ᠤ ︽ᠳᠤᠮᠳᠠᠳᠤ ᠶᠢᠨ ᠦᠨᠳᠦᠰᠦᠲᠡᠨ ᠪᠦᠬᠦᠨ ᠤ ᠭᠡᠷ ᠪᠦᠯᠢ ᠶᠢᠨ ᠪᠣᠳᠠᠰ ᠤᠨ | ᠪᠤᠰᠤ ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠵᠤ ᠴᠠᠭᠠᠨ ᠰᠠᠷ᠎ᠠ ᠶᠢ ᠪᠡᠯᠭᠡᠯᠡᠨ᠎ᠡ︾ ︽ᠰᠣᠶᠣᠯ ᠢ ᠲᠦᠮᠡᠨ ᠡᠷᠦᠬᠡ ᠳᠤ ᠬᠦᠷᠭᠡᠨ᠎ᠡ ︱ ᠸᠢᠳᠢᠤ᠋ ᠪᠠᠷ ᠨᠤᠲᠤᠭ | ᠤᠰᠤ ᠪᠠᠨ ᠰᠢᠭᠤᠳ ᠨᠡᠪᠲᠡᠷᠡᠭᠦᠯᠦᠨ᠎ᠡ︾ ︽ᠵᠡᠭᠦᠨ ᠬᠤᠰᠢᠭᠤᠨ ᠤ ᠴᠠᠭᠠᠨ ᠰᠠᠷ᠎ᠠ ᠶᠢᠨ ᠪᠠᠷᠠᠭ᠎ᠠ ᠶᠢ ᠬᠢᠨᠠᠨ ᠰᠣᠩᠭᠤᠬᠤ ᠪᠠᠶᠠᠷ︾ ᠤᠨ ᠠᠵᠢᠯᠯᠠᠭ᠎ᠠ | ᠦᠨᠳᠦᠰᠦᠲᠡᠨ ᠤ ᠠᠵᠤ ᠦᠢᠯᠡᠰ ᠤᠨ ᠰᠠᠭᠤᠷᠢᠨ ᠭᠠᠵᠠᠷ ᠲᠤ ᠶᠠᠪᠤᠭᠳᠠᠪᠠ᠃ ︽ ᠭᠠᠯᠠᠭᠤᠲᠤ ︾ ︽ᠶᠠᠨ ᠽᠦᠨ ᠠᠷᠢᠬᠢ︾ ︽ᠲᠦᠩ ᠯᠧ ᠹᠦ᠋ ᠶᠧᠪᠡᠩ︾ ᠵᠡᠷᠭᠡ | ᠲᠣᠰ ᠭᠠᠵᠠᠷ ᠤᠨ ᠣᠨᠴᠠᠯᠢᠭᠲᠤ ᠨᠠᠷᠠᠲᠤ ᠲᠡᠮᠳᠡᠭᠲᠦ ᠶᠢᠨ ᠠᠵᠢᠯᠯᠠᠭ᠎ᠠ ᠳᠤ ᠣᠷᠣᠯᠴᠠᠪᠠ᠃ ᠰᠦᠯᠵᠢᠶ᠎ᠡ ᠪᠠᠷ ᠰᠢᠭᠤᠳ ᠨᠡᠪᠲᠡᠷᠡᠭᠦᠯᠬᠦ᠂ ᠰᠦᠯᠵᠢᠶᠡᠨ ᠠᠴᠠ ᠭᠠᠳᠠᠨ᠎ᠠ | ᠬᠠᠷᠢᠯᠴᠠᠨ ᠬᠥᠳᠡᠯᠦᠯᠴᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ ᠲᠠᠪᠴᠠᠩ ᠤᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠤᠨ | ᠬᠡᠯᠪᠡᠷᠢ ᠪᠠᠷ ᠬᠡᠷᠡᠭᠯᠡᠭᠡ ᠶᠢ ᠳᠠᠶᠢᠴᠢᠯᠠᠨ᠂ ᠰᠢᠨ᠎ᠡ ᠪᠠᠷᠭᠤ ᠵᠡᠭᠦᠨ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠬᠢᠭᠡᠳ ᠣᠨᠴᠠᠯᠢᠭᠲᠤ ᠦᠢᠯᠡᠳᠬᠦᠨ ᠤ | ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠣᠨᠴᠠᠯᠢᠭᠲᠤ ᠦᠢᠯᠡᠳᠬᠦᠨ ᠢ ᠭᠠᠳᠠᠭᠰᠢ ᠪᠣᠷᠣᠯᠠᠭᠤᠯᠬᠤ ᠶᠢ ᠳᠠᠶᠢᠴᠢᠯᠠᠨ᠂ ︽ | ᠪᠣᠷᠤᠯᠠᠭᠤᠯᠭ᠎ᠠ ᠶᠢ ᠠᠬᠢᠭᠤᠯᠬᠤ᠂ ᠵᠠᠬ᠎ᠠ ᠳᠡᠯᠭᠡᠭᠦᠷ ᠢ ᠠᠮᠢᠳᠤᠯᠢᠭ ᠪᠣᠯᠭᠠᠬᠤ᠂ ᠠᠵᠤ ᠠᠬᠤᠢ ᠶᠢ ᠲᠣᠭᠲᠠᠪᠤᠷᠢᠵᠢᠭᠤᠯᠬᠤ︾ ᠦᠢᠯᠡᠳᠦᠯ ᠳᠤ ᠬᠦᠷᠦᠭᠦᠯᠦᠨ᠎ᠡ᠃ | 22 ᠤᠨ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠤᠯᠠᠭᠠᠨᠮᠥ᠋ᠴᠢᠷ ᠤᠨ 13 ᠲᠣᠭᠯᠠᠭᠴᠢ ᠵᠡᠭᠦᠨ ᠦᠵᠦᠮᠦᠴᠢᠨ ᠬᠤᠰᠢᠭᠤᠨ ᠤ ᠰᠣᠶᠣᠯ | ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠤᠷᠢᠯᠭ᠎ᠠ ᠪᠠᠷ 2024 ᠣᠨ ᠤ ︽ᠮᠢᠩᠭᠠᠨ ᠭᠠᠵᠠᠷ ᠤᠨ ᠬᠢᠵᠠᠭᠠᠷ ᠣᠷᠣᠨ ᠤ ᠮᠥᠩᠭᠦᠨ | ᠦᠵᠦᠮᠦᠴᠢᠨ︾ ᠵᠡᠭᠦᠨ ᠦᠵᠦᠮᠦᠴᠢᠨ ᠬᠤᠰᠢᠭᠤᠨ ᠤ ᠯᠣᠣ ᠵᠢᠯ ᠤᠨ ᠴᠠᠭᠠᠨ ᠰᠠᠷ᠎ᠠ ᠶᠢᠨ ᠦᠳᠡᠰᠢᠯᠡᠭᠡ ᠶᠢᠨ ᠲᠣᠭᠯᠠᠯᠲᠠ ᠳᠤ ᠣᠷᠣᠯᠴᠠᠪᠠ᠃ ᠲᠣᠭᠯᠠᠯᠲᠠ ᠶᠢᠨ | ᠳᠠᠭᠤᠤ ︽ᠪᠠᠶᠠᠰᠬᠤᠯᠠᠩᠲᠤ ᠳᠠᠭᠤᠤ︾ ︽ᠳᠠᠶᠢᠯᠠᠯᠭ᠎ᠠ ᠶᠢᠨ ᠳᠠᠭᠤᠤ︾ ᠨᠢ ︽ᠵᠧ ᠷᠧᠨ ᠬᠠᠢ︾ ᠵᠡᠷᠭᠡ ᠪᠥᠵᠢᠭ ᠢ ᠵᠣᠬᠢᠶᠠᠭᠰᠠᠨ ᠶᠤᠮ᠃ ᠦᠳᠡᠰᠢᠯᠡᠭᠡ ᠶᠢ 2 | ᠳ᠋ᠤᠭᠠᠷ ᠰᠠᠷ᠎ᠠ ᠶᠢᠨ 11 ᠤ ᠡᠳᠦᠷ ᠥᠪᠥᠷ ᠮᠣᠩᠭᠤᠯ ᠤᠨ ᠮᠣᠩᠭᠤᠯ ᠬᠡᠯᠡᠨ ᠤ ᠣᠳᠣᠨ ᠲᠧᠯᠸᠢᠰ ᠢᠶᠠᠷ ᠨᠡᠪᠲᠡᠷᠡᠭᠦᠯᠪᠡ᠃ | 23 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ | ᠭᠤᠷᠪᠠᠳᠤᠭᠠᠷ ᠬᠤᠷᠠᠯ ᠠᠮᠤᠭᠤᠯᠠᠩ ᠳᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠨᠠᠢ ᠪᠢᠨ᠂ ᠬᠤᠰᠢᠭᠤᠨ ᠤ ᠨᠠᠮ ᠤᠨ ᠬᠤᠷᠢᠶ᠎ᠠ ᠶᠢᠨ | ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠦ᠋ ᠰᠢᠤᠸᠠᠢ ᠶᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠲᠡᠭᠰᠢᠪᠤᠶᠠᠨ ᠵᠡᠷᠭᠡ ᠬᠤᠰᠢᠭᠤᠨ ᠤ ᠨᠠᠮ ᠵᠠᠰᠠᠭ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠪᠡ᠂ | ᠬᠤᠰᠢᠭᠤᠨ ᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠭᠤᠣᠯ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ | ᠲᠠᠶᠢᠰᠠᠨ ᠳᠤ ᠰᠠᠭᠠᠲᠠᠪᠠ᠃ ᠪᠠᠢ ᠵᠧᠨ ᠰᠢᠶᠠᠨ ᠬᠤᠷᠠᠯ ᠡᠷᠭᠢᠯᠡᠵᠦ᠂ ᠴᠢᠩ ᠯᠦᠩ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠪᠡ᠃ ᠬᠤᠷᠠᠯ ᠳᠤ | ᠣᠷᠣᠯᠴᠠᠬᠤ ᠶᠣᠰᠣᠲᠠᠢ ᠭᠡᠰᠢᠭᠦᠨ 89 ᠬᠥᠮᠥᠨ᠂ ᠪᠣᠳᠠᠲᠠᠢ ᠣᠷᠣᠯᠴᠠᠭᠰᠠᠨ ᠨᠢ 79 ᠬᠥᠮᠥᠨ ᠪᠠᠶᠢᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠤᠨ | ᠲᠣᠭᠲᠠᠭᠠᠯ ᠳᠤ ᠨᠡᠶᠢᠴᠡᠵᠦ ᠪᠠᠶᠢᠨ᠎ᠠ᠃ | 23 ᠤ ᠡᠳᠦᠷ ᠠᠴᠠ 25 ᠤ ᠡᠳᠦᠷ ᠪᠣᠯᠲᠠᠯ᠎ᠠ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠠᠷᠪᠠᠨ ᠳᠥᠷᠪᠡᠳᠦᠭᠡᠷ | ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠨᠢ ᠬᠤᠰᠢᠭᠤᠨ ᠤ ᠮᠣᠩᠭᠤᠯ ᠬᠡᠯᠡᠨ ᠤ ᠣᠷᠴᠢᠭᠤᠯᠭ᠎ᠠ ᠶᠢᠨ ᠰᠠᠭᠤᠷᠢᠨ ᠭᠠᠵᠠᠷ ᠤᠨ ᠮᠡᠳᠡᠭᠦᠯᠦᠯᠲᠡ ᠶᠢᠨ | ᠲᠢᠩᠬᠢᠮ ᠳᠤ ᠡᠬᠢᠯᠡᠪᠡ᠂ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 89 ᠬᠥᠮᠥᠨ᠂ ᠪᠣᠳᠠᠲᠠᠢ ᠣᠷᠣᠯᠴᠠᠭᠰᠠᠨ ᠨᠢ 79 ᠬᠥᠮᠥᠨ ᠪᠠᠶᠢᠵᠤ᠂ ᠤᠯᠤᠰ | ᠲᠥᠷᠥ ᠶᠢᠨ ᠵᠥᠪᠯᠡᠯᠭᠡᠨ ᠤ ᠳᠦᠷᠢᠮ ᠤᠨ ᠲᠣᠭᠲᠠᠭᠠᠯ ᠳᠤ ᠨᠡᠶᠢᠴᠡᠵᠦ ᠪᠠᠶᠢᠨ᠎ᠠ᠃ ᠬᠤᠷᠠᠯ ᠠᠴᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠥᠪᠯᠡᠯᠭᠡ ᠶᠢ ᠪᠠᠲᠤᠯᠠᠬᠤ ᠠᠷᠭ᠎ᠠ ︵ᠲᠥᠰᠥᠯ︶ ᠶᠢ ᠪᠠᠲᠤᠯᠠᠪᠠ︔ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠠᠵᠢᠯ ᠤᠨ ᠡᠳᠦᠷ ᠤᠨ | ᠳᠠᠷᠠᠭᠠᠯᠠᠯ ︵ᠲᠥᠰᠥᠯ︶︔ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠤ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠭᠦᠢᠴᠡᠳᠬᠡᠬᠦ ᠲᠡᠷᠢᠭᠦᠯᠡᠭᠴᠢ ᠶᠢᠨ ᠳᠤᠭᠤᠶᠢᠯᠠᠩ ᠤᠨ ᠨᠡᠷᠡᠰ ︵ᠲᠥᠰᠥᠯ︶ ᠢ ᠪᠠᠲᠤᠯᠠᠪᠠ︔ ᠬᠤᠰᠢᠭᠤᠨ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠳᠡᠳ᠋ ᠨᠠᠷᠢᠨ ᠪᠢᠴᠢᠭ ᠤᠨ ᠳᠠᠷᠤᠭ᠎ᠠ ᠶᠢᠨ | ᠨᠡᠷᠡᠰ ︵ᠲᠥᠰᠥᠯ︶︔ ᠬᠤᠰᠢᠭᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ | ᠠᠬᠤᠢ ᠶᠢᠨ ᠵᠥᠪᠯᠡᠯ ᠤᠨ ᠪᠦᠷᠢᠯᠳᠦᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ︵ᠲᠥᠰᠥᠯ︶︔ ᠬᠤᠰᠢᠭᠤᠨ ᠠᠷᠪᠠᠨ ᠵᠢᠷᠭᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠪᠦᠷᠢᠯᠳᠦᠭᠦᠨ ᠤ ᠨᠡᠷᠡᠰ ︵ᠲᠥᠰᠥᠯ︶︔ ᠬᠤᠰᠢᠭᠤᠨ ᠤ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠵᠥᠪᠯᠡᠯᠭᠡ ᠶᠢ ᠳᠠᠭᠤᠰᠬᠠᠬᠤ ᠡᠳᠦᠷ | ᠬᠤᠭᠤᠴᠠᠭ᠎ᠠ ᠶᠢᠨ ᠲᠤᠬᠠᠢ ᠲᠣᠭᠲᠠᠭᠠᠯ ︵ᠲᠥᠰᠥᠯ︶︔ ᠶᠡᠭᠡ ᠬᠤᠷᠠᠯ ᠤᠨ ︽ᠰᠣᠩᠭᠤᠭᠤᠯᠢ ᠶᠢᠨ ᠠᠷᠭ᠎ᠠ ︵ᠲᠥᠰᠥᠯ︶︾᠂ ︽ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠢᠯᠧᠲ ᠥᠭᠬᠦ ᠠᠷᠭ᠎ᠠ ︵ᠲᠥᠰᠥᠯ︶︾ ᠶᠢ ᠪᠠᠲᠤᠯᠠᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠵᠦ | ᠬᠢᠨᠠᠨ ᠵᠥᠪᠯᠡᠭᠦᠯᠬᠦ ᠪᠠᠷ ᠲᠣᠭᠲᠠᠪᠠ︔ ᠬᠤᠰᠢᠭᠤᠨ ᠤ ᠨᠠᠮ ᠤᠨ ᠬᠤᠷᠢᠶᠠᠨ ᠤ ᠬᠠᠮᠢᠶ᠎ᠠ ᠪᠦᠬᠦᠢ ᠵᠢᠱᠢᠭᠳᠡᠭᠴᠢ ᠶᠢ ᠲᠠᠨᠢᠯᠴᠠᠭᠤᠯᠤᠭᠰᠠᠨ ᠪᠠᠶᠢᠳᠠᠯ ᠤᠨ ᠲᠤᠬᠠᠢ | ᠲᠣᠳᠣᠷᠬᠠᠶᠢᠯᠠᠯᠲᠠ ᠶᠢ ᠰᠣᠨᠣᠰᠴᠤ᠂ ᠵᠢᠱᠢᠭᠳᠡᠭᠴᠢ ᠶᠢᠨ ᠨᠡᠷᠡᠰ ︵ᠲᠥᠰᠥᠯ︶ ᠢ ᠪᠠᠲᠤᠯᠠᠬᠤ ᠶᠢᠨ ᠬᠠᠮᠲᠤ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠦᠨ | ᠶᠠᠷᠢᠯᠴᠠᠭᠤᠯᠬᠤ ᠪᠠᠷ ᠲᠣᠭᠲᠠᠪᠠ᠃ | 26 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ 4 ᠥᠷᠲᠡᠭᠡ ︽ᠪᠥᠬᠦ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠵᠢᠱᠢᠶ᠎ᠡ ᠦᠵᠡᠭᠦᠯᠬᠦ ᠭᠠᠵᠠᠷ ︵ᠥᠷᠲᠡᠭᠡ︶︾ ᠤᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠲᠤᠬᠠᠶᠢᠯᠠᠪᠠᠯ ᠬᠠᠨᠳᠠᠭᠠᠢ ᠰᠤᠮᠤ ᠶᠢᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠭᠠᠵᠠᠷ᠂ ᠠᠮᠤᠭᠤᠯᠠᠩ ᠪᠠᠯᠭᠠᠰᠤ ᠶᠢᠨ ᠱᠤᠸᠠᠩ ᠶᠦᠩ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠦᠷᠳᠡᠭᠡ᠂ ᠠᠮᠤᠭᠤᠯᠠᠩ ᠪᠠᠯᠭᠠᠰᠤ ᠶᠢᠨ ᠢᠪᠡᠭᠡᠯ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ | ᠠᠮᠤᠭᠤᠯᠠᠩ ᠪᠠᠯᠭᠠᠰᠤ ᠶᠢᠨ ᠰᠢᠯᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠪᠣᠯᠣᠨ᠎ᠠ᠃ | 26 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ︽ᠠᠨᠠᠷ ᠤᠨ ᠦᠷ᠎ᠡ ᠵᠠᠯᠠᠭᠤᠴᠤᠳ ᠤᠨ ᠭᠡᠷ︾ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ | ᠬᠤᠰᠢᠭᠤᠨ ᠤ ᠤᠳᠤᠷᠢᠳᠤᠯᠭ᠎ᠠ ᠸᠠᠩ ᠨᠠᠢ ᠪᠢᠨ᠂ ᠦ᠋ ᠰᠢᠤᠸᠠᠢ ᠶᠦᠩ᠂ ᠲᠡᠭᠰᠢᠪᠤᠶᠠᠨ᠂ ᠪᠠᠢ ᠵᠧᠨ ᠰᠢᠶᠠᠨ᠂ ᠠᠮᠤᠷᠪᠠᠲᠤ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ | ᠠᠵᠤ ᠠᠬᠤᠶᠢᠯᠠᠯ ᠤᠨ ᠬᠠᠷᠢᠭᠤᠴᠠᠯᠭᠠᠲᠠᠳ ᠶᠣᠰᠣᠯᠠᠯ ᠳᠤ ᠣᠷᠣᠯᠴᠠᠵᠠᠢ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ᠂ ᠡᠪᠦᠳᠦᠭ ᠬᠢᠯᠢ ᠶᠢᠨ | ᠪᠠᠶᠢᠴᠠᠭᠠᠯᠲᠠ ᠶᠢᠨ ᠥᠷᠲᠡᠭᠡᠨ ᠤ ᠨᠠᠮ ᠤᠨ ᠬᠤᠷᠢᠶᠠᠨ ᠤ ᠱᠦᠵᠢ᠂ ᠥᠷᠲᠡᠭᠡᠨ ᠳᠠᠷᠤᠭ᠎ᠠ ᠯᠢᠦ ᠰᠢᠶᠠᠩ ᠬᠠᠢ ᠬᠠᠮᠲᠤ ᠪᠠᠷ ︽ᠠᠨᠠᠷ ᠤᠨ ᠦᠷ᠎ᠡ ᠶᠢᠨ | ᠵᠠᠯᠠᠭᠤᠴᠤᠳ ᠤᠨ ᠭᠡᠷ︾ ᠤᠨ ᠫᠠᠶᠢᠰᠠ ᠶᠢ ᠰᠡᠬᠦᠪᠡ᠃ ︽ᠠᠨᠠᠷ ᠤᠨ ᠦᠷ᠎ᠡ ᠶᠢᠨ ᠵᠠᠯᠠᠭᠤᠴᠤᠳ ᠤᠨ ᠭᠡᠷ︾ ᠪᠠᠶᠢᠭᠤᠯᠤᠭᠳᠠᠭᠰᠠᠨ ᠨᠢ᠂ ᠡᠪᠦᠳᠦᠭ ᠬᠢᠯᠢ ᠶᠢᠨ | ᠪᠠᠶᠢᠴᠠᠭᠠᠯᠲᠠ ᠶᠢᠨ ᠥᠷᠲᠡᠭᠡᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠵᠢᠴᠢ ᠪᠥᠬᠦ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠪᠥᠬᠦ ᠦᠨᠳᠦᠰᠦᠲᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠡᠶ᠎ᠡ | ᠵᠣᠬᠢᠴᠠᠯᠲᠠᠢ ᠪᠠᠷ ᠬᠥᠭᠵᠢᠬᠦ ᠶᠢ ᠪᠢᠴᠢᠭᠯᠡᠬᠦ ᠳᠤ ᠬᠥᠰᠢᠶ᠎ᠡ ᠳᠤᠷᠠᠰᠬᠠᠯ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ | 29 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ 2 ᠲᠠᠷᠢᠶᠠᠯᠠᠩ ᠤᠨ ᠲᠠᠯᠠᠪᠠᠶ ᠨᠢ ︽ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ | ᠠᠬᠤᠢ ᠶᠢᠨ ᠲᠠᠷᠢᠶᠠᠯᠠᠩ ᠤᠨ ᠲᠠᠯᠠᠪᠠᠶ︾ ᠶᠢᠨ ᠢᠷᠠᠭᠤ ᠠᠯᠳᠠᠷ ᠤᠨ ᠴᠣᠯᠠ ᠭᠥᠷᠳᠡᠪᠡ ︵ᠬᠥᠯᠥᠨ ᠪᠤᠶᠢᠷ ᠨᠡᠶᠢᠲᠡ 6 ᠪᠣᠶ︶᠂ ᠲᠣᠰ ᠲᠣᠰ ᠰᠢᠨ᠎ᠡ ᠪᠠᠷᠭᠤ ᠵᠡᠭᠦᠨ | ᠬᠤᠰᠢᠭᠤᠨ ᠤ ᠬᠠᠨᠳᠠᠭᠠᠢ ᠰᠤᠮᠤ ᠶᠢᠨ ᠳᠣᠯᠠᠭᠠᠷᠠ ᠲᠠᠷᠢᠶᠠᠯᠠᠩ ᠤᠨ ᠲᠠᠯᠠᠪᠠᠶ᠂ ᠰᠢᠨ᠎ᠡ ᠪᠠᠷᠭᠤ ᠵᠡᠭᠦᠨ ᠬᠤᠰᠢᠭᠤᠨ ᠤ 9827 ᠲᠠᠷᠢᠶᠠᠯᠠᠩ ᠤᠨ ᠲᠠᠯᠠᠪᠠᠶ᠂ | ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠶᠠᠷ ᠲᠠᠷᠢᠶᠠᠯᠠᠩ ᠤᠨ | ᠲᠠᠯᠠᠪᠠᠶ ᠳᠤ ᠦᠨᠡᠮᠯᠡᠯ ᠣᠯᠭᠤᠪᠠ᠃ | 31 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠥᠩ ᠱᠧᠦ ᠴᠢᠥᠸᠠᠨ ᠠᠮᠤᠭᠤᠯᠠᠩ ᠪᠠᠯᠭᠤᠰᠣᠨ ᠤ ᠲᠦᠭᠡᠭᠡᠯ ᠤᠰᠤᠨ ᠤ | ᠺᠣᠮᠫᠠᠨᠢ᠂ ᠢ ᠶᠦᠨ ᠢᠯᠴᠢ ᠶᠢᠨ ᠴᠠᠬᠢᠯᠭᠠᠨ ᠤ ᠺᠣᠮᠫᠠᠨᠢ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ | ᠰᠤᠳᠤᠯᠵᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ | 31 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠪᠦᠯᠬᠦᠮ ᠳᠠᠭᠠᠭᠤᠯᠤᠨ ᠠᠮᠤᠭᠤᠯᠠᠩ ᠪᠠᠯᠭᠠᠰᠤᠨ ᠤ ᠭᠤᠣᠯᠳᠠᠯᠭ᠎ᠠ ᠲᠠᠢ | ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠭᠦᠨᠵᠡᠭᠡᠶᠢᠷᠡᠵᠦ᠂ ᠠᠶᠤᠯᠭᠦᠢ ᠦᠢᠯᠡᠳᠪᠦᠷᠢᠯᠡᠯ᠂ ᠲᠣᠬᠢᠷᠠᠭᠤᠯᠤᠯᠲᠠ ᠶᠢᠨ ᠵᠢᠵᠢᠭᠦᠷᠯᠡᠨ ᠰᠠᠬᠢᠬᠤ ᠵᠡᠷᠭᠡ | ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠵᠠᠩ ᠮᠢᠩ᠂ ᠴᠣᠯᠮᠣᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠬᠤᠰᠢᠭᠤᠨ ᠤ ᠠᠷᠠᠳ ᠤᠨ | ᠡᠮᠨᠡᠯᠭᠡ ᠶᠢᠨ ᠬᠤᠷᠢᠶ᠎ᠠ ᠳᠤ᠂ ᠸᠠᠩ ᠨᠠᠢ ᠪᠢᠨ ᠨᠠᠷ 120 ᠪᠠᠴᠢᠮ ᠠᠪᠤᠷᠠᠯᠳᠠ᠂ ᠭᠠᠯ ᠤᠨᠲᠠᠷᠠᠭᠠᠬᠤ ᠡᠵᠡᠮᠰᠢᠯ ᠤᠨ ᠲᠠᠰᠤᠭ ᠵᠡᠷᠭᠡ ᠭᠠᠵᠠᠷ ᠢ ᠪᠠᠶᠢᠴᠠᠭᠠᠨ ᠦᠵᠡᠵᠦ | ᠂ ᠬᠠᠷᠢᠭᠤ ᠮᠡᠳᠡᠭᠦᠯᠦᠯᠲᠡ ᠶᠢ ᠰᠣᠨᠣᠰᠬᠤ᠂ ᠬᠢᠨᠠᠨ ᠡᠵᠡᠮᠳᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠪᠠᠭᠠᠵᠢ ᠬᠡᠷᠡᠭᠰᠡᠯ ᠤᠨ | ᠲᠣᠬᠢᠷᠠᠭᠤᠯᠤᠯᠲᠠ᠂ ᠠᠦ᠋ᠲ᠋ᠣᠴᠢᠯᠠᠭᠰᠠᠨ ᠰᠢᠰᠲ᠋ᠧᠮ ᠤᠨ ᠠᠵᠢᠯᠯᠠᠭᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠵᠡᠷᠭᠡ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠳᠦᠷᠢᠮ ᠲᠣᠭᠲᠠᠴᠠ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠲᠠᠯ᠎ᠠ ᠪᠠᠷ ᠪᠣᠳᠠᠲᠠᠢ | ᠱᠠᠭᠠᠷᠳᠠᠯᠭ᠎ᠠ ᠳᠤᠷᠠᠳᠪᠠ᠃ | 31 ᠤ ᠡᠳᠦᠷ᠂ ᠬᠠᠨᠳᠠᠭᠠᠢ ᠰᠤᠮᠤ ᠶᠢᠨ ᠨᠣᠮᠣᠬᠠᠨ ᠪᠦᠷᠢᠳᠦ ᠭᠠᠴᠠᠭ᠎ᠠ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢᠨ ᠪᠡᠯᠡ ᠮᠥᠩᠭᠦ 100 | ᠲᠦᠮᠡᠨ ᠲᠥᠭᠦᠷᠢᠭ ᠭᠠᠷᠭᠠᠵᠤ ᠭᠠᠴᠠᠭᠠᠨ ᠤ ᠬᠤᠪᠢ ᠣᠷᠣᠭᠤᠯᠤᠭᠰᠠᠨ ᠬᠤᠷᠰᠢᠶ᠎ᠠ ᠶᠢᠨ ᠪᠥᠬᠦ ᠭᠡᠰᠢᠭᠦᠨ 353 ᠬᠥᠮᠥᠨ ᠳᠤ ᠠᠰᠢᠭ ᠬᠤᠪᠢᠶᠠᠨ ᠥᠭᠴᠦ᠂ | ᠬᠠᠮᠲᠤ ᠶᠢᠨ ᠥᠮᠴᠢᠯᠡᠯ᠂ ᠬᠤᠷᠰᠢᠨ ᠡᠵᠡᠩᠨᠡᠯᠲᠡ᠂ ᠠᠷᠠᠳᠴᠢᠯᠠᠯ ᠢᠶᠠᠷ ᠬᠠᠮᠢᠶᠠᠷᠤᠯᠲᠠ᠂ ᠠᠰᠢᠭ ᠣᠷᠣᠯᠭ᠎ᠠ ᠶᠢ ᠬᠠᠮᠲᠤ ᠪᠠᠷ ᠡᠳ᠋ᠯᠡᠬᠦ ᠬᠠᠷᠠᠯᠲᠠ ᠶᠢ ᠪᠡᠶᠡᠯᠡᠭᠦᠯᠪᠡ᠃ | ᠨᠣᠮᠣᠬᠠᠨ ᠪᠦᠷᠢᠳᠦ ᠭᠠᠴᠠᠭ᠎ᠠ ᠨᠢ ᠰᠡᠳᠬᠢᠴᠡ ᠪᠠᠨ ᠰᠢᠨ᠎ᠡ ᠪᠠᠷ ᠡᠭᠦᠳᠴᠦ᠂ ᠠᠵᠠ ᠲᠣᠬᠢᠶᠠᠯ ᠢ ᠠᠮᠵᠢᠨ᠂ ᠭᠠᠴᠠᠭ᠎ᠠ ᠶᠢᠨ ᠬᠠᠮᠲᠤ ᠶᠢᠨ ᠡᠳ᠋ ᠬᠥᠷᠥᠩᠭᠡ ᠶᠢ | ᠢᠳᠡᠪᠬᠢᠲᠡᠢ ᠪᠠᠷ ᠠᠮᠢᠯᠠᠭᠤᠯᠵᠤ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ︽ᠡᠬᠢ ᠪᠠᠶᠠᠯᠢᠭ ᠢ | ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠵᠤ᠂ ᠮᠠᠯᠴᠢᠳ ᠢ ᠬᠤᠪᠢ ᠣᠷᠣᠭᠤᠯᠤᠭᠴᠢ | ᠪᠣᠯᠭᠠᠨ ᠬᠤᠪᠢᠷᠠᠭᠤᠯᠵᠤ᠂ ᠠᠰᠢᠭ ᠣᠷᠣᠯᠭ᠎ᠠ ᠶᠢ ᠨᠢ ᠠᠰᠢᠭ ᠬᠤᠪᠢᠶᠠᠬᠤ︾ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠬᠤᠪᠢ ᠣᠷᠣᠭᠤᠯᠤᠭᠰᠠᠨ | ᠬᠤᠷᠰᠢᠶ᠎ᠠ ᠶᠢᠨ ᠬᠥᠭᠵᠢᠯᠲᠡ ᠶᠢᠨ ᠵᠠᠮ ᠢ ᠨᠡᠭᠡᠭᠡᠵᠡᠢ᠃ 2023 ᠣᠨ ᠳᠤ ︽ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ | ᠬᠥᠭᠵᠢᠯᠲᠡ ᠶᠢᠨ ᠥᠯᠢᠭᠡᠷ ᠳᠠᠭᠤᠷᠢᠶᠠᠯ ᠲᠣᠰᠬᠤᠨ︾ ᠢᠶᠠᠷ ᠦᠨᠡᠯᠡᠭᠳᠡᠪᠡ᠃ ᠰᠢᠨ᠎ᠡ ᠪᠠᠷᠭᠤ ᠵᠡᠭᠦᠨ ᠬᠤᠰᠢᠭᠤ ᠨᠢ ᠨᠣᠮᠣᠬᠠᠨ ᠪᠦᠷᠢᠳᠦ ᠭᠠᠴᠠᠭ᠎ᠠ ᠶᠢᠨ ᠬᠠᠮᠲᠤ ᠶᠢᠨ | ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢᠶᠠᠷ ︽ᠥᠯᠢᠭᠡᠷ ᠳᠠᠭᠤᠷᠢᠶᠠᠯ︾ ᠪᠣᠯᠭᠠᠵᠤ᠂ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ | ᠢᠳᠡᠪᠬᠢᠲᠡᠢ ᠪᠠᠷ ᠬᠤᠪᠢᠷᠠᠭᠤᠯᠤᠨ᠂ ᠮᠠᠯ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠨᠠᠩ ᠶᠡᠭᠡ ᠡᠷᠴᠢᠮ᠂ ᠨᠠᠩ ᠪᠣᠳᠠᠲᠠᠢ | ᠠᠷᠭ᠎ᠠ ᠬᠡᠮᠵᠢᠶ᠎ᠡ ᠪᠠᠷ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠵᠤ᠂ ᠮᠠᠯᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ | ᠬᠥᠳᠡᠭᠡ ᠲᠣᠰᠬᠤᠨ ᠤ ᠪᠥᠬᠦ ᠲᠠᠯ᠎ᠠ ᠶᠢᠨ ᠬᠥᠭᠵᠢᠯ ᠮᠠᠨᠳᠤᠯ ᠢ ᠠᠬᠢᠭᠤᠯᠤᠨ᠎ᠠ᠃ |