ᠵᠢᠪᠬᠤᠯᠠᠩᠲᠤ ᠶᠢᠨ ᠬᠠᠤᠯᠢ ᠴᠠᠭᠠᠵᠠ ᠶᠢᠨ ᠭᠠᠵᠠᠷ ᠵᠢᠪᠬᠤᠯᠠᠩᠲᠤ ᠶᠢᠨ ᠬᠢᠯᠢ ᠶᠢᠨ ᠲᠣᠮᠢᠯᠠᠭᠰᠠᠨ ᠰᠠᠯᠪᠤᠷᠢ ᠲᠠᠢ ᠬᠠᠮᠲᠤᠷᠠᠨ ︽ᠬᠤᠶᠠᠷ ᠭᠠᠵᠠᠷ ᠬᠤᠯᠪᠤᠭᠠᠯᠠᠨ ᠬᠥᠳᠡᠯᠦᠯᠴᠡᠬᠦ︾ ᠵᠥᠪᠳᠡᠯᠴᠡᠭᠡᠷ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/12/20
          ︽ᠬᠤᠶᠠᠷ ᠭᠠᠵᠠᠷ ᠬᠤᠯᠪᠤᠭᠠᠯᠠᠨ ᠬᠥᠳᠡᠯᠦᠯᠴᠡᠬᠦ︾ ᠠᠵᠢᠯ ᠢ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠨ᠂ ᠣᠷᠭᠠᠨᠢᠭ ᠢᠶᠠᠷ ᠵᠣᠯᠭᠠᠭᠤᠯᠬᠤ᠂ ᠵᠣᠬᠢᠴᠠᠭᠤᠯᠵᠤ ᠬᠤᠯᠪᠤᠭᠠᠯᠠᠨ ᠬᠥᠳᠡᠯᠦᠯᠴᠡᠵᠦ᠂ ᠥᠨᠳᠥᠷ ᠪᠦᠲᠦᠮᠵᠢᠲᠡᠶ ᠳᠥᠭᠦᠮ ᠳᠥᠲᠡ ᠠᠵᠢᠯ ᠤᠨ ᠪᠠᠶᠢᠷᠢᠰᠢᠯ ᠢ ᠪᠣᠶ ᠪᠣᠯᠭᠠᠨ᠂ ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 12 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠵᠢᠪᠬᠤᠯᠠᠩᠲᠤ ᠶᠢᠨ ᠬᠠᠤᠯᠢ ᠴᠠᠭᠠᠵᠠ ᠶᠢᠨ ᠭᠠᠵᠠᠷ ᠵᠢᠪᠬᠤᠯᠠᠩᠲᠤ ᠶᠢᠨ ᠬᠢᠯᠢ ᠶᠢᠨ ᠲᠣᠮᠢᠯᠠᠭᠰᠠᠨ ᠰᠠᠯᠪᠤᠷᠢ ᠳᠤ ᠬᠦᠷᠴᠦ ︽ᠬᠤᠶᠠᠷ ᠭᠠᠵᠠᠷ ᠬᠤᠯᠪᠤᠭᠠᠯᠠᠨ ᠬᠥᠳᠡᠯᠦᠯᠴᠡᠬᠦ︾ ᠵᠥᠪᠳᠡᠯᠴᠡᠭᠡᠷ ᠤᠨ ᠬᠤᠷᠠᠯ ᠬᠢᠪᠡ᠃
20241220-4.png
          ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠬᠤᠶᠠᠷ ᠲᠠᠯ᠎ᠠ ᠶᠢᠨ ᠡᠬᠢ ᠪᠠᠶᠠᠯᠢᠭ ᠢ ᠰᠢᠯᠢᠳᠡᠭᠵᠢᠭᠦᠯᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠬᠦ᠂ ︽ᠬᠤᠶᠠᠷ ᠭᠠᠵᠠᠷ ᠬᠤᠯᠪᠤᠭᠠᠯᠠᠨ ᠬᠥᠳᠡᠯᠦᠯᠴᠡᠬᠦ︾ᠠᠵᠢᠯ ᠢ ᠬᠡᠷᠬᠢᠨ ᠦᠨᠳᠦᠰᠦᠨ ᠱᠠᠲᠤᠨ ᠳᠤ ᠣᠶᠢᠷᠠᠲᠤᠭᠤᠯᠬᠤ᠂ ᠤᠯᠠᠨ ᠲᠦᠮᠡᠨ ᠲᠠᠢ ᠣᠶᠢᠷᠠᠲᠤᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠵᠥᠪᠳᠡᠯᠴᠡᠵᠦ᠂ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠪᠡ︔ᠬᠤᠶᠠᠷ ᠲᠠᠯ᠎ᠠ ᠪᠠᠷ ᠢᠶᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠢᠳᠡᠪᠬᠢᠲᠡᠢ ᠥᠷᠨᠢᠭᠦᠯᠬᠦ᠂ ᠦᠨᠳᠦᠰᠦᠨ ᠱᠠᠲᠤᠨ ᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠬᠦ᠂ ᠦᠨᠳᠦᠰᠦᠨ ᠱᠠᠲᠤ ᠪᠠ ᠤᠯᠠᠨ ᠲᠦᠮᠡᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠠᠢ᠃          ᠲᠠᠷᠠᠭᠠᠴᠢ ᠶᠢᠨ ᠠᠯᠬᠤᠮ ᠳᠤ᠂ ᠬᠤᠶᠠᠷ ᠭᠠᠵᠠᠷ ᠬᠠᠮᠲᠤᠷᠠᠨ ᠬᠥᠳᠡᠯᠦᠯᠴᠡᠬᠦ ᠬᠡᠯᠡᠯᠴᠡᠭᠡᠷ ᠲᠣᠭᠲᠠᠵᠤ᠂ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠬᠠᠤᠯᠢ ᠴᠠᠭᠠᠵᠠ ᠶᠢᠨ ᠯᠠᠪᠯᠠᠭ᠎ᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠷᠢᠶᠠᠲᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ