5 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠳᠠᠷᠤᠭ᠎ᠠ ᠵᠠᠩ ᠮᠢᠩ ᠦᠪᠦᠷᠪᠣᠯᠠᠭ ᠰᠤᠮᠤ ᠳᠤ ᠭᠦᠨᠵᠡᠭᠡᠶᠢᠷᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ | ᠵᠢᠯᠤᠭᠤᠳᠴᠤ᠂ ︽ᠵᠠᠮ ᠤᠨ ᠳᠠᠷᠤᠭ᠎ᠠ ᠶᠢᠨ ᠳᠦᠷᠢᠮ︾ ᠤᠨ ᠲᠣᠭᠤᠷᠢᠨ ᠴᠠᠭᠳᠠᠬᠤ ᠠᠵᠢᠯ ᠢ ᠥᠷᠨᠢᠭᠦᠯᠪᠡ᠃ ᠬᠤᠯᠪᠣᠭᠳᠠᠯ ᠪᠦᠬᠦᠢ ᠰᠤᠮᠤ ᠪᠠᠯᠭᠠᠰᠤ ᠪᠣᠯᠣᠨ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃ | 5 ᠰᠠᠷ᠎ᠠ ᠶᠢᠨ 7 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠬᠠᠨᠳᠠᠭᠠᠢ ᠰᠤᠮᠤ᠂ ᠦᠪᠦᠷᠪᠣᠯᠠᠭ ᠰᠤᠮᠤ ᠳᠤ | ᠭᠦᠨᠵᠡᠭᠡᠶᠢᠷᠡᠵᠦ᠂ ᠦᠨᠳᠦᠰᠦᠲᠡᠨ ᠤ ᠪᠦᠯᠬᠦᠮᠳᠡᠯ ᠪᠠ ᠭᠠᠳᠠᠨ᠎ᠠ ᠠᠴᠠ ᠢᠷᠡᠭᠰᠡᠨ ᠮᠠᠯ ᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ | ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠭᠦᠸᠧ ᠬᠠᠨ ᠶᠦᠸᠧ᠂ ᠠᠮᠤᠷᠪᠠᠲᠤ᠂ ᠬᠠᠳᠠ᠂ ᠴᠣᠯᠮᠣᠨ ᠵᠢᠴᠢ ᠬᠤᠯᠪᠣᠭᠳᠠᠯ ᠪᠦᠬᠦᠢ ᠰᠤᠮᠤ᠂ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠠᠷ ᠬᠡᠰᠡᠭ ᠬᠤᠪᠢᠶᠠᠨ ᠪᠠᠷ᠎ᠠ ᠪᠣᠯᠪᠠ᠃ | 5 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠴᠠᠭᠠᠨ ᠪᠠᠯᠭᠠᠰᠤᠨ ᠳᠤ ᠭᠦᠨᠵᠡᠭᠡᠶᠢᠷᠡᠨ ᠦᠨᠳᠦᠰᠦᠲᠡᠨ ᠤ | ᠪᠦᠯᠬᠦᠮᠳᠡᠯ ᠢ ᠡᠭᠦᠳᠦᠨ ᠪᠠᠶᠢᠭᠤᠯᠬᠤ᠂ ᠲᠠᠯ᠎ᠠ ᠨᠤᠲᠤᠭ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠵᠠᠩ | ᠮᠢᠩ᠂ ᠠᠮᠤᠷᠪᠠᠲᠤ᠂ ᠴᠣᠯᠮᠣᠨ ᠵᠢᠴᠢ ᠬᠠᠮᠢᠶ᠎ᠠ ᠪᠦᠬᠦᠢ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ | ᠬᠢᠪᠡ᠃ | 5 ᠰᠠᠷ᠎ᠠ ᠶᠢᠨ 8 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ ᠰᠢᠩ ᠭᠦᠸᠧ 12345 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢ ᠭᠦᠢᠴᠡᠳᠬᠡᠵᠦ ᠲᠣᠬᠢᠷᠠᠭᠤᠯᠬᠤ ᠬᠤᠷᠠᠯ ᠢ | ᠡᠷᠭᠢᠯᠡᠨ ᠬᠤᠷᠠᠯᠳᠤᠭᠤᠯᠵᠤ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 5 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ | ᠰᠢᠤᠸᠠᠢ ᠶᠦᠩ ᠪᠦᠯᠬᠦᠮ ᠳᠠᠭᠠᠭᠤᠯᠤᠨ ᠬᠥᠬᠡᠬᠤᠲᠠ᠂ ᠯᠢᠶᠣᠤᠨᠢᠩ ᠮᠤᠵᠢ ᠶᠢᠨ ᠬᠠᠶᠢᠴᠧᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ | ᠰᠢᠨᠵᠢᠯᠡᠨ ᠪᠠᠶᠢᠴᠠᠭᠠᠬᠤ ᠶᠢ ᠵᠣᠯᠭᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠳᠠᠷᠤᠭ᠎ᠠ ᠬᠠᠳᠠ᠂ ᠳᠡᠳ᠋ ᠳᠠᠷᠤᠭ᠎ᠠ ᠳ᠋ᠦ᠋ ᠴᠧᠨ | ᠰᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃ | 5 ᠰᠠᠷ᠎ᠠ ᠶᠢᠨ 9 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠵᠥᠩ ᠱᠧᠦ ᠴᠢᠥᠸᠠᠨ ᠳᠠᠷᠢᠭᠠᠳᠤᠶ ᠪᠠ | ᠥᠨᠵᠢᠭᠦᠯᠦᠨ ᠳᠠᠷᠢᠬᠤ ᠵᠡᠷᠭᠡ ᠲᠠᠷᠢᠶᠠᠨ ᠭᠠᠵᠠᠷ ᠢ ᠲᠥᠷᠥᠯ ᠬᠤᠪᠢᠶᠠᠨ ᠰᠢᠢᠳᠪᠦᠷᠢᠯᠡᠬᠦ ᠵᠢᠴᠢ ᠳᠠᠬᠢᠨ ᠳᠠᠷᠢᠬᠤ ᠦᠢᠯᠡᠳᠪᠦᠷᠢᠯᠡᠯ ᠤᠨ ᠠᠵᠢᠯ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠷᠢᠭᠠᠳᠤᠶ ᠪᠠ ᠥᠨᠵᠢᠭᠦᠯᠦᠨ ᠳᠠᠷᠢᠬᠤ ᠵᠡᠷᠭᠡ ᠲᠠᠷᠢᠶᠠᠨ ᠭᠠᠵᠠᠷ ᠢ ᠲᠥᠷᠥᠯ | ᠬᠤᠪᠢᠶᠠᠨ ᠰᠢᠢᠳᠪᠦᠷᠢᠯᠡᠬᠦ ᠵᠢᠴᠢ ᠳᠠᠬᠢᠨ ᠳᠠᠷᠢᠬᠤ ᠦᠢᠯᠡᠳᠪᠦᠷᠢᠯᠡᠯ ᠤᠨ ᠠᠵᠢᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ | ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠡᠯ᠎ᠡ ᠰᠤᠮᠤ ᠪᠠᠯᠭᠠᠰᠤ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠢ᠃ | 5 ᠰᠠᠷ᠎ᠠ ᠶᠢᠨ 9 ᠤ ᠡᠳᠦᠷ᠂ ᠹᠦᠱᠦ᠋ᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠡᠷᠢᠭᠦᠯᠡᠭᠴᠢ ᠢᠦᠢ ᠸᠠᠨ ᠵᠢᠶᠦ᠋ᠨ ᠨᠠᠷ ᠡᠪᠦᠳᠦᠭ ᠪᠣᠭᠤᠮᠲᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠰᠥᠩ ᠰᠢᠩ ᠾᠧ᠂ ᠦᠨᠳᠦᠰᠦᠲᠡᠨ ᠱᠠᠰᠢᠨ ᠰᠤᠷᠲᠠᠬᠤᠨ ᠤ ᠰᠢᠶᠠᠩᠭᠠᠩ ᠣᠣᠮᠧᠨ ᠲᠠᠶᠢᠸᠠᠨ ᠬᠠᠷᠢᠶᠠᠲᠤ ︵ᠭᠠᠳᠠᠭᠠᠳᠤ | ᠶᠠᠪᠤᠳᠠᠯ︶ ᠶᠢᠨ ᠵᠥᠪᠯᠡᠯ ᠤᠨ ᠳᠡᠳ᠋ ᠡᠷᠬᠢᠯᠡᠭᠴᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠵᠧᠨ ᠰᠢᠶᠠᠨ᠂ ᠳᠡᠳ᠋ ᠲᠡᠷᠢᠭᠦᠯᠡᠭᠴᠢ | ᠴᠢᠩ ᠯᠦᠩ ᠵᠢᠴᠢ ᠪᠣᠭᠤᠮᠲᠠ ᠶᠢᠨ ᠬᠠᠷᠢᠭᠤᠴᠠᠯᠭᠠᠲᠠᠨ ᠵᠡᠷᠭᠡ ᠬᠠᠮᠢᠶ᠎ᠠ ᠪᠦᠬᠦᠢ ᠬᠥᠮᠥᠰ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | 5 ᠰᠠᠷ᠎ᠠ ᠶᠢᠨ 14 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ︽ ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠠᠵᠢᠯ ᠡᠬᠢᠯᠡᠪᠡ᠃ | ︽ ᠳᠤᠯᠠᠭᠠᠯᠠᠭ᠎ᠠ ᠶᠢᠨ ᠢᠨᠵᠧᠨᠧᠷᠢᠩ︾ ᠪᠣᠯ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠬᠤ᠂ ᠠᠷᠠᠳ ᠤᠨ ᠠᠮᠢᠳᠤᠷᠠᠯ ᠤᠨ ᠳᠤᠯᠠᠭᠠᠨ ᠢ | ᠪᠠᠲᠤᠯᠠᠬᠤ ᠠᠷᠠᠳ ᠤᠨ ᠰᠡᠳᠬᠢᠯ ᠤᠨ ᠢᠨᠵᠧᠨᠧᠷᠢᠩ ᠪᠣᠯᠣᠨ᠎ᠠ᠃ ᠰᠢᠨ᠎ᠡ ᠪᠠᠷᠭᠤ ᠵᠡᠭᠦᠨ ᠬᠤᠰᠢᠭᠤᠨ ᠤ ︽ᠳᠤᠯᠠᠭᠠᠯᠠᠭ᠎ᠠ ᠶᠢᠨ ᠢᠨᠵᠧᠨᠧᠷᠢᠩ︾ ᠪᠣᠯᠣᠨ ᠬᠠᠭᠤᠴᠢᠨ | ᠬᠤᠭᠤᠯᠠᠢ ᠶᠢᠨ ᠲᠣᠣᠷ ᠢ ᠰᠢᠨᠡᠳᠬᠡᠨ ᠥᠭᠡᠷᠡᠴᠢᠯᠡᠬᠦ ᠠᠵᠠ ᠲᠣᠬᠢᠶᠠᠯ ᠢ ᠠᠳᠬᠤᠵᠤ᠂ ᠠᠵᠢᠯ ᠤᠨ ᠪᠠᠶᠢᠷᠢᠯᠠᠭᠤᠯᠲᠠ ᠶᠢ ᠰᠦᠪᠡᠭᠴᠢᠯᠡᠨ᠂ ︽ᠰᠢᠨ᠎ᠡ ᠪᠠᠷᠭᠤ ᠵᠡᠭᠦᠨ | ᠬᠤᠰᠢᠭᠤᠨ ᠤ ᠬᠤᠳᠠ ᠪᠠᠯᠭᠠᠰᠤᠨ ᠤ ᠢᠯᠴᠢ ᠬᠠᠩᠭᠠᠬᠤ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠵᠤ᠂ ᠳᠦᠷᠦᠯ ᠵᠦᠢᠯ ᠤᠨ | ᠠᠮᠤᠷ ᠲᠦᠪᠰᠢᠨ ᠢᠶᠠᠷ ᠪᠠᠷᠢᠯᠭ᠎ᠠ ᠪᠠᠷᠢᠬᠤ᠂ ᠪᠣᠯᠪᠠᠰᠤᠨ ᠢᠶᠠᠷ ᠪᠠᠷᠢᠯᠭ᠎ᠠ ᠪᠠᠷᠢᠬᠤ ᠶᠢ ᠪᠠᠲᠤᠯᠠᠵᠤ᠂ ᠳᠤᠯᠠᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ︽ | ᠳᠤᠯᠠᠭᠠᠯᠠᠭ᠎ᠠ ᠶᠢᠨ ᠢᠨᠵᠧᠨᠧᠷᠢᠩ︾ ᠢ ᠥᠷᠭᠡᠨ ᠤᠯᠠᠨ ᠠᠷᠠᠳ ᠲᠦᠮᠡᠨ ᠳᠤ ᠦᠨᠡᠨᠬᠦ ᠬᠦᠷᠲᠡᠭᠡᠵᠦ᠂ ᠪᠣᠳᠠᠲᠠᠢ ᠠᠵᠢᠯᠯᠠᠵᠤ ᠡᠭᠦᠷᠭᠡᠯᠡᠨ ᠠᠷᠠᠳ ᠤᠨ ᠠᠮᠢᠳᠤᠷᠠᠯ ᠤᠨ | ᠳᠤᠯᠠᠭᠠᠨ ᠤ ᠬᠡᠮᠵᠢᠶ᠎ᠡ ᠶᠢ ᠰᠠᠬᠢᠨ ᠬᠠᠮᠠᠭᠠᠯᠠᠨ᠎ᠠ᠃ | 5 ᠰᠠᠷ᠎ᠠ ᠶᠢᠨ 14 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠯᠢ | ᠸᠧᠢ ᠳ᠋ᠦᠩ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠭᠦᠨᠵᠡᠭᠡᠶᠢᠷᠡᠨ ︽ᠭᠠᠵᠠᠷ ᠣᠷᠣᠨ ᠤ ᠣᠨᠴᠠᠯᠢᠭᠲᠤ ᠰᠣᠶᠣᠯ ᠢ ᠭᠦᠨᠵᠡᠭᠡᠢ ᠠᠭᠤᠳᠠᠯᠵᠤ᠂ ᠤᠮᠠᠷᠠᠲᠤ ᠶᠢᠨ | ᠰᠣᠶᠣᠯ ᠤᠨ ᠨᠠᠷᠠᠲᠤ ᠲᠡᠮᠳᠡᠭᠲᠦ ᠶᠢ ᠡᠭᠦᠳᠬᠦ︾ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠢ ᠵᠧᠨ ᠰᠢᠶᠠᠨ᠂ ᠳᠡᠳ᠋ ᠲᠡᠷᠢᠭᠦᠯᠡᠭᠴᠢ ᠸᠠᠩ ᠹᠦ᠋ ᠴᠢᠥᠸᠠᠨ ᠨᠠᠷ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | 5 ᠰᠠᠷ᠎ᠠ ᠶᠢᠨ 15 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠪᠠᠢ ᠵᠧᠨ ᠰᠢᠶᠠᠨ ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠭᠤᠴᠢᠨ ᠨᠢᠭᠡᠳᠦᠭᠡᠷ ᠤᠳᠠᠭ᠎ᠠ ᠶᠢᠨ ᠲᠡᠷᠢᠭᠦᠯᠡᠭᠴᠢ ︵ᠥᠷᠭᠡᠳᠬᠡᠭᠰᠡᠨ︶ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠲᠡᠷᠢᠭᠦᠯᠡᠭᠴᠢᠳ ᠤᠨ ᠬᠤᠷᠠᠯ ᠤᠨ | ᠪᠦᠷᠢᠯᠳᠦᠭᠦᠨ ᠬᠤᠷᠠᠯ ᠳᠤ ᠣᠷᠣᠯᠴᠠᠵᠤ᠂ ᠡᠯ᠎ᠡ ᠲᠤᠰᠬᠠᠢ ᠵᠥᠪᠯᠡᠯ ᠤᠨ ᠡᠷᠬᠢᠯᠡᠭᠴᠢ᠂ ᠳᠡᠳ᠋ ᠨᠠᠷᠢᠨ ᠪᠢᠴᠢᠭ ᠤᠨ ᠳᠠᠷᠤᠭ᠎ᠠ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠵᠥᠪᠯᠡᠯ ᠤᠨ ᠪᠦᠬᠦᠳᠡ ᠬᠤᠷᠠᠯ ᠤᠨ | ᠠᠵᠢᠯ ᠤᠨ ᠳᠦᠷᠢᠮ︵ᠬᠢᠨᠠᠨ ᠵᠥᠪᠯᠡᠬᠦ ᠨᠣᠣᠷᠠᠭ︶︾︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ | ᠵᠥᠪᠯᠡᠯ ᠤᠨ ᠵᠥᠪᠯᠡᠬᠦ ᠠᠵᠢᠯ ᠤᠨ ᠳᠦᠷᠢᠮ︵ᠬᠢᠨᠠᠨ ᠵᠥᠪᠯᠡᠬᠦ ᠨᠣᠣᠷᠠᠭ︶︾︽ᠰᠢᠨ᠎ᠡ ᠪᠠᠷᠭᠤ ᠵᠡᠭᠦᠨ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ | ᠵᠣᠬᠢᠶᠠᠨ ᠪᠠᠶᠢᠭᠤᠯᠵᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︵ᠬᠢᠨᠠᠨ ᠵᠥᠪᠯᠡᠬᠦ ᠨᠣᠣᠷᠠᠭ︶︾ | ᠢ ᠬᠢᠨᠠᠨ ᠵᠥᠪᠯᠡᠵᠦ ᠪᠠᠲᠤᠯᠠᠪᠠ᠃ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠵᠡᠭᠦᠨ ᠬᠤᠰᠢᠭᠤᠨ ᠤ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠳᠦᠷᠢᠮ ︵ᠬᠢᠨᠠᠨ ᠵᠥᠪᠯᠡᠬᠦ ᠨᠣᠣᠷᠠᠭ︶︾ ︽ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ | ᠰᠢᠨ᠎ᠡ ᠪᠠᠷᠭᠤ ᠵᠡᠭᠦᠨ ᠬᠤᠰᠢᠭᠤᠨ ᠤ ᠬᠤᠷᠢᠶ᠎ᠠ ᠶᠢᠨ ᠲᠤᠰᠬᠠᠢ ᠵᠥᠪᠯᠡᠯ ᠤᠨ ᠶᠡᠷᠦᠩᠬᠡᠢ ᠳᠦᠷᠢᠮ ︵ᠵᠠᠰᠠᠪᠤᠷᠢ ᠣᠷᠣᠭᠤᠯᠤᠭᠰᠠᠨ ᠨᠣᠣᠷᠠᠭ︶︾ ᠵᠡᠷᠭᠡ ᠠᠭᠤᠯᠭ᠎ᠠ ᠶᠢ | ᠬᠢᠨᠠᠨ ᠵᠥᠪᠯᠡᠵᠦ ᠪᠠᠲᠤᠯᠠᠪᠠ᠃ | 5 ᠰᠠᠷ᠎ᠠ ᠶᠢᠨ 15 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠪᠠᠷᠭᠤ ᠮᠣᠩᠭᠤᠯ ᠠᠶᠢᠮᠠᠭ ᠤᠨ ᠬᠤᠸᠠᠷᠠᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠪᠠ ᠰᠠᠭᠤᠷᠢᠨ ᠭᠠᠵᠠᠷ ᠲᠤ ᠰᠣᠩᠭᠤᠭᠳᠠᠪᠠ᠃ ᠰᠢᠨ᠎ᠡ | ᠪᠠᠷᠭᠤ ᠵᠡᠭᠦᠨ ᠬᠤᠰᠢᠭᠤᠨ ᠤ ᠪᠠᠷᠭᠤ ᠮᠣᠩᠭᠤᠯ ᠠᠶᠢᠮᠠᠭ ᠤᠨ ᠬᠤᠸᠠᠷᠠᠨ ᠨᠢ ᠰᠤᠳᠤᠯᠤᠨ ᠰᠤᠷᠤᠯᠴᠠᠬᠤ ᠵᠢᠭᠤᠯᠴᠢᠯᠠᠯ᠂ ᠪᠡᠶ᠎ᠡ ᠪᠠᠷ ᠢᠶᠠᠨ ᠣᠶᠢᠯᠠᠭᠠᠬᠤ ᠵᠢᠭᠤᠯᠴᠢᠯᠠᠯ | ᠵᠡᠷᠭᠡ ᠪᠠᠷ ᠳᠡᠮᠵᠢᠨ᠂ ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠭᠡᠯ ᠤᠨ ᠡᠯ᠎ᠡ ᠭᠤᠭᠴᠤᠭ᠎ᠠ ᠳᠤ᠂ ᠤᠯᠠᠨ ᠬᠡᠯᠪᠡᠷᠢ ᠶᠢᠨ ᠲᠠᠯ᠎ᠠ | ᠨᠤᠲᠤᠭ ᠤᠨ ᠰᠣᠶᠣᠯ ᠵᠢᠴᠢ ᠪᠡᠶᠡᠴᠢᠯᠡᠨ ᠣᠶᠢᠯᠠᠭᠠᠬᠤ ᠠᠵᠢᠯᠯᠠᠭ᠎ᠠ᠂ ᠣᠨᠴᠠ ᠲᠣᠭᠲᠠᠭᠰᠠᠨ ᠮᠣᠷᠢᠨ ᠨᠢᠷᠤᠭᠤᠲᠤ ᠪᠠᠭᠠᠴᠤᠳ ᠤᠨ ᠮᠣᠷᠢ ᠤᠨᠤᠵᠤ ᠰᠤᠳᠤᠯᠤᠨ | ᠰᠤᠷᠤᠯᠴᠠᠬᠤ ᠵᠡᠷᠭᠡ ᠤᠯᠠᠨ ᠲᠦᠷᠦᠯ ᠤᠨ ᠰᠤᠳᠤᠯᠤᠨ ᠰᠤᠷᠤᠯᠴᠠᠬᠤ ᠲᠥᠰᠥᠯ ᠢ ᠣᠷᠣᠭᠤᠯᠵᠤ᠂ ᠦᠨᠳᠦᠰᠦᠲᠡᠨ ᠤ ᠰᠣᠶᠣᠯ ᠢ ᠳᠡᠯᠭᠡᠷᠡᠭᠦᠯᠬᠦ ᠠᠷᠭ᠎ᠠ ᠵᠠᠮ ᠢ | ᠲᠠᠰᠤᠷᠠᠯᠳᠠ ᠦᠭᠡᠢ ᠨᠡᠭᠡᠭᠡᠵᠦ᠂ ᠥᠪᠡᠷᠮᠢᠴᠡ ᠣᠨᠴᠠᠯᠢᠭ ᠲᠠᠢ ᠰᠤᠳᠤᠯᠤᠨ ᠰᠤᠷᠤᠯᠴᠠᠬᠤ ᠠᠭᠤᠯᠤᠭᠳᠠᠬᠤᠨ ᠪᠠ ᠠᠭᠤᠯᠬᠤᠨ ᠢ ᠪᠠᠶᠠᠯᠢᠭᠵᠢᠭᠤᠯᠵᠤ᠂ ᠰᠣᠶᠣᠯ | ᠵᠤᠭᠠᠴᠠᠯ ᠤᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠤᠳᠤᠯᠤᠨ ᠰᠤᠷᠤᠯᠴᠠᠵᠤ ᠪᠠᠶᠢᠭ᠎ᠠ ᠵᠤᠭᠠᠴᠠᠭᠰᠠᠳ ᠲᠤ ᠪᠦᠬᠦ ᠶᠠᠪᠤᠴᠠ ᠳᠤ ᠭᠦᠨ ᠰᠠᠭᠤᠭᠳᠠᠯ | ᠥᠭᠴᠦ᠂ ᠲᠠᠯ᠎ᠠ ᠨᠤᠲᠤᠭ ᠤᠨ ᠷᠢᠳᠢ ᠰᠢᠳᠢ ᠶᠢ ᠬᠠᠮᠲᠤᠪᠠᠷ ᠡᠳ᠋ᠯᠡᠭᠦᠯᠦᠨ᠎ᠡ᠃ | 5 ᠰᠠᠷ᠎ᠠ ᠶᠢᠨ 20 ᠤ ᠡᠳᠦᠷ᠂ ᠬᠥᠯᠥᠨ ᠪᠤᠶᠢᠷ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠢᠦᠢ ᠫᠢᠩ | ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠤᠷᠢᠭᠯᠠᠬᠤ᠂ ᠡᠭᠡᠯᠢᠯᠡᠭᠡ ᠶᠢᠨ ᠲᠥᠯᠦᠪᠵᠢᠭᠦᠯᠭᠡ᠂ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠤᠭᠤᠳᠴᠤ ᠪᠠᠶᠢᠴᠠᠭᠠᠪᠠ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠥᠸᠧ | ᠸᠧᠢ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | 5 ᠰᠠᠷ᠎ᠠ ᠶᠢᠨ 20 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠥᠸᠧ ᠸᠧᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠵᠢᠴᠢ ᠡᠷᠡᠭᠦᠯ ᠡᠩᠬᠡ ᠰᠢᠨ᠎ᠡ ᠪᠠᠷᠭᠤ ᠵᠡᠭᠦᠨ ᠬᠤᠰᠢᠭᠤᠨ ᠤ ᠠᠵᠢᠯᠯᠠᠭᠠᠨ ᠤ | ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ᠂ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠥᠳᠡᠯᠭᠡᠭᠡᠨ᠂ ᠡᠷᠡᠭᠦᠯ ᠡᠩᠬᠡ ᠰᠢᠨ᠎ᠡ ᠪᠠᠷᠭᠤ ᠵᠡᠭᠦᠨ ᠬᠤᠰᠢᠭᠤᠨ ᠤ ᠠᠵᠢᠯᠯᠠᠭᠠᠨ ᠤ ᠠᠵᠢᠯ ᠳᠤ ᠲᠣᠬᠢᠷᠠᠭᠤᠯᠤᠯᠲᠠ ᠬᠢᠵᠦ ᠪᠠᠶᠢᠷᠢᠯᠠᠭᠤᠯᠪᠠ᠃ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 5 ᠰᠠᠷ᠎ᠠ ᠶᠢᠨ 21 ᠤ ᠡᠳᠦᠷ᠂ 2024 ᠣᠨ ᠤ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ | ᠪᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ | ᠬᠢᠴᠢᠶᠡᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠵᠢᠭᠠᠪᠤᠷᠢ ᠪᠣᠯᠣᠨ ᠠᠶᠤᠯᠭᠦᠢ ᠦᠢᠯᠡᠳᠪᠦᠷᠢᠯᠡᠯ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠢ | ᠴᠢᠬᠤᠯᠠ ᠥᠭᠦᠯᠡᠯᠲᠡ ᠶᠢ ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠶᠢᠨ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠴᠢᠬᠤᠯᠠ ᠵᠣᠬᠢᠶᠠᠯ; | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠬᠤ ᠳᠦᠷᠢᠮ︾ ᠵᠡᠷᠭᠡ ᠠᠭᠤᠯᠭ᠎ᠠ ᠶᠢ ᠪᠠᠭᠲᠠᠭᠠᠵᠠᠢ᠃ | 5 ᠰᠠᠷ᠎ᠠ ᠶᠢᠨ 23 ᠤ ᠡᠳᠦᠷ᠂ ᠬᠥᠯᠥᠨ ᠪᠤᠶᠢᠷ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠴᠢ ᠳ᠋ᠢᠶᠠᠨ ᠯᠢ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ | ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠮᠠ ᠹᠧᠩ ᠬᠤᠸᠠ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ | ᠬᠠᠷᠢᠭᠤᠴᠠᠯᠭᠠᠲᠠᠨ ᠪᠡᠶ᠎ᠡ ᠪᠣᠯᠵᠤ ᠪᠠᠶᠢᠴᠠᠭᠠᠨ ᠰᠤᠳᠤᠯᠤᠯᠲᠠ ᠬᠢᠪᠡ᠃ | 5 ᠰᠠᠷ᠎ᠠ ᠶᠢᠨ 23 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠬᠦᠷᠢᠶᠡᠨ ᠳᠠᠬᠢ | ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠵᠠᠩ ᠮᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ | ᠪᠦᠬᠦᠢ ᠰᠠᠯᠠᠭ᠎ᠠ ᠮᠥᠴᠢᠷ ᠵᠢᠴᠢ ᠰᠤᠮᠤ ᠪᠠᠯᠭᠠᠰᠤ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃ | 5 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠨᠤᠲᠤᠭ | ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ | ᠂ ᠪᠥᠬᠦ ᠬᠤᠲᠠ ᠶᠢᠨ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠪᠠᠷ ᠪᠣᠯᠵᠣᠨ ᠶᠠᠷᠢᠯᠴᠠᠵᠤ ᠪᠠᠶᠢᠷᠢᠯᠠᠭᠤᠯᠬᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ᠪᠣᠳᠠᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ᠂ ᠰᠤᠮᠤ | ᠪᠠᠯᠭᠠᠰᠤᠨ ᠤ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 5 ᠰᠠᠷ᠎ᠠ ᠶᠢᠨ 26 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠺᠢᠨᠣ᠋ ᠵᠦᠴᠦᠭᠡ ᠶᠢᠨ ᠣᠷᠳᠣᠨ ᠳᠤ ᠵᠢᠷᠭᠤᠭᠠᠨ ᠰᠠᠷ᠎ᠠ ᠶᠢᠨ ᠨᠢᠭᠡᠨ ᠤ ᠪᠠᠶᠠᠷ ᠢ | ᠪᠡᠯᠡᠭᠯᠡᠬᠦ ︽ᠬᠡᠦᠬᠡᠳ ᠤᠨ ᠳᠣᠮᠤᠭ ᠲᠠᠬᠢ ᠪᠠᠭ᠎ᠠ ᠨᠠᠰᠤ︾ ᠶᠢᠨ ᠤᠷᠠᠨ ᠰᠠᠶᠢᠬᠠᠨ ᠤ ᠨᠠᠭᠠᠳᠤᠮ ᠶᠠᠪᠤᠭᠳᠠᠵᠤ᠂ 300 ᠭᠠᠷᠤᠢ ᠬᠡᠦᠬᠡᠳ ᠪᠣᠯᠣᠨ ᠨᠡᠶᠢᠭᠡᠮ ᠤᠨ ᠡᠯ᠎ᠡ | ᠬᠦᠷᠢᠶ᠎ᠡ ᠴᠠᠷᠠᠭ᠎ᠠ ᠶᠢᠨ ᠬᠥᠮᠥᠰ ᠠᠵᠢᠯᠯᠠᠭ᠎ᠠ ᠳᠤ ᠣᠷᠣᠯᠴᠠᠪᠠ᠃ ᠰᠢᠨ᠎ᠡ ᠪᠠᠷᠭᠤ ᠵᠡᠭᠦᠨ ᠬᠤᠰᠢᠭᠤᠨ ᠤ 5 ᠬᠡᠦᠬᠡᠳ ᠤᠨ ᠴᠡᠴᠡᠷᠯᠢᠭ ᠵᠢᠴᠢ ᠳᠤᠮᠳᠠᠳᠤ ᠪᠠᠭ᠎ᠠ | ᠰᠤᠷᠭᠠᠭᠤᠯᠢ ᠶᠢᠨ ᠵᠠᠭᠤ ᠭᠠᠷᠤᠢ ᠣᠷᠣᠯᠴᠠᠭᠴᠢ ᠬᠡᠦᠬᠡᠳ ᠤᠨ ᠳᠤᠭᠤᠶᠢᠯᠠᠩ᠂ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠳᠤᠮᠳᠠᠳᠤ ᠰᠤᠷᠭᠠᠭᠤᠯᠢ ᠶᠢᠨ | ᠳᠤᠭᠤᠶᠢᠯᠠᠩ ᠤᠨ ᠰᠢᠯᠦᠭ ᠤᠶᠠᠩᠭ᠎ᠠ ᠶᠢᠨ ᠤᠷᠤᠯᠳᠤᠭᠠᠨ ᠳᠤ ᠣᠷᠣᠯᠴᠠᠵᠤ᠂ ᠦᠨᠳᠦᠰᠦᠲᠡᠨ ᠤ ᠣᠨᠴᠠᠯᠢᠭ ᠲᠠᠢ ᠤᠯᠠᠨ ᠲᠦᠮᠡᠨ ᠤ ᠪᠥᠵᠢᠭ᠂ ᠮᠣᠩᠭᠤᠯ ᠬᠢᠲᠠᠳ | ᠰᠢᠯᠦᠭ ᠤᠶᠠᠩᠭ᠎ᠠ᠂ ᠨᠠᠶᠢᠷᠠᠯ ᠳᠠᠭᠤᠤ᠂ ᠬᠤᠪᠴᠠᠰᠤ ᠵᠠᠰᠠᠯ ᠤᠨ ᠲᠣᠭᠯᠠᠯᠲᠠ ᠭᠠᠷᠭᠠᠪᠠ᠃ | 5 ᠰᠠᠷ᠎ᠠ ᠶᠢᠨ 27 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠥᠸᠧ ᠸᠧᠢ 2024 ᠣᠨ ᠤ ᠡᠩ ᠤᠨ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ | ᠰᠣᠷᠣᠭᠴᠢ ᠡᠯᠰᠡᠬᠦ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠣᠷᠣᠯᠴᠠᠵᠠᠢ᠃ ᠬᠤᠷᠠᠯ ᠠᠴᠠ | ᠳᠡᠭᠡᠳᠦ ᠱᠠᠲᠤᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ 2024 ᠣᠨ ᠤ ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠨ | ᠪᠠᠶᠢᠷᠢᠯᠠᠭᠤᠯᠪᠠ᠃ | 5 ᠰᠠᠷ᠎ᠠ ᠶᠢᠨ 27 ᠤ ᠡᠳᠦᠷ᠂ ᠬᠥᠯᠥᠨ ᠪᠤᠶᠢᠷ ᠬᠤᠲᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠤᠷᠪᠠᠳᠤᠭᠠᠷ | ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠪᠠᠷᠭᠤ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢᠦ ᠰᠢᠶᠣᠣ ᠾᠦᠢ᠂ ᠬᠤᠰᠢᠭᠤᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | 5 ᠰᠠᠷ᠎ᠠ ᠶᠢᠨ 28 ᠤ ᠡᠳᠦᠷ᠂ ᠬᠥᠯᠥᠨ ᠪᠤᠶᠢᠷ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠷᠧᠨ ᠤ ᠳᠠᠭᠠᠭᠤᠯᠤᠭᠰᠠᠨ ᠰᠢᠯᠭᠠᠨ ᠪᠠᠶᠢᠴᠠᠭᠠᠵᠤ ᠪᠠᠶᠢᠴᠠᠭᠠᠨ ᠰᠤᠳᠤᠯᠬᠤ | ᠳᠤᠭᠤᠶᠢᠯᠠᠩ ᠤᠨ 4 ᠬᠥᠮᠥᠨ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠲᠠ ︵ᠰᠢᠶᠠᠨ︶ ᠶᠢ ᠡᠭᠦᠳᠦᠨ | ᠪᠠᠶᠢᠭᠤᠯᠬᠤ ᠠᠵᠢᠯ ᠥᠷᠨᠢᠭᠦᠯᠦᠭᠰᠡᠨ ᠪᠠᠶᠢᠳᠠᠯ ᠢ ᠰᠢᠯᠭᠠᠨ ᠦᠨᠡᠯᠡᠵᠦ ᠪᠠᠶᠢᠴᠠᠭᠠᠨ ᠰᠤᠳᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠸᠠᠩ | ᠰᠢᠩ ᠭᠦᠸᠧ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠳ ᠪᠠᠷ᠎ᠠ ᠪᠣᠯᠵᠤ ᠪᠠᠶᠢᠴᠠᠭᠠᠨ | ᠰᠤᠳᠤᠯᠤᠯᠲᠠ ᠬᠢᠪᠡ᠃ | 5 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠨᠠᠢ ᠪᠢᠨ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠢ | ᠡᠷᠭᠢᠯᠡᠨ ᠬᠤᠷᠠᠯᠳᠤᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠵᠢᠷᠭᠤᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠭᠰᠠᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠰᠢᠭᠤᠨ ᠤ ᠤᠳᠤᠷᠢᠳᠤᠯᠭ᠎ᠠ ᠭᠦᠸᠧ ᠬᠠᠨ ᠶᠦᠸᠧ᠂ ᠯᠢ ᠶᠢᠩ ᠹᠧᠩ᠂ ᠵᠠᠩ ᠰᠢᠦᠢ ᠬᠤᠷᠠᠯ ᠳᠤ | ᠣᠷᠣᠯᠴᠠᠵᠠᠢ᠃ | 5 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠦ᠋ ᠰᠢᠤᠸᠠᠢ ᠶᠦᠩ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ 2024 ᠣᠨ ᠤ 6 ᠳ᠋ᠤᠭᠠᠷ ᠤᠳᠠᠭᠠᠨ ᠤ ᠬᠤᠷᠠᠯ ᠵᠢᠴᠢ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 6 ᠳ᠋ᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠶᠢᠨ | ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠶᠢᠨ ᠠᠵᠤ ᠠᠬᠤᠶᠢᠯᠠᠯ ᠪᠣᠯᠣᠨ ᠲᠤᠰᠬᠠᠢ ᠮᠡᠷᠭᠡᠵᠢᠯᠲᠡᠨ ᠤ ᠶᠠᠷᠢᠯᠴᠠᠬᠤ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 4 ᠰᠠᠷ᠎ᠠ ᠶᠢᠨ 30 ᠤ ᠡᠳᠦᠷ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ | ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠢ ᠰᠣᠨᠢᠷᠬᠠᠪᠠ᠃ | 5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠳᠠᠷᠤᠭ᠎ᠠ ᠵᠠᠩ ᠮᠢᠩ ᠬᠤᠰᠢᠭᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠵᠢᠴᠢ ︽ᠨᠢᠭᠡ ᠠᠩᠭᠢ ᠨᠢᠭᠡ ᠲᠥᠪ︾ ᠤᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ | ᠦᠨᠳᠦᠰᠦᠨ ᠱᠠᠲᠤᠨ ᠤ ᠭᠠᠯ ᠤᠨᠲᠠᠷᠠᠭᠠᠬᠤ ᠬᠦᠴᠦᠨ ᠤ ᠪᠠᠶᠢᠭᠤᠯᠤᠯᠲᠠ ᠪᠠ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠰᠠᠨᠠᠯ︾ ᠵᠢᠴᠢ ᠪᠥᠬᠦ ᠬᠤᠲᠠ ᠶᠢᠨ ︽ᠶᠢᠰᠦᠨ ᠵᠢᠵᠢᠭ ᠲᠠᠯᠠᠪᠤᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠵᠢᠴᠢ | ᠦᠨᠳᠦᠰᠦᠨ ᠱᠠᠲᠤᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ᠃ | 5 ᠰᠠᠷ᠎ᠠ ᠶᠢᠨ 30 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠳᠠᠷᠤᠭ᠎ᠠ ᠵᠠᠩ ᠮᠢᠩ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠬᠤᠷᠠᠯ ᠵᠢᠴᠢ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠱᠠᠭᠠᠷᠳᠠᠭᠰᠠᠨ ᠨᠢ᠂ ᠠᠶᠤᠯᠭᠦᠢ | ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠲᠤᠶᠢᠯᠪᠤᠷᠢᠲᠠᠢ ᠴᠡᠭᠴᠡᠯᠡᠨ ᠰᠠᠶᠢᠵᠢᠷᠠᠭᠤᠯᠵᠤ᠂ ᠭᠠᠯ ᠤᠨᠲᠠᠷᠠᠭᠠᠬᠤ᠂ | ᠪᠠᠷᠢᠯᠭ᠎ᠠ ᠶᠢᠨ ᠠᠵᠢᠯ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠵᠤᠭᠠᠴᠠᠯ᠂ ᠠᠵᠤ ᠦᠢᠯᠡᠳᠪᠦᠷᠢ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ | ᠴᠢᠩᠭ᠎ᠠ ᠠᠩᠬᠠᠷᠴᠤ᠂ ᠠᠳᠡᠯ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | 5 ᠰᠠᠷ᠎ᠠ ᠶᠢᠨ 31 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤ ᠦᠨᠳᠦᠰᠦᠲᠡᠨ ᠤ ᠪᠦᠯᠬᠦᠮᠳᠡᠯ ᠤᠨ ᠠᠭᠤᠳᠠᠮ ᠲᠠᠯᠠᠪᠠᠶ ᠳᠤ ︽ᠬᠦᠰᠡᠯ | ᠨᠠᠶᠢᠳᠠᠯᠭ᠎ᠠ ᠪᠠᠨ ᠪᠠᠲᠤ ᠴᠡᠭᠡᠵᠢᠯᠡᠨ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠵᠢᠱᠢᠶ᠎ᠡ ᠦᠵᠡᠭᠦᠯᠬᠦ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠵᠤ ᠪᠠᠲᠤ ᠴᠣᠭᠴᠠᠯᠠᠶ᠎ᠠ︾ ᠭᠡᠳᠡᠭ ᠢᠶᠠᠷ ᠭᠤᠣᠯ ᠰᠡᠳᠦᠪ ᠪᠣᠯᠭᠠᠭᠰᠠᠨ ︽ᠬᠡᠦᠬᠡᠳ ᠤᠨ | ᠰᠡᠳᠬᠢᠯ ᠢᠶᠠᠷ ᠨᠠᠮ ᠢᠶᠠᠨ ᠬᠦᠴᠦᠷᠬᠡᠭᠵᠢᠭᠦᠯᠬᠦ ᠳᠤ ᠪᠢ ᠪᠣᠶ︾ ᠭᠡᠬᠦ ᠮᠢᠩᠭᠠᠨ ᠰᠤᠷᠤᠭᠴᠢᠳ ᠤᠨ ᠰᠢᠯᠦᠭ ᠤᠶᠠᠩᠭᠠᠯᠠᠬᠤ ᠠᠵᠢᠯᠯᠠᠭ᠎ᠠ ᠥᠷᠨᠢᠭᠦᠯᠪᠡ᠃ | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠮᠤᠷᠪᠠᠲᠤ᠂ ᠬᠤᠰᠢᠭᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠭᠢᠯᠡᠭᠴᠢ ᠴᠣᠯᠮᠣᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠪᠠᠢ ᠴᠦᠨ ᠬᠤᠸᠠ᠂ ᠬᠤᠰᠢᠭᠤᠨ ᠤ ᠤᠯᠤᠰ ᠳᠦᠷᠦ ᠶᠢᠨ ᠵᠥᠪᠯᠡᠯᠭᠡᠨ ᠤ | ᠳᠡᠳ᠋ ᠲᠡᠷᠢᠭᠦᠯᠡᠭᠴᠢ ᠣ · ᠪᠠᠭᠠᠲᠤᠷ ᠵᠢᠴᠢ ᠬᠤᠰᠢᠭᠤᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤᠨ ᠤ ᠵᠠᠰᠠᠭ ᠤᠨ ᠣᠷᠳᠣᠨ ᠤ | ᠠᠯᠪᠠᠨ ᠭᠡᠷ᠂ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠰᠤᠷᠭᠠᠨ ᠬᠥᠮᠦᠵᠢᠯ ᠤᠨ ᠲᠣᠪᠴᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠠᠵᠢᠯᠯᠠᠭ᠎ᠠ ᠳᠤ | ᠣᠷᠣᠯᠴᠠᠵᠠᠢ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠠᠮᠤᠷᠪᠠᠲᠤ ᠠᠵᠢᠯᠯᠠᠭ᠎ᠠ ᠳᠤ | ᠦᠭᠡ ᠬᠡᠯᠡᠪᠡ᠃ |