2024 ᠣᠨ ᠤ 4 ᠰᠠᠷ᠎ᠠ ᠶᠢᠨ ᠶᠡᠭᠡ ᠬᠡᠷᠡᠭ ᠤᠨ ᠲᠡᠮᠳᠡᠭᠯᠡᠯ
ᠨᠡᠶᠢᠲᠡᠯᠡᠭᠰᠡᠨ ᠴᠠᠭ᠄
2024/12/17
          4 ᠰᠠᠷ᠎ᠠ ᠶᠢᠨ 1 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠩ ᠸᠧᠨ ᠵᠢᠶᠠᠨ ᠨᠠᠷ ᠰᠢᠨ᠎ᠡ ᠪᠠᠷᠭᠤ ᠵᠡᠭᠦᠨ ᠬᠤᠰᠢᠭᠤᠨ ᠤ ᠡᠪᠦᠳᠦᠭ ᠪᠣᠭᠤᠮᠲᠠ ᠶᠢᠨ ᠵᠠᠬ᠎ᠠ ᠶᠢᠨ ᠠᠷᠠᠯᠵᠢᠶᠠᠨ ᠤ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠡᠪᠦᠳᠦᠭ ᠪᠣᠭᠤᠮᠲᠠ ᠳᠤ᠂ ᠼᠦᠩ ᠸᠧᠨ ᠵᠢᠶᠠᠨ ᠨᠠᠷ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠᠨᠢᠯᠴᠠᠭᠤᠯᠭ᠎ᠠ ᠶᠢ ᠰᠣᠨᠣᠰᠴᠤ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠡᠵᠡᠩᠨᠡᠯᠲᠡ ᠶᠢᠨ ᠪᠠᠶᠢᠳᠠᠯ ᠵᠢᠴᠢ ᠬᠤᠶᠢᠰᠢᠳᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠷᠢᠨ ᠣᠶᠢᠯᠠᠭᠠᠬᠤ ᠶᠢᠨ ᠬᠠᠮᠲᠤ ᠡᠪᠦᠳᠦᠭ ᠪᠣᠭᠤᠮᠲᠠ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶᠠᠨ ᠤ ᠲᠣᠭᠤᠷᠢᠭ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠵᠢᠯᠤᠭᠤᠳᠬᠤ ᠰᠠᠨᠠᠯ ᠢᠶᠠᠨ ᠳᠤᠷᠠᠳᠪᠠ᠃          4 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠳᠠ ᠰᠢᠨ᠎ᠡ ᠪᠠᠷᠭᠤ ᠵᠡᠭᠦᠨ ᠬᠤᠰᠢᠭᠤᠨ ᠤ 2024 ᠣᠨ ᠤ ᠬᠠᠪᠤᠷ ᠤᠨ ᠤᠯᠠᠷᠢᠯ ᠤᠨ ᠬᠥᠯᠥᠨ ᠨᠠᠭᠤᠷ ᠤᠨ ᠰᠠᠪᠠ ᠭᠠᠵᠠᠷ ᠤᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃          4 ᠰᠠᠷ᠎ᠠ ᠶᠢᠨ 10 ᠤ ᠡᠳᠦᠷ ᠠᠴᠠ 14 ᠤ ᠡᠳᠦᠷ ᠪᠣᠯᠲᠠᠯ᠎ᠠ᠂ ᠳᠤᠮᠳᠠᠳᠤ ᠣᠷᠣᠰ ᠮᠣᠩᠭᠤᠯ ᠤᠨ ᠲᠠᠸᠠᠷ ᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠰᠢᠨ᠎ᠡ ᠪᠠᠷᠭᠤ ᠵᠡᠭᠦᠨ ᠬᠤᠰᠢᠭᠤᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠶᠡᠭᠡ ᠲᠢᠩᠬᠢᠮ ᠳᠤ ᠶᠠᠪᠤᠭᠳᠠᠪᠠ᠃ ᠳᠡᠯᠭᠡᠨ ᠪᠣᠷᠣᠯᠠᠭᠤᠯᠬᠤ ᠠᠵᠢᠯᠯᠠᠭ᠎ᠠ ᠨᠢ 5 ᠡᠳᠦᠷ ᠶᠠᠪᠤᠭᠳᠠᠵᠤ᠂ 20 ᠭᠠᠷᠤᠢ ᠬᠤᠳᠠᠯᠳᠤᠭᠠᠨ ᠤ ᠡᠷᠦᠬᠡ ᠣᠷᠣᠯᠴᠠᠵᠠᠢ᠃ ᠳᠡᠯᠭᠡᠨ ᠪᠣᠷᠣᠯᠠᠭᠤᠯᠬᠤ ᠲᠠᠸᠠᠷ ᠲᠤ ᠭᠤᠣᠯᠳᠠᠭᠤ ᠣᠷᠣᠰ ᠤᠨ ᠢᠳᠡᠭᠡᠨ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠭᠠᠷ ᠤᠷᠠᠯᠠᠯ ᠤᠨ ᠦᠢᠯᠡᠳᠬᠦᠨ᠂ ᠦᠨᠳᠦᠰᠦᠲᠡᠨ ᠤ ᠬᠤᠪᠴᠠᠰᠤ ᠵᠠᠰᠠᠯ᠂ ᠠᠷᠠᠰᠤ ᠰᠢᠷᠢ᠂ ᠢᠮᠠᠭᠠᠨ ᠨᠣᠯᠤᠤᠷ ᠤᠨ ᠦᠢᠯᠡᠳᠬᠦᠨ᠂ ᠠᠯᠲᠠ ᠮᠥᠩᠭᠦᠨ ᠵᠠᠰᠠᠯ ᠴᠢᠮᠡᠭᠯᠡᠯ ᠤᠨ ᠡᠳ᠋ ᠵᠡᠷᠭᠡ ᠪᠠᠭᠲᠠᠨ᠎ᠠ᠃          4 ᠰᠠᠷ᠎ᠠ ᠶᠢᠨ 11 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠱᠤᠭᠤᠮ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠦᠯᠬᠢᠨ ᠠᠬᠢᠭᠤᠯᠬᠤ ᠬᠤᠷᠠᠯ ᠵᠢᠴᠢ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠤᠳᠤᠷᠢᠳᠤᠯᠭ᠎ᠠ ᠦ᠋ ᠰᠢᠤᠸᠠᠢ ᠶᠦᠩ᠂ ᠲᠡᠭᠰᠢᠪᠤᠶᠠᠨ᠂ ᠪᠠᠢ ᠵᠧᠨ ᠰᠢᠶᠠᠨ ᠨᠠᠷ ᠬᠤᠷᠠᠯ ᠳᠤ ᠣᠷᠣᠯᠴᠠᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠣᠶᠢᠩ ᠬᠤᠷᠠᠯ ᠡᠷᠭᠢᠯᠠᠪᠠ᠃          4 ᠰᠠᠷ᠎ᠠ ᠶᠢᠨ 11 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠠᠩᠬᠢᠯᠤᠮ᠎ᠠ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠰᠢᠨ᠎ᠡ ᠪᠠᠷᠭᠤ ᠵᠡᠭᠦᠨ ᠬᠤᠰᠢᠭᠤᠨ ᠤ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠲᠦᠯᠬᠢᠨ ᠠᠬᠢᠭᠤᠯᠬᠤ ᠵᠦᠢᠯᠡᠰ ᠤᠨ ᠲᠤᠬᠠᠢ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ᠃          4 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠵᠢᠪᠬᠤᠯᠠᠩᠲᠤ ᠰᠤᠮᠤᠨ ᠳᠤ ᠭᠦᠨᠵᠡᠭᠡᠶᠢᠷᠡᠨ᠂ ᠮᠠᠯ ᠠᠵᠤ ᠠᠬᠤᠢ ᠶᠢᠨ ᠦᠢᠯᠡᠳᠪᠦᠷᠢᠯᠡᠯ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠣᠶ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠨ ᠭᠠᠯ ᠤᠨᠲᠠᠷᠠᠭᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠯᠪᠣᠭᠳᠠᠯ ᠪᠦᠬᠦᠢ ᠰᠤᠮᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃          4 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠪᠦᠯᠬᠦᠮ ᠳᠠᠭᠠᠭᠤᠯᠤᠨ ᠳᠤᠮᠳᠠᠳᠤ ᠮᠣᠩᠭᠤᠯ ᠤᠨ ᠬᠢᠯᠢ ᠶᠢᠨ ᠡᠮᠦᠨ᠎ᠡ ᠹᠷᠣᠨᠲ ᠲᠤ ᠭᠦᠨᠵᠡᠭᠡᠶᠢᠷᠡᠨ ︽ᠵᠠᠭᠤᠨ ᠮᠣᠷᠢᠲᠠᠨ ᠬᠢᠯᠢ ᠶᠢᠨ ᠵᠠᠭᠠᠭ ᠢ ᠲᠣᠭᠤᠷᠢᠨ ᠪᠠᠶᠢᠴᠠᠭᠠᠬᠤ︾ ᠠᠵᠢᠯᠯᠠᠭ᠎ᠠ ᠥᠷᠨᠢᠭᠦᠯᠵᠦ᠂ ᠬᠢᠯᠢ ᠬᠢᠵᠠᠭᠠᠷ ᠢ ᠬᠦᠴᠦᠷᠬᠡᠭᠵᠢᠭᠦᠯᠦᠨ ᠰᠡᠷᠭᠡᠶᠢᠯᠡᠯᠲᠡ ᠶᠢ ᠪᠠᠬᠢᠵᠢᠭᠦᠯᠬᠦ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠦᠨᠳᠦᠰᠦᠲᠡᠨ ᠤ ᠪᠦᠯᠬᠦᠮᠳᠡᠯ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠭᠦᠸᠧ ᠬᠠᠨ ᠶᠦᠸᠧ᠂ ᠠᠮᠤᠷᠪᠠᠲᠤ᠂ ᠴᠣᠯᠮᠣᠨ᠂ ᠴᠧᠨ ᠮᠢᠨ ᠬᠦᠢ ᠪᠠᠷ᠎ᠠ ᠪᠣᠯᠪᠠ᠃          4 ᠰᠠᠷ᠎ᠠ ᠶᠢᠨ 16 ᠤ ᠡᠳᠦᠷ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠰᠢᠶᠠᠨ ᠹᠧᠩ ᠰᠢᠨ᠎ᠡ ᠪᠠᠷᠭᠤ ᠵᠡᠭᠦᠨ ᠬᠤᠰᠢᠭᠤᠨ ᠳᠤ ᠭᠦᠨᠵᠡᠭᠡᠶᠢᠷᠡᠨ ᠬᠥᠬᠡ ᠡᠪᠡᠰᠦ ᠳᠠᠷᠢᠬᠤ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠ ᠬᠠᠮᠢᠶ᠎ᠠ ᠪᠦᠬᠦᠢ ᠥᠷᠲᠡᠭᠡ ᠭᠠᠵᠠᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠳᠡᠳ᠋ ᠰᠤᠳᠤᠯᠤᠭᠴᠢ ᠰᠠᠷᠠᠭᠤᠯ ᠢ ᠤᠷᠢᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠤᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠬᠢᠭᠡᠳ ᠦᠷ᠎ᠡ ᠪᠣᠶᠢᠵᠢᠭᠤᠯᠬᠤ ᠰᠤᠳᠤᠯᠭᠠᠨ ᠤ ᠲᠥᠪ ᠤᠨ ᠡᠷᠬᠢᠯᠡᠭᠴᠢ᠂ ᠰᠤᠳᠤᠯᠤᠭᠴᠢ ᠦ᠋ ᠽᠢ ᠨᠢᠶᠠᠨ ᠳ᠋ᠣᠺᠲ᠋ᠣᠷ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠯ᠎ᠠ ᠨᠤᠲᠤᠭ ᠤᠨ ᠰᠤᠳᠤᠯᠭᠠᠨ ᠤ ᠭᠠᠵᠠᠷ ᠤᠨ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠬᠢᠭᠡᠳ ᠡᠭᠦᠯᠳᠡᠷ ᠪᠣᠶᠢᠵᠢᠭᠤᠯᠬᠤ ᠰᠤᠳᠤᠯᠭᠠᠨ ᠤ ᠲᠥᠪ ᠤᠨ ᠲᠤᠰᠠᠯᠠᠭᠴᠢ ᠰᠤᠳᠤᠯᠤᠭᠴᠢ ᠲᠢᠶᠠᠨ ᠴᠦᠨ ᠢᠦᠢ ᠳ᠋ᠣᠺᠲ᠋ᠣᠷ ᠵᠢᠪᠬᠤᠯᠠᠩᠲᠤ ᠰᠤᠮᠤ ᠪᠣᠯᠣᠨ ᠰᠢᠨᠡᠪᠤᠯᠠᠭ ᠰᠤᠮᠤ ᠳᠤ ᠭᠦᠨᠵᠡᠭᠡᠶᠢᠷᠡᠨ ᠲᠤᠬᠠᠢ ᠶᠢᠨ ᠲᠠᠯᠠᠪᠠᠶ ᠶᠢ ᠪᠠᠶᠢᠴᠠᠭᠠᠨ ᠦᠵᠡᠵᠦ᠂ ᠠᠭᠤᠷ ᠠᠮᠢᠰᠬᠤᠯ ᠤᠨ ᠨᠥᠬᠦᠴᠡᠯ᠂ ᠬᠤᠷ᠎ᠠ ᠲᠤᠨᠳᠠᠰᠤᠨ ᠤ ᠬᠡᠮᠵᠢᠶ᠎ᠡ ᠪᠣᠯᠣᠨ ᠭᠠᠵᠠᠷ ᠰᠣᠩᠭᠤᠬᠤ ᠲᠥᠯᠦᠪᠵᠢᠭᠦᠯᠭᠡ ᠶᠢ ᠣᠶᠢᠯᠠᠭᠠᠨ᠂ ᠤᠷᠢᠳᠴᠢᠯᠠᠨ ᠰᠣᠩᠭᠤᠭᠰᠠᠨ ᠲᠠᠷᠢᠮᠠᠯ ᠤᠨ ᠣᠷᠣᠨ ᠳᠤ ᠨᠠᠷᠢᠨ ᠨᠢᠭᠲᠠ ᠬᠠᠶᠢᠨ ᠪᠠᠶᠢᠴᠠᠭᠠᠯᠲᠠ ᠪᠠ ᠵᠠᠳᠠᠯᠤᠯᠲᠠ ᠬᠢᠵᠡᠢ᠃          4 ᠰᠠᠷ᠎ᠠ ᠶᠢᠨ 16 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤ ᠪᠥᠬᠦ ᠬᠤᠰᠢᠭᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠬᠢᠵᠦ᠂ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠭᠦᠸᠧ ᠬᠠᠨ ᠶᠦᠸᠧ᠂ ᠬᠤᠰᠢᠭᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠢᠶ᠎ᠠ ᠶᠢᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠤᠰᠢᠭᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠥᠸᠧ ᠸᠧᠢ ᠬᠤᠷᠠᠯ ᠢ ᠡᠷᠭᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠶᠢᠨ ᠡᠮᠡᠭᠲᠡᠶᠢᠴᠦᠳ ᠬᠡᠦᠬᠡᠳ ᠤᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ᠂ ᠳᠣᠯᠣᠳᠤᠭᠠᠷ ᠤᠳᠠᠭ᠎ᠠ ᠶᠢᠨ ᠪᠦᠬᠦ ᠣᠷᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠰᠢᠭᠤᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠮᠤᠭᠤᠯᠠᠩ ᠪᠠᠯᠭᠠᠰᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃          4 ᠰᠠᠷ᠎ᠠ ᠶᠢᠨ 19 ᠋ ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠨᠠᠢ ᠪᠢᠨ ᠪᠦᠯᠬᠦᠮ ᠳᠠᠭᠠᠭᠤᠯᠤᠨ ᠬᠥᠯᠥᠨ ᠪᠤᠶᠢᠷ ᠬᠤᠳᠠ ᠶᠢᠨ ᠡᠨᠧᠷᠭᠢ ᠶᠢᠨ ᠲᠣᠪᠴᠢᠶ᠎ᠠ᠂ ᠬᠥᠯᠥᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠦᠷᠴᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ᠂ ︽ᠣᠷᠣᠨ ᠠᠯᠤᠰᠯᠠᠭᠰᠠᠨ ᠠᠵᠤ ᠠᠬᠤᠢ︾ ᠶᠢᠨ ᠬᠠᠮᠵᠢᠯᠴᠠᠭ᠎ᠠ ᠶᠢᠨ ᠲᠤᠬᠠᠢ ᠶᠠᠷᠢᠯᠴᠠᠨ ᠰᠣᠯᠢᠯᠴᠠᠵᠤ᠂ ᠬᠠᠷᠢᠭᠤ ᠮᠡᠳᠡᠭᠦᠯᠦᠯᠲᠡ ᠶᠢ ᠵᠣᠯᠭᠠᠭᠤᠯᠪᠠ᠃ ᠬᠥᠯᠥᠨ ᠪᠤᠶᠢᠷ ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠾᠧ ᠸᠧᠢ᠂ ᠬᠥᠯᠥᠨ ᠪᠤᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠭᠤᠸᠠᠨ ᠵᠢᠢ ᠹᠧᠩ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠭᠠᠵᠠᠷ ᠣᠷᠣᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ᠬᠤᠷᠠᠯ ᠳᠤ ᠣᠷᠣᠯᠴᠠᠭᠰᠠᠳ ᠬᠢᠯᠢ ᠪᠠᠷ ᠣᠷᠣᠭᠤᠯᠬᠤ ᠠᠮᠤ ᠪᠤᠳᠠᠭ᠎ᠠ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠡᠳ᠋ᠰᠢᠭᠦᠯᠬᠦ ᠶᠢᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠵᠠᠢ᠃          4 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠠᠮᠤᠭᠤᠯᠠᠩ ᠪᠠᠯᠭᠠᠰᠤᠨ ᠤ ᠬᠡᠰᠡᠭ ᠠᠵᠤ ᠠᠬᠤᠶᠢᠯᠠᠯ ᠂ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠨ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠲᠠᠰ ᠤᠨ ᠤᠳᠤᠷᠢᠳᠤᠯᠭ᠎ᠠ ᠴᠣᠯᠮᠣᠨ᠂ ᠳ᠋ᠦ᠋ ᠴᠧᠨ ᠰᠢᠩ ᠨᠠᠷ ᠪᠠᠷ᠎ᠠ ᠪᠣᠯᠪᠠ᠃ ᠸᠠᠩ ᠨᠠᠢ ᠪᠢᠨ ᠨᠠᠷ ᠤᠷᠢᠳ ᠬᠤᠵᠢᠳ ᠮᠧᠩ ᠶᠦᠨ ᠲᠣᠰᠣ ᠨᠡᠮᠡᠬᠦ ᠦᠷᠳᠡᠭᠡ᠂ ᠶᠢᠨ ᠪᠦᠦ ᠬᠡᠳᠦ ᠳᠡᠯᠭᠡᠭᠦᠷ᠂ ᠠᠩᠬᠢᠯᠤᠮ᠎ᠠ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ ᠬᠦᠷᠴᠦ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ᠂ ᠬᠤᠪᠢ ᠶᠢᠨ ᠡᠷᠦᠬᠡ ᠶᠢᠨ ᠡᠵᠡᠩᠨᠡᠯᠲᠡ ᠶᠢᠨ ᠪᠠᠶᠢᠳᠠᠯ ᠵᠢᠴᠢ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ᠠᠵᠢᠯ ᠢ ᠨᠡᠩ ᠰᠠᠶᠢᠲᠤᠷ ᠥᠷᠨᠢᠭᠦᠯᠬᠦ ᠲᠤᠬᠠᠢ ᠰᠠᠨᠠᠭᠤᠯᠭ᠎ᠠ ᠪᠠ ᠱᠠᠭᠠᠷᠳᠠᠯᠭ᠎ᠠ ᠳᠤᠷᠠᠳᠴᠠᠢ᠃          4 ᠰᠠᠷ᠎ᠠ ᠶᠢᠨ 23 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠬᠢᠵᠦ ᠪᠠᠶᠢᠷᠢᠯᠠᠭᠤᠯᠬᠤ ᠬᠤᠷᠠᠯ ᠵᠢᠴᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠸᠠᠩ ᠵᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠥᠸᠧ ᠸᠧᠢ ᠬᠤᠷᠠᠯ ᠡᠷᠭᠢᠯᠡᠪᠡ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ ᠵᠦᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ᠬᠥᠯᠥᠨ ᠪᠤᠶᠢᠷ ᠬᠤᠳᠠ ᠶᠢᠨ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠵᠢᠴᠢ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠰᠢᠨ᠎ᠡ ᠪᠠᠷᠭᠤ ᠵᠡᠭᠦᠨ ᠬᠤᠰᠢᠭᠤᠨ ᠤ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ ᠳᠤ ᠲᠠᠶᠢᠯᠤᠮᠵᠢ ᠬᠢᠬᠦ ᠶᠢᠨ ᠬᠠᠮᠲᠤ ᠳᠥᠷᠪᠡ ᠶᠢ ᠲᠦᠭᠡᠮᠡᠯᠵᠢᠭᠦᠯᠬᠦ ᠠᠵᠢᠯ ᠳᠤ ᠪᠠᠶᠢᠷᠢᠯᠠᠭᠤᠯᠤᠯᠲᠠ ᠬᠢᠵᠡᠢ᠃          4 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠰᠢᠨ᠎ᠡ ᠪᠠᠷᠭᠤ ᠵᠡᠭᠦᠨ ᠬᠤᠰᠢᠭᠤᠨ ᠤ ᠵᠤᠭᠠᠴᠠᠯ ᠤᠨ ᠬᠥᠭᠵᠢᠯᠲᠡ ᠶᠢᠨ ᠵᠥᠪᠯᠡᠯ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠦ᠋ ᠰᠢᠤᠸᠠᠢ ᠶᠦᠩ᠂ ᠵᠠᠩ ᠮᠢᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠬᠤᠰᠢᠭᠤᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠠᠴᠠ ᠬᠤᠰᠢᠭᠤᠨ ᠤ ᠵᠤᠭᠠᠴᠠᠯ ᠤᠨ ᠦᠢᠯᠡᠰ ᠤᠨ ᠬᠥᠭᠵᠢᠭᠦᠯᠦᠯᠲᠡ ᠶᠢᠨ ᠵᠥᠪᠯᠡᠯ ᠤᠨ 2023 ᠣᠨ ᠤ ᠭᠤᠣᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ ᠪᠣᠯᠣᠨ 2024 ᠣᠨ ᠤ ᠰᠣᠶᠣᠯ ᠵᠤᠭᠠᠴᠠᠯ ᠤᠨ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠦᠷ᠎ᠡ ᠠᠰᠢᠭ ᠢ ᠬᠥᠭᠵᠢᠭᠦᠯᠬᠦ ᠠᠵᠢᠯ ᠤᠨ ᠲᠥᠯᠥᠪᠯᠡᠭᠡ ᠶᠢ ᠰᠣᠨᠣᠰᠪᠠ︔ ︽ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠵᠤᠭᠠᠴᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ︾ ᠋ ᠢ ᠬᠢᠨᠠᠨ ᠵᠥᠪᠯᠡᠵᠦ ᠪᠠᠲᠤᠯᠠᠭᠠᠳ᠂ ᠪᠣᠳᠠᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠵᠠᠢ᠃          4 ᠰᠠᠷ᠎ᠠ ᠶᠢᠨ 23 ᠤ ᠡᠳᠦᠷ᠂ ᠪᠡᠭᠡᠵᠢᠩ ᠤᠨ ᠵᠢᠶᠠᠨ ᠳ᠋ᠠ ᠰᠠᠭᠤᠷᠢ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ ᠪᠣᠭᠤᠮᠲᠠ ᠶᠢᠨ ᠭᠠᠳᠠᠭᠠᠳᠤ  ᠠᠴᠠ ᠣᠷᠣᠭᠤᠯᠬᠤ ᠨᠡᠭᠦᠷᠡᠰᠦ ᠵᠢᠴᠢ ᠬᠢᠨᠠᠨ ᠬᠠᠮᠢᠶᠠᠷᠬᠤ ᠲᠠᠯᠠᠪᠤᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠤᠰᠢᠭᠤᠨ ᠤ ᠭᠠᠳᠠᠭᠠᠳᠤ ᠶᠠᠪᠤᠳᠠᠯ ᠤᠨ ᠠᠯᠪᠠᠨ ᠭᠡᠷ᠂ ᠬᠤᠰᠢᠭᠤᠨ ᠤ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃          4 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠠᠨᠳᠠᠭᠠᠢ ᠰᠤᠮᠤᠨ ᠳᠤ ᠭᠦᠨᠵᠡᠭᠡᠶᠢᠷᠡᠨ ᠬᠠᠪᠤᠷ ᠤᠨ ᠤᠯᠠᠷᠢᠯ ᠤᠨ ᠪᠡᠯᠴᠢᠭᠡᠷ ᠥᠨᠵᠢᠭᠦᠯᠬᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠲᠥᠯ ᠲᠤᠰᠴᠤ ᠪᠣᠶᠢᠵᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠮᠢᠩ᠂ ᠴᠣᠯᠮᠣᠨ ᠨᠠᠷ ᠪᠠᠷ᠎ᠠ ᠪᠣᠯᠪᠠ᠃          4 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠭᠠᠨᠵᠤᠤᠷ ᠰᠤᠮᠤ ᠳᠤ ᠭᠦᠨᠵᠡᠭᠡᠶᠢᠷᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠭᠦᠯᠬᠦ ᠪᠠ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠯᠥᠸᠧ ᠸᠧᠢ ᠵᠢᠴᠢ ᠬᠤᠯᠪᠣᠭᠳᠠᠯ ᠪᠦᠬᠦᠢ ᠰᠤᠮᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ ᠦ᠋ ᠰᠢᠤᠸᠠᠢ ᠶᠦᠩ ᠨᠠᠷ ᠤᠷᠢᠳ ᠬᠤᠵᠢᠳ ᠭᠠᠨᠵᠤᠤᠷ ᠰᠤᠮᠤ ᠶᠢᠨ ᠪᠦᠷᠢᠳᠦ ᠨᠠᠭᠤᠷ᠂ ᠪᠠᠷᠭᠤ ᠶᠢᠨ ᠰᠣᠶᠣᠯ ᠤᠨ ᠦᠢᠯᠡᠰ ᠪᠣᠰᠬᠠᠬᠤ ᠬᠦᠷᠢᠶᠡᠯᠡᠩ᠂ ᠬᠦᠬᠡᠦᠨᠳᠦᠷ ᠭᠠᠴᠠᠭ᠎ᠠ ᠶᠢᠨ ᠬᠡᠭᠡᠷ᠎ᠡ ᠶᠢᠨ ᠬᠡᠭᠡᠨᠴᠢᠷ ᠠᠮᠢ ᠠᠬᠤᠢ ᠶᠢᠨ ᠮᠣᠩᠭᠤᠯ ᠭᠡᠷ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠵᠡᠷᠭᠡ ᠭᠠᠵᠠᠷ ᠢᠶᠠᠷ ᠬᠦᠷᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠵᠢᠴᠢ ᠲᠦᠷᠦᠯ ᠵᠦᠢᠯ ᠤᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠠᠬᠢᠴᠠ᠂ ᠢᠵᠢ ᠪᠦᠷᠢᠳᠦᠭᠰᠡᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠰᠡᠳᠬᠢᠴᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠬᠤᠯᠪᠣᠭᠳᠠᠯ ᠪᠦᠬᠦᠢ ᠰᠠᠨᠠᠭᠤᠯᠭ᠎ᠠ ᠳᠤᠷᠠᠳᠴᠠᠢ᠃          4 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 5 ᠳ᠋ᠤᠭᠠᠷ ᠤᠳᠠᠭ᠎ᠠ ᠶᠢᠨ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠣᠶᠢᠷ᠎ᠠ ᠶᠢᠨ ᠬᠤᠭᠤᠴᠠᠭᠠᠨ ᠤ︽ᠦᠨᠡᠨ︾ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠶᠢᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾᠂︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ︽ᠲᠠᠪᠤᠨ ᠶᠡᠭᠡ ᠡᠭᠦᠷᠭᠡ︾ ᠶᠢ ᠬᠡᠷᠡᠭᠵᠢᠭᠦᠯᠬᠦ ᠲᠥᠰᠥᠯ ᠪᠣᠯᠣᠨ 2024 ᠣᠨ ᠤ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠳᠠᠩᠰᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃          4 ᠰᠠᠷ᠎ᠠ ᠶᠢᠨ 26 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠳᠣᠯᠣᠳᠤᠭᠠᠷ ᠤᠳᠠᠭᠠᠨ ᠤ ︵ᠥᠷᠭᠡᠳᠬᠡᠭᠰᠡᠨ︶ ᠰᠤᠷᠤᠯᠴᠠᠯᠭ᠎ᠠ ᠶᠢᠨ ᠬᠤᠷᠠᠯ ᠵᠢᠴᠢ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠪᠠ ᠵᠠᠭᠤᠴᠢᠯᠠᠭᠤᠷ ᠤᠨ ᠠᠷᠭᠠᠴᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠵᠢᠴᠢ ᠡᠯ᠎ᠡ ᠨᠢᠭᠡᠴᠡ ᠶᠢᠨ ᠬᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠠᠵᠢᠯ ᠢ ᠬᠠᠷᠢᠭᠤᠴᠠᠬᠤ ᠠᠵᠢᠯᠲᠠᠳ ᠬᠤᠷᠠᠯ ᠳᠤ ᠣᠷᠣᠯᠴᠠᠵᠠᠢ᠃ ᠬᠤᠷᠠᠯ ᠠᠴᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠸᠠᠩ ᠶᠠ ᠨᠠᠨ ᠫᠷᠤᠹᠥᠰᠰᠤᠷ ᠢ ᠤᠷᠢᠵᠤ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠤᠭᠤᠳᠬᠤ ᠪᠠ ᠵᠠᠭᠤᠴᠢᠯᠠᠭᠤᠷ ᠤᠨ ᠬᠠᠮᠢᠶ᠎ᠠ ᠪᠦᠬᠦᠢ ᠮᠡᠳᠡᠯᠭᠡ ᠶᠢ ᠠᠷᠭᠠᠴᠠᠬᠤ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠯᠭᠡᠪᠡ᠃          4 ᠰᠠᠷ᠎ᠠ ᠶᠢᠨ 28 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠬᠢᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽5.1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠢ ᠪᠡᠯᠭᠡᠯᠡᠬᠦ ︽5.4︾ ᠤ ᠵᠠᠯᠠᠭᠤᠴᠤᠳ ᠤᠨ ᠪᠠᠶᠠᠷ ᠢ ᠤᠭᠲᠤᠬᠤ ᠬᠤᠲᠠ ᠲᠣᠭᠤᠷᠢᠭᠰᠠᠨ ᠶᠠᠪᠠᠭᠠᠨ ᠤᠷᠤᠯᠳᠤᠭᠠᠨ ᠢ ᠡᠷᠭᠢᠯᠡᠪᠡ᠃ ᠡᠬᠢᠯᠡᠯᠲᠡ ᠶᠢᠨ ᠶᠣᠰᠣᠯᠠᠯ ᠭᠠᠨᠵᠤᠤᠷ ᠠᠭᠤᠳᠠᠮ ᠲᠠᠯᠠᠪᠠᠢ ᠳᠤ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠭᠦᠸᠧ ᠬᠠᠨ ᠶᠦᠸᠧ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠮᠤᠷᠪᠠᠲᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠳᠠ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠵᠢᠴᠢ ᠤᠷᠤᠯᠳᠤᠭᠠᠨ ᠳᠤ ᠣᠷᠣᠯᠴᠠᠭᠰᠠᠨ ᠬᠥᠮᠥᠰ ᠶᠣᠰᠣᠯᠠᠯ ᠳᠤ ᠣᠷᠣᠯᠴᠠᠪᠠ᠃          4 ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠨᠠᠢᠮᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠬᠢᠨᠠᠮᠠᠭᠠᠢ ᠰᠤᠷᠤᠯᠴᠠᠨ ᠣᠶᠢᠯᠠᠭᠠᠪᠠ᠃ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠫᠷᠤᠹᠧᠰᠰᠤᠷ ᠵᠠᠩ ᠹᠦ᠋ ᠶᠦᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠸᠧᠨ ᠶᠠᠨ ᠲᠣᠰ ᠲᠣᠰ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠲᠤᠬᠠᠢ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃          4 ᠰᠠᠷ᠎ᠠ ᠶᠢᠨ 29 ᠤ ᠡᠳᠦᠷ᠂ ᠬᠥᠯᠥᠨ ᠪᠤᠶᠢᠷ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠲᠥᠪ ᠤᠨ ᠳᠡᠳ᠋ ᠡᠷᠬᠢᠯᠡᠭᠴᠢ᠂ ᠭᠤᠷᠪᠠᠳᠤᠭᠠᠷ ᠪᠠᠶᠢᠴᠠᠭᠠᠨ ᠰᠤᠳᠤᠯᠬᠤ ᠳᠤᠭᠤᠶᠢᠯᠠᠩ ᠤᠨ ᠳᠠᠷᠤᠭ᠎ᠠ ᠸᠠᠩ ᡁᠢ ᠮᠢᠨ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠭᠦᠨᠵᠡᠭᠡᠶᠢᠷᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠠᠶᠢᠴᠠᠭᠠᠨ ᠵᠢᠯᠤᠭᠤᠳᠴᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠳ᠋ᠦ᠋ ᠴᠧᠨ ᠰᠢᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠬᠤᠷᠠᠯ ᠳᠤ ᠣᠷᠣᠯᠴᠠᠭᠰᠠᠳ ᠨᠠᠷᠮᠠᠢ ᠪᠣᠭᠤᠮᠲᠠ ᠶᠢᠨ ᠠᠵᠤ ᠠᠬᠤᠢ᠂ ᠰᠣᠶᠣᠯ ᠵᠢᠭᠤᠯᠴᠢᠯᠠᠯ᠂ ᠰᠢᠨ᠎ᠡ ᠡᠨᠧᠷᠭᠢ ᠶᠢᠨ ᠰᠤᠷᠪᠤᠯᠵᠢ ᠵᠡᠷᠭᠡ ᠠᠵᠤ ᠦᠢᠯᠡᠰ ᠤᠨ ᠬᠤᠳᠠᠯᠳᠤᠭᠠᠴᠢᠨ ᠤᠷᠢᠬᠤ ᠠᠰᠠᠭᠤᠳᠠᠯ ᠤᠨ ᠲᠣᠭᠤᠷᠢᠨ ᠳᠤ ᠭᠦᠨᠵᠡᠭᠡᠢ ᠰᠤᠳᠤᠯᠤᠨ ᠶᠠᠷᠢᠯᠴᠠᠪᠠ᠃          4 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠵᠠᠩ ᠮᠢᠩ ᠪᠦᠯᠬᠦᠮ ᠳᠠᠭᠠᠭᠤᠯᠤᠨ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠸᠠᠨ ᠾᠧ ᠱᠢ ᠵᠢᠶᠠ ᠪᠠᠭ᠎ᠠ ᠲᠣᠭᠤᠷᠢᠭ᠂ ᠷᠦᠨ ᠹᠧᠩ ᠶᠤᠸᠠᠨ ᠪᠠᠭᠤᠳᠠᠯ᠂ ᠵᠢᠶᠠ ᠾᠧ ᠪᠠᠭᠤᠳᠠᠯ ᠳᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠬᠢᠨᠠᠨ ᠵᠢᠯᠣᠭᠤᠳᠤᠯᠭ᠎ᠠ ᠪᠠᠶᠢᠴᠠᠭᠠᠯᠲᠠ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ