11ᠵᠢᠯ ᠳᠤ 60 ᠲᠦᠮᠡᠨ ᠲᠥᠭᠦᠷᠢᠭ ᠬᠠᠨᠳᠢᠪᠯᠡᠭ᠌ᠰᠠᠨ ᠨᠡᠷᠡᠳᠤ ᠪᠦᠭᠡ ᠮᠥᠩᠬᠡᠳᠦ᠋ᠭᠦᠷᠡᠩ
ᠨᠡᠶᠢᠲᠡᠯᠡᠭᠰᠡᠨ ᠴᠠᠭ᠄
2024/12/20
          ᠮᠥᠩᠬᠡᠳᠦ᠋ᠭᠦᠷᠡᠩ ᠮᠣᠩᠭᠤᠯ ᠪᠦᠭᠡ ᠶᠢᠨ ᠳᠡᠪᠵᠢᠶᠡᠨ ᠳᠤ ᠪᠢᠷ᠎ᠠ ᠴᠢᠳᠠᠯ ᠢᠶᠠᠨ ᠭᠠᠶᠢᠬᠠᠭᠤᠯᠵᠤ᠂ ᠨᠡᠶᠢᠳᠡ ᠲᠦᠮᠡᠨ ᠳᠡᠭᠡᠨ ᠲᠠᠨᠢᠭᠳᠠᠭᠰᠠᠨ ᠰᠣᠳᠣᠨ ᠰᠢᠯᠢᠳᠡᠭ ᠪᠦᠭᠡ᠃ ᠲᠡᠷᠡ ᠮᠠᠨᠢ ᠪᠦᠭᠡ ᠶᠢᠨ ᠲᠠᠪᠴᠠᠩ ᠳᠤ ᠠᠯᠳᠠᠷ ᠨᠡᠷ᠎ᠡ ᠪᠠᠨ ᠳᠠᠭᠤᠷᠢᠰᠤᠭᠤᠯᠵᠤ ᠶᠠᠪᠤᠭ᠎ᠠ ᠪᠠᠷ ᠪᠠᠷᠠᠬᠤ ᠦᠭᠡᠢ ᠨᠡᠶᠢᠭᠡᠮ ᠨᠡᠶᠢᠳᠡ ᠳᠤ ᠬᠠᠶᠢᠷ᠎ᠠ ᠬᠠᠯᠠᠮᠵᠢ ᠦᠵᠡᠭᠦᠯᠵᠦ ᠶᠠᠪᠤᠭ᠎ᠠ ᠪᠤᠶᠠᠨᠰᠠᠭ ᠰᠡᠳᠬᠢᠯᠲᠡᠨ ᠪᠢᠯᠡ᠃ ᠲᠡᠷᠡ ᠪᠠᠷ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤᠨ ᠤ ᠱᠤᠦ ᠪᠠᠯᠭᠠᠰᠤᠨ ᠤ ᠡᠭᠢᠨᠠᠭᠤᠷ ᠭᠠᠴᠠᠭ᠎ᠠ ᠪᠠᠷ ᠨᠤᠲᠤᠭᠲᠠᠢ᠃ 2013 ᠣᠨ ᠠᠴᠠ ᠡᠬᠢᠯᠡᠨ ᠶᠠᠳᠠᠭᠤ ᠬᠦᠴᠢᠷᠳᠡᠯᠲᠡᠢ ᠡᠷᠤᠭᠡ᠂ ᠡᠪᠡᠳᠴᠢᠨ ᠳᠤ ᠨᠡᠷᠪᠡᠭᠳᠡᠭᠰᠡᠳ᠂ ᠠᠮᠢᠳᠤᠷᠠᠯ ᠬᠦᠴᠢᠷᠳᠡᠯᠲᠡᠢ ᠰᠤᠷᠤᠬᠴᠢᠳ ᠢ ᠵᠣᠭᠤᠰ ᠮᠥᠩᠭᠦ ᠪᠠᠷ ᠲᠤᠰᠠᠯᠠᠨ ᠲᠡᠮᠵᠢᠵᠦ ᠤᠳᠦ ᠪᠤᠯᠲᠠᠯ᠎ᠠ ᠪᠠᠨ 11 ᠵᠢᠯ ᠤᠨ ᠨᠢᠭᠤᠷ ᠦᠵᠡᠵᠦ ᠪᠤᠢ᠃
20241220-1.png
          ᠮᠥᠩᠬᠡᠳᠦ᠋ᠭᠦᠷᠡᠩ 2013 ᠣᠨ ᠠᠴᠠ ᠰᠤᠷᠭᠠᠨ ᠬᠥᠮᠦᠵᠢᠯ ᠤᠨ ᠲᠡᠳᠬᠦᠮᠵᠢ ᠶᠢᠨ ᠠᠵᠢᠯᠯᠠᠭ᠎ᠠ ᠪᠠᠨ ᠡᠬᠢᠯᠡᠭᠦᠯᠵᠦ᠂ 2016 ᠣᠨ ᠳᠤ ︽ᠭᠤᠪᠢ ᠶᠢᠨ ᠨᠠᠷᠠᠨ︾ ᠬᠠᠶᠢᠷ᠎ᠠ ᠬᠠᠯᠠᠮᠵᠢ ᠶᠢᠨ ᠥᠷᠦᠭᠡ ᠪᠠᠨ ᠡᠭᠦᠰᠬᠡᠨ ᠪᠠᠶᠢᠭᠤᠯᠵᠤ᠂ ᠠᠩᠬ᠎ᠠ ᠡᠬᠢᠯᠡᠬᠦ ᠳᠡᠭᠡᠨ ᠬᠡᠳᠦᠨ ᠬᠠᠯᠠᠭᠤᠨ ᠰᠡᠳᠬᠢᠯᠲᠦ ᠪᠠᠭᠰᠢ ᠶᠢ ᠤᠷᠢᠵᠤ᠂ ᠦᠨ᠎ᠡ ᠲᠥᠯᠥᠪᠦᠷᠢ ᠦᠭᠡᠢ ᠪᠠᠷ ᠡᠪᠡᠳᠴᠢᠨ ᠵᠤᠪᠠᠯᠠᠩ ᠲᠠᠢ ᠪᠠ ᠠᠮᠢᠳᠤᠷᠠᠯ ᠤᠨ ᠰᠠᠭᠤᠷᠢ ᠨᠢᠮᠭᠡᠨ 50 ᠭᠠᠷᠤᠢ ᠰᠤᠷᠤᠬᠴᠢᠳ ᠲᠤ ᠬᠢᠴᠢᠶᠡᠯ ᠤᠨ ᠭᠠᠳᠠᠨᠠᠬᠢ ᠳᠠᠰᠬᠠᠯ ᠪᠣᠯᠪᠠᠰᠤᠷᠠᠯ ᠢ ᠨᠢ ᠵᠢᠭᠠᠨ ᠵᠢᠯᠤᠭᠤᠳᠬᠤ ᠠᠵᠢᠯᠯᠠᠭ᠎ᠠ ᠶᠠᠪᠤᠭᠳᠠᠭᠤᠯᠵᠤ ᠪᠠᠶᠢᠵᠠᠢ᠃ ᠰᠡᠭᠦᠯᠡᠷ ᠨᠢ ᠠᠷᠤ ᠬᠤᠷᠴᠢᠨ ᠬᠤᠰᠢᠭᠤᠨ ᠤ ᠪᠠᠨ ᠡᠯ᠎ᠡ ᠰᠤᠷᠭᠠᠭᠤᠯᠢ ᠶᠢᠨ ᠬᠦᠷᠢᠶᠡᠨ ᠳᠠᠬᠢ ᠪᠡᠶ᠎ᠡ ᠵᠡᠮᠳᠡᠭ᠂ ᠰᠤᠷᠤᠯᠭ᠎ᠠ ᠰᠠᠶᠢᠨ ᠠᠮᠢᠳᠤᠷᠠᠯ ᠬᠦᠴᠢᠷᠳᠡᠯᠲᠡᠢ ᠰᠤᠷᠤᠬᠴᠢᠳ ᠢ ᠲᠤᠰᠠᠯᠠᠵᠤ ᠳᠡᠮᠵᠢᠬᠦ ᠪᠤᠶᠤ ᠶᠠᠳᠠᠭᠤ ᠬᠦᠴᠢᠷᠳᠡᠯᠲᠡᠢ ᠡᠷᠦᠭᠡ ᠶᠢ ᠲᠤᠰᠠᠯᠠᠬᠤ ᠵᠡᠷᠭᠡ ᠡᠯ᠎ᠡ ᠵᠦᠢᠯ ᠤᠨ ᠬᠠᠨᠳᠢᠪ ᠤᠨ ᠠᠵᠢᠯᠯᠠᠭ᠎ᠠ ᠥᠷᠨᠢᠭᠦᠯᠬᠦ ᠪᠣᠯᠤᠭᠰᠠᠨ ᠪᠠᠶᠢᠨ᠎ᠠ᠃          ᠮᠥᠩᠬᠡᠳᠦ᠋ᠭᠦᠷᠡᠩ 11 ᠵᠢᠯ ᠤᠨ ᠲᠤᠷᠰᠢ 500 ᠭᠠᠷᠤᠢ ᠶᠠᠳᠠᠭᠤ ᠬᠦᠴᠢᠷᠳᠡᠯᠲᠡᠢ᠂ ᠡᠪᠡᠳᠴᠢᠨ ᠲᠠᠢ ᠵᠡᠮᠳᠡᠭ ᠰᠤᠷᠤᠬᠴᠢᠳ ᠲᠤ ᠠᠷᠠᠳ ᠤᠨ ᠵᠣᠭᠤᠰ 60 ᠲᠦᠮᠡᠨ ᠲᠥᠭᠦᠷᠢᠭ ᠬᠠᠨᠳᠢᠪᠯᠡᠵᠤ᠂ 28 ᠶᠠᠳᠠᠭᠤ ᠬᠦᠴᠢᠷᠳᠡᠯᠲᠡᠢ ᠡᠷᠦᠭᠡ ᠶᠢ 5 ᠲᠦᠮᠡᠨ ᠲᠥᠭᠦᠷᠢᠭ ᠤᠨ ᠲᠤᠰᠠᠯᠠᠮᠵᠢ ᠶᠢᠨ ᠪᠣᠳᠠᠰ ᠢᠶᠠᠷ ᠲᠡᠮᠵᠢᠵᠦ ᠲᠤᠰᠠᠯᠠᠭᠰᠠᠨ ᠪᠠᠶᠢᠨ᠎ᠠ᠃ ︽ᠢᠷᠡᠭᠡᠳᠦᠢ ᠪᠣᠯ ᠬᠡᠦᠬᠡᠳ ᠤᠨ ᠬᠢ᠂ ᠪᠢ ᠰᠤᠷᠭᠠᠨ ᠬᠥᠮᠦᠵᠢᠯ ᠤᠨ ᠬᠠᠨᠳᠢᠪ ᠤᠨ ᠠᠵᠢᠯᠯᠠᠭ᠎ᠠ ᠤᠯᠠᠨ ᠤᠳᠠᠭ᠎ᠠ ᠬᠢᠭᠰᠡᠨ᠂ ᠲᠤᠬᠠᠶᠢᠯᠠᠪᠠᠯ᠂ 2020 ᠣᠨ ᠤ 1 ᠰᠠᠷ᠎ᠠ ᠶᠢᠨ 10 ᠤ ᠡᠳᠦᠷ ᠮᠠᠨ ᠤ ᠬᠠᠶᠢᠷ᠎ᠠ ᠬᠠᠯᠠᠮᠵᠢ ᠶᠢᠨ ᠦᠷᠦᠭᠡ ᠨᠢ ᠠᠷᠤ ᠬᠤᠷᠴᠢᠨ ᠬᠤᠰᠢᠭᠤᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠷᠠᠳᠢᠣ᠋ ᠲᠧᠯᠸᠢᠰ ᠤᠨ ᠲᠣᠪᠴᠢᠶ᠎ᠠ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠲᠠᠢ ᠬᠠᠮᠲᠤᠷᠠᠵᠤ᠂ ᠣᠷᠣᠨ ᠨᠤᠲᠤᠭ ᠲᠤ ᠪᠠᠨ ᠠᠯᠳᠠᠷᠲᠠᠢ 10 ᠰᠣᠳᠣᠨ ᠰᠢᠯᠢᠳᠡᠭ ᠪᠥᠬᠡᠴᠢᠨ ᠭᠤᠣᠯᠴᠢᠯᠠᠨ ᠤᠷᠤᠯᠴᠠᠬᠰᠠᠨ ︿ᠬᠦᠴᠦ ᠪᠠ ᠬᠠᠶᠢᠷ᠎ᠠ﹀ ᠭᠡᠬᠦ ᠬᠠᠨᠳᠢᠪ ᠤᠨ ᠠᠵᠢᠯᠯᠠᠭ᠎ᠠ ᠶᠠᠪᠤᠭᠳᠠᠭᠤᠯᠵᠤ᠂ ᠣᠷᠣᠨ ᠤ ᠬᠡᠪᠴᠢᠶᠡᠨ ᠤ ᠮᠣᠷᠠᠯ ᠰᠤᠷᠤᠯᠭ᠎ᠠ ᠬᠤᠣᠰᠯᠠᠭᠰᠠᠨ 10 ᠰᠤᠷᠤᠬᠴᠢ ᠳᠤ ᠲᠡᠳᠬᠦᠮᠵᠢ ᠶᠢᠨ ᠮᠥᠩᠭᠦ ᠭᠠᠷᠳᠠᠭᠤᠯᠤᠭᠰᠠᠨ ᠪᠥᠭᠡᠳ ᠤᠯᠠᠭᠠᠨᠬᠠᠳᠠ ᠬᠤᠳᠠ ᠶᠢᠨ ᠬᠡᠪᠴᠢᠶᠡᠨ ᠤ 5 ᠰᠢᠯᠢᠳᠡᠭ ᠪᠠᠭᠰᠢ ᠶᠢ ᠱᠠᠩᠨᠠᠨ ᠬᠥᠬᠢᠭᠦᠯᠵᠡᠢ︾ ᠭᠡᠵᠦ ᠮᠥᠩᠬᠡᠳᠦ᠋ᠭᠦᠷᠡᠩ ᠶᠠᠷᠢᠯ᠎ᠠ᠃          ᠮᠥᠩᠬᠡᠳᠦ᠋ᠭᠦᠷᠡᠩ ᠬᠠᠷᠠᠬᠠᠨ ᠪᠠᠭ᠎ᠠ ᠠᠴᠠ ᠪᠦᠭᠡ ᠳᠤ ᠪᠠᠭ᠋ᠠᠲᠠᠢ ᠪᠠᠶᠢᠳᠠᠭ ᠢᠶᠠᠷ 2011 ᠣᠨ ᠳᠤ ᠠᠷᠤ ᠬᠤᠷᠴᠢᠨ ᠬᠤᠰᠢᠭᠤᠨ ᠤ ᠵᠢᠭᠮᠢᠳ ᠪᠠᠭᠰᠢ ᠳᠤ ᠱᠠᠪᠢᠯᠠᠵᠤ᠂ ᠪᠦᠭᠡ ᠶᠢᠨ ᠰᠣᠷᠢᠭ᠎ᠠ ᠪᠣᠯᠪᠠᠰᠤᠷᠠᠯ ᠢᠶᠠᠨ ᠡᠬᠢᠯᠡᠭᠦᠯᠪᠡ᠃ 2014 ᠣᠨ ᠠᠴᠠ ᠡᠬᠢᠯᠡᠨ ᠪᠦᠭᠦ ᠣᠷᠣᠨ ᠤ ᠡᠯ᠎ᠡ ᠠᠶᠢᠮᠠᠭ ᠬᠤᠳᠠ᠂ ᠬᠤᠰᠢᠭᠤ ᠰᠢᠶᠠᠨ᠂ ᠰᠤᠮᠤ ᠪᠠᠯᠭᠠᠰᠤᠨ ᠤ ᠶᠡᠭᠡ ᠪᠠᠭ᠎ᠠ ᠨᠠᠶᠢᠷ ᠨᠠᠭᠠᠳᠤᠮ ᠢᠶᠠᠷ ᠪᠠᠷᠢᠯᠳᠤᠵᠤ᠂ 1024 ᠪᠦᠭᠡ ᠲᠠᠢ ᠨᠠᠭᠠᠳᠤᠮ ᠳᠤ 7 ᠤᠳᠠᠭ᠎ᠠ ᠵᠣᠳᠣᠭᠯᠠᠵᠤ᠂ 2 ᠤᠳᠠᠭ᠎ᠠ ᠳᠡᠭᠡᠳᠦ ᠳᠥᠷᠪᠡ ᠳᠤ ᠲᠡᠪᠢᠵᠦ᠂ 512 ᠪᠦᠭᠡ ᠲᠠᠢ ᠨᠠᠭᠠᠳᠤᠮ ᠳᠤ 8 ᠤᠳᠠᠭ᠎ᠠ ᠲᠡᠷᠢᠭᠦᠯᠡᠵᠦ᠂ 256 ᠪᠦᠭᠡ ᠲᠠᠢ ᠨᠠᠭᠠᠳᠤᠮ ᠳᠤ 7 ᠤᠳᠠᠭ᠎ᠠ ᠲᠡᠷᠢᠭᠦᠯᠡᠭᠰᠡᠨ ᠶᠤᠮ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ