2024 ᠣᠨ ᠤ 3 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2024/12/16
          4 ᠤ ᠡᠳᠦᠷ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠳᠤ ᠣᠷᠣᠯᠴᠠᠭᠰᠠᠨ ᠰᠢᠨ᠎ᠡ ᠪᠠᠷᠭᠤ ᠵᠡᠭᠦᠨ ᠬᠤᠰᠢᠭᠤᠨ ᠤ ᠴᠠᠰᠤᠨ ᠳᠤ ᠭᠤᠯᠭᠤᠬᠤ ᠲᠠᠮᠢᠷᠴᠢᠨ ᠪᠣᠤ ᠯᠢᠨ ᠢᠷᠠᠭᠤ ᠠᠯᠳᠠᠷ ᠢᠶᠠᠨ ᠳᠠᠭᠤᠷᠢᠰᠤᠭᠤᠯᠤᠨ ᠨᠤᠲᠤᠭ ᠲᠠᠭᠠᠨ ᠪᠤᠴᠠᠵᠤ᠂ ᠪᠣᠤ ᠯᠢᠨ ᠬᠡᠭᠡᠷ᠎ᠡ ᠶᠢᠨ ᠴᠠᠰᠤᠨ ᠳᠤ ᠭᠤᠯᠭᠤᠬᠤ ᠢᠯᠡ ᠳᠤᠭᠤᠶᠢᠯᠠᠩ ᠤᠨ ᠡᠷᠡᠭᠲᠡᠢ ᠶᠢᠨ 4×10 ×10 ᠺᠢᠯᠣᠮᠧᠲᠷ ᠤᠨ ᠬᠦᠴᠦ ᠵᠠᠯᠭᠠᠬᠤ ᠤᠷᠤᠯᠳᠤᠭᠠᠨ ᠤ ᠤᠷᠤᠯᠳᠤᠭᠠᠨ ᠳᠤ ᠮᠠᠩᠯᠠᠶᠢᠯᠠᠵᠤ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ ᠠᠷᠪᠠᠨ ᠲᠠᠪᠤᠳᠠᠭᠢ ᠠᠯᠲᠠᠨ ᠮᠧᠳᠠᠯ ᠣᠯᠵᠤ᠂ ᠡᠷᠡᠭᠲᠡᠢ ᠶᠢᠨ ᠬᠤᠪᠢ ᠬᠥᠮᠥᠨ ᠤ 50 ᠺᠢᠯᠣᠮᠧᠲᠷ ᠤᠨ ᠤᠯᠠᠮᠵᠢᠯᠠᠯᠲᠤ ᠮᠡᠷᠭᠡᠵᠢᠯ ᠤᠨ ᠤᠷᠤᠯᠳᠤᠭᠠᠨ ᠳᠤ ᠬᠤᠶᠠᠳᠤᠭᠠᠷ ᠲᠤ ᠣᠷᠣᠪᠠ᠃          5 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ ᠯᠢᠦ ᠴᠢᠩ ᠶᠧᠦ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦ᠋ ᠴᠧᠨ ᠰᠢᠩ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃          6 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯᠣᠨ ᠠᠵᠤ ᠠᠬᠤᠶᠢᠯᠠᠯ ᠳᠤ ᠭᠦᠨᠵᠡᠭᠡᠶᠢᠷᠡᠨ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠳᠠᠩᠰᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠳ᠋ᠦ᠋ ᠴᠧᠨ ᠰᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃          6 ᠤ ᠡᠳᠦᠷ᠂ ᠡᠪᠦᠳᠦᠭ ᠪᠣᠭᠤᠮᠲᠠ ᠪᠣᠯᠣᠨ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠲᠠᠢ ᠶᠠᠷᠢᠯᠴᠠᠬᠤ ᠬᠤᠷᠠᠯ ᠬᠢᠵᠦ᠂ ᠡᠪᠦᠳᠦᠭ ᠪᠣᠭᠤᠮᠲᠠ ᠶᠢᠨ ᠬᠢᠯᠢ ᠪᠠᠷ ᠣᠷᠣᠭᠤᠯᠬᠤ ᠠᠮᠤ ᠪᠤᠳᠠᠭᠠᠨ ᠤ ᠲᠤᠬᠠᠶᠢᠯᠠᠭᠰᠠᠨ ᠠᠵᠢᠯ ᠢ ᠰᠣᠯᠢᠯᠴᠠᠨ ᠶᠠᠷᠢᠯᠴᠠᠪᠠ᠃ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠭᠡᠰᠢᠭᠦᠨ᠂ ᠪᠠᠶᠢᠩᠭᠤ ᠶᠢᠨ ᠳᠡᠳ᠋ ᠶᠡᠷᠦᠩᠬᠡᠢ ᠳᠠᠭᠠᠭᠠᠮᠠᠯ ᠵᠠᠩ ᠶᠤᠸᠠᠢ ᠾᠦᠢ᠂ ᠡᠪᠦᠳᠦᠭ ᠪᠣᠭᠤᠮᠲᠠ ᠶᠢᠨ ᠳᠠᠷᠤᠭ᠎ᠠ ᠵᠠᠩ ᠶᠦᠦᠠᠢ ᠬᠤᠶ᠂ ᠬᠤᠰᠢᠭᠤᠨ ᠤ ᠭᠠᠳᠠᠭᠠᠳᠤ ᠶᠠᠪᠤᠳᠠᠯ ᠤᠨ ᠪᠣᠭᠤᠮᠲᠠ ᠶᠢᠨ ᠠᠯᠪᠠᠨ ᠭᠡᠷ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃          7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨᠡᠪᠤᠯᠠᠭ ᠰᠤᠮᠤᠨ ᠳᠤ ᠭᠦᠨᠵᠡᠭᠡᠶᠢᠷᠡᠨ ᠠᠵᠤ ᠦᠢᠯᠡᠰ ᠤᠨ ᠠᠷᠭ᠎ᠠ ᠤᠬᠠᠭᠠᠨ ᠰᠦᠪᠡᠭᠴᠢᠯᠡᠬᠦ᠂ ᠡᠪᠡᠰᠦ ᠪᠣᠷᠳᠤᠭ᠎ᠠ ᠨᠥᠭᠡᠴᠡᠯᠡᠬᠦ᠂ ᠲᠥᠯ ᠲᠤᠰᠴᠤ ᠪᠣᠶᠢᠵᠢᠭᠤᠯᠬᠤ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠰᠤᠮᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃          8 ᠤ ᠡᠳᠦᠷ᠂ ᠬᠥᠯᠥᠨ ᠪᠤᠶᠢᠷ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠶᠢᠨ ᠸᠧᠢ ᠵᠢᠶᠧ ᠪᠦᠯᠬᠦᠮ ᠳᠠᠭᠠᠭᠤᠯᠤᠨ ᠡᠪᠦᠳᠦᠭ ᠤᠨ ᠬᠠᠷᠢᠯᠴᠠᠨ ᠠᠷᠠᠯᠵᠢᠶᠠᠯᠠᠬᠤ ᠲᠣᠭᠤᠷᠢᠭ ᠲᠤ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠢᠪᠡ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦ᠋ ᠴᠧᠨ ᠰᠢᠩ᠂ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠪᠦᠳᠦᠭ ᠪᠣᠭᠤᠮᠲᠠ᠂ ᠬᠢᠯᠢ ᠶᠢᠨ ᠪᠠᠶᠢᠴᠠᠭᠠᠯᠲᠠ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠰᠠᠯᠪᠤᠷᠢ ᠪᠠᠩᠬᠢ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠬᠢᠵᠠᠭᠠᠷᠲᠤ ᠺᠣᠮᠫᠠᠨᠢ ᠵᠢᠴᠢ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃          12 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠵᠤᠤ ᠱᠢ ᠳ᠋ᠧ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠥᠯᠥᠨ ᠪᠤᠶᠢᠷ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠽᠢ ᠵᠢᠶᠠᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠶᠠᠷᠢᠯᠴᠠᠬᠤ ᠬᠤᠷᠠᠯ ᠢ ᠡᠷᠭᠢᠯᠡᠪᠡ᠃ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠥᠩ ᠱᠧᠦ ᠴᠢᠥᠸᠠᠨ ᠨᠠᠷ ᠬᠤᠷᠠᠯ ᠳᠤ ᠣᠷᠣᠯᠴᠠᠵᠠᠢ᠃          14 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤ 2024 ᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠷᠠᠯ ᠳᠤ ᠣᠷᠣᠯᠴᠠᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠮᠢᠩ ᠬᠤᠷᠠᠯ ᠢ ᠡᠷᠭᠢᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠳᠠ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃          14 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠬᠢᠯᠡᠭᠦᠯᠪᠡ᠃ ᠮᠠᠨ ᠤ ᠬᠤᠰᠢᠭᠤᠨ ᠤ ᠨᠢᠭᠡᠨᠲᠡ ᠨᠤᠲᠠᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ 98 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠨᠤᠲᠠᠯᠠᠨ ᠲᠣᠭᠲᠠᠭᠠᠵᠤ᠂ ᠳᠠᠩᠰᠠᠯᠠᠨ᠎ᠠ᠃          19 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠡᠪᠦᠳᠦᠭ ᠪᠣᠭᠤᠮᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠳ᠋ᠦ᠋ ᠴᠧᠨ ᠰᠢᠩ᠂ ᠬᠤᠯᠪᠣᠭᠳᠠᠯ ᠪᠤᠶᠢᠭᠦᠢ ᠪᠠᠶᠢᠭᠤᠯᠤᠯᠭ᠎ᠠ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃          20 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠦ ᠰᠢᠨ ᠬᠠᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠥᠯᠥᠨ ᠪᠤᠶᠢᠷ ᠬᠤᠲᠠ ᠶᠢᠨ ᠵᠢᠷᠭᠤᠳᠤᠭᠠᠷ ᠰᠢᠪᠠᠳᠠᠨ ᠪᠠᠶᠢᠴᠠᠭᠠᠬᠤ ᠰᠢᠪᠠᠳᠠᠨ ᠵᠢᠯᠤᠭᠤᠳᠬᠤ ᠳᠤᠭᠤᠶᠢᠯᠠᠩ ᠰᠢᠨ᠎ᠡ ᠪᠠᠷᠭᠤ ᠵᠡᠭᠦᠨ ᠬᠤᠰᠢᠭᠤᠨ ᠳᠤ ᠭᠦᠨᠵᠡᠭᠡᠶᠢᠷᠡᠵᠦ᠂ 2024 ᠣᠨ ᠤ ᠠᠩᠬᠠᠳᠤᠭᠠᠷ ᠡᠭᠡᠯᠵᠢ ᠶᠢᠨ ᠪᠠᠶᠢᠩᠭᠤ ᠶᠢᠨ ᠴᠢᠨᠠᠷᠲᠠᠢ ᠶᠡᠭᠡ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠭᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠠᠭᠤᠯᠵᠠᠯᠲᠠ ᠶᠢᠨ ᠬᠤᠷᠠᠯ ᠳᠤ ᠣᠷᠣᠯᠴᠠᠪᠠ᠃          22 ᠤᠨ ᠡᠳᠦᠷ᠂ ᠰᠢᠨ᠎ᠡ ᠪᠠᠷᠭᠤ ᠵᠡᠭᠦᠨ ᠬᠤᠰᠢᠭᠤ ︽ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠥᠷᠭᠡᠳᠬᠡᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠬᠤ︾ ᠪᠦᠲᠦᠭᠡᠨ ᠪᠠᠶᠢᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠣᠶᠢᠩ ᠬᠤᠷᠠᠯ ᠡᠷᠭᠢᠯᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠲᠡᠭᠰᠢᠪᠤᠶᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠵᠧᠨ ᠰᠢᠶᠠᠨ᠂ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃          22 ᠤᠨ ᠡᠳᠦᠷ᠂ ᠬᠥᠯᠥᠨ ᠪᠤᠶᠢᠷ ᠬᠤᠲᠠ ᠶᠢᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠷᠢᠶᠠᠨ ᠳᠠᠷᠤᠭ᠎ᠠ ᠵᠢᠴᠢ ᠡᠯ᠎ᠡ ᠰᠠᠯᠠᠭᠠᠨ ᠤ ᠲᠤᠰᠬᠠᠢ ᠮᠡᠷᠭᠡᠵᠢᠯᠲᠡᠨ ᠨᠠᠷ ᠰᠢᠨ᠎ᠡ ᠪᠠᠷᠭᠤ ᠵᠡᠭᠦᠨ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠲᠤᠬᠠᠢ ᠶᠢᠨ ᠲᠠᠯᠠᠪᠤᠷ ᠲᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠪᠠᠶᠢᠳᠠᠯ ᠢ ᠣᠶᠢᠯᠠᠭᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ ᠮᠣᠩᠭᠤᠯ ᠡᠮ ᠡᠮᠨᠡᠯᠭᠡ ᠶᠢᠨ ᠪᠦᠯᠦᠭᠯᠡᠯ ᠮᠠᠶ᠋ᠢᠭ ᠤᠨ ᠦᠢᠯᠡᠴᠢᠯᠡᠭᠡᠨ ᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠣᠯᠪᠠ᠃          26 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠥᠩ ᠱᠧᠦ ᠴᠢᠥᠸᠠᠨ ᠪᠥᠬᠦ ᠬᠤᠰᠢᠭᠤᠨ ᠤ ᠳᠤᠯᠠᠭᠠᠯᠠᠭ᠎ᠠ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠬᠦ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠲᠥᠷᠥᠯ ᠵᠦᠢᠯ ᠢ ᠲᠦᠯᠬᠢᠨ ᠠᠬᠢᠭᠤᠯᠬᠤ ᠲᠠᠰ ᠳᠠᠷᠠᠭᠠᠯᠠᠯ ᠢ ᠵᠦᠢᠯ ᠳᠠᠷᠠᠭᠠᠯᠠᠨ ᠲᠣᠬᠢᠷᠠᠭᠤᠯᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ᠃ ᠬᠤᠰᠢᠭᠤᠨ ᠤ ᠳᠤᠯᠠᠭᠠᠯᠠᠭ᠎ᠠ ᠶᠢᠨ ᠢᠨᠵᠧᠨᠧᠷᠢᠩ ᠤᠨ ᠲᠤᠰᠬᠠᠢ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃          26 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠵᠢᠴᠢ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ  ᠢ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠡᠷᠭᠢᠯᠡᠵᠡᠶ᠃          26 ᠤ ᠡᠳᠦᠷ ᠠᠴᠠ 27 ᠤ ᠡᠳᠦᠷ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠦᠩ ᠴᠦᠨ ᠯᠢᠩ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠪᠠᠷᠭᠤ ᠵᠡᠭᠦᠨ ᠬᠤᠰᠢᠭᠤᠨ ᠤ 2024 ᠣᠨ ᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠢᠯ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠠᠵᠢᠯᠯᠠᠭᠠᠨ᠂ ᠭᠠᠮᠰᠢᠭ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠢᠨ᠎ᠡ ᠪᠠᠷᠭᠤ ᠵᠡᠭᠦᠨ ᠬᠤᠰᠢᠭᠤᠨ ᠤ 2024 ᠣᠨ ᠤ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠠᠵᠢᠯ ᠤᠨ ᠲᠥᠯᠥᠪᠵᠢᠭᠦᠯᠦᠭᠰᠡᠨ ᠪᠠᠶᠢᠳᠠᠯ ᠳᠤ ᠵᠢᠯᠣᠭᠤᠳᠤᠯᠭ᠎ᠠ ᠶᠢᠨ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠪᠠ᠃          29 ᠤ ᠡᠳᠦᠷ ᠠᠴᠠ 30 ᠤ ᠡᠳᠦᠷ ᠪᠣᠯᠲᠠᠯ᠎ᠠ᠂ ᠰᠢᠨ᠎ᠡ ᠪᠠᠷᠭᠤ ᠵᠡᠭᠦᠨ ᠬᠤᠰᠢᠭᠤᠨ ᠳᠤ ᠪᠣᠷᠣᠭᠠᠨ ᠴᠠᠰᠤ᠂ ᠳᠤᠯᠠᠭᠠᠨ ᠤ ᠬᠡᠮᠵᠢᠶ᠎ᠡ ᠪᠠᠭᠤᠷᠠᠬᠤ ᠪᠠ ᠶᠡᠭᠡ ᠰᠠᠯᠬᠢᠨ ᠤ ᠠᠭᠤᠷ ᠠᠮᠢᠰᠬᠤᠯ ᠲᠣᠬᠢᠶᠠᠯᠳᠤᠵᠤ᠂ ᠰᠠᠯᠬᠢ ᠴᠠᠰᠤ ᠦᠯᠢᠶᠡᠬᠦ ᠦᠵᠡᠭᠳᠡᠯ ᠠᠴᠠ ᠪᠣᠯᠵᠤ ᠦᠵᠡᠭᠳᠡᠬᠦ ᠬᠡᠮᠵᠢᠶ᠎ᠡ ᠪᠠᠭᠤᠷᠠᠵᠤ᠂ ᠵᠠᠮ ᠨᠢ ᠨᠣᠶᠢᠲᠠᠨ ᠪᠥᠭᠡᠳ ᠮᠥᠰᠥ ᠴᠠᠰᠤ ᠬᠥᠯᠳᠡᠵᠦ᠂ ᠰᠢᠨ᠎ᠡ ᠪᠠᠷᠭᠤ ᠵᠡᠭᠦᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠬᠢᠨ ᠬᠥᠮᠥᠨ ᠤ ᠬᠦᠴᠦ ᠪᠠᠷ ᠲᠦᠯᠬᠢᠬᠦ ᠪᠠ ᠭᠢᠨᠵᠢᠲᠦ ᠬᠤᠶᠠᠭᠲᠤ ᠲᠡᠷᠭᠡ ᠪᠠᠷ ᠴᠢᠷᠬᠦ ᠵᠡᠷᠭᠡ ᠣᠯᠠᠨ ᠵᠦᠢᠯ ᠤᠨ ᠠᠷᠭ᠎ᠠ ᠪᠠᠷ ᠬᠤᠷᠢᠭᠳᠠᠭᠰᠠᠨ 220 ᠭᠠᠷᠤᠢ ᠣᠯᠠᠨ ᠲᠦᠮᠡᠨ ᠢ ᠠᠮᠵᠢᠯᠲᠠᠲᠠᠢ ᠠᠪᠤᠷᠠᠨ ᠲᠤᠰᠠᠯᠠᠵᠤ᠂ 130 ᠭᠠᠷᠤᠢ ᠮᠠᠰᠢᠨ ᠲᠡᠷᠭᠡ ᠶᠢ ᠵᠢᠯᠣᠭᠤᠳᠤᠨ ᠠᠪᠤᠷᠠᠨ ᠲᠤᠰᠠᠯᠠᠵᠠᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ