ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 2024 ᠣᠨ ᠤ ᠭᠠᠴᠠᠭᠠᠨ ᠤ ᠺᠠᠳ᠋ᠷᠴᠤᠳ ᠤᠨ ᠵᠢᠯ ᠤᠨ ᠡᠴᠦᠰ ᠤᠨ ᠬᠢᠨᠠᠨ ᠰᠢᠯᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/12/20
          12 ᠰᠠᠷ᠎ᠠ ᠶᠢᠨ 18 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 2024 ᠣᠨ ᠤ ᠭᠠᠴᠠᠭᠠᠨ ᠤ ᠺᠠᠳ᠋ᠷᠴᠤᠳ ᠤᠨ ᠵᠢᠯ ᠤᠨ ᠡᠴᠦᠰ ᠤᠨ ᠬᠢᠨᠠᠨ ᠰᠢᠯᠭᠠᠯᠲᠠ ᠶᠢᠨ ᠠᠵᠢᠯ ᠢ ᠥᠷᠨᠢᠭᠦᠯᠪᠡ᠃ᠬᠤᠷᠠᠯ ᠳᠡᠭᠡᠷ᠎ᠡ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠲᠣᠰᠬᠤᠨ ᠳᠤ ᠰᠠᠭᠤᠭ᠎ᠠ ᠦᠨᠳᠦᠰᠦᠨ ᠪᠠᠶᠢᠳᠠᠯ᠂ ᠨᠠᠮ ᠤᠨ ᠲᠦᠷᠦ ᠶᠢᠨ ᠪᠣᠳᠣᠯᠭ᠎ᠠ ᠶᠢ ᠤᠬᠠᠭᠤᠯᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠤᠯᠠᠨ ᠲᠦᠮᠡᠨ ᠳᠤ ᠦᠢᠯᠡᠴᠢᠯᠡᠬᠦ ᠵᠢᠴᠢ ᠲᠣᠰᠬᠤᠨ ᠤ︽ᠬᠤᠶᠠᠷ ᠵᠥᠪᠯᠡᠯ︾ ᠢ ᠬᠠᠮᠵᠢᠨ ᠠᠵᠢᠯ ᠠᠳᠬᠤᠬᠤ ᠵᠡᠷᠭᠡ ᠲᠠᠯ᠎ᠠ ᠪᠠᠷ ᠬᠠᠷᠢᠭᠤ ᠮᠡᠳᠡᠭᠦᠯᠦᠯᠲᠡ ᠬᠢᠵᠡᠢ᠃
20241220-6-1.jpg
          ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠤᠣᠯ ᠤᠳᠤᠷᠢᠳᠤᠯᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠬᠢᠭᠰᠡᠨ ᠠᠵᠢᠯ ᠪᠣᠯᠣᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠡᠮᠦᠨ᠎ᠡ ᠹᠷᠣᠨᠲ ᠢ ᠪᠠᠲᠤ ᠰᠠᠬᠢᠵᠤ ᠪᠠᠶᠢᠭᠰᠠᠨ ᠲᠣᠰᠬᠤᠨ ᠳᠤ ᠰᠠᠭᠤᠭ᠎ᠠ ᠠᠵᠢᠯ ᠤᠨ ᠭᠡᠰᠢᠭᠦᠳ ᠲᠤ ᠳᠣᠲᠣᠨᠣ ᠮᠡᠨᠳᠦᠴᠢᠯᠡᠯ ᠳᠡᠪᠰᠢᠭᠦᠯᠬᠦ ᠶᠢᠨ ᠬᠠᠮᠲᠤ ᠲᠣᠰᠬᠤᠨ ᠳᠤ ᠰᠠᠭᠤᠬᠤ ᠠᠵᠢᠯ ᠢ ᠤᠯᠠᠮ ᠰᠠᠶᠢᠨ ᠬᠢᠬᠦ ᠲᠤᠬᠠᠢ ᠬᠤᠶᠠᠷ ᠱᠠᠭᠠᠷᠳᠠᠯᠭ᠎ᠠ ᠳᠤᠷᠠᠳᠪᠠ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ ᠤᠯᠤᠰ ᠲᠦᠷᠦ ᠶᠢᠨ ᠵᠣᠭᠰᠣᠴᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠡᠩ ᠯᠠᠪᠳᠠᠭᠤᠨ ᠪᠠᠲᠤᠲᠠᠢ ᠰᠤᠷᠲᠠᠯ ᠢᠶᠠᠷ ᠬᠥᠳᠡᠭᠡ ᠲᠣᠰᠬᠤᠨ ᠳᠤ ᠦᠢᠯᠡᠴᠢᠯᠡᠬᠦ᠂ ᠬᠥᠭᠵᠢᠯᠲᠡ ᠳᠤ ᠬᠦᠴᠦ ᠨᠡᠮᠡᠷᠢᠯᠡᠬᠦ ᠠᠭᠤᠤ ᠶᠡᠭᠡ ᠦᠢᠯᠡᠳᠦᠯᠭᠡ ᠳᠤ ᠣᠷᠣᠯᠴᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ ᠬᠤᠶᠠᠷ ᠲᠤ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠰᠤᠷᠤᠯᠴᠠᠬᠤ ᠪᠠ ᠪᠣᠯᠪᠠᠰᠤᠷᠠᠭᠤᠯᠤᠯ ᠳᠤ ᠣᠷᠤᠯᠴᠠᠬᠤ  ᠶᠢ ᠴᠢᠬᠤᠯᠠᠴᠢᠯᠠᠵᠤ᠂ ᠲᠤᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠬᠡᠪ ᠴᠢᠨᠠᠷ ᠪᠠ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠳᠤ ᠨᠡᠩ ᠰᠠᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠡᠭᠦᠨ ᠤ ᠬᠠᠮᠲᠤ᠂ ᠪᠦᠯᠬᠦᠮᠳᠡᠨ ᠬᠠᠮᠵᠢᠯᠴᠠᠬᠤ ᠶᠢ ᠴᠢᠬᠤᠯᠠᠴᠢᠯᠠᠵᠤ᠂ ᠤᠯᠠᠭᠠᠨᠪᠤᠯᠠᠭ ᠭᠠᠴᠠᠭ᠎ᠠ ᠶᠢᠨ ᠬᠤᠶᠠᠷ ᠵᠥᠪᠯᠡᠯ ᠪᠣᠯᠣᠨ ᠣᠯᠠᠨ ᠲᠦᠮᠡᠨ ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠣᠰᠬᠤᠨ ᠳᠤ ᠰᠠᠭᠤᠬᠤ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃
20241220-6-2.jpg
          ᠰᠢᠨ᠎ᠡ ᠪᠠᠷᠭᠤ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠲᠣᠰᠬᠤᠨ ᠳᠤ ᠰᠠᠭᠤᠭ᠎ᠠ ᠺᠠᠳ᠋ᠷ ᠤᠨ ᠨᠢᠭᠡᠳᠦᠭᠡᠷ ᠱᠦᠵᠢ᠂ ᠬᠤᠶᠢᠰᠢᠳᠠ ᠭᠤᠣᠯ ᠪᠣᠯᠬᠤ ᠨᠠᠮ ᠤᠨ ᠤᠳᠤᠷᠢᠳᠬᠤ ᠳᠤᠭᠤᠶᠢᠯᠠᠩ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠨ᠎ᠠ ᠭᠡᠵᠦ ᠢᠯᠡᠳᠬᠡᠪᠡ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ