ᠭᠠᠨᠵᠤᠤᠷ ᠰᠣᠮᠣ᠄ ᠭᠠᠨᠵᠤᠤᠷ ᠰᠤᠮᠤ 2024 ᠣᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠢᠨᠠᠨ ᠰᠢᠯᠭᠠᠨ ᠦᠨᠡᠯᠡᠨ ᠵᠢᠱᠢᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/17
          ᠳᠥᠷᠪᠡᠳᠦᠭᠡᠷ ᠤᠯᠠᠷᠢᠯ ᠳᠤ ᠪᠥᠬᠦ ᠬᠦᠴᠦᠨ ᠢᠶᠠᠷ ᠢᠶᠠᠨ ᠰᠢᠪᠲᠤᠯᠤᠯᠲᠠ ᠬᠢᠵᠦ᠂ ᠪᠥᠬᠦ ᠵᠢᠯ ᠤᠨ ᠡᠴᠦᠰ ᠤᠨ ᠳᠠᠶᠢᠯᠠᠯᠳᠤᠭᠠᠨ ᠢ ᠰᠠᠶᠢᠲᠤᠷ ᠬᠢᠬᠦ ᠶᠢᠨ ᠲᠥᠯᠥᠭᠡ᠂ ᠭᠠᠨᠵᠤᠤᠷ ᠰᠤᠮᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠰᠤᠮᠤᠨ ᠤ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭ᠎ᠠ ᠳᠤ ᠰᠠᠭᠤᠭ᠎ᠠ ᠠᠵᠢᠯᠯᠠᠬᠤ ᠠᠩᠭᠢ ᠪᠠ ᠲᠤᠬᠠᠶᠢᠯᠠᠭᠰᠠᠨ ᠠᠵᠢᠯ ᠤᠨ ᠠᠵᠢᠯᠲᠠᠳ ᠬᠤᠷᠠᠯ ᠳᠤ ᠣᠷᠣᠯᠴᠠᠪᠠ᠃
甘珠尔苏木召开迎接2024年度国家巩固拓展脱贫攻坚成果考核评估工作推进会-1.png
          ᠬᠤᠷᠠᠯ ᠠᠴᠠ 2024 ᠣᠨ ᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ ᠬᠢᠨᠠᠨ ᠰᠢᠯᠭᠠᠨ ᠦᠨᠡᠯᠡᠨ ᠵᠢᠱᠢᠬᠦ᠂ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ᠂ ᠣᠷᠣᠨ ᠰᠠᠭᠤᠴᠠ ᠶᠢᠨ ᠠᠮᠤᠷ ᠲᠦᠪᠰᠢᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠪᠣᠯᠣᠨ ᠠᠵᠢᠯ ᠬᠢᠵᠦ ᠠᠵᠢᠯ ᠣᠯᠭᠤᠬᠤ ᠵᠡᠷᠭᠡ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
甘珠尔苏木召开迎接2024年度国家巩固拓展脱贫攻坚成果考核评估工作推进会-2.jpg
          ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠴᠠᠭᠠᠨ ᠤ ᠳᠠᠭᠠᠭᠠᠴᠢᠯᠠᠨ ᠬᠤᠯᠪᠣᠭᠠᠯᠠᠭᠰᠠᠨ ᠤᠳᠤᠷᠢᠳᠤᠯᠭ᠎ᠠ᠂ ᠭᠠᠴᠠᠭᠠᠨ ᠤ ᠱᠦᠵᠢ᠂ ᠭᠠᠴᠠᠭ᠎ᠠ ᠳᠤ ᠰᠠᠭᠤᠭ᠎ᠠ ᠠᠵᠢᠯᠯᠠᠬᠤ ᠠᠩᠭᠢ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠨᠠᠷᠢᠯᠢᠭ ᠰᠤᠳᠤᠯᠵᠤ ᠬᠠᠷᠢᠴᠠᠭᠤᠯᠬᠤ ᠬᠡᠷᠡᠭᠲᠡᠢ ᠭᠡᠵᠡᠢ᠃ ᠨᠢᠭᠡ ᠳᠤ᠂ ᠮᠠᠯᠵᠢᠬᠤ ᠡᠷᠦᠬᠡ ᠶᠢᠨ ᠮᠠᠲ᠋ᠧᠷᠢᠶᠠᠯ ᠪᠠ ᠲᠠᠩᠰᠠ ᠡᠪᠬᠡᠮᠡᠯ ᠢ ᠡᠮᠬᠢᠯᠡᠨ ᠳᠢᠭᠯᠡᠵᠦ᠂ ᠳᠤᠲᠠᠭᠤᠳᠠᠯ ᠪᠠᠭᠤᠷᠠᠢ ᠲᠠᠯ᠎ᠠ ᠶᠢ ᠴᠢᠩᠭ᠎ᠠ ᠠᠩᠬᠠᠷᠴᠤ᠂ ᠳᠤᠲᠠᠭᠳᠠᠯ ᠢᠶᠠᠨ ᠪᠥᠬᠦ ᠲᠠᠯ᠎ᠠ ᠪᠠᠷ ᠪᠠᠶᠢᠴᠠᠭᠠᠨ ᠨᠥᠬᠦᠪᠦᠷᠢᠯᠡᠬᠦ ᠬᠡᠷᠡᠭᠲᠡᠢ᠃ ᠬᠤᠶᠠᠷ ᠲᠤ᠂ ᠡᠷᠦᠬᠡ ᠳᠤ ᠣᠷᠣᠵᠤ ᠨᠡᠶᠢᠳᠡᠮ ᠰᠤᠷᠪᠤᠯᠵᠢᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠰᠢᠯᠭᠠᠬᠤ ᠡᠷᠦᠬᠡ ᠶᠢ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠭᠰᠡᠨ ᠪᠠᠶᠢᠳᠠᠯ ᠤᠨ ᠲᠣᠭᠤᠷᠢᠨ ᠳᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠦᠨᠳᠦᠰᠦᠨ ᠡᠮᠴᠢᠯᠡᠭᠡᠨ ᠤ ᠪᠠᠲᠤᠯᠠᠭ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠪᠰᠤᠷᠤᠨ ᠲᠡᠳᠬᠦᠬᠦ᠂ ᠤᠤᠭᠤᠬᠤ ᠤᠰᠤᠨ ᠤ ᠠᠮᠤᠷ ᠲᠦᠪᠰᠢᠨ ᠪᠠ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠠᠩᠬᠠᠷᠴᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠣᠨᠣᠪᠴᠢᠲᠠᠶ᠂ ᠬᠠᠪᠰᠤᠷᠤᠨ ᠲᠡᠳᠬᠦᠬᠦ ᠠᠵᠢᠯ ᠤᠨ ᠦᠷ᠎ᠡ ᠪᠦᠲᠦᠮᠵᠢ ᠢᠯᠡᠳᠲᠡ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠭᠤᠷᠪᠠ ᠳᠤ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠮᠡᠳᠡᠷᠡᠮᠵᠢ ᠶᠢᠨ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃
甘珠尔苏木召开迎接2024年度国家巩固拓展脱贫攻坚成果考核评估工作推进会-3.png
          ᠬᠤᠷᠠᠯ ᠠᠴᠠ ᠴᠢᠩᠭᠠᠳᠬᠠᠭᠰᠠᠨ ᠨᠢ᠂ ᠵᠢᠯ ᠤᠨ ᠡᠴᠦᠰ ᠪᠣᠯᠬᠤ ᠳᠤ᠂ ᠡᠯ᠎ᠡ ᠵᠦᠢᠯ ᠤᠨ ᠠᠵᠢᠯ ᠰᠢᠪᠲᠤᠯᠤᠯᠲᠠ ᠶᠢᠨ ᠱᠠᠲᠤᠨ ᠳᠤ ᠣᠷᠣᠵᠤ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠯᠤᠭ᠎ᠠ ᠪᠦᠲᠦᠮᠵᠢᠲᠡᠢ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠪᠠᠶᠢᠴᠠᠭᠠᠯᠲᠠ ᠶᠢ ᠤᠭᠲᠤᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨ ᠬᠦ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠯᠠᠷᠠᠬᠤ ᠪᠤᠳᠤᠯ᠂ ᠭᠤᠷᠢᠳᠠᠬᠤ ᠪᠤᠳᠤᠯ ᠢ ᠡᠷᠡᠰ ᠲᠡᠪᠴᠢᠵᠦ᠂ ᠪᠦᠬᠦ ᠠᠵᠢᠯᠲᠠᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠠᠶᠢᠴᠠᠭᠠᠯᠲᠠ ᠶᠢ ᠤᠭᠲᠤᠬᠤ ᠪᠡᠯᠡᠳᠬᠡᠯ ᠪᠠᠶᠢᠳᠠᠯ ᠢᠶᠠᠷ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ ᠬᠢᠨᠠᠨ ᠰᠢᠯᠭᠠᠵᠤ ᠦᠨᠡᠯᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ