12 ᠰᠠᠷ᠎ᠠ ᠶᠢᠨ 21 ᠤ ᠡᠳᠦᠷ᠂ ︽ᠮᠥᠰᠥ ᠴᠠᠰᠤᠨ ᠤ ᠪᠠᠶᠠᠷ ᠴᠡᠩᠭᠡᠯ ᠢ ᠡᠳ᠋ᠯᠡᠵᠦ ᠬᠠᠮᠲᠤ ᠪᠠᠷ ᠢᠷᠡᠭᠡᠳᠦᠢ ᠪᠠᠨ ᠴᠣᠭᠴᠠᠯᠠᠶ᠎ᠠ︾ ᠭᠡᠬᠦ ᠪᠠᠷ ᠭᠤᠣᠯ | ᠰᠡᠳᠦᠪ ᠪᠤᠯᠭᠠᠬᠰᠠᠨ ᠠᠷᠪᠠᠨ ᠨᠢᠭᠡᠳᠦᠭᠡᠷ ᠬᠤᠭᠤᠴᠠᠭᠠᠨ ᠤ ᠪᠦᠭᠦ ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠬᠥᠯᠥᠨ ᠪᠤᠶᠢᠷ ᠲᠤ | ᠡᠬᠢᠯᠡᠪᠡ᠃ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠭᠤᠤ ᡁᠢ | ᠳ᠋ᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠡᠷᠢᠭᠦᠯᠡᠭᠴᠢ ᠸᠠᠩ ᠯᠢ ᠰᠢᠶᠠ ᠣᠷᠣᠯᠴᠠᠵᠠᠢ᠃ | | | | | | ᠦᠳᠡ ᠶᠢᠨ ᠡᠮᠦᠨᠡᠬᠢ 9 ᠴᠠᠭ ᠲᠤ᠂ ᠡᠭᠢᠯᠡᠯᠲᠡ ᠶᠢᠨ ᠶᠣᠰᠣᠯᠠᠯ ᠭᠤᠶᠢᠳᠠ ᠰᠠᠶᠢᠬᠠᠨ ᠮᠥᠰᠥᠨ ᠳᠡᠭᠡᠷᠡᠬᠢ ᠦᠵᠡᠭᠦᠯᠭᠡ ᠶᠢᠨ ᠲᠤᠬᠯᠠᠯᠲᠠ ᠶᠢᠨ ᠳᠤᠮᠳᠠ | ᠬᠥᠰᠢᠭᠡ ᠪᠠᠨ ᠰᠡᠬᠦᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ᠂ ᠤᠯᠤᠰ ᠤᠨ ᠪᠡᠶ᠎ᠡ ᠶᠢᠨ | ᠲᠠᠮᠢᠷ ᠤᠨ ᠶᠡᠷᠦᠩᠬᠡᠢ ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠤ ᠳᠠᠷᠤᠭ᠎ᠠ ᠳ᠋ᠢᠩ ᠳ᠋ᠦᠩ ᠪᠠᠶᠠᠷ ᠤᠨ ᠦᠭᠡ ᠬᠡᠯᠡᠵᠦ᠂ ᠳᠡᠯᠡᠬᠡᠢ ᠶᠢᠨ | ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠸᠢᠳᠢᠤ᠋ ᠪᠠᠷ ᠪᠠᠶᠠᠷ ᠤᠨ ᠦᠭᠡ ᠬᠡᠯᠡᠵᠦ᠂ ᠰᠣᠶᠣᠯ ᠵᠢᠭᠤᠯᠴᠢᠯᠠᠯ ᠤᠨ | ᠶᠠᠮᠤᠨ ᠤ ᠠᠵᠤ ᠦᠢᠯᠡᠰ ᠤᠨ ᠬᠥᠭᠵᠢᠯᠲᠡ ᠶᠢᠨ ᠵᠤᠷᠭᠠᠨ ᠤ ᠳᠠᠷᠤᠭ᠎ᠠ ᠮᠢᠶᠣᠣ ᠮᠦ ᠶᠠᠩ ︽ᠤᠷᠤᠯᠳᠤᠭᠠᠨ ᠢ ᠲᠠᠭᠠᠵᠤ ᠵᠢᠭᠤᠯᠴᠢᠯᠠᠬᠤ︾ ᠪᠦᠭᠦ ᠤᠯᠤᠰ ᠤᠨ ᠮᠥᠰᠥ | ᠴᠠᠰᠤᠨ ᠤ ᠤᠷᠤᠯᠳᠤᠭᠠᠨ ᠤ ᠶᠠᠪᠤᠳᠠᠯ ᠤᠨ ᠭᠠᠷᠴᠠᠭ ᠢ ᠨᠡᠶᠢᠲᠡᠯᠡᠪᠡ᠃ ᠳᠠᠷᠠᠭ᠎ᠠ ᠨᠢ᠂ ᠭᠤᠤ ᡁᠢ ᠳ᠋ᠠᠨ᠂ ᠸᠠᠩ ᠯᠢ ᠰᠢᠶᠠ ᠣᠯᠢᠮᠫᠢᠺ ᠤᠨ ᠲᠠᠮᠢᠷ ᠤᠨ ᠴᠤᠭᠯᠠᠭᠠᠨ ᠤ | ᠮᠠᠩᠯᠠᠢ ᠯᠢ ᠴᠢᠶᠠᠨ᠂ ᠬᠠᠨ ᠼᠦᠩ ᠵᠢᠴᠢ ᠣᠯᠠᠨ ᠲᠦᠮᠡᠨ ᠤ ᠲᠥᠯᠥᠭᠡᠯᠡᠭᠴᠢᠳ ᠲᠠᠢ ᠬᠠᠮᠲᠤ ᠪᠠᠷ ᠠᠵᠢᠯᠯᠠᠭ᠎ᠠ ᠶᠢ ᠡᠬᠢᠯᠡᠭᠦᠯᠪᠡ᠃ | | | | | | | | | ᠡᠭᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠸᠠᠩ ᠯᠢ ᠰᠢᠶᠠ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠣᠭᠤᠷᠢᠨ ᠳᠤ ᠪᠠᠶᠢᠴᠠᠭᠠᠨ ᠰᠤᠳᠤᠯᠪᠠ᠃ | ᠥᠪᠥᠷ ᠮᠣᠩᠭᠤᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠰᠤᠷᠭᠠᠭᠤᠯᠢ ᠳᠤ᠂ ᠲᠡᠷᠡ ᠲᠠᠮᠢᠷᠴᠢᠳ ᠲᠠᠢ ᠳᠣᠲᠣᠨᠣ ᠪᠠᠷ ᠶᠠᠷᠢᠯᠴᠠᠵᠤ᠂ ᠪᠣᠯᠪᠠᠰᠤᠷᠠᠯ᠂ | ᠰᠤᠷᠤᠯᠭ᠎ᠠ ᠪᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠴᠢᠳᠠᠪᠤᠷᠢᠲᠠᠨ ᠢ ᠬᠥᠮᠥᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠯᠤᠭ᠎ᠠ ᠶᠢᠨ | ᠰᠣᠯᠢᠯᠴᠠᠭ᠎ᠠ ᠬᠠᠮᠲᠤᠷᠠᠯᠴᠠᠭ᠎ᠠ ᠪᠠᠨ ᠥᠷᠭᠡᠳᠬᠡᠵᠦ᠂ ᠲᠠᠮᠢᠷᠴᠢᠳ ᠤᠨ ᠰᠤᠷᠭᠠᠭᠤᠯᠢ ᠳᠠᠪᠰᠢᠵᠤ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠴᠢᠳᠠᠪᠤᠷᠢᠲᠠᠨ ᠢ | ᠢᠯᠡᠭᠦᠬᠡᠨ ᠬᠥᠮᠥᠵᠢᠭᠦᠯᠵᠦ᠂ ᠡᠷᠲᠡᠬᠡᠨ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ ᠭᠤᠣᠯ ᠳᠠᠭᠠᠤ ᠪᠡᠶ᠎ᠡ ᠶᠢᠨ ᠲᠠᠮᠢᠷ ᠤᠨ | ᠴᠡᠴᠡᠷᠯᠢᠭ ᠲᠤ᠂ ᠴᠠᠰᠤᠨ ᠳᠡᠭᠡᠷᠡᠬᠢ ᠬᠥᠯ ᠪᠥᠮᠪᠦᠭᠡ᠂ ᠴᠠᠰᠤᠨ ᠳᠡᠭᠡᠷᠡᠬᠢ ᠯᠤᠤᠲᠤ ᠣᠩᠭᠤᠴᠠ᠂ ᠴᠠᠰᠤᠨ ᠲᠤᠯᠤᠯᠳᠤᠭᠠᠨ ᠵᠡᠷᠭᠡ ᠠᠵᠢᠯᠯᠠᠭ᠎ᠠ ᠶᠢ ᠭᠦᠷ | ᠬᠥᠭᠵᠢᠶᠡᠨ ᠲᠠᠢ ᠶᠠᠪᠤᠭᠳᠠᠭᠤᠯᠵᠤ ᠪᠠᠶᠢᠬᠤ ᠶᠢ ᠬᠠᠷᠠᠭᠠᠳ ᠸᠠᠩ ᠯᠢ ᠰᠢᠶᠠ᠂ ᠤᠯᠠᠨ ᠲᠦᠮᠡᠨ ᠤ ᠳᠡᠷᠭᠡᠳᠡᠬᠢ ᠮᠥᠰᠥ ᠴᠠᠰᠤᠨ ᠤ ᠬᠥᠳᠡᠯᠭᠡᠭᠡᠨ ᠢ ᠢᠯᠡᠭᠦᠬᠡᠨ | ᠥᠷᠨᠢᠭᠦᠯᠵᠦ᠂ ᠥᠪᠥᠷ ᠮᠣᠩᠭᠤᠯ ᠤᠨ ᠣᠨᠴᠠᠯᠢᠭ ᠪᠦᠬᠦᠢ ᠮᠥᠰᠥ ᠴᠠᠰᠤᠨ ᠤ ᠲᠠᠯᠠᠪᠤᠷ ᠭᠠᠵᠠᠷ ᠢ ᠨᠡᠩ ᠤᠯᠠᠨ ᠡᠭᠦᠳᠬᠦ ᠬᠡᠷᠡᠭᠲᠡᠢ᠃ ᠲᠠᠯᠠᠪᠤᠷ ᠭᠠᠵᠠᠷ ᠤᠨ ᠲᠣᠨᠣᠭᠯᠠᠯ᠂ | ᠬᠤᠪᠢ ᠬᠥᠮᠥᠨ ᠤ ᠮᠥᠰᠥ ᠴᠠᠰᠤᠨ ᠤ ᠲᠣᠨᠣᠭᠯᠠᠯ ᠵᠡᠷᠭᠡ ᠰᠤᠳᠤᠯᠤᠨ ᠨᠡᠭᠡᠭᠡᠵᠦ ᠦᠢᠯᠡᠳᠬᠦ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠮᠥᠰᠥ ᠴᠠᠰᠤ ᠪᠣᠯᠣᠨ | ᠰᠣᠶᠣᠯ᠂ ᠵᠢᠭᠤᠯᠴᠢᠯᠠᠯ ᠢ ᠠᠭᠤᠰᠤᠯᠴᠠᠭᠤᠯᠤᠭᠰᠠᠨ ᠰᠣᠶᠣᠯ ᠤᠨ ᠪᠦᠲᠦᠭᠡᠯᠴᠢ ᠦᠢᠯᠡᠳᠬᠦᠨ ᠢ ᠨᠡᠩ ᠤᠯᠠᠨ ᠨᠡᠭᠡᠭᠡᠨ ᠬᠥᠭᠵᠢᠭᠦᠯᠵᠦ᠂ ᠠᠵᠤ ᠠᠬᠤᠢ ᠶᠢᠨ ᠰᠢᠨ᠎ᠡ | ᠨᠡᠮᠡᠭᠳᠡᠯ ᠤᠨ ᠴᠡᠭ ᠢ ᠴᠢᠷᠮᠠᠶᠢᠨ ᠪᠦᠷᠢᠯᠳᠦᠭᠦᠯᠬᠦ ᠬᠡᠷᠡᠭᠲᠡᠢ ᠭᠡᠵᠡᠢ᠃ ᠳᠠᠷᠠᠭ᠎ᠠ ᠨᠢ ᠸᠠᠩ ᠯᠢ ᠰᠢᠶᠠ ᠠᠩᠬᠠᠳᠤᠭᠠᠷ ᠬᠤᠭᠤᠴᠠᠭᠠᠨ ᠤ ᠪᠦᠭᠦ ᠤᠯᠤᠰ ᠤᠨ ᠬᠤᠲᠠ ᠶᠢᠨ | ᠬᠡᠭᠡᠷ᠎ᠡ ᠶᠢᠨ ᠴᠡᠨᠡᠯᠡᠯᠲᠡ ᠶᠢᠨ ᠤᠷᠤᠯᠳᠤᠭᠠᠨ᠂ ᠢᠮᠢᠨ ᠭᠤᠣᠯ ᠮᠥᠰᠥ ᠴᠠᠰᠤᠨ ᠤ ᠴᠡᠩᠭᠡᠬᠦᠨ ᠨᠠᠶᠢᠷ ᠤᠨ ᠲᠤᠬᠠᠢ ᠶᠢᠨ ᠲᠠᠯᠠᠪᠠᠶ ᠪᠣᠯᠣᠨ ᠬᠥᠬᠡ ᠴᠢᠨ᠋ᠸ᠎ᠠ ᠴᠠᠭᠠᠨ | ᠪᠤᠭᠤ ᠮᠥᠰᠥ ᠴᠠᠰᠤᠨ ᠤ ᠬᠥᠳᠡᠯᠭᠡᠭᠡᠨ ᠤ ᠰᠠᠭᠤᠷᠢᠨ ᠳᠤ ᠬᠦᠷᠴᠦ᠂ ᠵᠠᠮ ᠢᠶᠠᠷ ᠢᠶᠠᠨ ᠬᠤᠲᠠ ᠶᠢᠨ ᠨᠡᠭᠦᠳᠡᠯ ᠮᠠᠯᠵᠢᠯ ᠤᠨ ᠤᠯᠠᠭ᠎ᠠ ᠥᠷᠲᠡᠭᠡ᠂ ᠴᠠᠨᠠᠯᠠᠯᠲᠠ ᠶᠢᠨ | ᠥᠷᠲᠡᠭᠡ᠂ ᠰᠣᠶᠣᠯ ᠤᠨ ᠪᠦᠲᠦᠭᠡᠯᠴᠢ ᠦᠢᠯᠡᠳᠬᠦᠨ ᠤ ᠳᠡᠯᠭᠡᠭᠦᠷ ᠲᠤ ᠣᠷᠣᠵᠤ᠂ ᠡᠵᠡᠩᠨᠡᠭᠴᠢᠳ ᠠᠴᠠ ᠲᠠᠸᠠᠷ ᠤᠨ ᠪᠣᠷᠤᠯᠠᠭᠤᠯᠭ᠎ᠠ ᠶᠢᠨ ᠪᠠᠶᠢᠳᠠᠯ ᠢ ᠨᠠᠷᠢᠨ | ᠣᠶᠢᠯᠠᠭᠠᠵᠤ᠂ ᠵᠢᠭᠤᠯᠴᠢᠯᠠᠬᠰᠡᠳ ᠢᠶᠠᠷ ᠦᠨᠳᠦᠰᠦ ᠪᠤᠯᠭᠠᠵᠤ᠂ ︽ᠢᠳᠡᠵᠦ ᠤᠤᠭᠤᠬᠤ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠨ ᠠᠪᠬᠤ ᠵᠤᠭᠠᠯᠠᠨ ᠴᠡᠩᠭᠡᠬᠦ︾ | ᠶᠢᠨ ᠲᠣᠭᠤᠷᠢᠨ ᠳᠤ ᠡᠵᠡᠩᠨᠡᠯᠲᠡ ᠶᠢᠨ ᠭᠡᠯᠪᠡᠷᠢ ᠶᠢ ᠨᠠᠷᠢᠨ ᠨᠢᠮᠪᠠᠢ ᠡᠭᠦᠳᠴᠦ᠂ ᠵᠢᠭᠤᠯᠴᠢᠯᠠᠯ ᠤᠨ ᠡᠵᠡᠩᠨᠡᠨ ᠪᠣᠷᠤᠯᠠᠭᠤᠯᠭ᠎ᠠ ᠤᠬᠠᠭᠤᠯᠭ᠎ᠠ ᠶᠢ ᠶᠡᠭᠡ ᠪᠠᠷ | ᠥᠷᠨᠢᠭᠦᠯᠵᠦ᠂ ᠣᠯᠠᠨ ᠲᠦᠮᠡᠨ ᠤ ᠣᠷᠤᠯᠴᠠᠬᠤ ᠬᠡᠮᠵᠢᠶ᠎ᠡ᠂ ᠪᠡᠶᠡᠴᠢᠯᠡᠨ ᠣᠶᠢᠯᠠᠭᠠᠬᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠮᠥᠰᠥ ᠴᠠᠰᠤᠨ ᠤ ᠠᠵᠤ | ᠠᠬᠤᠢ ᠶᠢ ᠬᠥᠭᠵᠢᠶᠡᠨ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | | | |