ᠡᠪᠦᠯ ᠤᠨ ᠤᠯᠠᠷᠢᠯ ᠤᠨ ᠣᠯᠠᠨ ᠲᠦᠮᠡᠨ ᠤ ᠰᠣᠶᠣᠯ ᠤᠨ ᠣᠷᠣᠨ ᠪᠦᠰᠡ ᠠᠯᠤᠰᠯᠠᠭᠰᠠᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ | ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ᠢᠶᠠᠷ ᠳᠠᠭᠤᠯᠠᠨ | ᠵᠤᠭᠠᠴᠠᠬᠤ︾ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠤᠬᠠᠭᠤᠯᠤᠨ ᠳᠡᠯᠭᠡᠷᠡᠭᠦᠯᠵᠦ᠂ ᠡᠯ᠎ᠡ ᠭᠠᠵᠠᠷ ᠤᠨ ᠰᠣᠶᠣᠯ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠬᠡᠮᠵᠢᠶ᠎ᠡ ᠪᠠᠷ ᠠᠭᠤᠰᠤᠯᠴᠠᠬᠤ ᠵᠢᠲᠦᠯᠬᠢᠨ ᠠᠬᠢᠭᠤᠯᠬᠤ ᠶᠢᠨ ᠲᠥᠯᠥᠭᠡ᠂ ︽ᠥᠪᠥᠷ | ᠮᠣᠩᠭᠤᠯ ᠢᠶᠠᠷ ᠳᠠᠭᠤᠯᠠᠨ ᠵᠤᠭᠠᠴᠠᠬᠤ ᠪᠠᠶᠠᠷ ᠪᠠᠶᠠᠰᠬᠤᠯᠠᠩᠲᠤ ᠮᠥᠰᠥ ᠴᠠᠰᠤᠨ ᠤ ᠤᠯᠠᠷᠢᠯ︾ ᠪᠥᠬᠦ ᠤᠯᠤᠰ ᠤᠨ ᠰᠣᠶᠣᠯ ᠤᠨ ᠰᠠᠶᠢᠨ ᠳᠤᠷ᠎ᠠ ᠶᠢᠨ | ᠠᠵᠢᠯᠯᠠᠭᠴᠢ ᠶᠢᠨ ᠬᠥᠯᠥᠨ ᠪᠤᠶᠢᠷ ᠤᠨ ᠠᠶᠠᠯᠠᠯ ᠤᠨ ᠠᠵᠢᠯᠯᠠᠭ᠎ᠠ 2024 ᠣᠨ ᠤ 12 ᠰᠠᠷ᠎ᠠ ᠶᠢᠨ 16 ᠤ ᠡᠳᠦᠷ ᠠᠴᠠ 18 ᠤ ᠡᠳᠦᠷ ᠪᠣᠯᠲᠠᠯ᠎ᠠ ᠬᠥᠯᠥᠨ ᠪᠤᠶᠢᠷ | ᠬᠤᠲᠠ ᠳᠤ ᠵᠢᠩᠬᠢᠨᠢ ᠪᠠᠷ ᠡᠬᠢᠯᠡᠵᠦ᠂ᠲᠣᠰ ᠤᠳᠠᠭᠠᠨ ᠤ ᠠᠵᠢᠯᠯᠠᠭ᠎ᠠ ᠳᠤ ᠱᠠᠩᠬᠠᠢ ᠬᠤᠲᠠ᠂ ᠲᠢᠶᠠᠨᠵᠢᠨ ᠬᠤᠲᠠ᠂ ᠾᠧᠪᠧᠢ ᠮᠤᠵᠢ᠂ ᠱᠠᠨᠰᠢ ᠮᠤᠵᠢ᠂ ᠬᠤᠪᠧᠢ | ᠮᠤᠵᠢ᠂ ᠶᠦᠨᠨᠠᠨ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 7 ᠮᠤᠵᠢ ᠬᠤᠲᠠ ᠶᠢᠨ 14 ᠰᠣᠶᠣᠯ ᠤᠨ ᠣᠷᠳᠣᠨ ᠤ ᠰᠣᠶᠣᠯ ᠤᠨ ᠰᠠᠶᠢᠨ | ᠳᠤᠷ᠎ᠠ ᠶᠢᠨ ᠠᠵᠢᠯᠯᠠᠭᠴᠢ ᠶᠢ ᠤᠷᠢᠵᠤ ᠬᠥᠯᠥᠨ ᠪᠤᠶᠢᠷ ᠬᠤᠲᠠ ᠳᠤ ᠲᠤᠰᠬᠠᠢ ᠲᠣᠭᠯᠠᠯᠲᠠ ᠡᠷᠭᠢᠯᠡᠪᠡ᠃ | ᠰᠢᠨ᠎ᠡ ᠪᠠᠷᠭᠤ ᠵᠡᠭᠦᠨ ᠬᠤᠰᠢᠭᠤᠨ ᠤ ᠰᠣᠶᠣᠯ ᠤᠨ ᠣᠷᠳᠣᠨ ᠤ ᠨᠠᠷᠢᠨ ᠨᠢᠮᠪᠠᠢ ᠰᠣᠩᠭᠤᠨ ᠬᠦᠷᠭᠡᠭᠰᠡᠨ᠂ ᠰᠢᠨ᠎ᠡ ᠪᠠᠷᠭᠤ ᠵᠡᠭᠦᠨ ᠬᠤᠰᠢᠭᠤᠨ ᠤ | ᠤᠷᠲᠤ ᠶᠢᠨ ᠳᠠᠭᠤᠤ ᠶᠢᠨ ᠨᠡᠶᠢᠭᠡᠮᠯᠢᠭ ᠤᠨ ᠲᠣᠭᠯᠠᠭᠴᠢᠳ ᠤᠨ ᠭᠤᠶᠢᠳᠠ ᠰᠠᠶᠢᠬᠠᠨ ᠲᠣᠭᠯᠠᠭᠰᠠᠨ ᠪᠠᠷᠭᠤ ᠠᠷᠠᠳ ᠤᠨ ᠤᠷᠲᠤ ᠶᠢᠨ ᠳᠠᠭᠤᠤ ︽ᠮᠥᠨᠲᠥᠭᠡᠷ | ᠰᠠᠭᠠᠷᠠᠯ︾ ᠨᠢ 12 ᠰᠠᠷ᠎ᠠ ᠶᠢᠨ 16 ᠤ ᠡᠳᠦᠷ ᠤᠨ 19᠄ 00 ᠴᠠᠭ ᠲᠤ ᠡᠬᠢᠯᠡᠭᠰᠡᠨ ᠠᠩᠬᠠᠳᠠᠭᠴᠢ ᠲᠠᠯᠠᠪᠤᠷ ᠳᠤᠮᠳᠠᠳᠤ ᠤᠯᠤᠰ ᠤᠨ ︽ᠬᠦᠢᠲᠡᠨ ᠤ ᠲᠤᠶᠢᠯ︾ | ︱ ︽ᠴᠠ ᠪᠤᠭᠤ ᠶᠢᠨ ᠨᠤᠲᠤᠭ︾ ᠬᠡᠭᠡᠨ ᠭᠤᠣᠯ ᠬᠤᠲᠠ ᠶᠢᠨ ᠲᠤᠰᠬᠠᠢ ᠲᠠᠯᠠᠪᠠᠶ ᠳᠤ᠂ 12 ᠰᠠᠷ᠎ᠠ ᠶᠢᠨ 17 ᠤ ᠡᠳᠦᠷ ᠤᠨ ︽ᠡᠪᠦᠯ ᠤᠨ ᠤᠯᠠᠷᠢᠯ ᠤᠨ | ᠲᠠᠮᠢᠷ ᠤᠨ ᠴᠤᠭᠯᠠᠭᠠᠨ ᠤ ᠬᠤᠲᠠ︾ ᠬᠠᠶᠢᠯᠠᠷ ᠲᠣᠭᠤᠷᠢᠭ ᠤᠨ ᠲᠤᠰᠬᠠᠢ ᠠᠵᠢᠯᠯᠠᠭ᠎ᠠ ᠳᠤ ᠣᠯᠠᠨ ᠤ ᠡᠮᠦᠨ᠎ᠡ ᠲᠣᠳᠣᠷᠠᠪᠠ᠃ | ᠰᠢᠨ᠎ᠡ ᠪᠠᠷᠭᠤ ᠵᠡᠭᠦᠨ ᠬᠤᠰᠢᠭᠤᠨ ᠤ ᠤᠷᠲᠤ ᠶᠢᠨ ᠳᠠᠭᠤᠤ ᠶᠢᠨ ᠨᠡᠶᠢᠭᠡᠮᠯᠢᠭ ᠤᠨ ᠭᠡᠰᠢᠭᠦᠳ ᠤᠨ ᠳᠠᠭᠤᠤ ᠶᠢᠨ ᠠᠶᠠᠰ ᠳᠤᠮᠳᠠ᠂ ᠪᠠᠷᠭᠤ ᠤᠷᠳᠤ ᠶᠢᠨ | ᠳᠠᠭᠤᠤ︽ᠮᠥᠨᠲᠥᠭᠡᠷ ᠰᠠᠭᠠᠷᠠᠯ︾ ᠶᠢᠨ ᠪᠠᠶᠠᠷᠲᠤ ᠠᠶᠠᠰ ᠦᠵᠡᠭᠴᠢᠳ ᠨᠢᠭᠡᠪᠦᠷᠢ ᠶᠢᠨ ᠴᠢᠬᠢᠨ ᠳᠤ ᠣᠷᠣᠪᠠ᠂ ᠦᠵᠡᠭᠴᠢᠳ ᠴᠦ ᠳᠠᠭᠤᠤ ᠬᠥᠭᠵᠢᠮ ᠤᠨ | ᠳᠤᠮᠳᠠ ᠠᠴᠠ ᠲᠠᠯ᠎ᠠ ᠨᠤᠲᠤᠭ ᠤᠨ ᠮᠣᠷᠢᠨ ᠤ ᠳᠠᠪᠬᠢᠵᠤ ᠪᠠᠶᠢᠭ᠎ᠠ ᠰᠠᠨᠠᠭ᠎ᠠ ᠠᠬᠤᠢ ᠶᠢ ᠮᠡᠳᠡᠷᠡᠵᠦ᠂ ᠤᠷᠳᠤ ᠶᠢᠨ ᠳᠠᠭᠤᠤ ᠶᠢᠨ ᠲᠣᠭᠯᠠᠭᠴᠢᠳ | ᠳᠠᠭᠤᠤ ᠪᠠᠷ︽ᠳᠤᠮᠳᠠᠳᠤ ᠤᠯᠤᠰ ᠤᠨ ᠮᠣᠩᠭᠤᠯ ᠦᠨᠳᠦᠰᠦᠲᠡᠨ ᠤ ᠤᠷᠳᠤ ᠶᠢᠨ ᠳᠠᠭᠤᠤ ᠶᠢᠨ ᠨᠤᠲᠤᠭ︾︱ ᠰᠢᠨ᠎ᠡ ᠪᠠᠷᠭᠤ ᠵᠡᠭᠦᠨ ᠬᠤᠰᠢᠭᠤᠨ ᠤ ᠭᠦᠨ ᠵᠤᠵᠠᠭᠠᠨ | ᠰᠣᠶᠣᠯ ᠤᠨ ᠠᠭᠤᠯᠬᠤᠨ ᠪᠠ ᠥᠪᠡᠷᠮᠢᠴᠡ ᠤᠷᠠᠯᠢᠭ ᠤᠨ ᠵᠠᠩ ᠦᠢᠯᠡ ᠶᠢ ᠠᠮᠢᠳᠤᠯᠢᠭ ᠢᠶᠠᠷ ᠳᠡᠯᠭᠡᠨ ᠦᠵᠡᠭᠦᠯᠵᠡᠢ᠃ᠲᠣᠭᠯᠠᠯᠲᠠ ᠶᠢᠨ ᠠᠬᠤᠢ ᠲᠠᠯᠠᠪᠠᠶ ᠶᠢᠨ ᠠᠭᠤᠷ | ᠠᠮᠢᠰᠬᠤᠯ ᠣᠷᠭᠢᠯᠤᠨ ᠪᠠᠳᠠᠷᠠᠵᠤ᠂ ᠠᠯᠠᠭ᠎ᠠ ᠲᠡᠰᠢᠯᠲᠡ ᠶᠢᠨ ᠲᠠᠭᠤᠨ ᠨᠢᠵᠢᠭᠢᠨᠡᠵᠦ᠂ ᠦᠢ ᠣᠯᠠᠨ ᠬᠤᠲᠠ ᠶᠢᠨ ᠠᠷᠠᠳ ᠡᠨᠡ ᠬᠦ ᠰᠣᠶᠣᠯ ᠤᠨ ᠦᠪᠡᠳᠡᠭᠰᠢ | ᠳᠠᠶᠢᠯᠠᠯᠭ᠎ᠠ ᠳᠤ ᠰᠣᠭᠲᠣᠭᠤᠷᠠᠵᠤ ᠪᠠᠶᠢᠯ᠎ᠠ᠃ | ᠲᠤᠰ ᠤᠳᠠᠭᠠᠨ ᠤ ᠠᠵᠢᠯᠯᠠᠭ᠎ᠠ ᠨᠢ ᠰᠢᠨ᠎ᠡ ᠪᠠᠷᠭᠤ ᠵᠡᠭᠦᠨ ᠬᠤᠰᠢᠭᠤᠨ ᠤ ᠳᠠᠭᠤᠴᠢᠳ ᠤᠨ ᠭᠤᠴᠣ ᠰᠠᠶᠢᠬᠠᠨ ᠬᠤᠭᠤᠯᠠᠢ ᠪᠠᠷ ᠰᠢᠨ᠎ᠡ ᠪᠠᠷᠭᠤ ᠵᠡᠭᠦᠨ | ᠬᠤᠰᠢᠭᠤᠨ ᠤ ᠠᠷᠠᠳ ᠲᠦᠮᠡᠨ ᠤ ᠢᠳᠡᠪᠬᠢᠲᠡᠢ ᠪᠠᠷ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠦᠭᠰᠡᠨ ᠪᠥᠭᠡᠳ ︽ | ᠥᠪᠥᠷ ᠮᠣᠩᠭᠤᠯ ᠢᠶᠠᠷ ᠳᠠᠭᠤᠯᠠᠨ ᠵᠤᠭᠠᠴᠠᠬᠤ︾ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠪᠤᠶ ᠪᠣᠯᠭᠠᠬᠤ ᠳᠤ ᠲᠦᠰᠢᠭᠯᠡᠨ᠂ ᠭᠠᠳᠠᠭᠠᠳᠤ ᠯᠤᠭ᠎ᠠ ᠶᠢᠨ | ᠰᠣᠯᠢᠯᠴᠠᠭᠠᠨ ᠤ ᠬᠥᠭᠦᠷᠭᠡ ᠶᠢ ᠪᠣᠰᠬᠠᠵᠤ᠂ ᠰᠢᠨ᠎ᠡ ᠪᠠᠷᠭᠤ ᠵᠡᠭᠦᠨ ᠬᠤᠰᠢᠭᠤ ᠪᠣᠯᠣᠨ ᠡᠯ᠎ᠡ ᠭᠠᠵᠠᠷ ᠤᠨ ᠰᠣᠶᠣᠯ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠲᠦᠯᠬᠢᠨ ᠠᠬᠢᠭᠤᠯᠵᠤ᠂ ᠢᠷᠡᠭᠡᠳᠦᠢ ᠶᠢᠨ ᠰᠣᠶᠣᠯ ᠤᠨ ᠬᠥᠭᠵᠢᠯᠲᠡ ᠶᠢᠨ ᠴᠢᠭᠯᠡᠯ ᠳᠤ ᠰᠢᠨ᠎ᠡ ᠬᠠᠷᠠᠭ᠎ᠠ ᠶᠢ ᠨᠡᠭᠡᠭᠡᠭᠰᠡᠨ ᠪᠠᠶᠢᠨ᠎ᠠ᠃ | | | | | | | | | | | | | | | |